ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ
ᠥᠪᠥᠷ ᠵᠠᠰᠠᠭ ᠦᠰᠦᠭ [2024] 149 ᠳ᠋ᠦ᠍ᠭᠡᠷ ᠲᠣᠭ᠋ᠠᠲᠤ
《ᠬᠥᠬᠡᠬᠤᠲᠠ ᠵᠢᠨ ᠰᠠᠶ᠋ᠢᠬᠠᠨ ᠲᠣᠭᠤᠷᠢᠭᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》ᠤᠨ ᠲᠤᠬᠠᠢ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠴᠣᠬᠤᠯᠠᠪᠤᠷᠢ
ᠬᠥᠬᠡᠬᠤᠲᠠ ᠵᠢᠨ ᠠᠷᠠᠳᠤᠨ ᠵᠠᠰᠠᠭᠤᠨ ᠣᠷᠳᠣᠨᠳᠤ᠄
ᠲᠠᠨᠤ ᠬᠤᠲᠠ ᠵᠢᠨ 《ᠬᠥᠬᠡᠬᠤᠲᠠ ᠵᠢᠨ ᠰᠠᠶ᠋ᠢᠬᠠᠨ ᠲᠣᠭᠤᠷᠢᠭᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)ᠢ ᠵᠥᠪᠰᠢᠶᠡᠷᠡᠭᠦᠯᠬᠦ ᠲᠤᠬᠠᠢ ᠡᠰᠢᠯᠡᠯᠲᠡ》 (ᠬᠥᠬᠡᠬᠤᠲᠠ ᠵᠠᠰᠠᠭ ᠲᠠᠷᠬᠠᠭ᠋ᠠᠭᠰᠠᠨ [2024] 113 ᠳ᠋ᠤᠭ᠋ᠠᠷ ᠲᠣᠭ᠋ᠠᠲᠤ) ᠵᠢ ᠬᠦᠯᠢᠶᠡᠨ ᠠᠪᠴᠤ ᠣᠶ᠋ᠢᠯᠠᠭ᠋ᠠᠯᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
ᠥᠪᠡᠷᠲᠡᠭᠡᠨ ᠵᠠᠰᠠᠬᠤ ᠣᠷᠣᠨᠤ ᠪᠠᠶ᠋ᠢᠭ᠋ᠠᠯᠢ ᠵᠢᠨ ᠡᠬᠢ ᠪᠠᠶᠠᠯᠢᠭᠤᠨ ᠲᠢᠩᠬᠢᠮ ᠲᠤᠰᠬᠠᠢ ᠮᠡᠷᠭᠡᠵᠢᠯᠲᠡᠨᠢ ᠵᠣᠬᠢᠶᠠᠨ ᠪᠠᠶ᠋ᠢᠭᠤᠯᠵᠤ ᠨᠤᠲᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠬᠥᠬᠡᠬᠤᠲᠠ ᠵᠢᠨ ᠰᠠᠶ᠋ᠢᠬᠠᠨ ᠲᠣᠭᠤᠷᠢᠭᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《〈ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭᠤᠨ ᠶᠠᠮᠤᠨᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ) ᠪᠠ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》ᠤᠨ ᠱᠠᠭ᠋ᠠᠷᠳᠠᠯᠭᠠᠳᠤ ᠨᠡᠶ᠋ᠢᠴᠡᠵᠦ᠂ ᠤᠯᠤᠰᠤᠨ ᠨᠤᠲᠤᠭ ᠳᠡᠪᠢᠰᠬᠡᠷᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮᠳᠤ ᠨᠡᠶ᠋ᠢᠴᠡᠬᠦ ᠪᠣᠯᠬᠤᠷ᠂ 《ᠬᠥᠬᠡᠬᠤᠲᠠ ᠵᠢᠨ ᠰᠠᠶ᠋ᠢᠬᠠᠨ ᠲᠣᠭᠤᠷᠢᠭᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》ᠢ ᠵᠠᠷᠴᠢᠮ ᠳᠡᠭᠡᠷᠡᠪᠠᠨ ᠵᠥᠪᠰᠢᠶᠡᠷᠡᠪᠡ᠂ ᠡᠯ᠎ᠡ ᠵᠦᠢ᠍ᠯᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠲᠦᠭᠡᠢ᠃
2024 ᠣᠨᠤ 7 ᠳ᠋ᠤᠭ᠋ᠠᠷ ᠰᠠᠷ᠎ᠠ ᠵᠢᠨ 20ᠤ ᠡᠳᠦᠷ
(ᠲᠤᠰ ᠪᠢᠴᠢᠭ ᠮᠠᠲ᠋ᠧᠷᠢᠶᠠᠯᠢ ᠢᠯᠡ ᠨᠡᠶ᠋ᠢᠲᠡᠯᠡᠨᠡ)