ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 20 ᠳ᠋ᠤᠭ᠋ᠠᠷ ᠲᠣᠭ᠋ᠠᠲᠤ
ᠪᠦᠢ᠍ᠺᠦ ᠪᠥᠮᠪᠥᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠪᠡᠶ᠎ᠡ ᠵᠢᠨ ᠲᠠᠮᠢᠷ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠪᠥᠬᠦ ᠣᠷᠣᠨ᠎ᠤ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
ᠬᠥᠮᠥᠨ ᠵᠶ᠋ᠠᠷ ᠦᠨᠳᠦᠰᠦ ᠪᠣᠯᠭ᠋ᠠᠬᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤᠨ (ᠳᠣᠷᠣᠭᠰᠢ ᠮᠣᠷᠢᠨᠳᠠᠪᠠᠭ᠎ᠠ ᠬᠤᠰᠢᠭᠤ ᠭᠡᠵᠦ ᠲᠣᠪᠴᠢᠯᠠᠨ᠎ᠠ)᠎ᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ ᠬᠥᠭᠵᠢᠯᠲᠡ᠎ᠪᠠᠷ ᠵᠢᠱ᠌ᠢᠶ᠎ᠡ ᠦᠵᠡᠭᠦᠯᠵᠦ᠂ ᠪᠤᠶ᠋ᠢᠺᠤ ᠪᠥᠮᠪᠥᠭᠡᠨ᠎ᠤ ᠮᠥᠷᠥᠶ᠋ᠢᠴᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠤᠶ᠋ᠢᠺᠤ ᠪᠥᠮᠪᠥᠭᠡᠨ᠎ᠤ ᠬᠥᠳᠡᠯᠭᠡᠭᠡᠨ᠎ᠳᠤ ᠣᠷᠤᠯᠴᠠᠬᠤ ᠬᠥᠮᠥᠨ ᠠᠮᠠ ᠵᠢᠨ ᠬᠡᠪᠴᠢᠶᠡᠵᠢᠯ᠎ᠢ ᠥᠷᠭᠡᠳᠬᠡᠨ᠎ᠡ᠃ 2025 ᠣᠨ ᠪᠣᠯᠬᠤ᠎ᠳᠤ᠂ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠢᠳᠡᠪᠬᠢᠲᠡᠢ ᠪᠡᠯᠡᠳᠬᠡᠯ ᠬᠢᠵᠦ᠂ ᠡᠷᠡᠭᠲᠡᠢ ᠵᠢᠨ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠳᠤ 《ᠬᠤᠶᠠᠳᠤᠭ᠋ᠠᠷ ᠵᠶ᠋ᠠᠨ ᠪᠠᠲᠤᠯᠠᠭᠰᠠᠨ ᠰᠠᠭᠤᠷᠢᠨ᠎ᠳᠤ ᠮᠠᠩᠯᠠᠶ᠋ᠢᠯᠠᠬᠤ᠎ᠪᠠᠷ ᠮᠡᠷᠡᠶ᠋ᠢᠨ ᠲᠡᠮᠡᠴᠡᠵᠦ》᠂ ᠡᠮᠡᠭᠲᠡᠢ ᠵᠢᠨ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠳᠤ 《ᠳᠤᠮᠳᠠ ᠲᠦᠪᠰᠢᠨ᠎ᠳᠤ ᠳᠠᠪᠰᠢᠨ ᠣᠷᠣᠬᠤ》 ᠵᠢ ᠪᠡᠶᠡᠯᠡᠭᠦᠯᠵᠦ᠂ ᠱᠠᠲᠤᠯᠢᠭ ᠪᠡᠯᠡᠳᠬᠡᠯ ᠡᠩᠨᠡᠭᠡᠨ᠎ᠤ ᠪᠠᠶ᠋ᠢᠭᠤᠯᠤᠯᠲᠠ ᠵᠢ ᠠᠩᠬ᠎ᠠ ᠠᠯᠬᠤᠮ ᠬᠡᠪᠴᠢᠶ᠎ᠡ᠎ᠲᠠᠢ ᠪᠣᠯᠭ᠋ᠠᠨ᠎ᠠ᠃ 2030 ᠣᠨ ᠪᠣᠯᠬᠤ᠎ᠳᠤ᠂ ᠪᠥᠬᠦ ᠣᠷᠣᠨ᠎ᠳᠤ ᠪᠤᠶ᠋ᠢᠺᠤ ᠪᠥᠮᠪᠥᠭᠡᠨ᠎ᠤ ᠪᠡᠯᠡᠳᠬᠡᠯ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠢ ᠨᠠᠭ᠋ᠠᠲᠤ ᠵᠠᠬ᠎ᠠ᠎ᠳᠤ᠎ᠪᠠᠨ 15 (ᠠᠶ᠋ᠢᠮᠠᠭ ᠬᠤᠲᠠ᠂ ᠬᠤᠰᠢᠭᠤ ᠰᠢᠶᠠᠨ᠎ᠤ ᠱᠠᠲᠤᠨ᠎ᠤ ᠰᠠᠭᠤᠷᠢᠨ ᠭᠠᠵᠠᠷ᠎ᠤᠨ ᠶᠡᠷᠦᠩᠬᠡᠢ ᠲᠤᠭ᠎ᠠ ᠬᠡᠮᠵᠢᠶ᠎ᠡ) ᠪᠠᠶ᠋ᠢᠭᠤᠯᠵᠤ᠂ ᠳᠠᠩᠰᠠᠯᠠᠭᠤᠯᠤᠭᠰᠠᠨ ᠲᠠᠮᠢᠷᠴᠢᠳ᠎ᠢ 2000 ᠬᠥᠮᠥᠨ᠎ᠳᠤ ᠬᠦᠷᠦᠭᠦᠯᠵᠦ᠂ ᠪᠣᠯᠪᠠᠰᠤᠷᠠᠯ᠎ᠳᠤ ᠪᠠᠶ᠋ᠢᠩᠭᠤ ᠣᠷᠣᠯᠴᠠᠬᠤ ᠵᠠᠯᠠᠭᠤᠴᠤᠳ ᠪᠠᠭ᠋ᠠᠴᠤᠳ᠎ᠢ ᠲᠦᠮᠡᠨ ᠬᠥᠮᠥᠨ᠎ᠠᠴᠠ ᠳᠠᠪᠠᠭᠤᠯᠤᠨ᠂ ᠮᠥᠷᠥᠶ᠋ᠢᠴᠡᠭᠡᠨ᠎ᠤ ᠬᠢᠷᠢ ᠲᠦᠪᠰᠢᠨ ᠲᠡᠷᠢᠭᠦᠯᠡᠭᠰᠡᠨ᠂ ᠤᠷᠤᠯᠳᠤᠭ᠋ᠠᠨ᠎ᠤ ᠲᠣᠭᠲᠠᠯᠴᠠᠭ᠎ᠠ ᠲᠡᠭᠦᠯᠳᠡᠷ᠂ ᠲᠠᠯᠠᠪᠤᠷ ᠪᠡᠯᠡᠳᠬᠡᠮᠵᠢ ᠵᠢᠨ ᠪᠠᠲᠤᠯᠠᠭ᠎ᠠ ᠬᠦᠴᠦᠲᠡᠢ᠂ ᠴᠢᠳᠠᠪᠤᠷᠢᠲᠠᠨ ᠬᠥᠮᠥᠵᠢᠭᠦᠯᠬᠦ ᠲᠣᠭᠲᠠᠯᠴᠠᠭ᠎ᠠ ᠪᠦᠷᠢᠨᠰᠢᠭᠰᠡᠨ᠂ ᠲᠠᠮᠢᠷ᠎ᠤᠨ ᠬᠥᠳᠡᠯᠭᠡᠭᠡᠨ᠎ᠤ ᠲᠦᠭᠡᠮᠡᠯᠵᠢᠭᠦᠯᠦᠯᠲᠡ ᠵᠢᠨ ᠨᠣᠷᠮ᠎ᠠ᠎ᠪᠠᠷ ᠨᠡᠯᠢᠶᠡᠳ ᠥᠨᠳᠥᠷ ᠪᠠᠶ᠋ᠢᠬᠤ ᠪᠥᠬᠦ ᠤᠯᠤᠰ᠎ᠤᠨ ᠪᠤᠶ᠋ᠢᠺᠤ ᠪᠥᠮᠪᠥᠭᠡᠨ᠎ᠤ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠤᠨ᠎ᠠ᠃
ᠬᠤᠶᠠᠷ᠂ ᠪᠤᠶ᠋ᠢᠺᠤ ᠪᠥᠮᠪᠥᠭᠡᠨ᠎ᠤ ᠮᠥᠷᠥᠶ᠋ᠢᠴᠡᠭᠡᠨ᠎ᠤ ᠬᠢᠷᠢ ᠲᠦᠪᠰᠢᠨ᠎ᠢ ᠲᠦᠷᠭᠡᠬᠡᠨ ᠳᠡᠭᠡᠭᠰᠢᠯᠡᠭᠦᠯᠦᠨ᠎ᠡ
ᠰᠢᠨᠵᠢᠯᠡᠬᠦ ᠤᠬᠠᠭ᠋ᠠᠨᠴᠢ ᠪᠥᠭᠡᠳ ᠵᠢᠷᠣᠮᠵᠢᠭᠤᠨ ᠪᠦᠬᠦᠢ ᠲᠠᠮᠢᠷᠴᠢᠨ᠎ᠢ ᠰᠢᠯᠢᠨ ᠰᠣᠩᠭᠤᠬᠤ ᠲᠣᠭᠲᠠᠴᠠ᠂ ᠰᠢᠯᠭ᠋ᠠᠨ ᠬᠢᠨᠠᠬᠤ ᠪᠠᠷᠢᠮᠵᠢᠶ᠎ᠠ᠂ ᠡᠳᠦᠷ ᠲᠤᠳᠤᠮ᠎ᠤᠨ ᠬᠠᠮᠢᠶᠠᠷᠤᠯᠲᠠ᠂ ᠱᠠᠩᠨᠠᠵᠤ ᠲᠣᠷᠭ᠋ᠠᠬᠤ ᠵᠡᠷᠭᠡ ᠳᠦᠷᠢᠮ᠎ᠢ ᠲᠣᠭᠲᠠᠭ᠋ᠠᠵᠤ᠂ ᠴᠢᠳᠠᠪᠤᠷᠢᠲᠠᠨ᠎ᠢ ᠢᠯᠡᠷᠡᠭᠦᠯᠵᠦ ᠬᠥᠮᠥᠵᠢᠭᠦᠯᠦᠨ᠎ᠡ᠃ 2025 ᠣᠨ᠎ᠤ ᠰᠡᠭᠦᠯᠴᠢ ᠪᠣᠯᠬᠤ᠎ᠳᠤ᠂ ᠪᠥᠬᠦ ᠣᠷᠣᠨ᠎ᠤ ᠪᠤᠶ᠋ᠢᠺᠤ ᠪᠥᠮᠪᠥᠭᠡᠨ᠎ᠤ ᠲᠤᠰᠬᠠᠢ ᠮᠡᠷᠭᠡᠵᠢᠯ᠎ᠤᠨ ᠠᠩᠭᠢ ᠵᠢᠨ ᠪᠦᠲᠦᠴᠡ ᠵᠢ᠎ᠨᠢ ᠨᠠᠩ ᠰᠢᠯᠢᠳᠡᠭ᠂ ᠪᠣᠳᠠᠲᠤ ᠬᠦᠴᠦᠨ᠎ᠢ᠎ᠨᠢ ᠨᠠᠩ ᠴᠢᠩᠭ᠎ᠠ ᠪᠣᠯᠭ᠋ᠠᠵᠤ᠂ ᠬᠤᠶᠠᠳᠤᠭ᠋ᠠᠷ ᠹᠷᠣᠨᠲ᠎ᠤᠨ ᠡᠩᠨᠡᠭᠡᠨ᠎ᠤ ᠲᠤᠭ᠎ᠠ ᠬᠡᠮᠵᠢᠶ᠎ᠡ ᠵᠢ ᠭᠦᠢ᠍ᠴᠡᠳ ᠬᠠᠩᠭ᠋ᠠᠭ᠋ᠠᠯᠳᠠᠢ᠂ ᠳᠠᠯᠳᠠ ᠬᠦᠴᠦᠨ᠎ᠢ᠎ᠨᠢ ᠲᠣᠪᠣᠶ᠋ᠢᠮ᠎ᠠ ᠪᠣᠯᠭ᠋ᠠᠬᠤ᠎ᠪᠠᠷ ᠬᠦᠴᠦᠯᠡᠨ ᠴᠢᠷᠮᠠᠶ᠋ᠢᠨ᠎ᠠ᠃ 《ᠬᠦᠴᠢᠷ ᠠᠭᠤᠯᠭ᠎ᠠ ᠲᠣᠬᠢᠷᠠᠭᠤᠯᠬᠤ᠂ ᠴᠢᠩᠭ᠎ᠠ ᠱᠠᠭ᠋ᠠᠷᠳᠠᠬᠤ᠂ ᠪᠣᠳᠠᠲᠤ ᠣᠷᠣᠯᠳᠣᠭ᠋ᠠᠨ᠎ᠠᠴᠠ ᠡᠭᠦᠰᠴᠦ᠂ ᠪᠡᠶ᠎ᠡ ᠵᠢᠨ ᠳᠠᠭ᠋ᠠᠭ᠋ᠠᠴᠠ᠎ᠳᠤ ᠣᠶ᠋ᠢᠷᠠᠲᠤᠭᠰᠠᠨ ᠬᠥᠳᠡᠯᠭᠡᠭᠡᠨ᠎ᠤ ᠬᠡᠮᠵᠢᠶ᠎ᠡ ᠵᠢ ᠦᠵᠡᠵᠦ ᠰᠢᠨᠵᠢᠯᠡᠬᠦ ᠤᠬᠠᠭ᠋ᠠᠨᠴᠢ᠎ᠪᠠᠷ ᠰᠤᠷᠭ᠋ᠠᠭᠤᠯᠢᠯᠠᠯ ᠬᠦᠷᠲᠡᠭᠡᠬᠦ》 ᠵᠠᠷᠴᠢᠮ᠎ᠢ ᠪᠠᠷᠢᠮᠲᠠᠯᠠᠨ᠂ ᠪᠤᠶ᠋ᠢᠺᠤ ᠪᠥᠮᠪᠥᠭᠡᠨ᠎ᠤ 《ᠰᠤᠷᠭ᠋ᠠᠭᠤᠯᠢᠯᠠᠯ᠂ ᠡᠷᠳᠡᠮ ᠰᠢᠨᠵᠢᠯᠡᠭᠡᠨ᠂ ᠡᠮᠴᠢᠯᠡᠭᠡ᠂ ᠵᠢᠭ᠋ᠠᠨ ᠰᠤᠷᠭ᠋ᠠᠯᠲᠠ᠂ ᠦᠢ᠍ᠯᠡᠴᠢᠯᠡᠭᠡ》 ᠵᠢᠨ ᠬᠠᠮ ᠬᠡᠯᠪᠡᠷᠢᠲᠦ ᠰᠤᠷᠭ᠋ᠠᠭᠤᠯᠢᠯᠠᠯ᠎ᠤᠨ ᠪᠦᠯᠬᠦᠮ᠎ᠤᠨ ᠠᠵᠢᠯᠯᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠰᠤᠷᠭ᠋ᠠᠭᠴᠢ ᠵᠢᠨ ᠪᠦᠯᠬᠦᠮ᠎ᠢ ᠤᠷᠢᠵᠤ᠂ ᠰᠢᠨᠵᠢᠯᠡᠬᠦ ᠤᠬᠠᠭ᠋ᠠᠨᠴᠢᠯᠠᠭᠰᠠᠨ ᠰᠤᠷᠭ᠋ᠠᠭᠤᠯᠢᠯᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠷᠤᠯᠳᠤᠭ᠋ᠠᠨ ᠵᠶ᠋ᠠᠷ ᠰᠤᠷᠭ᠋ᠠᠭᠤᠯᠢᠯᠠᠯ᠎ᠢ ᠠᠬᠢᠭᠤᠯᠵᠤ᠂ ᠭᠤᠣᠯᠳᠠᠯᠭ᠎ᠠ᠎ᠲᠠᠢ ᠲᠠᠮᠢᠷᠴᠢᠨ᠎ᠢ ᠰᠣᠩᠭᠤᠨ ᠪᠤᠶ᠋ᠢᠺᠤ ᠪᠥᠮᠪᠥᠭᠡᠨ᠎ᠤ ᠬᠥᠭᠵᠢᠯᠲᠡ ᠵᠢᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠤᠯᠤᠰ᠎ᠲᠤ ᠣᠴᠢᠭᠤᠯᠤᠨ ᠰᠤᠷᠭ᠋ᠠᠭᠤᠯᠢᠯᠠᠯ ᠬᠦᠷᠲᠡᠭᠡᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠭᠡ ᠤᠷᠤᠯᠳᠤᠭ᠋ᠠᠨ᠎ᠳᠤ ᠣᠷᠣᠯᠴᠠᠬᠤ ᠵᠢ᠎ᠨᠢ ᠲᠡᠮᠵᠢᠵᠤ᠂ ᠪᠣᠳᠠᠲᠤ ᠣᠷᠣᠯᠳᠣᠭ᠋ᠠᠨ᠎ᠤ ᠲᠤᠷᠰᠢᠯᠭ᠎ᠠ ᠵᠢ ᠬᠤᠷᠠᠮᠳᠤᠭᠤᠯᠤᠨ᠎ᠠ᠃
