ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶᠢᠲᠡᠯᠡᠭᠰᠡᠨ ᠴᠠᠭ᠄ 2024-09-26


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
    ᠥᠪᠥᠷ ᠵᠠᠰᠠᠭ ᠠᠯᠪᠠᠨ ᠲᠠᠷᠬᠠᠭ᠋ᠠᠭᠰᠠᠨ [2024] 16 ᠳ᠋ᠤᠭ᠋ᠠᠷ ᠲᠣᠭ᠋ᠠᠲᠤ
    ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠨ᠂ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠪᠥᠬᠦ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠤᠭ᠎ᠠ ᠬᠡᠮᠵᠢᠶ᠎ᠡ᠂ ᠶᠠᠰᠤ ᠴᠢᠨᠠᠷ᠎ᠤᠨ ᠬᠤᠣᠰ ᠳᠡᠭᠡᠭᠰᠢᠯᠡᠯᠲᠡ ᠵᠢ ᠠᠬᠢᠭᠤᠯᠵᠤ᠂ 2032 ᠣᠨ ᠪᠣᠯᠬᠤ᠎ᠳᠤ ᠲᠦᠷᠦᠭᠦᠯᠡᠨ ᠥᠨᠢᠳᠡ ᠵᠢᠨ ᠦᠨᠳᠦᠰᠦᠨ ᠲᠠᠷᠢᠶᠠᠨ ᠭᠠᠵᠠᠷ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠶ᠋ᠢᠭᠤᠯᠬᠤ ᠵᠢ ᠦᠨᠡᠨ ᠬᠦ᠌ ᠪᠠᠲᠤᠯᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠢ ᠠᠬᠢᠭᠤᠯᠬᠤ ᠬᠤᠯᠪᠣᠭᠳᠠᠯ ᠪᠦᠬᠦᠢ ᠤᠴᠢᠷ᠎ᠤᠳ᠎ᠢ ᠳᠣᠣᠷᠠᠬᠢ ᠮᠡᠲᠦ ᠮᠡᠳᠡᠭᠳᠡᠪᠡ᠃
    ᠨᠢᠭᠡ᠂ ᠨᠥᠬᠦᠪᠦᠷᠢᠯᠡᠬᠦ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ
    ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠠᠬᠢ ᠲᠥᠪ᠎ᠤᠨ ᠲᠥᠰᠥᠪ᠎ᠤᠨ ᠳᠣᠲᠣᠷᠠᠬᠢ ᠪᠠ ᠲᠥᠪ᠎ᠤᠨ ᠡᠳ᠋᠎ᠤᠨ ᠵᠠᠰᠠᠭ᠎ᠤᠨ ᠰᠢᠯᠵᠢᠭᠦᠯᠦᠨ ᠣᠯᠭᠤᠬᠤ ᠵᠡᠷᠭᠡ ᠠᠷᠭ᠎ᠠ ᠵᠠᠮ ᠵᠶ᠋ᠠᠷ᠎ᠬᠢ ᠪᠡᠯᠡ ᠣᠷᠣᠭᠤᠯᠤᠯᠲᠠ ᠵᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶ᠋ᠢᠯᠡᠭᠦᠯᠬᠦ ᠬᠡᠷᠡᠭᠲᠡᠢ᠃ ᠤᠯᠤᠰ᠎ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠳᠦᠬᠦᠷᠵᠢᠭᠦᠯᠦᠨ ᠪᠡᠯᠡ ᠣᠷᠣᠭᠤᠯᠬᠤ᠎ᠪᠠᠷ ᠱᠠᠭ᠋ᠠᠷᠳᠠᠭᠰᠠᠨ ᠵᠠᠷᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠡᠭᠦᠷᠭᠡᠯᠡᠵᠦ᠂ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ᠎ᠬᠢᠨ ᠳᠠᠬᠢᠵᠤ ᠲᠥᠬᠦᠷᠵᠢᠭᠦᠯᠬᠦ ᠦᠭᠡᠢ᠃ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠠᠶ᠋ᠢᠮᠠᠭ ᠬᠤᠲᠠ ᠵᠢᠨ ᠮᠦ᠍ ᠪᠦᠷᠢ ᠵᠢᠨ ᠳᠤᠮᠳᠠᠴᠢ ᠡᠳ᠋᠎ᠤᠨ ᠵᠠᠰᠠᠭ᠎ᠤᠨ ᠨᠥᠬᠦᠪᠦᠷᠢ ᠵᠢᠨ ᠪᠠᠷᠢᠮᠵᠢᠶ᠎ᠠ ᠵᠢ ᠲᠥᠷᠥᠯ ᠬᠤᠪᠢᠶᠠᠨ ᠲᠣᠭᠲᠠᠭ᠋ᠠᠵᠤ᠂ ᠡᠯ᠎ᠡ ᠠᠶ᠋ᠢᠮᠠᠭ ᠬᠤᠲᠠ᠎ᠨᠢ ᠲᠤᠰ ᠭᠠᠵᠠᠷ ᠣᠷᠣᠨ᠎ᠤ᠎ᠪᠠᠨ ᠡᠳ᠋᠎ᠤᠨ ᠵᠠᠰᠠᠭ᠎ᠤᠨ ᠨᠥᠬᠦᠪᠦᠷᠢ ᠵᠢᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ᠂ ᠠᠳᠠᠯᠢ ᠪᠤᠰᠤ ᠭᠠᠵᠠᠷ᠎ᠤᠨ ᠲᠥᠷᠥᠯ ᠪᠠ ᠪᠦᠲᠦᠭᠡᠨ ᠪᠠᠶ᠋ᠢᠭᠤᠯᠬᠤ ᠠᠭᠤᠯᠭ᠎ᠠ ᠵᠢᠨ ᠶᠣᠰᠣᠭ᠋ᠠᠷ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠮᠦ᠍ ᠪᠦᠷᠢ ᠵᠢᠨ ᠳᠤᠮᠳᠠᠴᠢ ᠡᠳ᠋᠎ᠤᠨ ᠵᠠᠰᠠᠭ᠎ᠤᠨ ᠨᠥᠬᠦᠪᠦᠷᠢ ᠵᠢᠨ ᠪᠠᠷᠢᠮᠵᠢᠶ᠎ᠠ ᠵᠢ ᠲᠣᠭᠲᠠᠭ᠋ᠠᠵᠤ᠂ ᠬᠤᠰᠢᠭᠤ ᠰᠢᠶᠠᠨ (ᠬᠤᠲᠠ᠂ ᠲᠣᠭᠤᠷᠢᠭ) ᠵᠶ᠋ᠠᠷ ᠨᠢᠭᠡᠴᠢ ᠪᠣᠯᠭ᠋ᠠᠨ ᠨᠢᠭᠡᠳᠦᠯᠲᠡᠢ ᠲᠥᠯᠥᠪᠯᠡᠨ ᠪᠣᠳᠣᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠵᠢᠷᠤᠭᠯᠠᠨ ᠲᠥᠯᠥᠪᠯᠡᠬᠦ ᠪᠠ ᠪᠦᠲᠦᠭᠡᠨ ᠪᠠᠶ᠋ᠢᠭᠤᠯᠬᠤ ᠶᠠᠪᠤᠴᠠ᠎ᠳᠤ᠂ ᠮᠦ᠍ ᠪᠦᠷᠢ᠎ᠳᠤ 100 ᠲᠥᠭᠦᠷᠢᠭ᠎ᠠᠴᠠ ᠳᠣᠣᠷ᠎ᠠ ᠦᠭᠡᠢ ᠪᠠᠷᠢᠮᠵᠢᠶ᠎ᠠ᠎ᠪᠠᠷ ᠪᠡᠯᠡ ᠮᠥᠩᠭᠦ ᠴᠤᠭᠯᠠᠭᠤᠯᠤᠨ ᠬᠥᠳᠡᠯᠮᠦᠷᠢ ᠬᠦᠴᠦ ᠣᠷᠣᠭᠤᠯᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠨᠥᠬᠦᠴᠡᠯ᠎ᠳᠤ ᠨᠡᠶ᠋ᠢᠴᠡᠬᠦ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠣᠶ ᠰᠢᠭᠤᠢ ᠨᠤᠲᠤᠭ ᠪᠡᠯᠴᠢᠭᠡᠷ᠂ ᠵᠠᠮ ᠬᠠᠷᠢᠯᠴᠠᠭ᠎ᠠ ᠵᠡᠷᠭᠡ ᠡᠯ᠎ᠡ ᠲᠥᠷᠥᠯ᠎ᠤᠨ ᠲᠥᠷᠥᠯ ᠵᠦᠢ᠍ᠯ᠎ᠤᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠵᠦ ᠪᠠᠶ᠋ᠢᠭ᠋ᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠵᠢ ᠰᠠᠨᠠᠭ᠋ᠠᠴᠢᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠵᠤ ᠡᠵᠡᠩᠨᠡᠬᠦ᠎ᠳᠤ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠠᠬᠤᠶ᠋ᠢᠯᠠᠯ ᠵᠡᠷᠭᠡ ᠨᠡᠶ᠋ᠢᠭᠡᠮ᠎ᠤᠨ ᠬᠥᠷᠥᠩᠭᠡ ᠵᠢᠨ ᠪᠡᠯᠡ ᠣᠷᠣᠭᠤᠯᠬᠤ ᠪᠠ ᠣᠷᠣᠯᠴᠠᠬᠤ ᠵᠢ᠎ᠨᠢ ᠵᠣᠷᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
    ᠬᠤᠶᠠᠷ᠂ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠰᠢᠯᠢᠳᠡᠭᠵᠢᠭᠦᠯᠬᠦ ᠬᠡᠷᠡᠭᠲᠡᠢ
