ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ ᠬᠦᠴᠦ᠎ᠪᠠᠨ ᠬᠠᠮᠲᠤᠳᠬᠠᠵᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2024-09-04



    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠡᠯ᠎ᠡ ᠲᠠᠯ᠎ᠠ ᠵᠢᠨ ᠢᠳᠡᠪᠬᠢᠵᠢᠯ᠎ᠢ ᠭᠦᠢ᠍ᠴᠡᠳ ᠲᠠᠶ᠋ᠢᠴᠢᠯᠠᠨ ᠬᠦᠴᠦ᠎ᠪᠠᠨ ᠬᠠᠮᠲᠤᠳᠬᠠᠵᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠲᠤᠬᠠᠢ ᠰᠠᠨᠠᠯ》 ᠎ᠢ ᠣᠶ᠋ᠢᠷ᠎ᠠ ᠵᠢᠨ ᠡᠳᠦᠷ ᠳᠠᠷᠤᠮᠠᠯᠯᠠᠨ ᠲᠠᠷᠬᠠᠭ᠋ᠠᠪᠠ᠂ ᠪᠦᠭᠦ ᠠᠭᠤᠯᠭ᠎ᠠ᠎ᠨᠢ ᠳᠣᠣᠷᠠᠬᠢ ᠮᠡᠲᠦ᠃
    ᠶᠡᠷᠦᠩᠬᠡᠢ ᠱᠦᠵᠢ ᠰᠢ ᠵᠢᠨ ᠫᠢᠩ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠤᠯᠭ᠋ᠠᠵᠤ᠂ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ ᠬᠦᠴᠦ᠎ᠪᠠᠨ ᠬᠠᠮᠲᠤᠳᠬᠠᠵᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠳᠣᠣᠷᠠᠬᠢ ᠮᠡᠲᠦ ᠰᠠᠨᠠᠯ᠎ᠢ ᠳᠤᠷᠠᠳᠪᠠ᠃
    ᠨᠢᠭᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠪᠡᠯᠡ ᠮᠥᠩᠭᠦ ᠵᠢᠨ ᠲᠤᠰᠠᠯᠠᠮᠵᠢ᠂ ᠡᠳ᠋᠎ᠤᠨ ᠵᠠᠰᠠᠭ᠎ᠠᠴᠠ ᠬᠦᠦ ᠮᠥᠩᠭᠦ ᠵᠢᠨ ᠨᠥᠬᠦᠪᠦᠷᠢ ᠥᠭᠬᠦ᠂ ᠭᠠᠶ᠋ᠢᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠪᠦᠭᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠢ ᠥᠷᠨᠢᠭᠦᠯᠵᠦ ᠪᠠᠶ᠋ᠢᠭ᠎ᠠ ᠭᠤᠣᠯ ᠴᠣᠭᠴᠠ᠎ᠳᠤ ᠳᠡᠮᠵᠢᠯᠭᠡ ᠦᠵᠡᠭᠦᠯᠭᠦ ᠬᠡᠷᠡᠭᠲᠡᠢ᠃ ᠨᠢᠭᠡᠴᠢ ᠪᠠ ᠬᠤᠪᠢ ᠬᠥᠮᠥᠨ᠎ᠤ ᠪᠤᠰᠤᠳ ᠠᠷᠭ᠎ᠠ ᠮᠠᠶᠢᠭ ᠵᠶ᠋ᠠᠷ ᠳᠠᠭ᠋ᠠᠭ᠋ᠠᠴᠢᠯᠠᠨ ᠡᠵᠡᠩᠨᠡᠬᠦ ᠡᠷᠬᠡ ᠣᠯᠣᠭᠰᠠᠨ ᠡᠯᠡᠰᠦᠷᠬᠡᠭᠵᠢᠭᠰᠡᠨ ᠭᠠᠵᠠᠷ ᠰᠢᠷᠣᠢ ᠳᠡᠭᠡᠷ᠎ᠡ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ ᠥᠷᠨᠢᠭᠦᠯᠬᠦ ᠵᠢ ᠵᠣᠷᠢᠭᠵᠢᠭᠤᠯᠵᠤ᠂ ᠵᠠᠰᠠᠯᠲᠠ᠎ᠨᠢ ᠦᠷ᠎ᠡ ᠪᠦᠲᠦᠮᠵᠢ᠎ᠲᠠᠢ ᠪᠣᠯ ᠡᠵᠡᠩᠨᠡᠯᠲᠡ ᠵᠢᠨ ᠡᠷᠬᠡ ᠵᠢ ᠰᠢᠯᠵᠢᠭᠦᠯᠦᠭᠰᠡᠨ ᠭᠡᠷ᠎ᠡ ᠵᠢᠨ ᠬᠤᠭᠤᠴᠠᠭ᠎ᠠ᠎ᠨᠢ ᠲᠤᠯᠤᠭᠰᠠᠨ᠎ᠤ ᠲᠠᠷᠠᠭ᠎ᠠ ᠠᠳᠠᠯᠢ ᠨᠥᠬᠦᠴᠡᠯ᠎ᠤᠨ ᠳᠣᠣᠷ᠎ᠠ ᠳᠠᠭ᠋ᠠᠭ᠋ᠠᠴᠢᠯᠠᠯᠲᠠ ᠵᠢᠨ ᠭᠠᠵᠠᠷ ᠰᠢᠷᠣᠢ ᠵᠢ᠎ᠨᠢ ᠲᠡᠷᠡ ᠬᠥᠮᠥᠨ ᠤᠷᠢᠳ ᠵᠶ᠋ᠠᠷ ᠦᠷᠭᠦᠯᠵᠢᠯᠡᠨ ᠲᠦᠷᠢᠶᠡᠰᠦᠯᠡᠵᠦ ᠪᠣᠯᠣᠨ᠎ᠠ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠤᠨ ᠳᠤᠮᠳᠠ ᠲᠣᠪᠣᠶ᠋ᠢᠮ᠎ᠠ ᠠᠮᠵᠢᠯᠲᠠ ᠭᠠᠷᠭ᠋ᠠᠭᠰᠠᠨ ᠨᠢᠭᠡᠴᠢ ᠪᠣᠯᠣᠨ ᠬᠤᠪᠢ ᠬᠥᠮᠥᠨ᠎ᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠠᠴᠠ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ᠂ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ᠎ᠢ᠎ᠨᠢ ᠶᠡᠭᠡ᠎ᠪᠠᠷ ᠱᠠᠩᠨᠠᠨ᠎ᠠ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠳᠤᠮᠳᠠ ᠰᠢᠨ᠎ᠡ ᠮᠡᠷᠭᠡᠵᠢᠯ᠎ᠢ ᠨᠡᠭᠡᠭᠡᠨ ᠬᠥᠭᠵᠢᠭᠦᠯᠵᠦ᠂ ᠰᠢᠨ᠎ᠡ ᠲᠥᠬᠦᠭᠡᠷᠦᠮᠵᠢ ᠵᠢ ᠬᠡᠷᠡᠭᠯᠡᠭᠰᠡᠨ ᠪᠠᠶ᠋ᠢᠪᠠᠯ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ᠂ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ᠎ᠳᠤᠨᠢ ᠨᠥᠬᠦᠪᠦᠷᠢ ᠥᠭᠬᠦ ᠵᠡᠷᠭᠡ ᠲᠥᠷᠥ ᠵᠢᠨ ᠪᠣᠳᠣᠯᠭ᠎ᠠ᠎ᠪᠠᠷ ᠳᠠᠮᠵᠢᠨ ᠳᠡᠮᠵᠢᠯᠭᠡ ᠦᠵᠡᠭᠦᠯᠦᠨ᠎ᠡ᠃