ᠭᠤᠷᠪᠠ᠂ ᠲᠠᠯᠠᠪᠤᠷ ᠭᠠᠵᠠᠷ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠬᠡᠨ ᠠᠬᠢᠭᠤᠯᠤᠨ᠎ᠠ
ᠮᠣᠷᠢᠨᠳᠠᠪᠠᠭ᠎ᠠ ᠬᠤᠰᠢᠭᠤᠨ᠎ᠤ ᠤᠯᠤᠰ᠎ᠤᠨ ᠲᠠᠰ᠎ᠤᠨ ᠪᠤᠶ᠋ᠢᠺᠤ ᠪᠥᠮᠪᠥᠭᠡᠨ᠎ᠤ ᠰᠤᠷᠭ᠋ᠠᠭᠤᠯᠢᠯᠠᠯ᠎ᠤᠨ ᠰᠠᠭᠤᠷᠢᠨ ᠭᠠᠵᠠᠷ ᠪᠠᠶ᠋ᠢᠭᠤᠯᠬᠤ᠎ᠳᠤ᠎ᠨᠢ ᠳᠡᠮᠵᠢᠯᠭᠡ ᠦᠵᠡᠭᠦᠯᠵᠦ᠂ ᠣᠯᠠᠨ ᠤᠯᠤᠰ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠣᠷᠣᠭᠤᠯᠤᠨ ᠠᠪᠴᠢᠷᠠᠵᠤ᠂ ᠪᠤᠶ᠋ᠢᠺᠤ ᠪᠥᠮᠪᠥᠭᠡᠨ᠎ᠤ ᠤᠷᠤᠯᠳᠤᠭ᠋ᠠᠨ᠎ᠤ ᠠᠵᠢᠯᠯᠠᠭ᠎ᠠ ᠵᠢᠨ ᠴᠢᠨᠠᠷ ᠰᠠᠶ᠋ᠢᠲᠠᠢ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠤᠨ᠎ᠠ᠃ ᠬᠥᠬᠡᠬᠤᠲᠠ ᠵᠢᠨ ᠣᠲᠣ ᠵᠢᠨ ᠪᠠᠶ᠋ᠢᠭ᠎ᠠ ᠲᠠᠯᠠᠪᠤᠷ ᠭᠠᠵᠠᠷ ᠪᠡᠯᠡᠳᠬᠡᠮᠵᠢ ᠵᠢ ᠠᠰᠢᠭᠯᠠᠨ ᠭᠡᠷ᠎ᠤᠨ ᠭᠠᠳᠠᠨᠠᠬᠢ ᠪᠤᠶ᠋ᠢᠺᠤ ᠪᠥᠮᠪᠥᠭᠡᠨ᠎ᠤ ᠰᠤᠷᠭ᠋ᠠᠭᠤᠯᠢᠯᠠᠯ ᠤᠷᠤᠯᠳᠤᠭ᠋ᠠᠨ᠎ᠤ 2 ᠲᠠᠯᠠᠪᠤᠷ ᠭᠠᠵᠠᠷ᠎ᠢ ᠥᠭᠡᠷᠡᠴᠢᠯᠡᠨ ᠪᠠᠶ᠋ᠢᠭᠤᠯᠵᠤ᠂ ᠲᠤᠰᠬᠠᠢ ᠮᠡᠷᠭᠡᠵᠢᠯ᠎ᠤᠨ ᠠᠩᠭᠢ ᠵᠢᠨ ᠰᠤᠷᠭ᠋ᠠᠭᠤᠯᠢᠯᠠᠯ ᠭᠦᠷᠲᠡᠬᠦ ᠵᠢ ᠪᠠᠲᠤᠯᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠣᠮᠣ ᠬᠡᠯᠪᠡᠷᠢ ᠵᠢᠨ ᠤᠷᠤᠯᠳᠤᠭ᠋ᠠᠨ ᠪᠠ ᠰᠤᠷᠭ᠋ᠠᠭᠤᠯᠢᠯᠠᠯ᠎ᠤᠨ ᠡᠭᠦᠷᠭᠡ ᠵᠢ ᠳᠠᠭ᠋ᠠᠭ᠋ᠠᠵᠤ ᠠᠪᠤᠨ᠎ᠠ᠃ ᠮᠣᠷᠢᠨᠳᠠᠪᠠᠭ᠎ᠠ ᠬᠤᠰᠢᠭᠤᠨ᠎ᠤ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ᠎ᠪᠠᠨ ᠰᠢᠯᠢᠳᠡᠭᠵᠢᠭᠦᠯᠬᠦ ᠵᠢ᠎ᠨᠢ ᠳᠡᠮᠵᠢᠵᠦ᠂ ᠪᠤᠶ᠋ᠢᠺᠤ ᠪᠥᠮᠪᠥᠭᠡᠨ᠎ᠤ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠲᠠᠯᠠᠪᠤᠷ ᠭᠠᠵᠠᠷ ᠪᠡᠯᠡᠳᠬᠡᠮᠵᠢ ᠵᠢ ᠵᠠᠰᠠᠵᠤ ᠪᠠᠶ᠋ᠢᠭᠤᠯᠬᠤ ᠪᠠ ᠥᠭᠡᠷᠡᠴᠢᠯᠡᠵᠦ ᠪᠠᠶ᠋ᠢᠭᠤᠯᠤᠨ᠎ᠠ᠃ ᠨᠥᠬᠦᠴᠡᠯ᠎ᠲᠠᠢ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠥᠨ ᠠᠮᠠ ᠵᠢᠨ ᠬᠡᠪᠴᠢᠶ᠎ᠡ᠂ ᠪᠠᠶ᠋ᠢᠭ᠋ᠠᠯᠢ ᠵᠢᠨ ᠨᠥᠬᠦᠴᠡᠯ᠂ ᠪᠦᠢ᠍ᠺᠦ ᠪᠥᠮᠪᠥᠭᠡᠨ᠎ᠤ ᠬᠥᠭᠵᠢᠯᠲᠡ ᠵᠢᠨ ᠰᠠᠭᠤᠷᠢ᠎ᠪᠠᠨ ᠦᠨᠳᠦᠰᠦᠯᠡᠨ᠂ ᠨᠢᠭᠡ ᠪᠦᠯᠦᠭ ᠪᠦᠢ᠍ᠺᠦ ᠪᠥᠮᠪᠥᠭᠡᠨ᠎ᠤ ᠲᠠᠯᠠᠪᠤᠷ ᠭᠠᠵᠠᠷ ᠪᠡᠯᠡᠳᠬᠡᠮᠵᠢ ᠵᠢ ᠲᠥᠯᠥᠪᠯᠡᠭᠡ᠎ᠲᠠᠢ᠎ᠪᠠᠷ ᠰᠢᠨ᠎ᠡ᠎ᠪᠠᠷ ᠪᠠᠶ᠋ᠢᠭᠤᠯᠬᠤ ᠪᠤᠶᠤ ᠥᠭᠡᠷᠡᠴᠢᠯᠡᠵᠦ ᠪᠠᠶ᠋ᠢᠭᠤᠯᠬᠤ ᠵᠢ᠎ᠨᠢ ᠳᠡᠮᠵᠢᠨ᠎ᠡ᠃ 2026 ᠣᠨ ᠪᠣᠯᠬᠤ᠎ᠳᠤ᠂ ᠬᠥᠬᠡᠬᠤᠲᠠ᠂ ᠪᠤᠭᠤᠲᠤ ᠬᠤᠲᠠ᠂ ᠬᠥᠯᠥᠨ ᠪᠤᠶ᠋ᠢᠷ ᠬᠤᠲᠠ᠂ ᠲᠦᠩᠯᠢᠶᠣᠣ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠵᠡᠷᠭᠡ ᠠᠶ᠋ᠢᠮᠠᠭ ᠬᠤᠲᠠ᠎ᠨᠤᠭᠤᠳ᠎ᠲᠤ ᠰᠤᠷᠭ᠋ᠠᠭᠤᠯᠢᠯᠠᠯ᠎ᠤᠨ ᠲᠠᠯᠠᠪᠤᠷ ᠣᠷᠳᠣᠨ ᠪᠡᠯᠡᠳᠬᠡᠮᠵᠢ ᠵᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠣᠯᠠᠨ ᠡᠰᠢᠵᠢᠭᠰᠡᠨ ᠪᠠᠲᠤᠯᠠᠭ᠎ᠠ ᠵᠢᠨ ᠪᠠᠶ᠋ᠢᠷᠢᠰᠢᠯ᠎ᠢ ᠪᠣᠶ ᠪᠣᠯᠭ᠋ᠠᠨ᠎ᠠ᠃