    ᠦᠯᠡᠭᠦᠦ ᠥᠨᠢᠳᠡ ᠵᠢᠨ ᠦᠨᠳᠦᠰᠦᠨ ᠲᠠᠷᠢᠶᠠᠨ ᠭᠠᠵᠠᠷ ᠪᠦᠬᠦᠨ᠎ᠢ ᠨᠥᠭᠡᠴᠡ ᠲᠥᠷᠥᠯ ᠵᠦᠢ᠍ᠯ᠎ᠤᠨ ᠬᠥᠮᠥᠷᠭᠡ᠎ᠳᠤ ᠠᠯᠬᠤᠮ ᠠᠯᠬᠤᠮ ᠵᠶ᠋ᠠᠷ ᠣᠷᠣᠭᠤᠯᠵᠤ᠂ ᠪᠣᠳᠠᠲᠤ ᠪᠠᠶ᠋ᠢᠳᠠᠯ᠎ᠳᠤ᠎ᠪᠠᠨ ᠰᠠᠭᠤᠷᠢᠯᠠᠵᠤ ᠪᠦᠲᠦᠭᠡᠨ ᠪᠠᠶ᠋ᠢᠭᠤᠯᠬᠤ ᠡᠭᠦᠷᠭᠡ ᠪᠠ ᠤᠷᠢᠲᠠᠵᠤ ᠬᠢᠬᠦ ᠳᠠᠷᠠᠭ᠋ᠠᠯᠠᠯ᠎ᠢ ᠲᠣᠭᠲᠠᠭ᠋ᠠᠨ᠂ ᠤᠷᠢᠳ ᠵᠶ᠋ᠠᠷ ᠬᠢᠯᠪᠠᠷ᠎ᠢ᠎ᠨᠢ ᠳᠠᠷᠠᠭ᠎ᠠ᠎ᠨᠢ ᠬᠦᠴᠢᠷᠲᠡᠢ ᠵᠢ᠎ᠨᠢ ᠬᠢᠬᠦ ᠵᠢ ᠪᠠᠷᠢᠮᠲᠠᠯᠠᠵᠤ᠂ ᠲᠤᠷᠰᠢᠯᠲᠠ ᠵᠢᠨ ᠭᠠᠵᠠᠷ ᠣᠷᠣᠨ᠂ ᠬᠠᠷ᠎ᠠ ᠬᠥᠷᠥᠰᠥᠲᠦ ᠭᠠᠵᠠᠷ ᠣᠷᠣᠨ᠂ ᠲᠠᠯ᠎ᠠ ᠭᠠᠵᠠᠷ᠂ ᠤᠰᠤᠨ ᠠᠰᠢᠭᠯᠠᠯᠲᠠ ᠵᠢᠨ ᠤᠰᠤᠯᠠᠯᠲᠠ ᠵᠢᠨ ᠨᠥᠬᠦᠴᠡᠯ᠎ᠢ ᠪᠦᠷᠢᠳᠦᠭᠦᠯᠦᠭᠰᠡᠨ ᠭᠠᠵᠠᠷ ᠣᠷᠣᠨ ᠪᠠ ᠦᠯᠡᠳᠡᠭᠳᠡᠯ ᠡᠭᠦᠷᠭᠡ᠎ᠪᠠᠷ ᠨᠡᠯᠢᠶᠡᠳ ᠴᠥᠭᠡᠨ ᠪᠠᠶ᠋ᠢᠭ᠎ᠠ ᠪᠦᠬᠦᠯᠢ ᠪᠠᠶ᠋ᠢᠭᠤᠯᠤᠮᠵᠢᠲᠤ ᠳᠦᠷᠢᠮ᠎ᠤᠨ ᠭᠠᠵᠠᠷ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠤᠷᠢᠳ ᠵᠶ᠋ᠠᠷ ᠠᠬᠢᠭᠤᠯᠵᠤ᠂ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠨ ᠠᠰᠢᠭᠯᠠᠬᠤ ᠪᠠ ᠬᠤᠵᠢᠷᠰᠢᠭᠰᠠᠨ ᠲᠠᠷᠢᠶᠠᠯᠠᠬᠤ ᠭᠠᠵᠠᠷ᠎ᠢ ᠵᠠᠰᠠᠵᠤ ᠰᠠᠶ᠋ᠢᠵᠢᠷᠠᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠤᠰᠢᠭᠤ ᠰᠢᠶᠠᠨ (ᠬᠤᠲᠠ᠂ ᠲᠣᠭᠤᠷᠢᠭ)᠎ᠨᠢ ᠲᠥᠷᠥᠯ ᠵᠦᠢ᠍ᠯ ᠲᠣᠭᠲᠠᠭ᠋ᠠᠬᠤ᠎ᠠᠴᠠ ᠡᠮᠦᠨᠡᠬᠢ 3 ᠵᠢᠯ᠎ᠤᠨ ᠮᠦ᠍ ᠪᠦᠷᠢ ᠵᠢᠨ ᠳᠤᠮᠳᠠᠴᠢ ᠪᠣᠳᠠᠲᠠᠢ ᠵᠠᠷᠤᠯᠭ᠎ᠠ ᠵᠢᠨ ᠵᠣᠭᠤᠰᠤᠨ ᠲᠤᠭ᠎ᠠ ᠶᠣᠰᠣᠭ᠋ᠠᠷ᠂ ᠵᠢᠷᠤᠭ ᠲᠥᠯᠥᠪᠯᠡᠭᠡ ᠵᠢᠨ ᠳᠠᠭ᠋ᠠᠭ᠋ᠠᠴᠢᠯᠠᠯᠲᠠ ᠵᠠᠷᠯᠠᠬᠤ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠬᠢᠬᠦ᠂ ᠤᠰᠤᠨ᠎ᠤ ᠡᠬᠢ ᠰᠤᠷᠪᠤᠯᠵᠢ ᠵᠢᠨ ᠨᠤᠲᠠᠯᠠᠯᠲᠠ ᠵᠢ ᠬᠢᠨᠠᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠤᠷᠢᠳᠴᠢᠯᠠᠨ ᠥᠷᠨᠢᠭᠦᠯᠵᠦ᠂ ᠪᠦᠲᠦᠭᠡᠨ ᠪᠠᠶ᠋ᠢᠭᠤᠯᠬᠤ ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯ ᠡᠬᠢᠯᠡᠭᠦᠯᠬᠦ ᠨᠥᠬᠦᠴᠡᠯ ᠪᠦᠷᠢᠳᠦᠭᠦᠯᠬᠦ ᠵᠢ ᠦᠨᠡᠨ ᠬᠦ᠌ ᠪᠠᠲᠤᠯᠠᠨ᠂ 《ᠵᠣᠭᠤᠰ᠎ᠨᠢ ᠲᠥᠷᠥᠯ ᠵᠦᠢ᠍ᠯ᠎ᠢ ᠬᠦᠯᠢᠶᠡᠬᠦ》᠎ᠠᠴᠠ ᠵᠠᠶ᠋ᠢᠯᠠᠰᠬᠢᠨ᠎ᠡ᠃ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》 ᠵᠢᠷᠤᠭ ᠲᠥᠯᠥᠪᠯᠡᠭᠡ ᠵᠢᠨ ᠣᠨᠣᠯᠵᠢᠬᠤᠨ᠎ᠢ ᠪᠠᠷᠢᠮᠲᠠᠯᠠᠵᠤ᠂ ᠭᠠᠵᠠᠷ ᠳᠣᠣᠷᠠᠬᠢ ᠤᠰᠤ ᠵᠢ ᠬᠠᠮᠢᠶᠠᠷᠤᠨ ᠡᠵᠡᠮᠳᠡᠬᠦ ᠨᠢᠭᠡᠴᠢ ᠵᠢᠨ ᠶᠡᠷᠦᠩᠬᠡᠢ ᠬᠡᠮᠵᠢᠶ᠎ᠡ ᠵᠢ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠦᠨ᠂ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠲᠣᠬᠢᠷᠠᠭᠤᠯᠤᠨ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ ᠥᠷᠨᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠠᠬᠢ ᠣᠶ ᠰᠢᠭᠤᠢ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠬᠢᠨᠠᠨ ᠵᠥᠪᠰᠢᠶᠡᠷᠡᠯ ᠪᠠ ᠬᠠᠶ᠋ᠢᠷ ᠴᠢᠯᠠᠭᠤᠨ ᠮᠠᠲ᠋ᠧᠷᠢᠶᠠᠯ ᠠᠪᠴᠤ ᠬᠡᠷᠡᠭᠯᠡᠬᠦ ᠵᠥᠪᠰᠢᠶᠡᠷᠡᠯ᠂ ᠤᠰᠤ ᠠᠪᠴᠤ ᠬᠡᠷᠡᠭᠯᠡᠬᠦ ᠵᠥᠪᠰᠢᠶᠡᠷᠡᠯ᠎ᠤᠨ ᠬᠢᠨᠠᠨ ᠵᠥᠪᠰᠢᠶᠡᠷᠡᠯ ᠵᠡᠷᠭᠡ ᠵᠢᠨ ᠵᠠᠮ ᠱᠤᠭᠤᠮ᠎ᠢ ᠰᠠᠭ᠋ᠠᠳ ᠦᠭᠡᠢ ᠨᠡᠪᠲᠡᠷᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠰᠡᠳᠦᠪ ᠲᠣᠭᠲᠠᠭ᠋ᠠᠬᠤ ᠲᠥᠰᠥᠯ ᠪᠠ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠲᠥᠰᠥᠯ᠎ᠢ ᠲᠣᠰ ᠲᠣᠰ ᠭᠠᠴᠠᠭ᠎ᠠ ᠲᠣᠰᠬᠤᠨ᠎ᠤ ᠠᠷᠠᠳ᠎ᠤᠨ ᠬᠤᠷᠠᠯ ᠵᠶ᠋ᠠᠷ ᠰᠤᠳᠤᠯᠤᠨ ᠪᠠᠲᠤᠯᠠᠭᠤᠯᠬᠤ ᠵᠢᠨ ᠬᠠᠮᠲᠤ ᠭᠠᠷ᠎ᠤᠨ ᠥᠰᠥᠭ ᠵᠢᠷᠤᠭᠤᠯᠵᠤ ᠨᠤᠲᠠᠯᠠᠨ ᠲᠣᠭᠲᠠᠭ᠋ᠠᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ)
    ᠭᠤᠷᠪᠠ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠬᠤ ᠬᠡᠷᠡᠭᠲᠡᠢ
    ᠵᠠᠷᠴᠢᠮ ᠳᠡᠭᠡᠷ᠎ᠡ᠎ᠪᠠᠨ ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠢᠨ ᠬᠡᠰᠡᠭ᠎ᠤᠨ ᠲᠠᠯᠠᠪᠠᠶ ᠵᠢ 10000 ᠮᠦ᠍᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠬᠤᠰᠢᠭᠤ ᠰᠢᠶᠠᠨ (ᠬᠤᠲᠠ᠂ ᠲᠣᠭᠤᠷᠢᠭ)᠎ᠤ᠎ᠬᠢᠨ᠎ᠤ ᠣᠨ᠎ᠤ ᠪᠠᠷᠢᠯᠭ᠎ᠠ ᠵᠢᠨ ᠠᠵᠢᠯ᠎ᠤᠨ ᠪᠠᠷᠢᠬᠤ ᠡᠭᠦᠷᠭᠡ᠎ᠪᠠᠨ ᠪᠦᠬᠦᠯᠢ ᠴᠣᠭᠴᠠ᠎ᠪᠠᠷ᠎ᠨᠢ ᠳᠠᠭ᠋ᠠᠭ᠋ᠠᠴᠢᠯᠠᠭᠤᠯᠬᠤ ᠵᠢ ᠵᠥᠪᠰᠢᠶᠡᠷᠡᠨ᠎ᠡ᠃ ᠪᠦᠬᠦ ᠶᠠᠪᠤᠴᠠ ᠵᠢᠨ ᠡᠯᠧᠺᠳ᠋ᠷᠣᠨᠴᠢᠯᠠᠭᠰᠠᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠪᠠ ᠠᠯᠤᠰ᠎ᠠᠴᠠ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠵᠢ ᠳᠡᠯᠭᠡᠷᠡᠭᠦᠯᠦᠨ ᠬᠡᠷᠡᠭᠵᠢᠭᠦᠯᠵᠦ᠂ ᠵᠢᠷᠤᠭ ᠲᠥᠯᠥᠪᠯᠡᠭᠡ ᠵᠢᠨ ᠦᠯᠢᠭᠡᠷ ᠶᠠᠩᠵᠤ᠂ ᠬᠢᠨᠠᠨ ᠵᠠᠬᠢᠷᠬᠤ ᠪᠠ ᠪᠠᠷᠢᠯᠭ᠎ᠠ ᠵᠢᠨ ᠠᠵᠢᠯ᠎ᠤᠨ ᠮᠠᠲ᠋ᠧᠷᠢᠶᠠᠯ᠎ᠤᠨ ᠦᠯᠢᠭᠡᠷ ᠶᠠᠩᠵᠤ᠂ ᠮᠠᠲ᠋ᠧᠷᠢᠶᠠᠯ᠎ᠤᠨ ᠦᠯᠢᠭᠡᠷ ᠶᠠᠩᠵᠤ ᠵᠡᠷᠭᠡ ᠵᠢ ᠳᠠᠭ᠋ᠠᠭ᠋ᠠᠴᠢᠯᠠᠯᠲᠠ ᠦᠨᠡᠯᠡᠬᠦ ᠬᠦᠴᠦᠨ ᠵᠦᠢ᠍ᠯ ᠪᠠ ᠭᠡᠷ᠎ᠡ ᠭᠦᠢ᠍ᠴᠡᠳᠬᠡᠬᠦ ᠪᠠᠷᠢᠮᠵᠢᠶ᠎ᠠ ᠪᠣᠯᠭ᠋ᠠᠬᠤ ᠵᠢ ᠠᠬᠢᠭᠤᠯᠵᠤ᠂ ᠪᠦᠲᠦᠭᠡᠨ ᠪᠠᠶ᠋ᠢᠭᠤᠯᠤᠯᠲᠠ ᠵᠢᠨ ᠣᠨ᠎ᠤ 2 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠠᠷᠢᠯᠭ᠎ᠠ ᠵᠢᠨ ᠠᠵᠢᠯ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠵᠢ ᠪᠡᠶᠡᠯᠡᠭᠦᠯᠦᠨ᠎ᠡ᠃ ᠪᠠᠷᠢᠯᠭ᠎ᠠ ᠵᠢᠨ ᠭᠡᠷ᠎ᠡ ᠵᠢ ᠵᠠᠷᠯᠠᠨ ᠨᠡᠶ᠋ᠢᠲᠡᠯᠡᠵᠦ᠂ 《ᠦᠨᠡᠨ ᠬᠤᠳᠠᠯ ᠭᠡᠷ᠎ᠡ》᠂ 《ᠳᠣᠣᠷ᠎ᠠ ᠦᠨ᠎ᠡ᠎ᠪᠠᠷ ᠳᠠᠭ᠋ᠠᠭ᠋ᠠᠴᠢᠯᠠᠯᠲᠠ ᠣᠨᠣᠵᠤ ᠥᠨᠳᠥᠷ ᠦᠨ᠎ᠡ᠎ᠪᠠᠷ ᠳ᠋ᠦᠩᠨᠡᠨ ᠪᠣᠳᠣᠬᠤ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠥᠩᠭᠡᠨ ᠳᠡᠭᠡᠷ᠎ᠡ᠎ᠪᠠᠨ ᠳᠠᠭ᠋ᠠᠭ᠋ᠠᠴᠢᠯᠠᠯᠲᠠ ᠵᠠᠷᠯᠠᠵᠤ ᠳᠠᠯᠳᠠᠭᠤᠷ ᠲᠣᠭᠲᠠᠭ᠋ᠠᠬᠤ᠂ ᠳᠠᠭ᠋ᠠᠭ᠋ᠠᠴᠢᠯᠠᠯᠲᠠ ᠬᠦᠯᠢᠶᠡᠬᠦ᠎ᠳᠤ ᠬᠤᠤᠪᠢᠯᠳᠤᠵᠤ ᠬᠤᠮᠣᠷᠭ᠋ᠠᠯᠠᠬᠤ᠂ ᠰᠢᠯᠵᠢᠭᠦᠯᠦᠨ ᠳᠠᠭ᠋ᠠᠭ᠋ᠠᠴᠢᠯᠠᠭᠤᠯᠵᠤ ᠲᠦᠰᠢᠭᠯᠡᠬᠦ ᠵᠡᠷᠭᠡ ᠬᠡᠯᠪᠡᠷᠢ᠎ᠪᠠᠷ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠᠶ᠋ᠢᠪᠠᠯ᠂ ᠪᠣᠳᠠᠲᠤ ᠪᠠᠶ᠋ᠢᠳᠠᠯ᠎ᠢ ᠪᠠᠶ᠋ᠢᠴᠠᠭ᠋ᠠᠨ ᠲᠣᠳᠣᠯᠠᠮᠠᠭᠴᠠ ᠳᠠᠭ᠋ᠠᠭ᠋ᠠᠴᠢᠯᠠᠯᠲᠠ ᠬᠦᠯᠢᠶᠡᠭᠴᠢ ᠵᠢᠨ ᠳᠠᠭ᠋ᠠᠭ᠋ᠠᠴᠢᠯᠠᠯᠲᠠ ᠬᠦᠯᠢᠶᠡᠬᠦ (ᠳᠠᠭ᠋ᠠᠭ᠋ᠠᠴᠢᠯᠠᠯᠲᠠ ᠣᠨᠣᠬᠤ) ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ᠂ 3 ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠤᠯᠴᠠᠬᠤ ᠵᠢ ᠴᠠᠭ᠋ᠠᠵᠠᠯᠠᠬᠤ ᠵᠢᠨ ᠬᠠᠮᠲᠤ᠂ ᠬᠠᠮᠢᠶ᠎ᠠ ᠪᠦᠬᠦᠢ ᠰᠦᠪᠡᠭᠴᠢ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)
    ᠳᠥᠷᠪᠡ᠂ ᠪᠡᠯᠡ ᠮᠥᠩᠭᠦᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ
    ᠲᠥᠷᠥᠯ ᠵᠦᠢ᠍ᠯ᠎ᠤᠨ ᠪᠡᠯᠡ ᠣᠷᠣᠭᠤᠯᠤᠯᠲᠠ᠎ᠳᠤ 《ᠨᠢᠭᠡ ᠭᠠᠵᠠᠷ᠎ᠢ ᠨᠢᠭᠡ ᠵᠥᠪᠯᠡᠬᠦ ᠵᠢ ᠬᠡᠷᠡᠭᠵᠢᠭᠦᠯᠵᠦ》᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠵᠢᠷᠤᠭᠯᠠᠨ ᠲᠥᠯᠥᠪᠯᠡᠬᠦ᠎ᠳᠤ᠎ᠪᠠᠨ 《ᠶᠠᠭᠤ ᠳᠤᠲᠠᠭᠳᠠᠵᠤ ᠪᠠᠶ᠋ᠢᠪᠠᠯ ᠲᠡᠭᠦᠨ᠎ᠢ᠎ᠨᠢ ᠨᠥᠬᠦᠪᠦᠷᠢᠯᠡᠵᠦ》᠂ ᠤᠷᠢᠳ ᠵᠶ᠋ᠠᠷ ᠲᠠᠷᠢᠶᠠᠨ ᠭᠠᠵᠠᠷ᠎ᠤᠨ ᠰᠠᠭᠤᠷᠢ ᠪᠡᠯᠡᠳᠬᠡᠮᠵᠢ ᠵᠢᠨ ᠢᠨᠵᠧᠨᠧᠷᠢᠩ ᠳᠠᠷᠠᠭ᠎ᠠ᠎ᠨᠢ ᠲᠠᠷᠢᠶᠠᠨ ᠭᠠᠵᠠᠷ᠎ᠤᠨ ᠭᠠᠵᠠᠷ᠎ᠤᠨ ᠬᠦᠴᠦ ᠵᠢ ᠨᠡᠮᠡᠭᠳᠡᠭᠦᠯᠬᠦ ᠢᠨᠵᠧᠨᠧᠷᠢᠩ᠎ᠤᠨ ᠳᠡᠰ ᠳᠠᠷᠠᠭ᠋ᠠᠯᠠᠯ᠎ᠤᠨ ᠲᠣᠬᠢᠷᠠᠭᠤᠯᠤᠯᠲᠠ ᠶᠣᠰᠣᠭ᠋ᠠᠷ᠂ ᠲᠠᠷᠢᠶᠠᠨ ᠭᠠᠵᠠᠷ᠂ ᠤᠰᠤ᠂ ᠴᠠᠬᠢᠯᠭ᠋ᠠᠨ᠂ ᠵᠠᠮ᠂ ᠣᠢ ᠰᠢᠭᠤᠢ ᠵᠢ ᠶᠡᠷᠦᠩᠬᠡᠶ᠋ᠢᠯᠡᠨ ᠳᠦᠬᠦᠷᠵᠢᠭᠦᠯᠬᠦ ᠵᠢ ᠪᠡᠶᠡᠯᠡᠭᠦᠯᠵᠦ᠂ 《ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠠᠴᠠ ᠬᠡᠲᠦᠷᠡᠭᠦᠯᠦᠭᠰᠡᠨ ᠵᠢᠷᠤᠭ ᠲᠥᠯᠥᠪᠯᠡᠭᠡ》 ᠵᠢ ᠲᠠᠰᠤ ᠵᠣᠭᠰᠣᠭ᠋ᠠᠵᠤ᠂ ᠳᠠᠩ ᠭᠠᠭᠴᠠ ᠲᠥᠷᠥᠯ ᠵᠦᠢ᠍ᠯ᠎ᠤᠨ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠮᠦ᠍ ᠪᠦᠷᠢ ᠵᠢᠨ ᠳᠤᠮᠳᠠᠴᠢ ᠡᠳ᠋᠎ᠤᠨ ᠵᠠᠰᠠᠭ᠎ᠤᠨ ᠨᠥᠬᠦᠪᠦᠷᠢ ᠵᠢᠨ ᠪᠠᠷᠢᠮᠵᠢᠶ᠎ᠠ᠎ᠠᠴᠠ ᠥᠨᠳᠥᠷ ᠪᠤᠶᠤ ᠳᠣᠣᠷ᠎ᠠ ᠪᠠᠶ᠋ᠢᠯᠭ᠋ᠠᠵᠤ ᠪᠣᠯᠣᠨ᠎ᠠ᠃ ᠬᠤᠰᠢᠭᠤ ᠰᠢᠶᠠᠨ (ᠬᠤᠲᠠ᠂ ᠲᠣᠭᠤᠷᠢᠭ)᠎ᠨᠢ ᠴᠢᠩᠭ᠎ᠠ ᠬᠢᠨᠠᠭᠤᠷ ᠪᠠᠶ᠋ᠢᠬᠤ ᠵᠠᠷᠴᠢᠮ᠎ᠤᠨ ᠶᠣᠰᠣᠭ᠋ᠠᠷ ᠲᠤᠰᠠᠭ᠋ᠠᠷ ᠵᠠᠷᠤᠳᠠᠯ᠎ᠢ ᠦᠨᠡᠨ ᠪᠣᠳᠠᠲᠠᠢ᠎ᠪᠠᠷ ᠵᠠᠷᠤᠯᠭ᠎ᠠ᠎ᠪᠠᠷ ᠵᠢᠭᠰᠠᠭ᠋ᠠᠨ ᠭᠠᠷᠭ᠋ᠠᠵᠤ᠂ ᠨᠡᠶ᠋ᠢᠲᠡ ᠲᠤᠭ᠎ᠠ ᠵᠢ ᠲᠤᠰ ᠲᠥᠷᠥᠯ ᠵᠦᠢ᠍ᠯ᠎ᠤᠨ ᠥᠪᠡᠷᠲᠡᠭᠡᠨ ᠵᠠᠰᠠᠬᠤ ᠣᠷᠣᠨ᠎ᠤ ᠵᠢᠴᠢ ᠲᠡᠭᠦᠨ᠎ᠠᠴᠠ ᠳᠡᠭᠡᠭᠰᠢᠬᠢ ᠡᠳ᠋᠎ᠤᠨ ᠵᠠᠰᠠᠭ᠎ᠤᠨ ᠨᠥᠬᠦᠪᠦᠷᠢ ᠵᠢᠨ ᠪᠡᠯᠡ ᠮᠥᠩᠭᠦ ᠵᠢᠨ ᠶᠡᠷᠦᠩᠬᠡᠢ ᠲᠣᠭ᠋ᠠᠨ᠎ᠤ 5%᠎ᠠᠴᠠ ᠬᠡᠲᠦᠷᠡᠭᠦᠯᠵᠦ ᠪᠣᠯᠬᠤ ᠦᠭᠡᠢ᠃ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢ ᠬᠢᠨᠠᠨ ᠬᠠᠷᠭᠤᠭᠤᠯᠵᠤ ᠬᠠᠰᠤᠭᠰᠠᠨ ᠪᠠ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠦ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠦ᠎ᠳᠤ ᠲᠤᠰᠬᠠᠢ ᠳᠠᠩᠰᠠᠨ ᠡᠷᠦᠬᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠪᠥᠬᠦ ᠶᠠᠪᠤᠴᠠ᠎ᠳᠤ ᠮᠥᠷᠳᠡᠵᠦ ᠬᠢᠨᠠᠨ ᠪᠤᠳᠤᠬᠤ ᠠᠵᠢᠯ᠎ᠢ ᠥᠷᠨᠢᠭᠦᠯᠵᠦ᠂ ᠪᠠᠷᠢᠯᠭ᠎ᠠ ᠵᠢᠨ ᠠᠬᠢᠴᠠ ᠵᠢ ᠴᠢᠩᠭ᠎ᠠ ᠵᠢᠷᠤᠮᠯᠠᠨ ᠲᠣᠭ᠋ᠠᠴᠠᠭ᠎ᠠ ᠬᠢᠵᠦ᠂ ᠪᠠᠷᠢᠯᠭ᠎ᠠ ᠵᠢᠨ ᠠᠬᠢᠴᠠ ᠵᠢᠨ ᠵᠣᠭᠤᠰ ᠥᠭᠬᠦ ᠬᠠᠷᠢᠴᠠᠯ᠎ᠢ ᠨᠢᠭᠡᠨᠲᠡ ᠱᠠᠲᠤᠯᠠᠨ ᠰᠢᠯᠭ᠋ᠠᠨ ᠬᠤᠷᠢᠶᠠᠵᠤ ᠠᠪᠬᠤ ᠵᠢ ᠪᠡᠶᠡᠯᠡᠭᠦᠯᠦᠭᠰᠡᠨ ᠪᠠ ᠦᠵᠦᠭᠯᠡᠭᠰᠡᠨ ᠭᠡᠷᠡᠴᠢᠯᠡᠯᠲᠡ ᠲᠣᠭᠲᠠᠭᠰᠠᠨ ᠪᠠᠷᠢᠯᠭ᠎ᠠ ᠵᠢᠨ ᠦᠨ᠎ᠡ ᠮᠥᠩᠭᠦᠨ᠎ᠤ 80%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠂ ᠪᠤᠰᠤᠳ ᠥᠭᠬᠦ ᠶᠣᠰᠣᠲᠠᠢ ᠪᠠᠷᠢᠯᠭ᠎ᠠ ᠵᠢᠨ ᠵᠣᠭᠤᠰ᠎ᠢ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ 30 ᠡᠳᠦᠷ᠎ᠤᠨ ᠳᠣᠲᠣᠷ᠎ᠠ ᠥᠭᠬᠦ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
    ᠲᠠᠪᠤ᠂ ᠨᠡᠮᠡᠭᠳᠡᠭᠦᠯᠦᠭᠰᠡᠨ ᠭᠠᠵᠠᠷ᠎ᠤᠨ ᠳᠠᠯᠳᠠ ᠬᠦᠴᠦᠨ᠎ᠢ ᠠᠭᠤᠳᠠᠯᠬᠤ ᠬᠡᠷᠡᠭᠲᠡᠢ
    ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠠᠴᠠ ᠡᠮᠦᠨ᠎ᠡ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠭᠠᠵᠠᠷ᠎ᠤᠨ ᠲᠥᠷᠥᠯ᠎ᠤᠨ ᠰᠢᠨᠵᠢ ᠴᠢᠨᠠᠷ᠎ᠢ ᠨᠤᠲᠠᠯᠠᠵᠤ᠂ ᠣᠳᠣᠬᠢ ᠪᠠᠶ᠋ᠢᠳᠠᠯ᠎ᠳᠠᠬᠢ ᠲᠠᠷᠢᠮᠠᠯ᠎ᠤᠨ ᠪᠠᠶ᠋ᠢᠳᠠᠯ᠎ᠤᠨ ᠡᠬᠡ ᠲᠠᠩᠰᠠ ᠵᠢ ᠪᠠᠶ᠋ᠢᠭᠤᠯᠤᠨ᠂ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠣᠷᠣᠨ ᠪᠠᠶ᠋ᠢᠷᠢ᠂ ᠲᠤᠭ᠎ᠠ ᠬᠡᠮᠵᠢᠶ᠎ᠡ ᠵᠢ ᠲᠣᠭᠲᠠᠭ᠋ᠠᠬᠤ ᠬᠡᠷᠡᠭᠲᠡᠢ᠃ 《ᠨᠢᠭᠡ ᠡᠷᠦᠬᠡ᠎ᠳᠤ ᠨᠢᠭᠡ ᠬᠡᠰᠡᠭ ᠲᠠᠷᠢᠶᠠᠨ ᠭᠠᠵᠠᠷ》᠎ᠤᠨ ᠪᠠᠷᠢᠮᠵᠢᠶ᠎ᠠ ᠶᠣᠰᠣᠭ᠋ᠠᠷ 《ᠭᠤᠷᠪᠠ ᠵᠢ ᠬᠤᠪᠢᠷᠠᠭ᠋ᠠᠬᠤ᠂ ᠲᠠᠪᠤ ᠵᠢ ᠨᠢᠭᠡᠳᠦᠯᠲᠡᠢ ᠬᠢᠬᠦ᠂ ᠨᠢᠭᠡ ᠵᠢ ᠳᠠᠬᠢᠨᠲᠠ ᠬᠤᠪᠢᠶᠠᠷᠢᠯᠠᠬᠤ》 (ᠲᠠᠷᠢᠶᠠᠴᠢᠨ ᠡᠷᠦᠬᠡ ᠵᠢᠨ ᠳᠠᠭ᠋ᠠᠭ᠋ᠠᠴᠢᠯᠠᠯᠲᠠ ᠵᠢᠨ ᠵᠠᠭ᠋ᠠᠭ ᠬᠢᠵᠠᠭ᠋ᠠᠷ᠎ᠢ ᠬᠤᠪᠢᠷᠠᠭ᠋ᠠᠬᠤ᠂ ᠡᠮᠬᠢ ᠳᠢᠭᠯᠢᠮ ᠦᠭᠡᠢ ᠭᠠᠵᠠᠷ ᠬᠡᠰᠡᠭ᠎ᠤᠨ ᠵᠠᠭ᠋ᠠᠭ ᠬᠢᠵᠠᠭ᠋ᠠᠷ᠎ᠢ ᠬᠤᠪᠢᠷᠠᠭ᠋ᠠᠬᠤ᠂ ᠡᠮᠬᠢ ᠵᠠᠮᠪᠠᠷᠠᠭ᠎ᠠ ᠦᠭᠡᠢ ᠭᠤᠤ ᠰᠤᠪᠠᠭ ᠵᠠᠮ᠎ᠤᠨ ᠪᠠᠶ᠋ᠢᠷᠢᠰᠢᠭᠤᠯᠤᠯᠲᠠ ᠵᠢ ᠬᠤᠪᠢᠷᠠᠭ᠋ᠠᠬᠤ; ᠰᠢᠨ᠎ᠡ ᠵᠢᠷᠤᠭ ᠲᠥᠯᠥᠪᠯᠡᠭᠡ ᠵᠢᠨ ᠶᠣᠰᠣᠭ᠋ᠠᠷ᠂ ᠨᠢᠭᠡᠳᠦᠯᠲᠡᠢ ᠭᠤᠤ ᠰᠤᠪᠠᠭ ᠮᠠᠯᠲᠠᠬᠤ᠂ ᠨᠢᠭᠡᠳᠦᠯᠲᠡᠢ ᠵᠠᠮ ᠵᠠᠰᠠᠬᠤ᠂ ᠨᠢᠭᠡᠳᠦᠯᠲᠡᠢ ᠮᠣᠳᠣ ᠲᠠᠷᠢᠵᠤ ᠣᠶ᠋ᠢᠵᠢᠭᠤᠯᠬᠤ᠂ ᠭᠠᠵᠠᠷ ᠰᠢᠷᠣᠢ ᠵᠢ ᠨᠢᠭᠡᠳᠦᠯᠲᠡᠢ ᠲᠡᠭᠰᠢᠯᠡᠬᠦ᠂ ᠭᠠᠵᠠᠷ ᠬᠡᠰᠡᠭ᠎ᠢ ᠨᠢᠭᠡᠳᠦᠯᠲᠡᠢ ᠬᠤᠪᠢᠶᠠᠷᠢᠯᠠᠬᠤ; ᠴᠡᠭᠴᠡᠯᠡᠨ ᠵᠠᠰᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠠᠷᠢᠶᠠᠴᠢᠨ ᠮᠠᠯᠴᠢᠳ᠎ᠤᠨ ᠤᠤᠯ᠎ᠤᠨ ᠪᠠᠶ᠋ᠢᠭᠰᠠᠨ ᠲᠠᠯᠠᠪᠠᠶ᠎ᠠᠴᠠ ᠬᠡᠲᠦᠷᠡᠭᠦᠯᠬᠦ ᠦᠭᠡᠢ᠎ᠪᠠᠷ ᠡᠵᠡᠩᠨᠡᠯᠲᠡ ᠵᠢᠨ ᠡᠷᠬᠡ ᠵᠢ ᠡᠷᠦᠬᠡ᠎ᠳᠤ ᠬᠦᠷᠲᠡᠯ᠎ᠡ ᠳᠠᠬᠢᠨᠲᠠ ᠬᠤᠪᠢᠶᠠᠷᠢᠯᠠᠬᠤ) ᠪᠦᠲᠦᠭᠡᠨ ᠪᠠᠶ᠋ᠢᠭᠤᠯᠤᠯᠲᠠ ᠵᠢᠨ ᠵᠠᠭᠪᠤᠷ᠎ᠢ ᠳᠡᠯᠭᠡᠷᠡᠭᠦᠯᠦᠨ ᠬᠡᠷᠡᠭᠵᠢᠭᠦᠯᠵᠦ᠂ 《ᠵᠢᠵᠢᠭ ᠲᠠᠷᠢᠶᠠᠨ ᠭᠠᠵᠠᠷ᠎ᠢ ᠲᠣᠮᠣ ᠲᠠᠷᠢᠶᠠᠨ ᠭᠠᠵᠠᠷ ᠪᠣᠯᠭ᠋ᠠᠨ ᠬᠤᠪᠢᠷᠠᠭᠤᠯᠬᠤ》 ᠵᠢ ᠪᠡᠶᠡᠯᠡᠭᠦᠯᠦᠨ᠎ᠡ᠃ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠢ ᠤᠯᠤᠰ᠎ᠤᠨ ᠥᠮᠴᠢᠯᠡᠯᠲᠦ᠎ᠠᠴᠠ ᠪᠤᠰᠤᠳ᠎ᠢ᠎ᠨᠢ ᠪᠦᠬᠦᠨ᠎ᠢ ᠭᠠᠴᠠᠭ᠎ᠠ ᠲᠣᠰᠬᠤᠨ᠎ᠤ ᠬᠠᠮᠲᠤ ᠵᠢᠨ ᠡᠵᠡᠩᠨᠡᠯᠲᠡ ᠬᠠᠮᠢᠶᠠᠷᠤᠯᠲᠠ᠎ᠳᠤ ᠣᠷᠣᠭᠤᠯᠤᠨ᠎ᠠ᠃ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠡᠷᠡᠭᠯᠡᠭᠰᠡᠨ ᠪᠤᠶᠤ ᠡᠵᠡᠯᠡᠨ ᠬᠡᠷᠡᠭᠯᠡᠭᠰᠡᠨ ᠪᠠᠶ᠋ᠢᠪᠠᠯ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠵᠢ ᠪᠡᠶᠡᠯᠡᠭᠦᠯᠬᠦ ᠬᠡᠷᠡᠭᠲᠡᠢ᠃ ᠲᠠᠷᠢᠶᠠᠯᠠᠬᠤ ᠭᠠᠵᠠᠷ᠎ᠤᠨ ᠡᠷᠬᠢᠨ ᠲᠣᠭᠤᠷᠢᠨ᠎ᠤ ᠬᠡᠰᠡᠭ ᠪᠤᠰᠠᠭ ᠡᠪᠡᠰᠦ ᠪᠡᠯᠴᠢᠭᠡᠷ᠎ᠢ ᠡᠵᠡᠯᠡᠨ ᠬᠡᠷᠡᠭᠯᠡᠬᠦ᠎ᠳᠤ ᠬᠤᠯᠪᠣᠭᠳᠠᠭᠰᠠᠨ ᠪᠠᠶ᠋ᠢᠪᠠᠯ᠂ 《ᠡᠵᠡᠯᠡᠬᠦ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ》 ᠪᠤᠶᠤ 《ᠣᠷᠣᠭᠤᠯᠵᠤ ᠭᠠᠷᠭ᠋ᠠᠬᠤ ᠵᠢ ᠲᠡᠩᠴᠡᠭᠦᠷᠢᠲᠡᠢ ᠪᠠᠶ᠋ᠢᠯᠭ᠋ᠠᠬᠤ》 ᠵᠢ ᠨᠠᠶ᠋ᠢᠳᠠᠪᠤᠷᠢᠵᠢᠭᠤᠯᠤᠭᠰᠠᠨ᠎ᠤ ᠳᠠᠷᠠᠭ᠎ᠠ ᠰᠢᠯᠵᠢᠭᠦᠯᠦᠨ ᠭᠠᠷᠭ᠋ᠠᠬᠤ ᠵᠢ᠎ᠨᠢ ᠵᠥᠪᠰᠢᠶᠡᠷᠡᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ)
    ᠵᠢᠷᠭᠤᠭ᠎ᠠ᠂ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ
    ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠨᠠᠰᠤᠨ ᠲᠤᠷᠰᠢ ᠵᠢᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠵᠦ᠂ 《ᠬᠤᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠲᠥᠷᠥᠯ ᠵᠦᠢ᠍ᠯ᠎ᠤᠨ ᠰᠤᠭᠤᠴᠢᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ᠂ ᠣᠯᠵᠤ ᠮᠡᠳᠡᠭᠰᠡᠨ ᠠᠰᠠᠭᠤᠳᠠᠯ᠎ᠢ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠲᠡᠮᠳᠡᠭᠯᠡᠨ ᠣᠷᠣᠭᠤᠯᠵᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠤᠨ᠎ᠠ᠃ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠠᠵᠤ ᠠᠬᠤᠶ᠋ᠢᠯᠠᠯ᠎ᠳᠤ ᠢᠲᠡᠭᠡᠮᠵᠢ ᠵᠢᠨ ᠦᠨᠡᠯᠡᠯᠲᠡ ᠬᠢᠬᠦ ᠠᠵᠢᠯ᠎ᠢ ᠥᠷᠨᠢᠭᠦᠯᠵᠦ᠂ ᠬᠠᠷ᠎ᠠ ᠴᠠᠭ᠋ᠠᠨ ᠳᠠᠩᠰᠠ ᠵᠢ ᠪᠠᠶ᠋ᠢᠭᠤᠯᠵᠤ᠂ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ᠎ᠪᠠᠨ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠬᠤᠶᠠᠷ ᠱᠠᠲᠤᠨ᠎ᠤ ᠲᠠᠷᠢᠶᠠᠯᠠᠩ᠎ᠤᠨ ᠪᠡᠯᠡ ᠣᠷᠤᠭᠤᠯᠤᠯᠲᠠ᠂ ᠨᠡᠭᠡᠭᠡᠯᠲᠡ ᠬᠥᠭᠵᠢᠭᠦᠯᠦᠯᠲᠡ᠂ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠰᠦᠪᠡᠭᠴᠢᠯᠡᠨ ᠵᠣᠬᠢᠶᠠᠨ ᠪᠠᠶ᠋ᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠮᠡᠷᠭᠡᠵᠢᠯ᠎ᠤᠨ ᠲᠤᠯᠭ᠋ᠠᠭᠤᠷᠢᠯᠠᠯ᠎ᠤᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠬᠥᠮᠥᠰ᠎ᠤᠨ ᠲᠥᠪᠯᠡᠷᠡᠭᠦᠯᠦᠨ ᠠᠵᠢᠯᠯᠠᠬᠤ ᠵᠢ ᠵᠣᠷᠢᠭᠵᠢᠭᠤᠯᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠬᠢᠨᠠᠯᠲᠠ ᠲᠠᠯᠪᠢᠬᠤ ᠬᠠᠯᠠᠮᠰᠢᠯ ᠤᠲᠠᠰᠤ 12316 ᠵᠢ ᠨᠡᠪᠲᠡᠷᠡᠭᠦᠯᠬᠦ ᠵᠢᠨ ᠬᠠᠮᠲᠤ 《ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠭᠠᠷ᠎ᠤᠨ ᠠᠶ᠎ᠠ᠎ᠪᠠᠷ ᠰᠡᠭᠦᠳᠡᠷᠯᠡᠬᠦ》 ᠵᠢᠵᠢᠭ ᠫᠷᠣᠭ᠌ᠷᠠᠮ᠎ᠢ ᠢᠳᠡᠪᠬᠢᠲᠡᠢ ᠳᠡᠯᠭᠡᠷᠡᠭᠦᠯᠵᠦ᠂ ᠬᠤᠰᠢᠭᠤ ᠰᠢᠶᠠᠨ (ᠬᠤᠲᠠ᠂ ᠲᠣᠭᠤᠷᠢᠭ)᠎ᠳᠤ ᠲᠠᠷᠢᠶᠠᠴᠢᠨ ᠮᠠᠯᠴᠢᠨ᠎ᠤ ᠬᠢᠨᠠᠯᠲᠠ ᠲᠠᠯᠪᠢᠭᠴᠢ ᠵᠢᠨ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠲᠣᠬᠢᠷᠠᠭᠤᠯᠤᠨ᠂ ᠢᠯᠡ᠎ᠪᠠᠷ ᠨᠡᠶ᠋ᠢᠲᠡᠯᠡᠬᠦ ᠠᠵᠢᠯ᠎ᠢ ᠵᠢᠷᠤᠮᠵᠢᠭᠤᠯᠤᠨ ᠥᠷᠨᠢᠭᠦᠯᠵᠦ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠷᠠᠭᠤᠯᠤᠨ᠎ᠠ᠃ ᠠᠰᠠᠭᠤᠳᠠᠯ᠎ᠢ ᠴᠠᠭ ᠲᠤᠬᠠᠢ᠎ᠳᠤ᠎ᠨᠢ ᠢᠯᠡᠷᠡᠭᠦᠯᠬᠦ᠂ ᠲᠦᠷᠭᠡᠨ ᠴᠤᠤᠷᠢᠶᠠᠲᠤᠨ ᠳᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠨᠠᠮ᠎ᠤᠨ ᠬᠤᠷᠢᠶᠠᠨ᠎ᠤ ᠪᠠᠶ᠋ᠢᠭᠤᠯᠤᠮᠵᠢ ᠣᠷᠣᠨ ᠲᠤᠭ᠎ᠠ ᠵᠢᠨ ᠠᠯᠪᠠᠨ ᠭᠡᠷ)
    ᠳᠣᠯᠤᠭ᠎ᠠ᠂ ᠰᠢᠯᠭ᠋ᠠᠵᠤ ᠬᠤᠷᠢᠶᠠᠨ ᠠᠪᠴᠤ ᠬᠥᠮᠥᠷᠭᠡ᠎ᠳᠤ ᠣᠷᠣᠭᠤᠯᠬᠤ ᠵᠢ ᠵᠢᠷᠤᠮᠵᠢᠭᠤᠯᠬᠤ ᠬᠡᠷᠡᠭᠲᠡᠢ
    ᠠᠶ᠋ᠢᠮᠠᠭ ᠬᠤᠳᠡ ᠵᠢᠨ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ ᠬᠠᠷᠢᠴᠠᠯ᠎ᠢ ᠳᠥᠷᠦᠯ ᠵᠦᠢ᠍ᠯ᠎ᠤᠨ ᠲᠣᠭᠤᠷᠢᠭ ᠵᠶ᠋ᠠᠷ 100%᠎ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠭᠤᠴᠢᠨ ᠪᠠᠶ᠋ᠢᠴᠠᠭ᠋ᠠᠬᠤ ᠬᠠᠷᠢᠴᠠᠯ᠎ᠢ ᠳᠡᠯᠡᠪᠡᠢ ᠵᠢᠨ ᠬᠢᠨᠢ 20%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠨᠢ ᠪᠠᠷᠢᠮᠵᠢᠶ᠎ᠠ᠎ᠳᠤ ᠬᠦᠷᠬᠦ ᠦᠭᠡᠢ ᠵᠢ᠎ᠨᠢ ᠬᠤᠰᠢᠭᠤ ᠰᠢᠶᠠᠨ (ᠬᠤᠲᠠ᠂ ᠲᠣᠭᠤᠷᠢᠭ) ᠥᠪᠡᠷ ᠵᠶ᠋ᠠᠨ ᠪᠡᠯᠡ ᠭᠠᠷᠭ᠋ᠠᠵᠤ ᠲᠤᠰ ᠪᠦᠲᠦᠭᠡᠨ ᠪᠠᠶ᠋ᠢᠭᠤᠯᠤᠯᠲᠠ ᠵᠢᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠬᠤ ᠪᠤᠶᠤ ᠨᠥᠬᠦᠵᠦ ᠪᠠᠶ᠋ᠢᠭᠤᠯᠤᠨ᠂ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠳᠡᠶ᠋ᠢᠯᠬᠦ ᠦᠭᠡᠢ ᠪᠣᠯ ᠡᠳ᠋᠎ᠤᠨ ᠵᠠᠰᠠᠭ᠎ᠤᠨ ᠨᠥᠬᠦᠪᠦᠷᠢ ᠵᠢᠨ ᠪᠡᠯᠡ ᠮᠥᠩᠭᠦ ᠵᠢ ᠬᠤᠷᠢᠶᠠᠨ ᠠᠪᠬᠤ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠲᠥᠷᠥᠯ ᠵᠦᠢ᠍ᠯ ᠲᠣᠭᠲᠠᠭ᠋ᠠᠬᠤ᠂ ᠠᠵᠢᠯ ᠳᠠᠭᠤᠰᠬᠠᠬᠤ᠂ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ 3 ᠱᠠᠲᠤᠨ᠎ᠳᠤ ᠪᠦᠬᠦ ᠤᠯᠤᠰ᠎ᠤᠨ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠶ᠋ᠢᠯᠡᠭᠰᠡᠨ ᠬᠢᠨᠠᠨ ᠰᠢᠨᠵᠢᠵᠦ ᠬᠢᠨᠠᠨ ᠬᠠᠮᠢᠶᠠᠷᠬᠤ ᠲᠠᠪᠴᠠᠩ ᠵᠶ᠋ᠠᠷ ᠳᠠᠮᠵᠢᠭᠤᠯᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠲᠡᠮᠳᠡᠭᠯᠡᠨ ᠣᠷᠣᠭᠤᠯᠬᠤ ᠵᠢᠨ ᠬᠠᠮᠲᠤ ᠵᠢᠷᠤᠭ ᠵᠶ᠋ᠠᠷ ᠬᠥᠮᠥᠷᠭᠡ᠎ᠳᠤ ᠣᠷᠣᠭᠤᠯᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
    ᠨᠠᠢ᠍ᠮᠠ᠂ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ᠎ᠪᠠᠨ ᠴᠢᠩᠭ᠋ᠠᠷᠠᠭᠤᠯᠬᠤ ᠬᠡᠷᠡᠭᠲᠡᠢ
    ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠠᠵᠢᠯ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ 《ᠬᠡᠨ ᠠᠰᠢᠭ ᠭᠥᠷᠳᠡᠪᠡᠯ ᠲᠡᠷᠡ ᠬᠠᠮᠢᠶᠠᠷᠤᠨ ᠬᠠᠮᠠᠭ᠋ᠠᠯᠠᠵᠤ᠂ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭ᠋ᠠᠯᠠᠬᠤ》 ᠵᠠᠷᠴᠢᠮ ᠶᠣᠰᠣᠭ᠋ᠠᠷ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠭᠤᠣᠯ ᠴᠣᠭᠴᠠ ᠵᠢ ᠲᠣᠳᠣᠷᠬᠠᠶ᠋ᠢᠯᠠᠵᠤ᠂ ᠣᠯᠠᠨ ᠡᠰᠢᠵᠢᠭᠰᠡᠨ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠠᠬᠢ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠡᠵᠡᠩᠨᠡᠯᠲᠡ ᠵᠢᠨ ᠠᠰᠢᠭ ᠣᠷᠣᠯᠭ᠎ᠠ ᠵᠢ ᠭᠤᠣᠯᠳᠠᠭᠤ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ᠎ᠳᠤ ᠬᠡᠷᠡᠭᠯᠡᠨ᠎ᠡ; ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠭᠦᠢ᠍ᠴᠡᠳᠬᠡᠯ ᠲᠤᠭ᠎ᠠ ᠵᠢ ᠡᠵᠡᠯᠡᠬᠦ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ᠎ᠳᠤ ᠬᠡᠷᠡᠭᠯᠡᠭᠡᠳ ᠣᠯᠣᠭᠰᠠᠨ ᠠᠰᠢᠭ ᠣᠷᠣᠯᠭ᠎ᠠ ᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠳᠠᠬᠢᠨᠲᠠ ᠣᠷᠤᠭᠤᠯᠤᠯᠲᠠ ᠬᠢᠬᠦ᠂ ᠵᠢᠭᠡᠯᠡᠯᠭᠡ ᠵᠢᠨ ᠲᠡᠮᠳᠡᠭᠲᠦ ᠵᠢᠴᠢ ᠪᠡᠯᠡ ᠲᠣᠬᠢᠷᠠᠭᠤᠯᠭ᠎ᠠ ᠲᠥᠯᠥᠬᠦ ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠬᠢᠬᠦ᠎ᠳᠤ ᠤᠷᠢᠳ ᠵᠶ᠋ᠠᠷ ᠬᠡᠷᠡᠭᠯᠡᠨ᠎ᠡ; ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠡᠵᠡᠩᠨᠡᠵᠦ ᠠᠵᠢᠯᠯᠠᠭᠤᠯᠬᠤ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠪᠡᠯᠡ ᠭᠠᠷᠭ᠋ᠠᠬᠤ ᠪᠤᠶᠤ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ᠎ᠪᠠᠨ ᠥᠪᠡᠰᠦᠪᠡᠨ ᠡᠭᠦᠷᠭᠡᠯᠡᠬᠦ ᠵᠢ ᠵᠣᠷᠢᠭᠵᠢᠭᠤᠯᠤᠨ᠎ᠠ᠃ 《ᠬᠤᠳᠳᠤᠭ᠎ᠤᠨ ᠳᠠᠷᠤᠭ᠎ᠠ》᠂ 《ᠲᠠᠷᠢᠶᠠᠨ ᠭᠠᠵᠠᠷ᠎ᠤᠨ ᠳᠠᠷᠤᠭ᠎ᠠ》 ᠵᠢᠨ ᠳᠦᠷᠢᠮ ᠵᠡᠷᠭᠡ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠳᠡᠯᠭᠡᠷᠡᠭᠦᠯᠵᠦ᠂ ᠲᠠᠷᠢᠶᠠᠯᠠᠩ᠎ᠤᠨ ᠤᠰᠤᠯᠠᠯᠲᠠ ᠵᠢᠨ ᠬᠤᠳᠳᠤᠭ᠎ᠤᠨ ᠤᠰᠤᠨ᠎ᠤ ᠦᠨ᠎ᠡ᠎ᠳᠤ ᠵᠢᠯᠣᠭᠤᠳᠤᠯᠭ᠎ᠠ ᠬᠢᠬᠦ᠎ᠪᠠᠨ ᠴᠢᠩᠭ᠋ᠠᠷᠠᠭᠤᠯᠤᠨ᠎ᠠ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ᠎ᠢ ᠬᠡᠷᠡᠭᠯᠡᠨ᠂ ᠭᠤᠷᠪᠠᠳᠠᠭᠢ ᠡᠲᠡᠭᠡᠳ᠎ᠤᠨ ᠪᠠᠶ᠋ᠢᠭᠤᠯᠤᠮᠵᠢ᠎ᠪᠠᠷ ᠲᠤᠰᠬᠠᠶ᠋ᠢᠵᠢᠭᠰᠠᠨ ᠬᠠᠮᠢᠶᠠᠷᠤᠯᠲᠠ ᠬᠠᠮᠠᠭ᠋ᠠᠯᠠᠯᠲᠠ ᠬᠢᠯᠭᠡᠬᠦ ᠵᠢ ᠰᠦᠪᠡᠭᠴᠢᠯᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠨᠢᠭᠤᠭᠳᠠᠮᠠᠯ ᠭᠡᠮ ᠰᠣᠭᠤᠭ᠎ᠤᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠦᠷᠭᠦᠯᠵᠢᠯᠡᠨ ᠥᠷᠨᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠤ᠎ᠬᠢᠨ ᠨᠢᠭᠡᠨᠲᠡ ᠪᠠᠶ᠋ᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ 10 ᠺᠢᠯᠣᠸᠠᠲ᠎ᠤᠨ ᠴᠠᠬᠢᠯᠭ᠋ᠠᠨ ᠬᠦᠴᠦᠨ᠎ᠤ ᠵᠠᠮ ᠱᠤᠭᠤᠮ ᠵᠶ᠋ᠠᠨ 《ᠰᠠᠶ᠋ᠢᠨ ᠳᠤᠷ᠎ᠠ᠎ᠠᠴᠠ᠎ᠪᠠᠨ ᠵᠥᠪᠳᠡᠯᠴᠡᠵᠦ᠂ ᠲᠥᠯᠥᠪᠦᠷᠢ ᠦᠭᠡᠢ᠎ᠪᠠᠷ ᠰᠢᠯᠵᠢᠭᠦᠯᠦᠨ ᠲᠤᠰᠢᠶᠠᠬᠤ》 ᠵᠠᠷᠴᠢᠮ ᠶᠣᠰᠣᠭ᠋ᠠᠷ᠂ ᠴᠠᠬᠢᠯᠭ᠋ᠠᠨ ᠬᠠᠩᠭ᠋ᠠᠬᠤ ᠠᠵᠤ ᠠᠬᠤᠶ᠋ᠢᠯᠠᠯ᠎ᠳᠤ ᠲᠥᠯᠥᠪᠦᠷᠢ ᠦᠭᠡᠢ᠎ᠪᠠᠷ ᠰᠢᠯᠵᠢᠭᠦᠯᠦᠨ ᠲᠤᠰᠢᠶᠠᠵᠤ ᠲᠤᠰᠬᠠᠶ᠋ᠢᠵᠢᠭᠰᠠᠨ ᠠᠵᠢᠯᠯᠠᠭ᠋ᠠᠨ᠎ᠤ ᠬᠠᠮᠠᠭ᠋ᠠᠯᠠᠯᠲᠠ ᠥᠷᠨᠢᠭᠦᠯᠵᠦ᠂ ᠰᠢᠯᠵᠢᠭᠦᠯᠦᠨ ᠲᠤᠰᠢᠶᠠᠬᠤ ᠴᠤᠪᠤᠷᠠᠯ ᠪᠠ ᠲᠥᠬᠦᠭᠡᠷᠦᠮᠵᠢ ᠵᠢᠨ ᠶᠠᠰᠤ ᠴᠢᠨᠠᠷ᠎ᠨᠢ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ ᠲᠠᠷᠢᠶᠠᠨ ᠭᠠᠵᠠᠷ᠎ᠤᠨ ᠴᠠᠬᠢᠯᠭ᠋ᠠᠨ ᠬᠠᠩᠭ᠋ᠠᠬᠤ ᠬᠦᠴᠦᠳᠡᠯ ᠥᠭᠡᠷᠡᠴᠢᠯᠡᠭᠴᠢ ᠵᠢᠴᠢ ᠳᠣᠣᠷ᠎ᠠ ᠬᠦᠴᠦᠳᠡᠯᠲᠦ ᠴᠠᠬᠢᠯᠭ᠋ᠠᠨ ᠬᠠᠩᠭ᠋ᠠᠬᠤ ᠱᠤᠭᠤᠮ᠎ᠢ ᠮᠥᠨ ᠬᠦ᠌ ᠤᠤᠯ᠎ᠤᠨ ᠵᠠᠭᠪᠤᠷ ᠵᠶ᠋ᠠᠷ ᠥᠮᠴᠢᠯᠡᠬᠦ ᠡᠷᠬᠡ ᠵᠢᠨ ᠬᠠᠷᠢᠶᠠᠯᠠᠯ ᠵᠢᠴᠢ ᠬᠠᠮᠢᠶᠠᠷᠴᠤ ᠬᠠᠮᠠᠭ᠋ᠠᠯᠠᠬᠤ ᠭᠤᠣᠯ ᠴᠣᠭᠴᠠ ᠵᠢ ᠲᠣᠭᠲᠠᠭ᠋ᠠᠨ᠎ᠠ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ᠎ᠤ (ᠪᠦᠯᠦᠭᠯᠡᠯ) ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
    ᠶᠢᠰᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠨ ᠭᠦᠨᠵᠡᠭᠡᠶ᠋ᠢᠷᠡᠭᠦᠯᠬᠦ ᠬᠡᠷᠡᠭᠲᠡᠢ