    ᠬᠤᠶᠠᠷ᠂ ᠡᠯ᠎ᠡ ᠭᠠᠵᠠᠷ᠎ᠤᠨ᠎ᠬᠢᠨ ᠣᠶ᠋ᠢᠲᠤ ᠭᠠᠵᠠᠷ᠂ ᠨᠤᠲᠤᠭ ᠪᠡᠯᠴᠢᠭᠡᠷ᠎ᠢ ᠳᠠᠭ᠋ᠠᠭ᠋ᠠᠴᠢᠯᠠᠨ ᠡᠵᠡᠩᠨᠡᠵᠦ ᠪᠠᠶ᠋ᠢᠭ᠎ᠠ ᠨᠢᠭᠡᠴᠢ ᠪᠣᠯᠣᠨ ᠬᠤᠪᠢ ᠬᠥᠮᠥᠨ᠎ᠢ ᠱᠠᠯᠠᠪᠳᠠᠨ ᠪᠡᠯᠴᠢᠭᠡᠷᠯᠡᠭᠦᠯᠬᠦ ᠵᠢ ᠵᠣᠭᠰᠤᠭ᠋ᠠᠬᠤ ᠪᠡᠯᠴᠢᠭᠡᠷ᠎ᠢ ᠠᠮᠠᠷᠠᠭᠤᠯᠬᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠵᠡᠷᠭᠡ ᠬᠠᠮᠠᠭ᠋ᠠᠯᠠᠯᠲᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠤᠢ ᠮᠣᠳᠣᠨ᠎ᠤ ᠳᠠᠷᠤᠭ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠡᠳᠦᠷ ᠲᠤᠳᠤᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠳᠠᠭ᠋ᠠᠭ᠋ᠠᠴᠠ᠎ᠠᠴᠠ ᠬᠡᠲᠦᠷᠡᠭᠦᠯᠦᠨ ᠮᠠᠯᠵᠢᠬᠤ᠂ ᠲᠣᠭᠲᠠᠭ᠋ᠠᠯ᠎ᠠᠴᠠ ᠵᠥᠷᠢᠴᠡᠨ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠤᠶᠤ ᠪᠡᠯᠴᠢᠭᠡᠷ᠎ᠢ ᠰᠡᠷᠭᠦᠭᠡᠬᠦ ᠬᠤᠭᠤᠴᠠᠭ᠋ᠠᠨ᠎ᠳᠤ ᠪᠡᠯᠴᠢᠭᠡᠷᠯᠡᠭᠦᠯᠬᠦ᠂ ᠳᠤᠷ᠎ᠠ᠎ᠪᠠᠷ ᠵᠶ᠋ᠠᠨ ᠮᠠᠯᠲᠠᠵᠤ ᠤᠬᠤᠬᠤ᠂ ᠳᠤᠷ᠎ᠠ᠎ᠪᠠᠷ ᠵᠶ᠋ᠠᠨ ᠬᠠᠭ᠋ᠠᠯᠪᠤᠷᠢᠯᠠᠨ ᠡᠵᠡᠯᠡᠬᠦ᠂ ᠳᠤᠷ᠎ᠠ᠎ᠪᠠᠷ ᠵᠶ᠋ᠠᠨ ᠴᠠᠪᠴᠢᠵᠤ ᠳᠤᠷ᠎ᠠ᠎ᠪᠠᠷ ᠵᠶ᠋ᠠᠨ ᠣᠭᠲᠣᠯᠬᠤ ᠵᠡᠷᠭᠡ ᠠᠵᠢᠯᠯᠠᠭ᠎ᠠ ᠵᠢ ᠦᠨᠡᠨ ᠬᠦ᠌ ᠵᠣᠭᠰᠤᠭ᠋ᠠᠬᠤ ᠬᠡᠷᠡᠭᠲᠡᠢ᠃    
    ᠭᠤᠷᠪᠠ᠂ ᠡᠯ᠎ᠡ ᠭᠠᠵᠠᠷ᠎ᠤᠨ᠎ᠬᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠨᠡᠭᠡᠭᠡᠯᠲᠡ ᠬᠢᠬᠦ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠲᠤᠯᠠᠭ᠎ᠠ ᠵᠢᠨ ᠴᠢᠨᠠᠷᠲᠠᠢ ᠰᠢᠨ᠎ᠡ ᠡᠨᠧᠷᠭᠢ ᠵᠢᠨ ᠵᠢᠭ᠋ᠠᠯᠲᠠ ᠲᠤᠭ᠎ᠠ᠎ᠪᠠᠷ ᠬᠥᠲᠥᠯᠥᠮᠵᠢ ᠪᠤᠯᠭ᠋ᠠᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠡᠭᠦᠷᠭᠡ ᠪᠠ ᠰᠢᠨ᠎ᠡ ᠡᠨᠧᠷᠭᠢ ᠵᠢ ᠨᠡᠭᠡᠭᠡᠬᠦ ᠬᠡᠪᠴᠢᠶ᠎ᠡ ᠵᠢᠴᠢ ᠪᠦᠲᠦᠭᠡᠨ ᠪᠠᠶ᠋ᠢᠭᠤᠯᠤᠯᠲᠠ ᠵᠢᠨ ᠠᠶ᠋ᠢᠵᠠᠮ᠎ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠦᠲᠦᠭᠡᠨ ᠪᠠᠶ᠋ᠢᠭᠤᠯᠤᠯᠲᠠ ᠵᠢᠨ ᠣᠷᠣᠭᠤᠯᠤᠯᠲᠠ ᠵᠢᠨ ᠡᠷᠴᠢᠮ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠭᠡᠷᠡᠭᠲᠡᠶ; ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠲᠦᠷᠢᠶᠡᠰᠦᠯᠡᠭᠦᠯᠦᠭᠰᠡᠨ ᠰᠦᠢ᠍ᠳᠬᠡᠯ᠎ᠢ 《ᠤᠨᠠᠯᠲᠠ᠎ᠪᠠᠷ ᠲᠦᠷᠢᠶᠡᠰᠦᠨ ᠮᠥᠩᠭᠦ ᠵᠢ ᠲᠣᠭᠲᠠᠭ᠋ᠠᠬᠤ》 ᠭᠡᠯᠪᠡᠷᠢ᠎ᠪᠠᠷ ᠵᠦᠢ ᠵᠣᠬᠢᠰᠲᠠᠢ ᠲᠣᠭᠲᠠᠭ᠋ᠠᠨ᠎ᠠ᠃ ᠰᠢᠨ᠎ᠡ ᠡᠨᠧᠷᠭᠢ ᠵᠢᠨ ᠠᠵᠤ ᠠᠬᠤᠶ᠋ᠢᠯᠠᠯ ᠲᠦᠷᠦᠭᠦᠯᠡᠨ ᠬᠢᠬᠦ ᠵᠢ ᠵᠣᠷᠢᠭᠵᠢᠭᠤᠯᠵᠤ᠂ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ᠂ ᠠᠮᠢ ᠠᠬᠤᠢ ᠵᠢ ᠵᠠᠰᠠᠬᠤ ᠠᠵᠤ ᠠᠬᠤᠶ᠋ᠢᠯᠠᠯ ᠵᠢᠴᠢ ᠠᠶ᠋ᠢᠮᠠᠭ ᠬᠤᠲᠠ ᠵᠢᠨ ᠬᠤᠯᠪᠣᠭᠳᠠᠯ ᠪᠦᠬᠦᠢ ᠠᠵᠤ ᠠᠬᠤᠶ᠋ᠢᠯᠠᠯ᠎ᠲᠠᠢ ᠬᠤᠯᠪᠤᠭ᠋ᠠᠯᠠᠨ ᠬᠤᠯᠪᠣᠭ᠋ᠠᠲᠤ ᠴᠣᠭᠴᠠ ᠪᠠᠶ᠋ᠢᠭᠤᠯᠵᠤ᠂ ᠬᠤᠯᠪᠣᠭ᠋ᠠᠲᠤ ᠴᠣᠭᠴᠠ ᠵᠢᠨ ᠳᠣᠲᠣᠭ᠋ᠠᠳᠤ᠎ᠳᠤ ᠲᠣᠨᠤᠭ ᠲᠥᠬᠦᠭᠡᠷᠦᠮᠵᠢ᠂ ᠮᠠᠲ᠋ᠧᠷᠢᠶᠠᠯ᠂ ᠣᠶ ᠰᠢᠭᠤᠢ ᠡᠪᠡᠰᠦᠨ᠎ᠤ ᠦᠷ᠎ᠡ ᠴᠢᠬᠢ ᠵᠡᠷᠭᠡ ᠵᠢ ᠵᠠᠬᠢᠶᠠᠯᠠᠭ᠎ᠠ ᠵᠢᠨ ᠮᠠᠶᠢᠭ ᠵᠶ᠋ᠠᠷ ᠬᠤᠳᠠᠯᠳᠤᠨ ᠠᠪᠬᠤ ᠪᠠ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠵᠢ ᠨᠠᠶ᠋ᠢᠳᠠᠵᠤ ᠪᠦᠲᠦᠭᠡᠨ ᠪᠠᠶ᠋ᠢᠭᠤᠯᠬᠤ ᠵᠢ ᠰᠦᠪᠡᠭᠴᠢᠯᠡᠵᠦ᠂ ᠭᠠᠵᠠᠷ ᠰᠢᠷᠣᠢ ᠨᠥᠭᠡᠴᠡᠯᠡᠬᠦ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠰᠠᠶ᠋ᠢᠲᠤᠷ ᠬᠢᠨ᠎ᠡ᠃ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠵᠢᠨ ᠪᠦᠭᠦ ᠦᠶᠡᠯᠡᠯ᠎ᠤᠨ ᠬᠤᠭᠤᠴᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭ᠋ᠠᠯᠠᠬᠤ ᠡᠯ᠎ᠡ ᠲᠠᠯ᠎ᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠵᠠᠰᠠᠭᠰᠠᠨ ᠦᠷ᠎ᠡ ᠪᠦᠲᠦᠮᠵᠢ ᠵᠢ ᠦᠨᠡᠯᠡᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠵᠢᠨ ᠬᠠᠮᠲᠤ ᠦᠨᠡᠯᠡᠭᠰᠡᠨ ᠦᠷ᠎ᠡ ᠳ᠋ᠦᠩ᠎ᠢ ᠨᠡᠶ᠋ᠢᠭᠡᠮ᠎ᠳᠤ ᠢᠯᠡ ᠪᠤᠯᠭ᠋ᠠᠵᠤ᠂ ᠭᠡᠷ᠎ᠡ ᠵᠢ ᠭᠦᠢ᠍ᠴᠡᠳᠬᠡᠬᠦ ᠲᠤᠬᠠᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠭᠡᠷ᠎ᠡ᠎ᠠᠴᠠ ᠵᠥᠷᠢᠴᠡᠭᠰᠡᠨ ᠭᠤᠣᠯ ᠴᠣᠭᠴᠠ ᠵᠢ ᠰᠢᠢ᠍ᠳᠪᠦᠷᠢᠯᠡᠬᠦ ᠲᠣᠭᠲᠠᠴᠠ ᠵᠢ ᠨᠠᠶ᠋ᠢᠳᠠᠪᠤᠷᠢᠵᠢᠭᠤᠯᠤᠨ᠎ᠠ᠃
    ᠳᠥᠷᠪᠡ᠂ ᠡᠯ᠎ᠡ ᠭᠠᠵᠠᠷ᠎ᠤᠨ᠎ᠬᠢᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠭᠡᠯᠪᠡᠷᠢ᠎ᠪᠠᠷ ᠳᠠᠮᠵᠢᠭᠤᠯᠤᠨ ᠵᠠᠰᠠᠯᠲᠠ ᠵᠢᠨ ᠭᠤᠣᠯ ᠴᠣᠭᠴᠠ ᠵᠢᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠥᠷᠥᠯ ᠵᠦᠢ᠍ᠯ᠎ᠢ ᠲᠣᠭᠲᠠᠭ᠋ᠠᠵᠤ᠂ ᠵᠠᠰᠠᠬᠤ ᠳᠦᠷᠢᠮ ᠪᠣᠯᠣᠨ ᠪᠠᠷᠢᠮᠵᠢᠶ᠎ᠠ᠎ᠪᠠᠨ ᠤᠷᠢᠳᠴᠢᠯᠠᠨ ᠲᠣᠳᠣᠷᠬᠠᠶ᠋ᠢᠯᠠᠵᠤ᠂ ᠳᠠᠭ᠋ᠠᠭ᠋ᠠᠴᠢᠯᠠᠯᠲᠠ ᠬᠦᠯᠢᠶᠡᠬᠦ ᠦᠨ᠎ᠡ ᠬᠠᠩᠰᠢ ᠵᠢᠨ ᠥᠷᠢᠰᠦᠯᠳᠦᠭᠡᠨ᠎ᠤ ᠲᠣᠭᠲᠠᠴᠠ ᠵᠢ ᠣᠷᠣᠭᠤᠯᠵᠤ᠂ ᠳᠠᠭ᠋ᠠᠭ᠋ᠠᠴᠢᠯᠠᠯᠲᠠ ᠣᠨᠤᠬᠤ ᠭᠤᠣᠯ ᠴᠣᠭᠴᠠ ᠵᠢ ᠬᠠᠷᠢᠴᠠᠭᠤᠯᠤᠨ ᠰᠣᠩᠭᠤᠵᠤ ᠲᠣᠭᠲᠠᠭ᠋ᠠᠵᠤ ᠪᠤᠯᠤᠨ᠎ᠠ ; ᠳᠠᠭ᠋ᠠᠭ᠋ᠠᠴᠢᠯᠠᠯᠲᠠ ᠣᠨᠤᠬ᠍ᠴᠢ᠎ᠠᠴᠠ ᠵᠠᠰᠠᠯᠲᠠ ᠵᠢᠨ ᠲᠥᠰᠥᠯ᠎ᠢ ᠴᠢᠩᠭ᠎ᠠ ᠵᠢᠷᠤᠮᠯᠠᠨ ᠵᠠᠰᠠᠬᠤ ᠬᠡᠷᠡᠭᠲᠡᠢ᠃ ᠨᠥᠬᠦᠴᠡᠯ᠎ᠳᠤ ᠨᠡᠶ᠋ᠢᠴᠡᠬᠦ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠰᠢᠶᠠᠩ ᠪᠠᠯᠭ᠋ᠠᠰᠤᠨ᠎ᠤ ᠠᠵᠤ ᠠᠬᠤᠶ᠋ᠢᠯᠠᠯ᠎ᠤᠨ ᠳᠠᠭ᠋ᠠᠭ᠋ᠠᠴᠢᠯᠠᠯᠲᠠ ᠬᠦᠯᠢᠶᠡᠬᠦ ᠵᠢ ᠳᠡᠮᠵᠢᠵᠦ᠂ ᠲᠤᠬᠠᠢ ᠵᠢᠨ ᠭᠠᠵᠠᠷ᠎ᠤᠨ ᠮᠠᠯᠴᠢᠨ ᠲᠠᠷᠢᠶᠠᠴᠢᠨ᠎ᠤ ᠪᠦᠲᠦᠭᠡᠨ ᠪᠠᠶ᠋ᠢᠭᠤᠯᠤᠯᠲᠠ᠎ᠳᠤ ᠣᠷᠤᠯᠴᠠᠬᠤ ᠵᠢ ᠳᠠᠶ᠋ᠢᠴᠢᠯᠠᠬᠤ ᠬᠡᠷᠡᠭᠲᠡᠢ᠃ 《ᠤᠷᠢᠳ ᠵᠶ᠋ᠠᠷ ᠳᠠᠭ᠋ᠠᠭ᠋ᠠᠴᠢᠯᠠᠯᠲᠠ ᠵᠠᠷᠯᠠᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠤᠯᠤᠰ᠎ᠤᠨ ᠪᠡᠯᠡ ᠣᠷᠣᠭᠤᠯᠤᠯᠲᠠ ᠵᠢᠨ ᠤᠳᠤᠷᠢᠳᠤᠮᠵᠢ᠎ᠳᠤ ᠨᠡᠶ᠋ᠢᠴᠡᠬᠦ ᠮᠥᠷᠲᠡᠭᠡᠨ ᠨᠢᠭᠡᠨᠲᠡ ᠭᠤᠶᠤᠴᠢᠯᠠᠨ ᠮᠡᠳᠡᠭᠦᠯᠵᠦ ᠬᠥᠮᠥᠷᠭᠡ᠎ᠳᠤ ᠣᠷᠣᠭᠤᠯᠤᠭᠰᠠᠨ ᠲᠥᠷᠥᠯ ᠵᠦᠢ᠍ᠯ᠎ᠳᠤ ᠤᠯᠤᠰ᠎ᠤᠨ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠪᠠᠭᠤᠯᠭ᠋ᠠᠬᠤ᠎ᠠᠴᠠ ᠡᠮᠦᠨ᠎ᠡ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠢ ᠤᠷᠢᠳ ᠵᠶ᠋ᠠᠷ ᠵᠣᠬᠢᠶᠠᠨ ᠪᠠᠶ᠋ᠢᠭᠤᠯᠬᠤ ᠵᠢᠨ ᠬᠠᠮᠲᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠥᠷᠨᠢᠭᠦᠯᠬᠦ ᠵᠢ ᠵᠥᠪᠰᠢᠶᠡᠷᠡᠨ᠎ᠡ᠃