ᠳᠥᠷᠪᠡ᠂ ᠪᠤᠶ᠋ᠢᠺᠤ ᠪᠥᠮᠪᠥᠭᠡᠨ᠎ᠤ ᠴᠢᠳᠠᠪᠤᠷᠢᠲᠠᠨ ᠬᠥᠮᠥᠵᠢᠭᠦᠯᠬᠦ᠎ᠪᠠᠨ ᠲᠦᠷᠭᠡᠳᠬᠡᠨ᠎ᠡ
ᠡᠯ᠎ᠡ ᠠᠶ᠋ᠢᠮᠠᠭ ᠬᠤᠲᠠ᠎ᠨᠢ ᠡᠬᠢ ᠪᠠᠶᠠᠯᠢᠭ ᠵᠶ᠋ᠠᠨ ᠭᠦᠢ᠍ᠴᠡᠳ ᠠᠭᠤᠳᠠᠯᠵᠤ᠂ ᠬᠥᠭᠵᠢᠯᠲᠡ ᠵᠢᠨ ᠲᠤᠯᠭ᠋ᠠᠮ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠴᠢᠳᠠᠪᠤᠷᠢᠲᠠᠨ ᠬᠥᠮᠥᠵᠢᠭᠦᠯᠬᠦ᠂ ᠣᠷᠣᠭᠤᠯᠵᠤ ᠠᠪᠴᠢᠷᠠᠬᠤ᠂ ᠦᠨᠡᠯᠡᠬᠦ᠂ ᠤᠷᠮᠠᠰᠢᠭᠤᠯᠵᠤ ᠪᠠᠲᠤᠯᠠᠬᠤ ᠵᠡᠷᠭᠡ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠮᠡᠳᠡᠯᠭᠡ᠎ᠪᠠᠨ ᠰᠢᠨᠡᠳᠬᠡᠬᠦ᠂ ᠴᠢᠳᠠᠪᠤᠷᠢ᠎ᠪᠠᠨ ᠳᠡᠭᠡᠭᠰᠢᠯᠡᠭᠦᠯᠬᠦ ᠠᠵᠢᠯᠯᠠᠭ᠋ᠠᠨ᠎ᠢ ᠦᠷᠭᠦᠯᠵᠢᠯᠡᠨ ᠬᠡᠷᠡᠭᠵᠢᠭᠦᠯᠵᠦ᠂ ᠪᠤᠶ᠋ᠢᠺᠤ ᠪᠥᠮᠪᠥᠭᠡᠨ᠎ᠤ ᠴᠢᠳᠠᠪᠤᠷᠢᠲᠠᠨ ᠬᠥᠮᠥᠵᠢᠭᠦᠯᠬᠦ ᠥᠨᠳᠦᠷᠯᠢᠭ᠎ᠢ ᠪᠣᠢ ᠪᠣᠯᠭ᠋ᠠᠨ᠎ᠠ᠃ ᠵᠠᠯᠠᠭᠤᠴᠤᠳ ᠪᠠᠭ᠋ᠠᠴᠤᠳ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ᠎ᠳᠤ ᠪᠤᠶ᠋ᠢᠺᠤ ᠪᠥᠮᠪᠦᠭᠡ ᠵᠢ ᠲᠦᠭᠡᠮᠡᠯᠵᠢᠭᠦᠯᠬᠦ ᠬᠡᠪᠴᠢᠶ᠎ᠡ᠎ᠪᠠᠨ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ 2026 ᠣᠨ ᠪᠣᠯᠬᠤ᠎ᠳᠤ᠂ ᠠᠶ᠋ᠢᠮᠠᠭ ᠬᠤᠲᠠ ᠨᠢᠭᠡᠪᠦᠷᠢ᠎ᠳᠤ ᠠᠳᠠᠭ᠎ᠲᠤ᠎ᠪᠠᠨ 1 ᠪᠤᠶ᠋ᠢᠺᠤ ᠪᠥᠮᠪᠥᠭᠡᠨ᠎ᠤ ᠵᠠᠯᠠᠭᠤᠴᠤᠳ ᠪᠠᠭ᠋ᠠᠴᠤᠳ᠎ᠤᠨ ᠠᠩᠭᠢ ᠵᠣᠬᠢᠶᠠᠨ ᠪᠠᠶ᠋ᠢᠭᠤᠯᠤᠨ᠎ᠠ᠃ ᠬᠥᠯᠥᠨ ᠪᠤᠶ᠋ᠢᠷ ᠬᠤᠲᠠ ᠵᠢᠨ ᠴᠢᠨᠠᠷ ᠰᠠᠶ᠋ᠢᠲᠠᠢ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠤᠨ 《ᠰᠤᠷᠭ᠋ᠠᠭᠤᠯᠢ ᠳᠡᠪᠰᠢᠬᠦ᠎ᠳᠤ ᠰᠢᠭᠤᠳ ᠨᠡᠪᠲᠡᠷᠡᠬᠦ ᠲᠡᠷᠭᠡ》 ᠪᠠᠶ᠋ᠢᠭᠤᠯᠬᠤ ᠵᠢ ᠰᠦᠪᠡᠭᠴᠢᠯᠡᠵᠦ᠂ ᠬᠠᠷᠢᠴᠠᠩᠭᠤᠢ ᠲᠣᠭᠲᠠᠩᠭᠤᠢ᠂ ᠬᠤᠯᠪᠣᠯᠳᠤᠭᠤᠯᠵᠤ ᠠᠬᠢᠭᠤᠯᠤᠭᠰᠠᠨ ᠵᠠᠯᠠᠭᠤᠴᠤᠳ ᠪᠠᠭ᠋ᠠᠴᠤᠳ᠎ᠤᠨ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠯᠴᠠᠭ᠎ᠠ ᠵᠢ ᠪᠣᠶ ᠪᠣᠯᠭ᠋ᠠᠨ᠎ᠠ᠃ ᠴᠢᠳᠠᠪᠤᠷᠢᠲᠠᠨ ᠰᠣᠩᠭᠤᠬᠤ ᠬᠠᠷᠠᠭ᠎ᠠ᠎ᠪᠠᠨ ᠥᠷᠭᠡᠵᠢᠭᠦᠯᠵᠦ᠂ ᠨᠥᠬᠦᠴᠡᠯ᠎ᠳᠤ ᠨᠡᠶ᠋ᠢᠴᠡᠬᠦ ᠪᠤᠶ᠋ᠢᠺᠤ ᠪᠥᠮᠪᠥᠭᠡᠨ᠎ᠤ ᠲᠠᠮᠢᠷᠴᠢᠳ᠎ᠢ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠲᠠᠮᠢᠷᠴᠢᠨ᠎ᠤ ᠣᠷᠣᠨ ᠲᠤᠭᠠᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠵᠢᠨ ᠲᠠᠮᠢᠷ᠎ᠤᠨ ᠬᠥᠳᠡᠯᠭᠡᠭᠡᠨ᠎ᠤ ᠰᠤᠷᠭ᠋ᠠᠭᠤᠯᠢᠯᠠᠯ᠎ᠤᠨ ᠲᠤᠰᠬᠠᠢ ᠮᠡᠷᠭᠡᠵᠢᠯ᠎ᠳᠤ ᠪᠤᠶ᠋ᠢᠺᠤ ᠪᠥᠮᠪᠥᠭᠡᠨ᠎ᠤ ᠰᠤᠷᠤᠯᠴᠠᠯᠭ᠎ᠠ ᠵᠢᠨ ᠴᠢᠭᠯᠡᠯ᠎ᠢ ᠨᠡᠮᠡᠵᠦ ᠲᠣᠬᠢᠷᠠᠭᠤᠯᠬᠤ ᠵᠢ ᠠᠯᠬᠤᠮ ᠠᠯᠬᠤᠮ ᠵᠶ᠋ᠠᠷ ᠰᠦᠪᠡᠭᠴᠢᠯᠡᠵᠦ᠂ ᠲᠠᠮᠢᠷᠴᠢᠳ᠎ᠤᠨ ᠰᠤᠷᠭ᠋ᠠᠭᠤᠯᠢ ᠳᠡᠪᠰᠢᠬᠦ ᠵᠠᠮ ᠮᠥᠷ᠎ᠢ ᠰᠢᠯᠤᠭᠤᠳᠬᠠᠨ᠎ᠠ᠃
