ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠤᠯᠠᠭ᠋ᠠᠨᠴᠠᠪ ᠬᠤᠲᠠ ᠵᠢᠨ ᠵᠢᠨᠢᠩ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠨᠡᠶᠢᠲᠡᠯᠡᠭᠰᠡᠨ ᠴᠠᠭ᠄ 2024-09-29

    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
    ᠥᠪᠥᠷ ᠵᠠᠰᠠᠭ ᠦᠰᠦᠭ [2024] 160 ᠳ᠋ᠤᠭ᠋ᠠᠷ ᠲᠣᠭ᠋ᠠᠲᠤ
   《ᠤᠯᠠᠭ᠋ᠠᠨᠴᠠᠪ ᠬᠤᠲᠠ ᠵᠢᠨ ᠵᠢᠨᠢᠩ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
    ᠤᠯᠠᠭ᠋ᠠᠨᠴᠠᠪ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
    ᠲᠠᠨ᠎ᠤ ᠬᠤᠲᠠ ᠵᠢᠨ 《〈ᠵᠢᠨᠢᠩ ᠲᠣᠭᠤᠷᠢᠭ᠎ᠤᠨ ᠰᠢᠨ᠎ᠡ ᠲᠣᠭᠤᠷᠢᠭ ᠪᠠ ᠨᠠᠷᠠᠰᠤᠨ ᠭᠤᠣᠯ᠎ᠤᠨ ᠵᠡᠭᠦᠨ ᠬᠡᠰᠡᠭ ᠣᠷᠣᠨ᠎ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 ᠣᠨ᠎ᠤ 6 ᠳ᠋ᠤᠭ᠋ᠠᠷ ᠰᠠᠷ᠎ᠠ — 2026 ᠣᠨ᠎ᠤ 5 ᠳ᠋ᠤᠭ᠋ᠠᠷ ᠰᠠᠷ᠎ᠠ)〉᠎ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 (ᠤᠯᠠᠭ᠋ᠠᠨᠴᠠᠪ ᠵᠠᠰᠠᠭ ᠮᠡᠳᠡᠭᠦᠯᠦᠯᠲᠡ [2024] 73 ᠳ᠋ᠤᠭ᠋ᠠᠷ ᠲᠣᠭ᠋ᠠᠲᠤ) ᠵᠢ ᠬᠦᠯᠢᠶᠡᠨ ᠠᠪᠴᠤ ᠣᠶ᠋ᠢᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
    ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠨᠤᠲᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠤᠯᠠᠭ᠋ᠠᠨᠴᠠᠪ ᠬᠤᠲᠠ ᠵᠢᠨ ᠵᠢᠨᠢᠩ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 - — 2025 ᠣᠨ)》᠎ᠨᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠠ 《〈ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠤᠨ ᠬᠤᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ᠎ᠳᠤ ᠨᠡᠶ᠋ᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠲᠠᠢ ᠨᠡᠶ᠋ᠢᠴᠡᠵᠦ ᠪᠠᠶ᠋ᠢᠭ᠎ᠠ ᠪᠣᠯᠬᠤᠷ᠂ 《ᠤᠯᠠᠭ᠋ᠠᠨᠴᠠᠪ ᠬᠤᠲᠠ ᠵᠢᠨ ᠵᠢᠨᠢᠩ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠲᠦᠭᠡᠢ᠃
   2024 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠴᠢᠨᠠᠷᠲᠠᠢ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠦ ᠰᠠᠭ᠋ᠠᠯᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠲᠥᠮᠥᠰᠥᠨ᠎ᠤ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠦᠷ᠎ᠡ ᠡᠭᠦᠯᠳᠡᠷ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠲᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠥᠯ (2023 ᠣᠨ᠎ᠳᠤ ᠵᠠᠰᠠᠪᠤᠷᠢ ᠣᠷᠣᠭᠤᠯᠪᠠ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            