    ᠲᠠᠪᠤ᠂ 《ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ》 ᠵᠢ ᠶᠡᠭᠡ᠎ᠪᠠᠷ ᠳᠡᠯᠭᠡᠷᠡᠭᠦᠯᠵᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠥᠷᠥᠯ ᠵᠦᠢ᠍ᠯ᠎ᠤᠨ 《ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ》 ᠭᠦᠳᠡᠯᠮᠦᠷᠢ ᠦᠢ᠍ᠯᠡᠴᠢᠯᠡᠭᠡᠨ᠎ᠤ ᠬᠥᠯᠥᠰᠦ ᠣᠯᠭᠤᠮᠵᠢ ᠵᠢᠨ ᠬᠡᠪᠴᠢᠶ᠎ᠡ ᠵᠢ ᠲᠥᠷᠥᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ ᠵᠢᠨ 10%᠎ᠠᠴᠠ ᠳᠣᠣᠷ᠎ᠠ ᠦᠭᠡᠢ ᠪᠠᠶ᠋ᠢᠯᠭ᠋ᠠᠬᠤ ᠬᠡᠷᠡᠭᠲᠡᠢ᠃ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠭᠤᠭᠴᠤᠭ᠎ᠠ ᠵᠢᠨ ᠠᠵᠢᠯᠴᠢᠨ ᠬᠡᠷᠡᠭᠯᠡᠬᠦ ᠳᠠᠯᠳᠠ ᠬᠦᠴᠦᠨ᠎ᠢ ᠭᠦᠢ᠍ᠴᠡᠳ ᠠᠭᠤᠳᠠᠯᠵᠤ᠂ ᠮᠠᠯᠴᠢᠨ ᠲᠠᠷᠢᠶᠠᠴᠢᠳ᠎ᠢ ᠬᠥᠲᠥᠯᠥᠨ ᠵᠢᠯᠤᠭᠤᠳᠴᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠬᠤ᠎ᠪᠠᠷ ᠳᠠᠮᠵᠢᠭᠤᠯᠤᠨ ᠭᠦᠳᠡᠯᠮᠦᠷᠢ ᠦᠢ᠍ᠯᠡᠴᠢᠯᠡᠭᠡᠨ᠎ᠤ ᠨᠡᠩ ᠣᠯᠠᠨ ᠬᠥᠯᠥᠰᠦ ᠣᠯᠭᠤᠮᠵᠢ ᠣᠯᠭᠤᠨ᠎ᠠ᠃
    ᠵᠢᠷᠭᠤᠭ᠎ᠠ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠥᠷᠥᠯ ᠵᠦᠢ᠍ᠯ᠎ᠤᠨ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ᠎ᠢ ᠰᠦᠪᠡᠭᠴᠢᠯᠡᠵᠦ᠂ ᠬᠤᠰᠢᠭᠤ ᠰᠢᠶᠠᠨ᠎ᠠᠴᠠ ᠭᠤᠶᠤᠴᠢᠯᠠᠵᠤ᠂ ᠠᠶ᠋ᠢᠮᠠᠭ ᠬᠤᠲᠠ᠎ᠠᠴᠠ ᠬᠢᠨᠠᠨ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ᠎ᠠᠴᠠ ᠬᠢᠨᠠᠨ ᠬᠠᠷᠭᠤᠭᠤᠯᠤᠨ ᠳᠠᠩᠰᠠᠯᠠᠭᠤᠯᠤᠭᠰᠠᠨ᠎ᠤ ᠳᠠᠷᠠᠭ᠎ᠠ᠂ ᠵᠠᠰᠠᠯᠲᠠ ᠵᠢᠨ ᠭᠤᠣᠯ ᠴᠣᠭᠴᠠ᠎ᠨᠢ ᠥᠪᠡᠷ᠎ᠲᠡᠭᠡᠨ ᠪᠡᠯᠡ ᠮᠥᠩᠭᠦ ᠴᠤᠭᠯᠠᠭᠤᠯᠵᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠢ ᠤᠷᠢᠳ ᠵᠶ᠋ᠠᠷ ᠥᠷᠨᠢᠭᠦᠯᠵᠦ᠂ ᠰᠡᠭᠦᠯᠴᠢ ᠵᠢᠨ ᠬᠤᠭᠤᠴᠠᠭ᠋ᠠᠨ᠎ᠳᠤ ᠮᠡᠳᠡᠭᠦᠯᠬᠦ ᠲᠥᠷᠥᠯ ᠵᠦᠢ᠍ᠯ᠎ᠳᠤ ᠣᠷᠣᠭᠤᠯᠵᠤ᠂ ᠪᠦᠲᠦᠭᠡᠨ ᠪᠠᠶ᠋ᠢᠭᠤᠯᠤᠯᠲᠠ᠎ᠪᠠᠨ ᠪᠡᠶᠡᠯᠡᠭᠦᠯᠵᠦ᠂ ᠬᠢᠨᠠᠨ ᠰᠢᠯᠭ᠋ᠠᠬᠤ᠎ᠪᠠᠷ ᠳᠠᠮᠵᠢᠭ᠋ᠠᠳ ᠨᠥᠬᠦᠪᠦᠷᠢ ᠵᠢᠨ ᠪᠡᠯᠡ ᠮᠥᠩᠭᠦ ᠵᠢ᠎ᠨᠢ ᠰᠣᠯᠢᠵᠤ ᠥᠭᠴᠦ ᠪᠣᠯᠣᠨ᠎ᠠ᠃ ᠣᠲᠤᠭ ᠬᠤᠰᠢᠭᠤ ᠵᠡᠷᠭᠡ ᠭᠠᠵᠠᠷ᠎ᠤᠨ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ᠎ᠢ ᠲᠡᠭᠦᠯᠳᠡᠷᠵᠢᠭᠦᠯᠬᠦ ᠵᠢ ᠳᠡᠮᠵᠢᠨ᠎ᠡ᠃