ᠲᠠᠪᠤ᠂ ᠰᠤᠷᠭ᠋ᠠᠭᠤᠯᠢᠯᠠᠯ ᠤᠷᠤᠯᠳᠤᠭ᠋ᠠᠨ᠎ᠤ ᠠᠵᠢᠯᠯᠠᠭ᠎ᠠ ᠵᠢᠨ ᠲᠣᠭᠲᠠᠯᠴᠠᠭ᠎ᠠ ᠵᠢ ᠲᠦᠷᠭᠡᠬᠡᠨ ᠪᠠᠶ᠋ᠢᠭᠤᠯᠤᠨ᠎ᠠ
ᠪᠤᠶ᠋ᠢᠺᠤ ᠪᠥᠮᠪᠥᠭᠡᠨ᠎ᠤ ᠰᠤᠷᠭ᠋ᠠᠭᠤᠯᠢᠯᠠᠯ᠎ᠤᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠵᠤ᠂ ᠨᠠᠰᠤᠨ᠎ᠤ ᠦᠶ᠎ᠡ ᠵᠢ᠎ᠨᠢ ᠦᠨᠳᠦᠰᠦᠯᠡᠨ ᠬᠥᠭᠵᠢᠯᠲᠡ ᠵᠢᠨ ᠬᠠᠷᠠᠯᠲᠠ᠂ ᠣᠬᠤᠷ ᠬᠤᠭᠤᠴᠠᠭ᠋ᠠᠨ᠎ᠤ ᠡᠭᠦᠷᠭᠡ᠂ ᠰᠤᠷᠭ᠋ᠠᠭᠤᠯᠢᠯᠠᠯ᠎ᠤᠨ ᠠᠭᠤᠯᠭ᠎ᠠ ᠵᠢᠨ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠲᠤᠰᠬᠠᠢ ᠮᠡᠷᠭᠡᠵᠢᠯ᠎ᠤᠨ ᠠᠩᠭᠢ ᠬᠢᠭᠡᠳ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠵᠢᠨ ᠬᠠᠮᠲᠤᠷᠠᠨ ᠠᠵᠢᠯᠯᠠᠬᠤ ᠬᠡᠪ ᠵᠠᠭᠪᠤᠷ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨᠴᠢ ᠪᠥᠭᠡᠳ ᠵᠢᠷᠣᠮᠵᠢᠭᠤᠨ᠂ ᠠᠮᠤᠷ ᠲᠦᠪᠰᠢᠨ ᠪᠥᠭᠡᠳ ᠡᠮᠬᠢ ᠵᠢᠷᠤᠮ᠎ᠲᠠᠢ ᠰᠤᠷᠭ᠋ᠠᠭᠤᠯᠢᠯᠠᠯ᠎ᠤᠨ ᠲᠣᠭᠲᠠᠯᠴᠠᠭ᠎ᠠ ᠵᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡᠨ᠎ᠤ ᠱᠠᠩᠨᠠᠯᠲᠤ ᠤᠷᠤᠯᠳᠤᠭ᠋ᠠᠨ᠎ᠢ ᠰᠠᠶ᠋ᠢᠲᠤᠷ ᠠᠳᠬᠤᠵᠤ᠂ 12 ᠨᠠᠰᠤ᠂ 14 ᠨᠠᠰᠤ ᠵᠡᠷᠭᠡ ᠨᠠᠰᠤᠨ᠎ᠤ ᠦᠶ᠎ᠡ ᠵᠢᠨ U ᠰᠢᠷᠢᠰ ᠤᠷᠤᠯᠳᠤᠭ᠋ᠠᠨ᠎ᠤ ᠠᠵᠢᠯᠯᠠᠭ᠎ᠠ ᠵᠢ ᠨᠡᠮᠡᠨ ᠲᠣᠬᠢᠷᠠᠭᠤᠯᠵᠤ᠂ ᠤᠷᠤᠯᠳᠤᠭ᠋ᠠᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠲᠥᠷᠥᠯ ᠬᠤᠪᠢᠶᠠᠨ ᠠᠬᠢᠭᠤᠯᠤᠨ᠎ᠠ᠃ ᠨᠥᠬᠦᠴᠡᠯ᠎ᠲᠠᠢ ᠠᠶ᠋ᠢᠮᠠᠭ ᠬᠤᠲᠠ ᠵᠢᠨ᠎ᠬᠢᠨ᠎ᠤ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠨᠠᠷᠠᠲᠤ ᠲᠡᠮᠳᠡᠭ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠢᠳᠡᠪᠬᠢᠲᠡᠢ ᠭᠤᠶᠤᠴᠢᠯᠠᠨ ᠡᠷᠬᠢᠯᠡᠵᠦ ᠳᠠᠭ᠋ᠠᠭ᠋ᠠᠨ ᠭᠦᠢ᠍ᠴᠡᠳᠬᠡᠵᠦ᠂ ᠣᠯᠠᠨ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡᠨ᠎ᠤ ᠵᠤᠨ (ᠡᠪᠦᠯ)᠎ᠤ ᠠᠮᠠᠷᠠᠯᠲᠠ ᠵᠢᠨ ᠭᠠᠵᠠᠷ᠂ ᠪᠥᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠪᠤᠶ᠋ᠢᠺᠤ ᠪᠥᠮᠪᠥᠭᠡᠨ᠎ᠤ ᠤᠷᠢᠯᠭ᠎ᠠ ᠵᠢᠨ ᠤᠷᠤᠯᠳᠤᠭ᠋ᠠᠨ ᠵᠡᠷᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠭᠦ ᠵᠢ᠎ᠨᠢ ᠵᠣᠷᠢᠭᠵᠢᠭᠤᠯᠵᠤ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠶ᠂ ᠰᠢᠰᠲ᠋ᠧᠮ᠎ᠲᠠᠢ ᠪᠥᠭᠡᠳ ᠪᠦᠷᠢᠨ ᠲᠡᠭᠦᠯᠳᠡᠷ᠂ ᠠᠮᠢᠵᠢᠷᠠᠯ᠎ᠤᠨ ᠬᠦᠴᠦᠨ ᠪᠢᠯᠬᠠᠭᠰᠠᠨ ᠤᠷᠤᠯᠳᠤᠭ᠋ᠠᠨ᠎ᠤ ᠠᠵᠢᠯᠯᠠᠭ᠋ᠠᠨ᠎ᠤ ᠲᠣᠭᠲᠠᠯᠴᠠᠭ᠎ᠠ ᠵᠢ ᠪᠦᠷᠢᠯᠳᠦᠭᠦᠯᠦᠨ᠎ᠡ᠃
