ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠤᠰᠤ ᠲᠠᠲᠠᠬᠤ ᠵᠥᠪᠰᠢᠶᠡᠷᠡᠯ᠎ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶᠡᠨ᠎ᠤ ᠬᠡᠪᠴᠢᠶᠡᠨ᠎ᠤ ᠪᠠᠷᠢᠮᠵᠢᠶ᠎ᠠ ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶᠢᠲᠡᠯᠡᠭᠰᠡᠨ ᠴᠠᠭ᠄ 2024-09-10


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ
    ᠣᠷᠣᠨ᠎ᠤ ᠠᠷᠠᠳ᠎ᠤᠨ ᠵᠠᠰᠠᠭ᠎ᠤᠨ ᠣᠷᠳᠣᠨ
    ᠥᠪᠥᠷ ᠵᠠᠰᠠᠭ ᠦᠰᠦᠭ [2024] 45 ᠳ᠋ᠤᠭ᠋ᠠᠷ ᠲᠣᠭ᠋ᠠᠲᠤ
    ᠤᠰᠤ ᠲᠠᠲᠠᠬᠤ ᠵᠥᠪᠰᠢᠶᠡᠷᠡᠯ᠎ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ
    ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶᠡᠨ᠎ᠤ ᠬᠡᠪᠴᠢᠶᠡᠨ᠎ᠤ ᠪᠠᠷᠢᠮᠵᠢᠶ᠎ᠠ ᠵᠢᠨ ᠲᠤᠬᠠᠢ
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
   《ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠳᠦᠷᠢᠮ》᠎ᠤᠨ ᠬᠤᠷᠢᠨ ᠵᠢᠷᠭᠤᠳᠤᠭ᠋ᠠᠷ ᠵᠦᠢ᠍ᠯ᠂ ᠲᠠᠪᠢᠨ ᠬᠤᠶᠠᠳᠤᠭ᠋ᠠᠷ ᠵᠦᠢ᠍ᠯ ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠳᠦᠷᠢᠮ》᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠡᠳᠦᠭᠡ ᠳᠠᠩᠰᠠᠯᠠᠭᠤᠯᠬᠤ ᠴᠢᠬᠤᠯᠠᠲᠠᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠥᠯ ᠵᠢᠴᠢ ᠭᠠᠵᠠᠷ ᠳᠣᠣᠷᠠᠬᠢ ᠤᠰᠤᠨ᠎ᠳᠤ ᠠᠰᠢᠭ ᠦᠭᠡᠢ ᠨᠥᠯᠥᠭᠡ ᠪᠣᠯᠬᠤ ᠵᠢ ᠰᠡᠷᠭᠡᠶ᠋ᠢᠯᠡᠬᠦ ᠠᠷᠭ᠎ᠠ ᠬᠡᠮᠵᠢᠶᠡᠨ᠎ᠤ ᠲᠥᠰᠥᠯ᠎ᠳᠠᠬᠢ ᠭᠠᠵᠠᠷ ᠳᠣᠣᠷᠠᠬᠢ ᠪᠠᠷᠢᠯᠭ᠎ᠠ ᠵᠢᠨ ᠤᠰᠤ ᠵᠠᠯᠠᠬᠤ ᠬᠡᠪᠴᠢᠶ᠎ᠡ᠂ ᠤᠰᠤ ᠲᠠᠲᠠᠬᠤ ᠵᠥᠪᠰᠢᠶᠡᠷᠡᠯ᠎ᠢ ᠬᠠᠤᠯᠢ ᠶᠣᠰᠣᠭ᠋ᠠᠷ ᠭᠤᠶᠤᠴᠢᠯᠠᠨ ᠭᠦᠢ᠍ᠴᠡᠳᠬᠡᠪᠡᠰᠦ ᠵᠣᠬᠢᠬᠤ ᠠᠭᠤᠷᠬᠠᠢ ᠵᠢᠨ ᠡᠬᠢ ᠪᠠᠶᠠᠯᠢᠭ᠎ᠤᠨ ᠨᠡᠭᠡᠭᠡᠯᠲᠡ ᠮᠠᠯᠲᠠᠯᠲᠠ ᠪᠠ ᠭᠠᠵᠠᠷ ᠳᠣᠣᠷᠠᠬᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶᠡᠨ᠎ᠤ ᠬᠡᠪᠴᠢᠶᠡᠨ᠎ᠤ ᠪᠠᠷᠢᠮᠵᠢᠶ᠎ᠠ ᠵᠢ ᠳᠣᠣᠷᠠᠬᠢ ᠮᠡᠲᠦ ᠮᠡᠳᠡᠭᠳᠡᠪᠡ᠃
    ᠨᠢᠭᠡ᠂ ᠣᠨ᠎ᠤ ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶ᠎ᠡ᠎ᠨᠢ 1 ᠲᠦᠮᠡᠨ ᠺᠦᠪ ᠮᠧᠳ᠋ᠷ ᠵᠢᠴᠢ ᠲᠡᠭᠦᠨ᠎ᠠᠴᠠ ᠳᠡᠭᠡᠭᠰᠢᠬᠢ ᠭᠠᠵᠠᠷ ᠳᠣᠣᠷᠠᠬᠢ ᠪᠠᠷᠢᠯᠭ᠎ᠠ ᠵᠢ ᠪᠦᠲᠦᠭᠡᠨ ᠪᠠᠶ᠋ᠢᠭᠤᠯᠬᠤ ᠨᠢᠭᠡᠴᠢ ᠪᠠ ᠬᠤᠪᠢ ᠬᠥᠮᠥᠨ᠎ᠨᠢ ᠪᠠᠷᠢᠯᠭ᠎ᠠ ᠡᠬᠢᠯᠡᠭᠦᠯᠬᠦ᠎ᠠᠴᠠ ᠡᠮᠦᠨ᠎ᠡ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠥᠯ ᠪᠠ ᠭᠠᠵᠠᠷ ᠳᠣᠣᠷᠠᠬᠢ ᠤᠰᠤᠨ᠎ᠳᠤ ᠠᠰᠢᠭ ᠦᠭᠡᠢ ᠨᠥᠯᠥᠭᠡ ᠪᠣᠯᠬᠤ ᠵᠢ ᠰᠡᠷᠭᠡᠶ᠋ᠢᠯᠡᠬᠦ ᠠᠷᠭ᠎ᠠ ᠬᠡᠮᠵᠢᠶᠡᠨ᠎ᠤ ᠲᠥᠰᠥᠯ ᠵᠶ᠋ᠠᠨ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃
    ᠬᠤᠶᠠᠷ᠂ ᠠᠭᠤᠷᠬᠠᠢ ᠵᠢᠨ ᠡᠬᠢ ᠪᠠᠶᠠᠯᠢᠭ᠎ᠤᠨ ᠨᠡᠭᠡᠭᠡᠯᠲᠡ ᠮᠠᠯᠲᠠᠯᠲᠠ᠂ ᠭᠠᠵᠠᠷ ᠳᠣᠣᠷᠠᠬᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠨ᠎ᠤ ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶ᠎ᠡ᠎ᠨᠢ 1 ᠲᠦᠮᠡᠨ ᠺᠦᠪ ᠮᠧᠳ᠋ᠷ ᠵᠢᠴᠢ ᠲᠡᠭᠦᠨ᠎ᠠᠴᠠ ᠳᠡᠭᠡᠭᠰᠢ ᠪᠠᠶ᠋ᠢᠪᠠᠯ᠂ ᠤᠰᠤ ᠲᠠᠲᠠᠬᠤ ᠵᠥᠪᠰᠢᠶᠡᠷᠡᠯ᠎ᠢ ᠬᠠᠤᠯᠢ ᠶᠣᠰᠣᠭ᠋ᠠᠷ ᠭᠤᠶᠤᠴᠢᠯᠠᠵᠤ᠂ ᠤᠰᠤ ᠵᠠᠯᠠᠬᠤ ᠬᠡᠮᠵᠢᠶ᠎ᠡ ᠵᠢ ᠬᠡᠮᠵᠢᠬᠦ ᠪᠡᠯᠡᠳᠬᠡᠮᠵᠢ ᠤᠭᠰᠠᠷᠠᠬᠤ ᠵᠢᠨ ᠬᠠᠮᠲᠤ᠂ ᠤᠰᠤ ᠲᠠᠲᠠᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠴᠡᠪᠡᠷᠯᠡᠨ ᠬᠠᠳᠠᠭ᠋ᠠᠵᠤ ᠤᠰᠤ ᠵᠠᠯᠠᠬᠤ ᠬᠡᠮᠵᠢᠶ᠎ᠡ ᠪᠠ ᠭᠠᠵᠠᠷ ᠳᠣᠣᠷᠠᠬᠢ ᠤᠰᠤᠨ ᠲᠦᠪᠰᠢᠨ᠎ᠤ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠢ᠃
   2024 ᠣᠨ᠎ᠤ 3 ᠳ᠋ᠤᠭ᠋ᠠᠷ ᠰᠠᠷ᠎ᠠ ᠵᠢᠨ 12᠎ᠤᠨ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
 