    ᠳᠣᠯᠤᠭ᠎ᠠ᠂ ᠮᠠᠯᠴᠢᠨ ᠲᠠᠷᠢᠶᠠᠴᠢᠳ᠎ᠤᠨ ᠳᠠᠭ᠋ᠠᠭ᠋ᠠᠴᠢᠯᠠᠨ ᠡᠵᠡᠩᠨᠡᠭᠰᠡᠨ ᠭᠠᠵᠠᠷ ᠰᠢᠷᠣᠢ ᠳᠡᠭᠡᠷ᠎ᠡ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠡᠷᠭᠡ ᠵᠠᠭᠪᠤᠷ ᠵᠶ᠋ᠠᠷ ᠥᠷᠨᠢᠭᠦᠯᠦᠭᠰᠡᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠥᠷᠥᠯ ᠵᠦᠢ᠍ᠯ᠎ᠳᠤ᠂ ᠮᠠᠯᠴᠢᠨ ᠲᠠᠷᠢᠶᠠᠴᠢᠳ᠎ᠤᠨ ᠥᠪᠡᠷ᠎ᠲᠡᠭᠡᠨ ᠪᠠᠶ᠋ᠢᠭᠤᠯᠬᠤ᠂ ᠡᠷᠦᠭᠡ ᠬᠤᠯᠪᠤᠭ᠋ᠠᠯᠠᠨ ᠬᠠᠮᠲᠤᠷᠠᠨ ᠪᠠᠶ᠋ᠢᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠬᠤ ᠵᠡᠷᠭᠡ ᠭᠡᠯᠪᠡᠷᠢ᠎ᠪᠠᠷ ᠰᠠᠶ᠋ᠢᠨ ᠳᠤᠷ᠎ᠠ᠎ᠠᠴᠠ᠎ᠪᠠᠨ ᠮᠡᠳᠡᠭᠦᠯᠬᠦ᠂ ᠪᠡᠶ᠎ᠡ᠎ᠪᠠᠨ ᠳᠠᠭ᠋ᠠᠭ᠋ᠠᠵᠤ ᠪᠦᠲᠦᠭᠡᠨ ᠪᠠᠶ᠋ᠢᠭᠤᠯᠬᠤ᠂ ᠮᠠᠯᠴᠢᠨ ᠲᠠᠷᠢᠶᠠᠴᠢᠨ᠎ᠤ ᠥᠪᠡᠷ᠎ᠲᠡᠭᠡᠨ ᠪᠠᠶ᠋ᠢᠭᠤᠯᠬᠤ ᠵᠡᠷᠭᠡ ᠬᠤᠯᠪᠣᠭᠳᠠᠯ ᠪᠦᠬᠦᠢ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠦ ᠵᠢ 《ᠪᠦᠷᠢᠨ ᠴᠢᠳᠠᠮᠵᠢᠲᠤ ᠺᠠᠷᠲ》 ᠵᠶ᠋ᠠᠷ ᠳᠠᠮᠵᠢᠭᠤᠯᠤᠨ ᠰᠢᠭᠤᠳ ᠣᠯᠭᠤᠵᠤ ᠪᠣᠯᠣᠨ᠎ᠠ᠃
    ᠨᠠᠢ᠍ᠮᠠ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠰᠠᠭᠤᠷᠢ ᠮᠥᠩᠭᠦ ᠵᠢ ᠰᠠᠶ᠋ᠢᠲᠤᠷ ᠬᠡᠷᠡᠭᠯᠡᠵᠦ᠂ ᠵᠠᠰᠠᠭ᠎ᠤᠨ ᠣᠷᠳᠣᠨ᠎ᠤ ᠪᠡᠯᠡ ᠮᠥᠩᠭᠦ ᠵᠢᠨ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠯ᠎ᠡ ᠲᠥᠷᠥᠯ᠎ᠤᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠭᠦᠮ᠂ ᠬᠤᠪᠢ ᠬᠥᠮᠥᠨ᠎ᠢ ᠳᠠᠶ᠋ᠢᠴᠢᠯᠠᠨ ᠵᠣᠭᠤᠰ ᠮᠥᠩᠭᠦ ᠬᠠᠨᠳᠢᠪᠯᠡᠵᠤ᠂ ᠰᠠᠭᠤᠷᠢ ᠮᠥᠩᠭᠦ ᠵᠢᠨ ᠬᠡᠪᠴᠢᠶ᠎ᠡ ᠵᠢ ᠥᠷᠭᠡᠳᠬᠡᠨ᠂ ᠠᠵᠢᠯᠯᠠᠭ᠋ᠠᠨ᠎ᠤ ᠲᠣᠭᠲᠠᠴᠠ ᠪᠣᠯᠣᠨ ᠬᠠᠮᠢᠶᠠᠷᠤᠯᠲᠠ ᠵᠢᠨ ᠬᠡᠪ ᠵᠠᠭᠪᠤᠷ᠎ᠢ ᠲᠡᠭᠦᠯᠳᠡᠷᠵᠢᠭᠦᠯᠵᠦ᠂ ᠮᠥᠩᠭᠦ ᠨᠢᠭᠡ ᠪᠦᠷᠢ ᠵᠢ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠎ᠳᠤ ᠬᠡᠷᠡᠭᠯᠡᠬᠦ ᠵᠢ ᠦᠨᠡᠨ ᠬᠦ᠌ ᠪᠠᠲᠤᠯᠠᠨ᠎ᠠ᠃
    ᠶᠢᠰᠦ᠂ ᠡᠯ᠎ᠡ ᠭᠠᠵᠠᠷ᠎ᠤᠨ᠎ᠬᠢᠨ᠎ᠤ ᠡᠯ᠎ᠡ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠶ᠋ᠢᠭᠤᠯᠤᠯᠲᠠ ᠵᠢ ᠣᠷᠣᠭᠤᠯᠤᠨ ᠠᠪᠴᠢᠷᠠᠬᠤ ᠵᠢ ᠵᠣᠷᠢᠭᠵᠢᠭᠤᠯᠵᠤ᠂ ᠬᠠᠮᠲᠤᠷᠠᠯᠴᠠᠬᠤ᠂ ᠬᠤᠪᠢ ᠣᠷᠣᠬᠤ᠂ ᠳᠠᠭ᠋ᠠᠭ᠋ᠠᠴᠢᠯᠠᠬᠤ᠂ ᠨᠡᠷ᠎ᠡ ᠬᠠᠳᠠᠬᠤ᠂ ᠡᠷᠭᠦᠨ ᠲᠡᠵᠢᠭᠡᠬᠦ᠂ ᠬᠠᠨᠳᠤᠯᠭ᠎ᠠ᠎ᠲᠠᠢ᠎ᠪᠠᠷ ᠬᠠᠨᠳᠢᠪᠯᠡᠨ ᠬᠦᠷᠭᠡᠬᠦ ᠵᠡᠷᠭᠡ ᠣᠯᠠᠨ ᠵᠦᠢ᠍ᠯ᠎ᠤᠨ ᠭᠡᠯᠪᠡᠷᠢ ᠵᠢ ᠠᠪᠴᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠤᠨ᠎ᠠ᠃ ᠨᠡᠶ᠋ᠢᠭᠡᠮ᠎ᠤᠨ ᠬᠥᠷᠥᠩᠭᠡ᠎ᠠᠴᠠ ᠪᠡᠯᠡ ᠣᠷᠣᠭᠤᠯᠤᠭᠰᠠᠨ᠂ ᠤᠯᠤᠰ᠎ᠠᠴᠠ ᠳᠡᠮᠵᠢᠬᠦ ᠴᠢᠭᠯᠡᠯ᠎ᠳᠤ ᠨᠡᠶ᠋ᠢᠴᠡᠭᠰᠡᠨ ᠣᠢ ᠰᠢᠭᠤᠢ ᠨᠤᠲᠤᠭ ᠪᠡᠯᠴᠢᠭᠡᠷ᠎ᠤᠨ ᠠᠵᠤ ᠦᠢ᠍ᠯᠡᠰ᠎ᠤᠨ ᠴᠢᠬᠤᠯᠠ ᠶᠡᠭᠡ ᠲᠥᠷᠥᠯ ᠵᠦᠢ᠍ᠯ᠎ᠳᠤ᠂ ᠵᠠᠰᠠᠯᠲᠠ ᠵᠢᠨ ᠭᠤᠣᠯ ᠴᠣᠭᠴᠠ ᠵᠢ ᠢᠳᠡᠪᠬᠢᠲᠡᠢ᠎ᠪᠠᠷ ᠬᠠᠪᠰᠤᠷᠴᠤ ᠤᠯᠤᠰ᠎ᠠᠴᠠ ᠬᠤᠯᠪᠣᠭᠳᠠᠯ ᠪᠦᠬᠦᠢ ᠪᠡᠯᠡ ᠮᠥᠩᠭᠦ ᠵᠢᠨ ᠳᠡᠮᠵᠢᠯᠭᠡ ᠵᠢ ᠲᠡᠮᠡᠴᠡᠨ ᠣᠯᠬᠤ᠎ᠪᠠᠷ ᠴᠢᠷᠮᠠᠶ᠋ᠢᠨ᠎ᠠ᠃
    ᠠᠷᠪᠠ᠂ ᠨᠤᠲᠤᠭ ᠪᠡᠯᠴᠢᠭᠡᠷ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠣᠶ ᠰᠢᠭᠤᠢ ᠵᠢᠨ ᠳᠠᠭ᠋ᠠᠳᠬᠠᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠢ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠤᠳᠠᠯᠳᠤᠭ᠋ᠠᠨ᠎ᠤ ᠴᠢᠨᠠᠷᠲᠠᠢ ᠡᠯᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠳᠠᠭ᠋ᠠᠳᠬᠠᠯ᠎ᠢ ᠰᠦᠪᠡᠭᠴᠢᠯᠡᠨ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠤᠨ ᠦᠶᠡᠯᠡᠯ᠎ᠤᠨ ᠬᠤᠭᠤᠴᠠᠭ᠎ᠠ᠎ᠨᠢ ᠤᠷᠳᠤ᠂ ᠬᠦᠦ ᠮᠥᠩᠭᠦ ᠵᠢᠨ ᠨᠣᠷᠮ᠎ᠠ᠎ᠨᠢ ᠳᠣᠣᠷ᠎ᠠ᠂ ᠪᠠᠷᠢᠴᠠᠭ᠋ᠠᠯᠠᠨ ᠳᠠᠨᠵᠢᠯᠠᠭᠰᠠᠨ ᠪᠣᠳᠠᠰ ᠪᠠ ᠵᠢᠭᠡᠯᠡᠯᠭᠡ ᠵᠢ ᠪᠤᠴᠠᠭ᠋ᠠᠬᠤ ᠭᠡᠯᠪᠡᠷᠢ᠎ᠨᠢ ᠠᠮᠢᠳᠤᠯᠢᠭ ᠮᠥᠩᠭᠦᠨ ᠭᠦᠢ᠍ᠯᠭᠡᠭᠡᠨ᠎ᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠬᠤᠯᠪᠣᠭᠳᠠᠯ ᠪᠦᠬᠦᠢ ᠠᠮᠢ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠨ᠎ᠡ᠃ ᠡᠯ᠎ᠡ ᠭᠠᠵᠠᠷ᠎ᠤᠨ᠎ᠬᠢᠨ᠎ᠢ ᠵᠣᠷᠢᠭᠵᠢᠭᠤᠯᠤᠨ ᠲᠥᠷᠥ ᠵᠢᠨ ᠪᠣᠳᠣᠯᠭ᠎ᠠ ᠵᠢᠨ ᠴᠢᠨᠠᠷᠲᠠᠢ ᠵᠢᠭᠡᠯᠡᠯᠭᠡ ᠵᠢ ᠢᠳᠡᠪᠬᠢᠯᠡᠨ ᠣᠯᠵᠤ᠂ ᠡᠯᠡᠰᠦ ᠵᠢ ᠵᠠᠰᠠᠭᠰᠠᠨ ᠠᠰᠢᠭ ᠣᠯᠵᠠᠪᠤᠷᠢ᠎ᠪᠠᠷ ᠵᠢᠭᠡᠯᠡᠯᠭᠡ ᠵᠢ ᠪᠤᠴᠠᠭ᠋ᠠᠬᠤ ᠬᠡᠪ ᠵᠠᠭᠪᠤᠷ᠎ᠢ ᠰᠦᠪᠡᠭᠴᠢᠯᠡᠨ᠎ᠡ᠃    
    ᠠᠷᠪᠠᠨ ᠨᠢᠭᠡ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠠᠵᠤ ᠦᠢ᠍ᠯᠡᠰ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠲᠥᠷᠥ ᠵᠢᠨ ᠪᠣᠳᠣᠯᠭ᠎ᠠ᠂ ᠴᠢᠳᠠᠪᠤᠷᠢᠲᠠᠨ᠂ ᠮᠡᠷᠭᠡᠵᠢᠯ᠂ ᠪᠡᠯᠡ ᠮᠥᠩᠭᠦ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠭᠦ ᠡᠷᠴᠢᠮ ᠵᠶ᠋ᠠᠨ ᠴᠢᠩᠭ᠋ᠠᠷᠠᠭᠤᠯᠵᠤ᠂ ᠣᠶ ᠵᠢᠨ ᠳᠣᠲᠣᠷᠠᠬᠢ ᠠᠵᠤ ᠠᠬᠤᠢ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠵᠦ ᠠᠷᠠᠴᠢᠯᠠᠬᠤ ᠵᠢ ᠶᠡᠭᠡ᠎ᠪᠠᠷ ᠬᠥᠭᠵᠢᠭᠦᠯᠦᠨ᠂ ᠣᠨᠴᠠᠯᠢᠭᠲᠤ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠬᠡᠷᠡᠭᠲᠡᠢ᠃ ᠠᠵᠤ ᠠᠬᠤᠶ᠋ᠢᠯᠠᠯ᠎ᠤᠳ᠎ᠢ ᠵᠣᠷᠢᠭᠵᠢᠭᠤᠯᠤᠨ ᠡᠯᠡᠰᠦᠨ ᠤᠷᠭᠤᠮᠠᠯ᠎ᠤᠨ ᠠᠵᠤ ᠠᠬᠤᠢ ᠵᠢᠨ ᠥᠷᠲᠡᠭ᠎ᠢ ᠭᠦᠢ᠍ᠴᠡᠳ ᠠᠭᠤᠳᠠᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠨᠡᠮᠡᠯᠲᠡ ᠥᠷᠲᠡᠭ᠎ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ ᠵᠢ ᠳᠠᠶ᠋ᠢᠴᠢᠯᠠᠨ᠎ᠠ᠃
    ᠠᠷᠪᠠᠨ ᠬᠤᠶᠠᠷ᠂ ᠨᠡᠭᠦᠷᠡᠰᠦᠲᠥ᠋ᠷᠥᠭᠴᠢ ᠬᠤᠷᠠᠮᠳᠤᠭᠤᠯᠵᠤ ᠣᠶ᠋ᠢᠵᠢᠭᠤᠯᠬᠤ ᠵᠢ ᠢᠳᠡᠪᠬᠢᠲᠡᠢ ᠳᠡᠯᠭᠡᠷᠡᠭᠦᠯᠵᠦ᠂ ᠨᠡᠭᠦᠷᠡᠰᠦᠲᠥ᠋ᠷᠥᠭᠴᠢ ᠵᠢᠨ ᠲᠦᠭᠡᠮᠡᠯ ᠬᠠᠷᠠᠭ᠋ᠠᠯᠵᠠᠯᠲᠤ ᠲᠣᠭᠲᠠᠴᠠ ᠳᠣᠣᠷ᠎ᠠ ᠣᠶ ᠰᠢᠭᠤᠢ ᠡᠪᠡᠰᠦ ᠪᠡᠯᠴᠢᠭᠡᠷ᠎ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠪᠦᠲᠦᠭᠡᠭᠳᠡᠬᠦᠨ᠎ᠢ ᠰᠢᠩᠭᠡᠭᠡᠬᠦ ᠠᠷᠭ᠎ᠠ ᠵᠠᠮ᠎ᠢ ᠥᠷᠭᠡᠳᠬᠡᠨ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢ ᠵᠣᠷᠢᠭᠵᠢᠭᠤᠯᠤᠨ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠣᠶ ᠵᠢ ᠪᠤᠶ ᠪᠤᠯᠭ᠋ᠠᠬᠤ ᠵᠡᠷᠭᠡ ᠭᠡᠯᠪᠡᠷᠢ᠎ᠪᠠᠷ ᠳᠠᠮᠵᠢᠭᠤᠯᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠵᠤ᠂ ᠪᠠᠭ᠎ᠠ ᠨᠡᠭᠦᠷᠡᠰᠦᠲᠥ᠋ᠷᠥᠭᠴᠢᠲᠦ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠠᠶ᠋ᠢᠭᠤᠯᠭ᠎ᠠ᠂ ᠬᠦᠷᠢᠶᠡᠯᠡᠩ ᠲᠣᠭᠤᠷᠢᠭ᠎ᠢ ᠪᠤᠶ ᠪᠤᠯᠭ᠋ᠠᠨ᠎ᠠ; ᠠᠵᠤ ᠠᠬᠤᠶ᠋ᠢᠯᠠᠯ᠎ᠤᠨ ᠤᠯᠤᠰ᠎ᠤᠨ ᠬᠢᠨᠠᠨ ᠵᠥᠪᠰᠢᠶᠡᠷᠡᠭᠰᠡᠨ ᠰᠠᠶ᠋ᠢᠨ ᠳᠤᠷ᠎ᠠ᠎ᠠᠴᠠ᠎ᠪᠠᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ ᠪᠠᠭ᠋ᠠᠰᠬᠠᠬᠤ (CCER) ᠨᠡᠭᠦᠷᠡᠰᠦᠲᠥ᠋ᠷᠥᠭᠴᠢ ᠬᠤᠷᠠᠮᠳᠤᠭᠤᠯᠬᠤ ᠲᠥᠷᠥᠯ ᠵᠦᠢ᠍ᠯ ᠵᠶ᠋ᠠᠷ ᠣᠶ᠋ᠢᠵᠢᠭᠤᠯᠬᠤ ᠵᠢ ᠳᠡᠮᠵᠢᠵᠦ᠂ ᠨᠢᠭᠡ ᠪᠦᠯᠦᠭ ᠨᠡᠭᠦᠷᠡᠰᠦᠲᠥ᠋ᠷᠥᠭᠴᠢ ᠬᠤᠷᠠᠮᠳᠤᠭᠤᠯᠬᠤ ᠣᠶ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠭᠦ ᠰᠠᠭᠤᠷᠢᠨ᠎ᠢ ᠪᠤᠶ ᠪᠣᠯᠭ᠋ᠠᠨ᠎ᠠ᠃
    ᠠᠷᠪᠠᠨ ᠭᠤᠷᠪᠠ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠦ᠎ᠳᠤ ᠠᠷᠠᠳ᠎ᠤᠨ ᠪᠠᠩᠬᠢ ᠵᠢᠨ ᠲᠤᠰᠬᠠᠢ ᠬᠡᠷᠡᠭᠯᠡᠬᠦ ᠪᠡᠯᠡ ᠮᠥᠩᠭᠦ ᠵᠢᠨ ᠳᠠᠩᠰᠠᠨ ᠡᠷᠦᠭᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠪᠡᠯᠡ ᠮᠥᠩᠭᠦ ᠵᠢ ᠲᠤᠰᠠᠭ᠋ᠠᠷ ᠰᠠᠯᠭ᠋ᠠᠨ ᠥᠭᠬᠦ ᠲᠣᠭᠲᠠᠴᠠ ᠵᠢ ᠪᠠᠶ᠋ᠢᠭᠤᠯᠵᠤ᠂ ᠲᠤᠰᠬᠠᠢ ᠵᠣᠭᠤᠰ᠎ᠢ ᠲᠤᠰᠬᠠᠢ ᠵᠦᠢ᠍ᠯ᠎ᠳᠤᠨᠢ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠎ᠳᠤ ᠤᠯᠤᠰ᠎ᠤᠨ ᠥᠮᠴᠢᠯᠡᠯ᠎ᠤᠨ ᠣᠶ ᠰᠢᠭᠤᠢ ᠵᠢᠨ ᠲᠠᠯᠠᠪᠠᠶ ᠵᠢᠨ ᠭᠤᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠦᠷ᠎ᠡ ᠪᠠ ᠴᠢᠬᠢ ᠮᠣᠳᠣ ᠵᠢ ᠪᠠᠲᠤᠯᠠᠬᠤ ᠪᠠ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠵᠦ᠂ ᠪᠠᠲᠤᠯᠠᠭ᠎ᠠ ᠵᠢᠨ ᠴᠢᠨᠠᠷᠲᠠᠢ ᠴᠢᠬᠢ ᠮᠣᠳᠣᠨ᠎ᠤ ᠬᠦᠷᠢᠶᠡᠯᠡᠩ ᠪᠣᠯᠣᠨ ᠨᠤᠲᠤᠭ᠎ᠤᠨ ᠡᠪᠡᠰᠦᠨ ᠦᠷ᠎ᠡ ᠵᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠬᠡᠷᠡᠭᠲᠡᠢ᠄ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠲᠤᠬᠠᠢ ᠵᠢᠨ ᠭᠠᠵᠠᠷ ᠣᠶ᠋ᠢᠷ᠎ᠠ ᠬᠠᠪᠢ᠎ᠠᠴᠠ᠎ᠪᠠᠨ ᠮᠠᠲ᠋ᠧᠷᠢᠶᠠᠯ ᠠᠪᠴᠤ᠂ ᠡᠯᠡᠰᠦ ᠵᠢ ᠵᠠᠰᠠᠬᠤ ᠥᠪᠡᠷ᠎ᠤᠨ ᠥᠷᠲᠡᠭ᠎ᠢ ᠦᠨᠡᠨ ᠬᠦ᠌ ᠪᠠᠭᠤᠷᠠᠭᠤᠯᠬᠤ ᠬᠡᠷᠡᠭᠲᠡᠢ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠢᠨᠵᠧᠨᠧᠷᠢᠩ᠎ᠤᠨ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠴᠠᠭᠢᠯᠭ᠋ᠠᠨ ᠬᠡᠷᠡᠭᠯᠡᠬᠦ ᠵᠡᠷᠭᠡ ᠬᠡᠷᠡᠭᠴᠡᠭᠡ ᠵᠢ ᠡᠩ ᠲᠡᠷᠢᠭᠦᠨ᠎ᠳᠤ ᠪᠠᠲᠤᠯᠠᠬᠤ ᠬᠡᠷᠡᠭᠲᠡᠢ᠃ ᠨᠥᠬᠦᠴᠡᠯ᠎ᠲᠠᠢ ᠭᠠᠵᠠᠷ ᠣᠷᠣᠨ᠎ᠢ ᠵᠣᠷᠢᠭᠵᠢᠭᠤᠯᠤᠨ ᠬᠤᠪᠠᠭ᠍ᠠᠢ ᠡᠯᠡᠰᠦᠷᠬᠡᠭ ᠭᠠᠵᠠᠷ᠂ ᠲᠠᠴᠢᠷᠳᠠᠭᠰᠠᠨ ᠣᠶ᠋ᠢᠲᠤ ᠭᠠᠵᠠᠷ ᠪᠣᠯᠣᠨ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠨᠤᠲᠤᠭ ᠪᠡᠯᠴᠢᠭᠡᠷ᠎ᠢ ᠬᠤᠳᠠᠯᠳᠤᠨ ᠠᠪᠴᠤ ᠨᠥᠭᠡᠴᠡᠯᠡᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠬᠡᠪᠴᠢᠶᠡᠵᠢᠭᠦᠯᠦᠨ ᠵᠠᠰᠠᠬᠤ ᠵᠢ ᠥᠷᠨᠢᠭᠦᠯᠬᠦ ᠬᠡᠷᠡᠭᠲᠡᠢ᠃