ᠵᠢᠷᠭᠤᠭ᠎ᠠ᠂ ᠪᠤᠶ᠋ᠢᠺᠤ ᠪᠥᠮᠪᠥᠭᠡᠨ᠎ᠤ ᠠᠵᠤ ᠦᠢ᠍ᠯᠡᠰ᠎ᠢ ᠲᠦᠷᠭᠡᠬᠡᠨ ᠬᠥᠭᠵᠢᠭᠦᠯᠦᠨ᠎ᠡ
ᠡᠯ᠎ᠡ ᠭᠠᠵᠠᠷ ᠣᠷᠣᠨ᠎ᠤ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠪᠦᠢ᠍ᠺᠦ ᠪᠥᠮᠪᠦᠭᠡ ᠮᠥᠷᠥᠶ᠋ᠢᠴᠡᠬᠦ ᠲᠣᠭᠯᠠᠯᠲᠠ᠂ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠂ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ᠂ ᠲᠣᠨᠤᠭ ᠲᠥᠬᠦᠭᠡᠷᠦᠮᠵᠢ ᠦᠢ᠍ᠯᠡᠳᠬᠦ ᠵᠡᠷᠭᠡ ᠠᠵᠤ ᠦᠢ᠍ᠯᠡᠰ᠎ᠢ ᠬᠥᠭᠵᠢᠭᠦᠯᠬᠦ ᠵᠢ᠎ᠨᠢ ᠵᠣᠷᠢᠭᠵᠢᠭᠤᠯᠵᠤ᠂ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ᠎ᠪᠠᠨ ᠪᠠᠶᠠᠯᠢᠭᠵᠢᠭᠤᠯᠤᠨ᠂ ᠤᠷᠤᠯᠳᠤᠭ᠋ᠠᠨ᠎ᠤ ᠠᠵᠢᠯᠯᠠᠭ᠋ᠠᠨ᠎ᠤ ᠳᠠᠶ᠋ᠢᠴᠢᠯᠠᠬᠤ ᠦᠢ᠍ᠯᠡᠳᠦᠯ᠎ᠢ᠎ᠨᠢ ᠪᠠᠳᠠᠷᠠᠭᠤᠯᠵᠤ᠂ ᠨᠠᠩ ᠣᠯᠠᠨ ᠰᠢᠭᠢᠣᠡᠭᠡᠯᠳᠣ ᠮᠠᠶᠢᠭ᠎ᠤᠨ᠂ ᠪᠡᠶᠡᠴᠢᠯᠡᠨ ᠣᠶ᠋ᠢᠯᠠᠭ᠋ᠠᠬᠤ ᠮᠠᠶᠢᠭ᠎ᠤᠨ ᠦᠢ᠍ᠯᠡᠳᠬᠦᠨ ᠪᠠ ᠦᠢ᠍ᠯᠡᠴᠢᠯᠡᠭᠡ ᠵᠢ ᠰᠡᠳᠦᠵᠦ᠂ ᠪᠦᠢ᠍ᠺᠦ ᠪᠥᠮᠪᠥᠭᠡᠨ᠎ᠤ ᠬᠥᠳᠡᠯᠭᠡᠭᠡᠨ ᠬᠢᠭᠡᠳ ᠰᠣᠶᠣᠯ᠂ ᠵᠢᠭᠤᠯᠴᠢᠯᠠᠯ ᠵᠡᠷᠭᠡ ᠵᠢᠨ ᠠᠭᠤᠰᠤᠯᠴᠠᠨ ᠬᠥᠭᠵᠢᠬᠦ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠠᠬᠢᠭᠤᠯᠤᠨ᠎ᠠ᠃ ᠮᠣᠷᠢᠨᠳᠠᠪᠠᠭ᠎ᠠ ᠬᠤᠰᠢᠭᠤᠨ᠎ᠤ ᠪᠤᠶ᠋ᠢᠺᠤ ᠪᠥᠮᠪᠥᠭᠡᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠥᠨᠳᠦᠷᠯᠢᠭ ᠪᠠᠶ᠋ᠢᠭᠤᠯᠬᠤ᠎ᠳᠤ᠎ᠨᠢ ᠳᠡᠮᠵᠢᠯᠭᠡ ᠦᠵᠡᠭᠦᠯᠦᠨ᠎ᠡ᠃
ᠳᠣᠯᠤᠭ᠎ᠠ᠂ ᠪᠤᠶ᠋ᠢᠺᠤ ᠪᠥᠮᠪᠥᠭᠡᠨ᠎ᠤ ᠰᠣᠶᠣᠯ᠎ᠢ ᠲᠦᠷᠭᠡᠬᠡᠨ ᠪᠣᠶ᠋ᠢᠵᠢᠭᠤᠯᠤᠨ᠎ᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠪᠦᠢ᠍ᠺᠦ ᠪᠥᠮᠪᠥᠭᠡᠨ᠎ᠤ ᠰᠣᠶᠣᠯ᠎ᠤᠨ ᠥᠪᠡᠷᠮᠢᠴᠡ ᠡᠭᠦᠰᠦᠯ ᠵᠢᠴᠢ ᠬᠥᠭᠵᠢᠯᠲᠡ ᠵᠢᠨ ᠶᠠᠪᠤᠴᠠ ᠵᠢ ᠭᠦᠨᠵᠡᠭᠡᠢ ᠠᠭᠤᠳᠠᠯᠤᠨ᠂ ᠪᠦᠢ᠍ᠺᠦ ᠪᠥᠮᠪᠥᠭᠡᠨ᠎ᠤ ᠰᠣᠶᠣᠯ᠎ᠤᠨ ᠤᠬᠢ ᠰᠣᠳᠣ ᠵᠢ ᠠᠭᠤᠳᠠᠯᠤᠨ ᠭᠠᠷᠭ᠋ᠠᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ᠎ᠳᠤ ᠠᠭᠤᠰᠤᠯᠴᠠᠭᠤᠯᠤᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ᠎ᠢ ᠴᠣᠭᠴᠠᠯᠠᠨ ᠪᠠᠶ᠋ᠢᠭᠤᠯᠤᠨ᠎ᠠ᠃ ᠳᠠᠭᠤᠷ ᠦᠨᠳᠦᠰᠦᠲᠡᠨ᠎ᠤ ᠤᠯᠠᠮᠵᠢᠯᠠᠯᠲᠤ ᠪᠤᠶ᠋ᠢᠺᠤ ᠪᠥᠮᠪᠥᠭᠡᠨ᠎ᠤ ᠮᠥᠷᠥᠶ᠋ᠢᠴᠡᠭᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠠᠮᠠᠭ᠋ᠠᠯᠠᠬᠤ᠎ᠪᠠᠨ ᠴᠢᠩᠭ᠋ᠠᠳᠬᠠᠵᠤ᠂ ᠮᠣᠷᠢᠨᠳᠠᠪᠠᠭ᠎ᠠ ᠬᠤᠰᠢᠭᠤᠨ᠎ᠤ ᠪᠤᠶ᠋ᠢᠺᠤ ᠪᠥᠮᠪᠥᠭᠡᠨ᠎ᠤ ᠰᠤᠳᠤᠯᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ᠎ᠢ ᠪᠠᠶ᠋ᠢᠭᠤᠯᠤᠨ᠎ᠠ᠃ ᠪᠤᠶ᠋ᠢᠺᠤ ᠪᠥᠮᠪᠥᠭᠡᠨ᠎ᠤ ᠰᠣᠶᠣᠯ ᠪᠠ ᠤᠷᠤᠯᠳᠤᠭ᠋ᠠᠨ᠎ᠤ ᠠᠵᠢᠯᠯᠠᠭ᠎ᠠ ᠵᠢ ᠤᠬᠠᠭᠤᠯᠤᠨ ᠬᠥᠲᠥᠯᠥᠨ ᠵᠢᠯᠤᠭᠤᠳᠬᠤ᠎ᠪᠠᠨ ᠴᠢᠩᠭ᠋ᠠᠳᠬᠠᠵᠤ᠂ ᠣᠯᠠᠨ ᠲᠦᠮᠡᠨ᠎ᠤ ᠲᠠᠭ᠋ᠠᠰᠢᠶᠠᠵᠤ ᠪᠠᠭ᠍ᠠᠰᠢᠶᠠᠬᠤ ᠠᠷᠭ᠎ᠠ ᠮᠠᠶᠢᠭ ᠪᠠ ᠠᠷᠭ᠎ᠠ ᠵᠠᠮ᠎ᠢ ᠠᠰᠢᠭᠯᠠᠨ ᠪᠤᠶ᠋ᠢᠺᠤ ᠪᠥᠮᠪᠥᠭᠡᠨ᠎ᠤ ᠲᠤᠬᠠᠢ ᠰᠠᠶ᠋ᠢᠲᠤᠷ ᠦᠯᠢᠭᠡᠷᠯᠡᠨ ᠶᠠᠷᠢᠵᠤ᠂ ᠪᠤᠶ᠋ᠢᠺᠤ ᠪᠥᠮᠪᠥᠭᠡᠨ᠎ᠤ ᠮᠡᠳᠡᠯᠭᠡ ᠵᠢ ᠲᠦᠭᠡᠮᠡᠯᠵᠢᠭᠦᠯᠦᠨ᠂ ᠪᠤᠶ᠋ᠢᠺᠤ ᠪᠥᠮᠪᠥᠭᠡᠨ᠎ᠤ ᠲᠤᠬᠠᠢ ᠣᠯᠠᠨ ᠨᠡᠶ᠋ᠢᠲᠡ ᠵᠢᠨ ᠲᠠᠨᠢᠨ ᠮᠡᠳᠡᠬᠦ ᠬᠡᠮᠵᠢᠶ᠎ᠡ ᠪᠠ ᠬᠠᠯᠠᠮᠵᠢᠯᠠᠨ ᠠᠩᠬᠠᠷᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠨᠠᠢ᠍ᠮᠠ᠂ ᠳᠡᠮᠵᠢᠵᠦ ᠪᠠᠲᠤᠯᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠵᠢᠯ ᠪᠦᠷᠢ ᠬᠡᠷᠡᠭᠴᠡᠭᠡ᠎ᠪᠠᠨ ᠦᠨᠳᠦᠰᠦᠯᠡᠨ ᠵᠣᠬᠢᠬᠤ ᠬᠡᠮᠵᠢᠶᠡᠨ᠎ᠤ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠤᠶ᠋ᠢᠺᠤ ᠪᠥᠮᠪᠥᠭᠡᠨ᠎ᠤ ᠲᠠᠯᠠᠪᠤᠷ ᠣᠷᠳᠣᠨ ᠲᠠᠯᠠᠪᠤᠷ ᠭᠠᠵᠠᠷ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ᠂ ᠪᠠᠭ᠋ᠠᠵᠢ ᠬᠡᠷᠡᠭᠰᠡᠯ ᠬᠤᠳᠠᠯᠳᠤᠨ ᠠᠪᠬᠤ᠂ ᠴᠢᠳᠠᠪᠤᠷᠢᠲᠠᠨ᠎ᠢ ᠣᠷᠣᠭᠤᠯᠵᠤ ᠠᠪᠴᠢᠷᠠᠬᠤ᠂ ᠪᠣᠯᠪᠠᠰᠤᠷᠠᠯ ᠰᠣᠯᠢᠯᠴᠠᠭ᠎ᠠ ᠬᠢᠬᠦ᠂ ᠭᠠᠳᠠᠭ᠋ᠠᠳᠤ᠎ᠳᠤ ᠭᠠᠷᠴᠤ ᠰᠤᠷᠭ᠋ᠠᠭᠤᠯᠢᠯᠠᠯ ᠬᠦᠷᠲᠡᠵᠦ ᠤᠷᠤᠯᠳᠤᠭ᠋ᠠᠨ᠎ᠳᠤ ᠣᠷᠤᠯᠴᠠᠬᠤ ᠵᠡᠷᠭᠡ ᠵᠢ᠎ᠨᠢ ᠳᠡᠮᠵᠢᠨ᠎ᠡ᠃ ᠪᠤᠶ᠋ᠢᠺᠤ ᠪᠥᠮᠪᠥᠭᠡᠨ᠎ᠤ ᠲᠠᠮᠢᠷᠴᠢᠳ᠎ᠤᠨ ᠠᠯᠪᠠᠨ᠎ᠠᠴᠠ ᠪᠠᠭᠤᠬᠤ᠂ ᠠᠵᠢᠯ᠎ᠤᠨ ᠪᠠᠶ᠋ᠢᠷᠢ ᠰᠣᠯᠢᠬᠤ᠂ ᠠᠵᠢᠯ ᠣᠯᠭᠤᠬᠤ ᠠᠵᠢᠯ᠎ᠤᠳ᠎ᠢ ᠢᠳᠡᠪᠬᠢᠲᠡᠢ ᠰᠠᠶ᠋ᠢᠲᠤᠷ ᠬᠢᠵᠦ᠂ ᠡᠯ᠎ᠡ ᠠᠶ᠋ᠢᠮᠠᠭ ᠬᠤᠲᠠ᠂ ᠡᠯ᠎ᠡ ᠶᠡᠭᠡ ᠳᠡᠭᠡᠳᠦ ᠰᠤᠷᠭ᠋ᠠᠭᠤᠯᠢ᠎ᠨᠢ ᠶᠡᠭᠡ ᠳᠤᠮᠳᠠᠳᠤ ᠪᠠᠭ᠎ᠠ ᠰᠤᠷᠭ᠋ᠠᠭᠤᠯᠢ᠎ᠳᠤ ᠪᠡᠶ᠎ᠡ ᠵᠢᠨ ᠲᠠᠮᠢᠷ᠎ᠤᠨ ᠰᠤᠷᠭ᠋ᠠᠭᠴᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠲᠣᠬᠢᠷᠠᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ ᠶᠣᠰᠣᠭ᠋ᠠᠷ᠂ ᠬᠡᠷᠡᠭᠴᠡᠭᠡ᠎ᠪᠠᠨ ᠦᠨᠳᠦᠰᠦᠯᠡᠨ ᠪᠤᠶ᠋ᠢᠺᠤ ᠪᠥᠮᠪᠥᠭᠡᠨ᠎ᠤ ᠰᠤᠷᠭ᠋ᠠᠭᠴᠢ ᠵᠢᠨ ᠠᠵᠢᠯ᠎ᠤᠨ ᠪᠠᠶ᠋ᠢᠷᠢ ᠵᠢ ᠲᠣᠬᠢᠷᠠᠭᠤᠯᠵᠤ᠂ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠪᠠ ᠤᠷᠢᠵᠤ ᠬᠡᠷᠡᠭᠯᠡᠬᠦ ᠪᠠᠷᠢᠮᠵᠢᠶ᠎ᠠ᠎ᠪᠠᠨ ᠲᠡᠭᠦᠯᠳᠡᠷᠵᠢᠭᠦᠯᠦᠨ᠂ ᠪᠤᠶ᠋ᠢᠺᠤ ᠪᠥᠮᠪᠥᠭᠡᠨ᠎ᠤ ᠰᠤᠷᠭ᠋ᠠᠭᠴᠢ ᠵᠢᠨ ᠮᠡᠷᠭᠡᠵᠢᠯ᠎ᠤᠨ ᠴᠣᠯᠠ ᠳᠡᠪᠰᠢᠬᠦ᠂ ᠵᠢᠭ᠋ᠠᠨ ᠰᠤᠷᠭ᠋ᠠᠯᠲᠠ ᠵᠢᠨ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠦᠨᠡᠯᠡᠨ ᠲᠣᠭᠲᠠᠭ᠋ᠠᠬᠤ ᠵᠡᠷᠭᠡ ᠲᠠᠯ᠎ᠠ᠎ᠳᠤ ᠡᠯ᠎ᠡ ᠬᠢᠴᠢᠶᠡᠯ ᠲᠥᠷᠥᠯ᠎ᠤᠨ ᠪᠠᠭᠰᠢ᠎ᠯᠤᠭ᠎ᠠ ᠠᠳᠠᠯᠢᠬᠠᠨ ᠣᠯᠭᠤᠮᠵᠢ ᠬᠠᠷᠠᠭ᠋ᠠᠯᠵᠠᠯ ᠭᠥᠷᠳᠡᠬᠦ ᠵᠢ᠎ᠨᠢ ᠦᠨᠡᠨ ᠬᠦ᠌ ᠪᠠᠲᠤᠯᠠᠬᠤ ᠬᠡᠷᠡᠭᠲᠡᠢ᠃