    ᠲᠠᠷᠢᠶᠠᠨ ᠭᠠᠵᠠᠷ᠎ᠤᠨ ᠴᠠᠬᠢᠯᠭ᠋ᠠᠨ ᠬᠠᠩᠭ᠋ᠠᠬᠤ ᠢᠨᠵᠧᠨᠧᠷᠢᠩ᠎ᠳᠤ 《ᠪᠠᠶ᠋ᠢᠭᠤᠯᠬᠤ ᠬᠠᠮᠢᠶᠠᠷᠬᠤ ᠠᠵᠢᠯᠯᠠᠭᠤᠯᠬᠤ》 ᠵᠢ ᠨᠢᠭᠡ ᠴᠣᠭᠴᠠᠵᠢᠭᠤᠯᠬᠤ ᠵᠢ ᠠᠬᠢᠭᠤᠯᠤᠨ᠂ ᠴᠠᠬᠢᠯᠭ᠋ᠠᠨ ᠬᠦᠴᠦᠨ᠎ᠤ ᠲᠣᠣᠷ᠎ᠤᠨ ᠴᠠᠬᠢᠯᠭ᠋ᠠᠨ ᠬᠠᠩᠭ᠋ᠠᠵᠤ ᠪᠠᠶ᠋ᠢᠭ᠎ᠠ ᠤᠰᠤᠯᠠᠯᠲᠠ ᠵᠢᠨ ᠭᠠᠵᠠᠷ ᠬᠡᠰᠡᠭ ᠪᠣᠯ ᠪᠣᠳᠠᠲᠠᠢ ᠵᠢ ᠦᠨᠳᠦᠰᠦᠯᠡᠨ ᠪᠡᠯᠡ ᠣᠷᠣᠭᠤᠯᠤᠭᠰᠠᠨ ᠲᠤᠭ᠎ᠠ ᠬᠡᠮᠵᠢᠶ᠎ᠡ ᠵᠢ ᠭᠠᠷᠭ᠋ᠠᠨ ᠠᠪᠴᠤ᠂ ᠬᠢᠷᠢ ᠭᠡᠮ᠎ᠲᠠᠢ ᠨᠢᠭᠡᠴᠢ᠎ᠳᠤ ᠨᠠᠶ᠋ᠢᠳᠠᠨ ᠵᠢᠷᠤᠭ ᠲᠥᠯᠥᠪᠯᠡᠭᠡ᠂ ᠡᠳ᠋ ᠮᠠᠲ᠋ᠧᠷᠢᠶᠠᠯ ᠬᠤᠳᠠᠯᠳᠤᠨ ᠠᠪᠬᠤ᠂ ᠪᠠᠷᠢᠯᠭ᠎ᠠ ᠪᠠᠷᠢᠬᠤ᠂ ᠬᠠᠮᠢᠶᠠᠷᠤᠨ ᠬᠠᠮᠠᠭ᠋ᠠᠯᠠᠵᠤ ᠠᠵᠢᠯᠯᠠᠭᠤᠯᠬᠤ ᠠᠵᠢᠯ᠎ᠢ ᠵᠣᠬᠢᠶᠠᠨ ᠪᠠᠶ᠋ᠢᠭᠤᠯᠵᠤ᠂ ᠤᠰᠤᠯᠠᠬᠤ ᠪᠠ ᠤᠰᠤ ᠵᠠᠯᠠᠬᠤ᠎ᠳᠤ ᠬᠡᠷᠡᠭᠯᠡᠬᠦ ᠴᠠᠬᠢᠯᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠳᠠᠭ᠋ᠠᠭ᠋ᠠᠴᠢᠯᠠᠯᠲᠠ ᠣᠨᠣᠭᠰᠠᠨ ᠵᠣᠭᠤᠰᠤᠨ ᠲᠣᠭ᠋ᠠᠨ᠎ᠤ 10%᠎ᠠᠴᠠ ᠳᠣᠣᠷ᠎ᠠ ᠦᠭᠡᠢ ᠬᠠᠷᠢᠴᠠᠯ ᠶᠣᠰᠣᠭ᠋ᠠᠷ ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠨᠠᠶ᠋ᠢᠳᠠᠪᠤᠷᠢᠵᠢᠭᠤᠯᠤᠨ᠎ᠠ᠃ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠠᠭᠪᠤᠷ᠎ᠢ ᠢᠳᠡᠪᠬᠢᠲᠡᠢ ᠳᠡᠯᠭᠡᠷᠡᠭᠦᠯᠵᠦ᠂ ᠲᠣᠭᠲᠠᠭᠰᠠᠨ ᠲᠠᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠵᠶ᠋ᠠᠷ ᠵᠥᠪᠰᠢᠶᠡᠷᠡᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠬᠡᠷᠡᠭᠵᠢᠭᠦᠯᠵᠦ ᠪᠣᠯᠬᠤ ᠦᠭᠡᠢ᠂ ᠭᠠᠴᠠᠭ᠎ᠠ ᠲᠣᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠤᠣᠯ ᠴᠣᠭᠴᠠ᠂ ᠲᠠᠷᠢᠶᠠᠯᠠᠬᠤ ᠮᠠᠯᠵᠢᠬᠤ ᠡᠷᠦᠬᠡ ᠵᠡᠷᠭᠡ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠬᠠᠮᠠᠭ᠋ᠠᠯᠠᠯᠲᠠ᠎ᠳᠤ ᠰᠢᠭᠤᠳ ᠣᠷᠣᠯᠴᠠᠭᠤᠯᠬᠤ ᠬᠡᠷᠡᠭᠲᠡᠢ᠃ ᠰᠠᠶ᠋ᠢᠨ ᠲᠠᠷᠢᠶᠠᠨ ᠭᠠᠵᠠᠷ᠎ᠢ ᠠᠮᠤ ᠪᠤᠳᠠᠭ᠋ᠠᠨ᠎ᠤ ᠲᠠᠷᠢᠮᠠᠯ᠎ᠳᠤ ᠬᠡᠷᠡᠭᠯᠡᠬᠦ ᠵᠢ ᠪᠠᠷᠢᠮᠲᠠᠯᠠᠵᠤ᠂ ᠤᠷᠢᠳ ᠵᠶ᠋ᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ᠎ᠨᠢ ᠲᠦᠷᠦᠯ ᠵᠦᠢ᠍ᠯ ᠲᠣᠭᠲᠠᠭ᠋ᠠᠬᠤ᠂ ᠤᠷᠢᠳ ᠵᠶ᠋ᠠᠷ ᠲᠡᠭᠰᠢᠯᠡᠵᠦ ᠳᠠᠷᠠᠭ᠎ᠠ᠎ᠨᠢ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠵᠤ᠂ ᠲᠠᠷᠢᠶᠠᠯᠠᠬᠤ ᠭᠠᠵᠠᠷ᠎ᠢ ᠬᠠᠮᠲᠤ᠎ᠳᠤ᠎ᠨᠢ ᠰᠢᠯᠵᠢᠭᠦᠯᠦᠨ ᠡᠷᠭᠢᠯᠳᠦᠭᠦᠯᠬᠦ ᠵᠢᠴᠢ ᠲᠠᠷᠢᠶᠠᠴᠢᠨ ᠮᠠᠯᠴᠢᠳ᠎ᠤᠨ ᠬᠤᠷᠰᠢᠵᠤ ᠬᠠᠮᠲᠤᠷᠠᠯᠴᠠᠬᠤ ᠡᠵᠡᠩᠨᠡᠯᠲᠡ ᠵᠢ ᠠᠬᠢᠭᠤᠯᠵᠤ᠂ ᠪᠦᠬᠦᠯᠢ ᠪᠠᠶ᠋ᠢᠭᠤᠯᠤᠮᠵᠢᠲᠤ ᠳᠦᠷᠢᠮ ᠵᠶ᠋ᠠᠷ ᠲᠠᠷᠢᠶᠠᠯᠠᠬᠤ ᠵᠢ ᠨᠠᠶ᠋ᠢᠳᠠᠨ ᠬᠠᠮᠢᠶᠠᠷᠤᠭᠤᠯᠬᠤ ᠵᠡᠷᠭᠡ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠳᠡᠯᠭᠡᠷᠡᠭᠦᠯᠵᠦ᠂ 《ᠰᠢᠯᠵᠢᠭᠦᠯᠦᠨ ᠡᠷᠭᠢᠯᠳᠦᠭᠦᠯᠬᠦ — ᠲᠠᠷᠢᠬᠤ — ᠡᠳ᠋ᠰᠢᠭᠦᠯᠬᠦ — ᠦᠢ᠍ᠯᠡᠴᠢᠯᠡᠬᠦ — ᠡᠵᠡᠩᠨᠡᠨ ᠪᠣᠷᠣᠯᠠᠭᠤᠯᠬᠤ》 ᠪᠦᠬᠦ ᠬᠡᠯᠬᠢᠶ᠎ᠡ ᠵᠢ ᠨᠠᠪᠲᠠᠷᠡᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠬᠡᠪᠴᠢᠶᠡᠵᠢᠯᠲᠡ᠂ ᠠᠵᠤ ᠦᠢ᠍ᠯᠡᠰᠵᠢᠯᠲᠡ᠂ ᠨᠡᠷᠡᠲᠦ ᠳᠡᠮᠳᠡᠭᠵᠢᠯᠲᠡ ᠵᠢ ᠠᠬᠢᠭᠤᠯᠤᠨ᠎ᠠ᠃ ᠭᠤᠷᠪᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠳᠠᠷᠠᠭ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠡᠪᠴᠢᠶᠡᠵᠢᠭᠦᠯᠦᠨ ᠡᠵᠡᠩᠨᠡᠬᠦ ᠠᠷᠭ᠎ᠠ ᠮᠠᠶᠢᠭ ᠠᠪᠬᠤ ᠪᠠ ᠭᠤᠣᠯ ᠴᠣᠭᠴᠠ ᠵᠢᠨ ᠬᠠᠷᠢᠴᠠᠩᠭᠤᠢ ᠲᠣᠭᠲᠠᠭᠤᠨ ᠪᠠᠶ᠋ᠢᠬᠤ ᠵᠢ ᠪᠠᠲᠤᠯᠠᠬᠤ᠎ᠪᠠᠨ ᠰᠠᠨᠠᠭ᠋ᠠᠴᠢᠯᠠᠨ᠎ᠠ᠃ ᠭᠠᠴᠠᠭ᠎ᠠ ᠲᠣᠰᠬᠤᠨ ᠵᠶ᠋ᠠᠷ ᠰᠠᠭᠤᠷᠢ ᠪᠣᠯᠭ᠋ᠠᠭᠰᠠᠨ᠂ ᠰᠤᠮᠤ ᠰᠢᠶᠠᠩ ᠪᠠᠯᠭ᠋ᠠᠰᠤ᠎ᠪᠠᠷ ᠨᠢᠭᠡᠴᠢ ᠪᠣᠯᠭ᠋ᠠᠭᠰᠠᠨ᠂ ᠪᠥᠬᠦ ᠬᠤᠰᠢᠭᠤ ᠰᠢᠶᠠᠨ (ᠬᠤᠲᠠ᠂ ᠲᠣᠭᠤᠷᠢᠭ) ᠵᠶ᠋ᠠᠷ ᠠᠬᠢᠭᠤᠯᠬᠤ ᠵᠢ ᠤᠷᠢᠳ ᠵᠶ᠋ᠠᠷ ᠳᠡᠮᠵᠢᠵᠦ᠂ ᠪᠥᠬᠦ ᠣᠷᠣᠨ ᠪᠦᠰᠡ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠵᠢᠱ᠌ᠢᠶ᠎ᠡ ᠦᠵᠡᠭᠦᠯᠬᠦ ᠣᠷᠣᠨ᠎ᠢ ᠥᠨᠳᠥᠷ ᠲᠦᠪᠰᠢᠨ᠎ᠲᠠᠢ᠎ᠪᠠᠷ ᠪᠦᠲᠦᠭᠡᠨ ᠪᠠᠶ᠋ᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ᠎ᠢ 《ᠣᠨᠴᠠᠭ᠋ᠠᠢ᠎ᠠᠴᠠ ᠲᠦᠭᠡᠮᠡᠯ ᠪᠣᠯᠭ᠋ᠠᠬᠤ》 ᠵᠢ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ᠎ᠡ᠃ [ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠺᠣᠮᠫᠠᠨᠢ᠂ ᠤᠯᠤᠰ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ]
    ᠠᠷᠪᠠ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠬᠡᠷᠡᠭᠲᠡᠢ
    ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭ᠋ᠠᠷᠳᠠᠯᠭ᠎ᠠ ᠶᠣᠰᠣᠭ᠋ᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ ᠰᠢᠭᠤᠳ ᠬᠠᠷᠢᠭᠤᠴᠠᠬᠤ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥᠯ ᠵᠦᠢ᠍ᠯ᠎ᠢ ᠬᠡᠷᠡᠭᠵᠢᠭᠦᠯᠬᠦ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠲᠣᠰ ᠭᠠᠵᠠᠷ ᠣᠷᠣᠨ᠎ᠤ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠥᠷᠥᠯ ᠵᠦᠢ᠍ᠯ᠎ᠢ ᠬᠢᠨᠠᠨ ᠬᠠᠮᠢᠶᠠᠷᠬᠤ ᠨᠢᠭᠡᠴᠢ ᠵᠢ ᠲᠣᠳᠣᠷᠬᠠᠶ᠋ᠢᠯᠠᠨ᠎ᠠ; ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠨᠢ ᠠᠵᠢᠯ ᠲᠥᠷᠥᠯ᠎ᠤᠨ ᠬᠠᠮᠢᠶᠠᠷᠤᠯᠲᠠ ᠪᠠ ᠲᠤᠬᠠᠶ᠋ᠢᠯᠠᠭᠰᠠᠨ ᠠᠵᠢᠯ᠎ᠤᠨ ᠵᠢᠯᠣᠭᠤᠳᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠣᠯᠠᠨ ᠲᠦᠮᠡᠨ᠎ᠢ ᠢᠳᠡᠪᠬᠢᠲᠡᠢ ᠵᠣᠬᠢᠶᠠᠨ ᠪᠠᠶ᠋ᠢᠭᠤᠯᠤᠨ ᠣᠷᠣᠯᠴᠠᠭᠤᠯᠵᠤ᠂ ᠵᠥᠷᠢᠴᠡᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠪᠠᠶ᠋ᠢᠴᠠᠭ᠋ᠠᠵᠤ ᠰᠢᠯᠭ᠋ᠠᠨ ᠬᠤᠷᠢᠶᠠᠵᠤ ᠠᠪᠬᠤ᠎ᠳᠤ ᠣᠷᠣᠯᠴᠠᠭᠤᠯᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)
    ᠠᠷᠪᠠᠨ ᠨᠢᠭᠡ᠂ ᠱᠠᠩᠨᠠᠨ ᠬᠥᠬᠢᠭᠦᠯᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ
    ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠤᠨ ᠦᠨᠡᠯᠡᠵᠦ ᠱᠠᠩᠨᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠮᠦᠨᠡᠬᠢ ᠬᠤᠭᠤᠴᠠᠭ᠋ᠠᠨ᠎ᠤ ᠠᠵᠢᠯ᠂ ᠪᠦᠲᠦᠭᠡᠨ ᠪᠠᠶ᠋ᠢᠭᠤᠯᠤᠯᠲᠠ ᠵᠢᠨ ᠲᠠᠯᠠᠪᠠᠶ ᠬᠢᠭᠡᠳ ᠶᠠᠰᠤ ᠴᠢᠨᠠᠷ᠂ ᠪᠡᠯᠡ ᠮᠥᠩᠭᠦ ᠵᠢᠨ ᠣᠷᠣᠭᠤᠯᠤᠯᠲᠠ ᠪᠠ ᠵᠠᠷᠤᠯᠭ᠎ᠠ᠂ ᠪᠠᠷᠢᠯᠭ᠎ᠠ ᠳᠠᠭᠤᠰᠴᠤ ᠰᠢᠯᠭ᠋ᠠᠨ ᠬᠤᠷᠢᠶᠠᠵᠤ ᠠᠪᠬᠤ ᠪᠠ ᠵᠢᠷᠤᠭ ᠵᠶ᠋ᠠᠷ ᠬᠥᠮᠥᠷᠭᠡ᠎ᠳᠤ ᠣᠷᠣᠭᠤᠯᠬᠤ᠂ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠪᠠ ᠳᠦᠷᠢᠮ᠎ᠤᠨ ᠪᠠᠶ᠋ᠢᠭᠤᠯᠤᠯᠲᠠ ᠵᠡᠷᠭᠡ᠎ᠳᠤ ᠶᠡᠷᠦᠩᠬᠡᠶ᠋ᠢᠯᠡᠭᠰᠡᠨ ᠦᠨᠡᠯᠡᠯᠲᠡ ᠬᠢᠵᠦ᠂ ᠳᠠᠷᠠᠭ᠎ᠠ ᠵᠢᠯ᠎ᠨᠢ ᠲᠥᠷᠥᠯ ᠵᠦᠢ᠍ᠯ᠎ᠤᠨ ᠪᠡᠯᠡ ᠮᠥᠩᠭᠦ ᠬᠤᠪᠢᠶᠠᠷᠢᠯᠠᠬᠤ᠎ᠳᠤ᠎ᠪᠠᠨ ᠱᠠᠩᠨᠠᠨ ᠬᠥᠬᠢᠭᠦᠯᠬᠦ ᠬᠡᠪᠴᠢᠶᠡᠨ᠎ᠳᠤ ᠣᠷᠣᠭᠤᠯᠤᠭᠰᠠᠨ ᠭᠠᠵᠠᠷ ᠣᠷᠣᠨ ᠲᠡᠶ᠋ᠢᠰᠢ ᠬᠡᠯᠪᠡᠶ᠋ᠢᠯᠭᠡᠬᠦ ᠬᠡᠷᠡᠭᠲᠡᠢ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠠᠴᠠ ᠵᠢᠯ ᠪᠦᠷᠢ 1000 ᠲᠦᠮᠡᠨ ᠲᠥᠭᠦᠷᠢᠭ ᠲᠣᠬᠢᠷᠠᠭᠤᠯᠤᠨ ᠲᠤᠬᠠᠢ ᠵᠢᠨ ᠵᠢᠯ᠎ᠳᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ᠎ᠪᠠᠷ ᠰᠠᠶ᠋ᠢᠨ ᠬᠤᠰᠢᠭᠤ ᠰᠢᠶᠠᠨ (ᠬᠤᠲᠠ᠂ ᠲᠣᠭᠤᠷᠢᠭ)᠎ᠢ ᠱᠠᠩᠨᠠᠨ ᠬᠥᠬᠢᠭᠦᠯᠵᠦ᠂ ᠪᠠᠶ᠋ᠢᠭᠤᠯᠤᠭᠰᠠᠨ ᠲᠥᠷᠥᠯ ᠵᠦᠢ᠍ᠯ ᠵᠶ᠋ᠠᠨ ᠬᠠᠮᠢᠶᠠᠷᠴᠤ ᠬᠠᠮᠠᠭ᠋ᠠᠯᠠᠭᠰᠠᠨ ᠦᠷ᠎ᠡ ᠪᠦᠲᠦᠮᠵᠢ᠎ᠪᠠᠷ ᠰᠠᠶ᠋ᠢᠨ ᠭᠠᠴᠠᠭ᠎ᠠ ᠲᠣᠰᠬᠤᠨ᠎ᠤ ᠬᠠᠮᠲᠤ ᠨᠡᠶ᠋ᠢᠲᠡ᠎ᠳᠤ 1000 ᠲᠦᠮᠡᠨ ᠲᠥᠭᠦᠷᠢᠭ ᠲᠣᠬᠢᠷᠠᠭᠤᠯᠤᠨ ᠱᠠᠩᠨᠠᠯ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)
    ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ ᠲᠠᠶ᠋ᠢᠯᠪᠤᠷᠢᠯᠠᠨ᠎ᠠ᠃ 《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠷᠪᠠᠨ ᠨᠢᠭᠡᠨ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 72 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃
   2024 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ
   (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
   2024 ᠣᠨ᠎ᠤ 4 ᠳ᠋ᠦ᠍ᠭᠡᠷ ᠰᠠᠷ᠎ᠠ ᠵᠢᠨ 19᠎ᠤ ᠡᠳᠦᠷ ᠳᠠᠷᠤᠮᠠᠯᠯᠠᠨ ᠲᠠᠷᠬᠠᠭ᠋ᠠᠪᠠ
 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 — 2025 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ
《ᠬᠦᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠭᠠᠵᠠᠷ ᠰᠢᠷᠣᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠥᠷ ᠵᠠᠰᠠᠭ ᠲᠠᠷᠬᠠᠭ᠋ᠠᠭᠰᠠᠨ [2014] 65 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠠᠵᠢᠯ᠎ᠤᠨ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            