    ᠠᠷᠪᠠᠨ ᠳᠥᠷᠪᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠠᠷᠭ᠎ᠠ ᠬᠡᠮᠵᠢᠶ᠎ᠡ ᠠᠪᠤᠭᠰᠠᠨ ᠵᠶ᠋ᠠᠷ ᠬᠦᠴᠦᠨ ᠦᠭᠡᠢ ᠨᠢᠭᠡᠴᠢ ᠪᠣᠯᠣᠨ ᠬᠤᠪᠢ ᠬᠥᠮᠥᠨ᠎ᠳᠤ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠰᠠᠭᠤᠯᠬᠤ᠂ ᠵᠣᠭᠤᠰ ᠵᠶ᠋ᠠᠷ ᠲᠣᠷᠭ᠋ᠠᠬᠤ᠂ ᠤᠯᠤᠰ᠎ᠤᠨ ᠥᠮᠴᠢᠯᠡᠯ᠎ᠤᠨ ᠭᠠᠵᠠᠷ ᠰᠢᠷᠣᠢ ᠵᠢᠨ ᠬᠡᠷᠡᠭᠯᠡᠬᠦ ᠡᠷᠬᠡ ᠵᠢ᠎ᠨᠢ ᠡᠭᠡᠭᠦᠯᠦᠨ ᠬᠤᠷᠢᠶᠠᠨ ᠠᠪᠬᠤ ᠵᠡᠷᠭᠡ ᠠᠷᠭ᠎ᠠ ᠬᠡᠮᠵᠢᠶ᠎ᠡ ᠵᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠭᠡᠷᠡᠭᠲᠡᠶ; ᠡᠵᠡᠩᠨᠡᠯᠲᠡ ᠵᠢᠨ ᠡᠷᠬᠡ ᠵᠢ ᠰᠢᠯᠵᠢᠭᠦᠯᠦᠭᠰᠡᠨ ᠭᠡᠷ᠎ᠡ ᠲᠣᠭᠲᠠᠴᠢᠬᠠᠭ᠋ᠠᠳ ᠵᠠᠰᠠᠬᠤ ᠶᠣᠰᠣᠲᠠᠢ ᠪᠠᠶ᠋ᠢᠲᠠᠯ᠎ᠠ ᠵᠠᠰᠠᠭᠰᠠᠨ ᠦᠭᠡᠢ ᠪᠤᠶᠤ ᠬᠡᠷᠡᠭᠴᠡᠭᠡ ᠵᠢ᠎ᠨᠢ ᠬᠤᠪᠢᠷᠠᠭᠤᠯᠤᠭᠰᠠᠨ ᠪᠣᠯ ᠬᠠᠤᠯᠢ ᠶᠣᠰᠣᠭ᠋ᠠᠷ ᠭᠡᠷ᠎ᠡ ᠵᠢ᠎ᠨᠢ ᠵᠣᠭᠰᠣᠭ᠋ᠠᠵᠤ᠂ ᠭᠠᠵᠠᠷ ᠰᠢᠷᠣᠢ ᠵᠢ᠎ᠨᠢ ᠬᠤᠷᠢᠶᠠᠨ ᠠᠪᠬᠤ ᠬᠡᠷᠡᠭᠲᠡᠢ᠃ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ᠂ ᠪᠡᠯᠴᠢᠭᠡᠷᠯᠡᠭᠦᠯᠬᠦ ᠵᠢ ᠵᠣᠭᠰᠤᠭ᠋ᠠᠬᠤ ᠪᠡᠯᠴᠢᠭᠡᠷ᠎ᠢ ᠠᠮᠠᠷᠠᠭᠤᠯᠬᠤ ᠳᠦᠷᠢᠮ᠎ᠢ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠦᠭᠡᠢ ᠨᠢᠭᠡᠴᠢ ᠪᠠ ᠬᠤᠪᠢ ᠬᠥᠮᠥᠨ᠎ᠳᠤ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠦᠷᠢ ᠱᠠᠩᠨᠠᠯ᠎ᠤᠨ ᠪᠡᠯᠡ ᠮᠥᠩᠭᠦ᠎ᠠᠴᠠ᠎ᠨᠢ ᠰᠠᠭᠤᠯᠭ᠋ᠠᠨ ᠠᠪᠴᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠪᠠ ᠪᠡᠯᠴᠢᠭᠡᠷᠯᠡᠭᠦᠯᠬᠦ ᠵᠢ ᠵᠣᠭᠰᠤᠭ᠋ᠠᠬᠤ ᠪᠡᠯᠴᠢᠭᠡᠷ᠎ᠢ ᠠᠮᠠᠷᠠᠭᠤᠯᠬᠤ ᠳᠦᠷᠢᠮ》 ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠪᠠᠶ᠋ᠢᠪᠠᠯ᠂ ᠬᠠᠤᠯᠢ ᠲᠣᠭᠲᠠᠭ᠋ᠠᠯ ᠶᠣᠰᠣᠭ᠋ᠠᠷ ᠵᠣᠭᠤᠰ ᠵᠶ᠋ᠠᠷ ᠲᠣᠷᠭ᠋ᠠᠵᠤ᠂ ᠬᠤᠭᠤᠴᠠᠭ᠎ᠠ ᠲᠣᠭᠲᠠᠭ᠋ᠠᠨ ᠤᠤᠯ ᠪᠠᠶ᠋ᠢᠳᠠᠯ᠎ᠢ᠎ᠨᠢ ᠰᠡᠷᠭᠦᠭᠡᠵᠦ᠂ ᠬᠤᠭᠤᠴᠠᠭ᠎ᠠ ᠲᠣᠭᠲᠠᠭ᠋ᠠᠨ ᠵᠠᠯᠠᠷᠠᠭᠤᠯᠬᠤ ᠵᠡᠷᠭᠡ ᠰᠢᠢ᠍ᠳᠬᠡᠯ ᠲᠣᠷᠭ᠋ᠠᠭᠤᠯᠢ ᠥᠭᠬᠦ ᠬᠡᠷᠡᠭᠲᠡᠢ᠃ ᠥᠪᠡᠷ ᠵᠶ᠋ᠠᠨ ᠵᠠᠰᠠᠵᠤ ᠳᠡᠶ᠋ᠢᠯᠭᠦ ᠦᠭᠡᠢ ᠮᠥᠷᠲᠡᠭᠡᠨ ᠪᠤᠰᠤᠳ᠎ᠲᠤ ᠨᠠᠶ᠋ᠢᠳᠠᠵᠤ ᠵᠠᠰᠠᠭᠤᠯᠬᠤ ᠦᠭᠡᠢ ᠪᠤᠶᠤ ᠬᠠᠮᠲᠤ᠎ᠪᠠᠷ ᠵᠠᠰᠠᠬᠤ᠎ᠳᠤ ᠬᠠᠮᠵᠢᠯᠴᠠᠬᠤ ᠦᠭᠡᠢ ᠨᠢᠭᠡᠴᠢ ᠪᠠ ᠬᠤᠪᠢ ᠬᠥᠮᠥᠨ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠢ᠃
    ᠠᠷᠪᠠᠨ ᠲᠠᠪᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠬᠡᠷᠡᠭᠵᠢᠭᠦᠯᠬᠦ ᠨᠠᠷᠢᠨ ᠳᠦᠷᠢᠮ᠎ᠢ ᠰᠤᠳᠤᠯᠤᠨ ᠲᠣᠭᠲᠠᠭ᠋ᠠᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠨ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠵᠢᠷᠤᠮᠵᠢᠭᠤᠯᠵᠤ᠂ ᠪᠡᠯᠡ ᠮᠥᠩᠭᠦ ᠵᠢ ᠴᠠᠭ ᠲᠤᠬᠠᠢ᠎ᠳᠤᠨᠢ ᠰᠠᠯᠭ᠋ᠠᠨ ᠥᠭᠴᠦ᠂ ᠥᠷᠢ ᠥᠭᠴᠡᠭᠡ ᠵᠢ ᠰᠢᠨ᠎ᠡ᠎ᠪᠠᠷ ᠨᠡᠮᠡᠭᠳᠡᠭᠦᠯᠬᠦ᠂ ᠲᠠᠩᠰᠠᠨ᠎ᠳᠠᠬᠢ ᠵᠣᠭᠤᠰ᠎ᠢ ᠥᠷᠢᠲᠦᠬᠦ ᠵᠡᠷᠭᠡ ᠠᠰᠠᠭᠤᠳᠠᠯ᠎ᠢ ᠭᠠᠷᠭ᠋ᠠᠵᠤ ᠪᠤᠯᠬᠤ ᠦᠭᠡᠢ᠃
 

ᠢᠷᠡᠯᠲᠡ᠄ ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠤᠯᠠᠭ᠋ᠠᠨᠴᠠᠪ ᠬᠤᠲᠠ ᠵᠢᠨ ᠵᠢᠨᠢᠩ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            