ᠶᠢᠰᠦ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠴᠢᠩᠭ᠋ᠠᠳᠬᠠᠨ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠤᠶ᠋ᠢᠺᠤ ᠪᠥᠮᠪᠥᠭᠡᠨ᠎ᠤ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠰᠢᠵᠤ ᠪᠠᠶ᠋ᠢᠭ᠎ᠠ ᠬᠦᠴᠢᠷᠳᠡᠯ ᠪᠠ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠪᠥᠬᠦ ᠣᠷᠣᠨ᠎ᠤ ᠪᠤᠶ᠋ᠢᠺᠤ ᠪᠥᠮᠪᠥᠭᠡᠨ᠎ᠤ ᠡᠩᠨᠡᠭᠡ ᠵᠢᠨ ᠪᠠᠶ᠋ᠢᠭᠤᠯᠤᠯᠲᠠ᠂ ᠲᠠᠯᠠᠪᠤᠷ ᠭᠠᠵᠠᠷ᠎ᠤᠨ ᠪᠠᠲᠤᠯᠠᠭ᠎ᠠ᠂ ᠤᠷᠤᠯᠳᠤᠭ᠋ᠠᠨ᠎ᠤ ᠠᠵᠢᠯᠯᠠᠭ᠎ᠠ ᠵᠡᠷᠭᠡ ᠵᠢ ᠨᠢᠭᠡᠳᠦᠯᠲᠡᠢ ᠲᠥᠯᠥᠪᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠤᠨ᠂ ᠵᠢᠯᠣᠭᠤᠳᠤᠯᠭ᠎ᠠ᠎ᠪᠠᠨ ᠴᠢᠩᠭ᠋ᠠᠳᠬᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠂ ᠡᠯ᠎ᠡ ᠵᠦᠢ᠍ᠯ᠎ᠤᠨ ᠡᠭᠦᠷᠭᠡ᠎ᠪᠠᠨ ᠨᠠᠶ᠋ᠢᠳᠠᠪᠤᠷᠢᠵᠢᠭᠤᠯᠬᠤ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠨᠢ ᠪᠦᠢ᠍ᠺᠦ ᠪᠥᠮᠪᠥᠭᠡᠨ᠎ᠤ ᠲᠥᠷᠥᠯ ᠵᠦᠢ᠍ᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠢᠳᠡᠪᠬᠢᠲᠡᠢ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠪᠦᠢ᠍ᠺᠦ ᠪᠥᠮᠪᠥᠭᠡᠨ᠎ᠤ ᠬᠥᠭᠵᠢᠯᠲᠡ ᠵᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠪᠡᠯᠡ ᠮᠥᠩᠭᠦᠨ᠎ᠤ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠨ ᠨᠠᠶ᠋ᠢᠳᠠᠪᠤᠷᠢᠵᠢᠭᠤᠯᠬᠤ ᠬᠡᠷᠡᠭᠲᠡᠢ᠃ ᠬᠥᠯᠥᠨ ᠪᠤᠶ᠋ᠢᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠮᠣᠷᠢᠨᠳᠠᠪᠠᠭ᠎ᠠ ᠬᠤᠰᠢᠭᠤᠨ᠎ᠤ ᠪᠤᠶ᠋ᠢᠺᠤ ᠪᠥᠮᠪᠥᠭᠡᠨ᠎ᠤ ᠲᠥᠷᠥᠯ ᠵᠦᠢ᠍ᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ᠎ᠨᠢ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠠᠵᠢᠯ᠎ᠤᠨ ᠵᠣᠯᠭ᠋ᠠᠭᠤᠯᠤᠯᠲᠠ᠎ᠪᠠᠨ ᠴᠢᠩᠭ᠋ᠠᠳᠬᠠᠨ᠂ ᠡᠯ᠎ᠡ ᠵᠦᠢ᠍ᠯ᠎ᠤᠨ ᠡᠭᠦᠷᠭᠡ᠎ᠪᠠᠨ ᠪᠦᠲᠦᠮᠵᠢᠲᠡᠶ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ ᠪᠤᠶ᠋ᠢᠺᠤ ᠪᠥᠮᠪᠥᠭᠡᠨ᠎ᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃
2024 ᠣᠨ᠎ᠤ 5 ᠳ᠋ᠤᠭ᠋ᠠᠷ ᠰᠠᠷ᠎ᠠ ᠵᠢᠨ 9᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 5 ᠳ᠋ᠤᠭ᠋ᠠᠷ ᠰᠠᠷ᠎ᠠ ᠵᠢᠨ 11᠎ᠤ ᠡᠳᠦᠷ ᠳᠠᠷᠤᠮᠠᠯᠯᠠᠨ ᠲᠠᠷᠬᠠᠭ᠋ᠠᠪᠠ