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠠᠷᠤᠨ ᠬᠤᠰᠢᠭᠤᠨ᠎ᠤ ᠰᠢᠶᠣᠣ ᠴᠢ ᠽᠢ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠤᠰᠤᠨ ᠴᠥᠭᠦᠷᠥᠮ᠎ᠤᠨ ᠲᠦᠯᠬᠢᠯᠲᠡ ᠵᠢᠨ ᠣᠷᠣᠨ ᠵᠢᠴᠢ ᠬᠦᠢ᠍ᠰᠦ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠬᠡᠪᠴᠢᠶᠡᠨ᠎ᠳᠤ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠠ ᠨᠡᠭᠦᠯᠭᠡᠨ ᠣᠷᠣᠭᠤᠯᠬᠤ ᠬᠥᠮᠥᠨ ᠠᠮᠠ ᠵᠢ ᠰᠢᠨ᠎ᠡ᠎ᠪᠠᠷ ᠨᠡᠮᠡᠭᠳᠡᠭᠦᠯᠬᠦ ᠵᠢ ᠴᠠᠭ᠋ᠠᠵᠠᠯᠠᠬᠤ ᠲᠤᠬᠠᠢ ᠥᠪᠥᠷ ᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠵᠠᠰᠠᠭ᠎ᠤᠨ ᠣᠷᠳᠣᠨ᠎ᠤ ᠬᠡᠰᠡᠭ ᠲᠣᠭᠲᠠᠭ᠋ᠠᠯ ᠳᠦᠷᠢᠮ᠎ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ
 
            