ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2024] 26 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠠᠵᠢᠯ᠎ᠤᠨ ᠲᠣᠭᠲᠠᠭ᠋ᠠᠯ》᠎ᠢ
ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠠᠵᠢᠯ᠎ᠤᠨ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2024 ᠣᠨ᠎ᠤ 9 ᠳ᠋ᠦ᠍ᠭᠡᠷ ᠰᠠᠷ᠎ᠠ ᠵᠢᠨ 29᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠠᠵᠢᠯ᠎ᠤᠨ ᠲᠣᠭᠲᠠᠭ᠋ᠠᠯ
ᠨᠢᠭᠡᠳᠦᠭᠡᠷ ᠵᠦᠢ᠍ᠯ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠤᠭ (ᠳᠣᠷᠣᠭᠰᠢ ᠤᠯᠤᠰ᠎ᠤᠨ ᠲᠤᠭ ᠭᠡᠵᠦ ᠲᠣᠪᠴᠢᠯᠠᠨ᠎ᠠ)᠎ᠤᠨ ᠨᠡᠷ᠎ᠡ ᠬᠦᠨᠳᠦ ᠵᠢ ᠬᠠᠮᠠᠭ᠋ᠠᠯᠠᠵᠤ᠂ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠤᠭ᠎ᠤᠨ ᠬᠠᠤᠯᠢ》 (ᠳᠣᠷᠣᠭᠰᠢ 《ᠤᠯᠤᠰ᠎ᠤᠨ ᠲᠤᠭ᠎ᠤᠨ ᠬᠠᠤᠯᠢ》 ᠭᠡᠵᠦ ᠲᠣᠪᠴᠢᠯᠠᠨ᠎ᠠ) ᠬᠢᠭᠡᠳ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠤᠰ ᠲᠣᠭᠲᠠᠭ᠋ᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠤᠯᠤᠰ᠎ᠤᠨ ᠲᠤᠬ ᠬᠢᠬᠦ᠂ ᠪᠣᠷᠣᠯᠠᠭᠤᠯᠬᠤ᠂ ᠡᠯᠭᠦᠵᠦ ᠮᠠᠨᠳᠤᠭᠤᠯᠬᠤ᠂ ᠬᠡᠷᠡᠭᠯᠡᠬᠦ᠂ ᠬᠤᠷᠢᠶᠠᠨ ᠠᠪᠬᠤ ᠵᠢᠴᠢ ᠬᠠᠮᠢᠶᠠᠷᠬᠤ ᠠᠵᠢᠯᠯᠠᠭ᠎ᠠ᠎ᠳᠤ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠤᠯᠤᠰ᠎ᠤᠨ ᠲᠤᠬ᠎ᠤᠨ ᠬᠠᠮᠢᠶᠠᠷᠤᠯᠲᠠ ᠵᠢᠨ ᠠᠵᠢᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠣᠳᠠᠲᠠᠢ ᠰᠠᠯᠠᠭ᠎ᠠ ᠮᠥᠴᠢᠷ᠎ᠢ ᠲᠣᠭᠲᠠᠭ᠋ᠠᠵᠤ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠠᠵᠢᠯ᠎ᠢ ᠬᠠᠷᠢᠭᠤᠴᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠥᠬᠦ ᠣᠷᠣᠨ᠎ᠤ ᠤᠯᠤᠰ᠎ᠤᠨ ᠲᠤᠭ᠎ᠤᠨ ᠬᠠᠮᠢᠶᠠᠷᠤᠯᠲᠠ ᠵᠢᠨ ᠬᠤᠯᠪᠣᠭᠳᠠᠯ ᠪᠦᠬᠦᠢ ᠠᠵᠢᠯ᠎ᠢ ᠨᠢᠭᠡᠳᠦᠯᠲᠡᠢ ᠲᠥᠯᠥᠪᠯᠡᠨ ᠵᠢᠯᠤᠭᠤᠳᠬᠤ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠳᠠᠬᠢ ᠤᠯᠤᠰ᠎ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠪᠠ ᠬᠤᠷᠢᠶᠠᠨ ᠠᠪᠬᠤ ᠵᠡᠷᠭᠡ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠡᠷᠡᠭᠵᠢᠭᠦᠯᠦᠨ᠎ᠡ᠃
ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠲᠤᠬ ᠬᠢᠬᠦ ᠪᠠ ᠪᠣᠷᠣᠯᠠᠭᠤᠯᠬᠤ ᠠᠵᠢᠯᠯᠠᠭ᠋ᠠᠨ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠠᠷᠢᠭᠤᠴᠠᠨ ᠬᠡᠷᠡᠭᠵᠢᠭᠦᠯᠦᠨ᠎ᠡ᠃ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ (ᠬᠤᠲᠠ ᠵᠢᠨ ᠬᠠᠮᠢᠶᠠᠷᠤᠯᠲᠠ)᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠷᠭ᠋ᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭ᠋ᠠᠳᠤ ᠶᠠᠪᠤᠳᠠᠯ᠂ ᠪᠡᠶ᠎ᠡ ᠵᠢᠨ ᠲᠠᠮᠢᠷ ᠵᠡᠷᠭᠡ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠤᠯᠤᠰ᠎ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠵᠡᠷᠭᠡ ᠭᠤᠭᠴᠣᠭ᠋ᠠᠨ᠎ᠳᠤ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭ᠋ᠠᠳᠬᠠᠬᠤ ᠬᠡᠷᠡᠭᠲᠡᠢ᠃
ᠳᠥᠷᠪᠡᠳᠦᠭᠡᠷ ᠵᠦᠢ᠍ᠯ 《ᠤᠯᠤᠰ᠎ᠤᠨ ᠲᠤᠬ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠤᠯᠤᠰ᠎ᠤᠨ ᠲᠤᠬ ᠡᠯᠭᠦᠵᠦ ᠮᠠᠨᠳᠤᠭᠤᠯᠬᠤ ᠴᠢᠬᠤᠯᠠᠲᠠᠢ ᠪᠠᠶ᠋ᠢᠭᠤᠯᠤᠮᠵᠢ ᠵᠢᠨ ᠪᠠᠶ᠋ᠢᠭ᠎ᠠ ᠭᠠᠵᠠᠷ᠎ᠨᠢ ᠠᠵᠢᠯᠯᠠᠬᠤ ᠡᠳᠦᠷ᠎ᠲᠤ᠎ᠪᠠᠨ ᠤᠯᠤᠰ᠎ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃
ᠰᠤᠷᠭ᠋ᠠᠭᠤᠯᠢ᠎ᠨᠤᠭᠤᠳ ᠡᠪᠦᠯ᠎ᠤᠨ ᠠᠮᠠᠷᠠᠯᠲᠠ᠂ ᠵᠤᠠᠤ ᠠᠮᠠᠷᠠᠯᠲᠠ ᠪᠠ ᠠᠮᠠᠷᠠᠯᠲᠠ ᠵᠢᠨ ᠡᠳᠦᠷ᠎ᠠᠴᠠ ᠭᠠᠳᠠᠨ᠎ᠠ᠂ ᠡᠳᠦᠷ ᠪᠦᠷᠢ ᠤᠯᠤᠰ᠎ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃ ᠨᠥᠬᠦᠴᠡᠯ᠎ᠲᠠᠢ ᠬᠡᠦᠬᠡᠳ᠎ᠤᠨ ᠴᠡᠴᠡᠷᠯᠢᠭ᠎ᠨᠢ ᠰᠤᠷᠭ᠋ᠠᠭᠤᠯᠢ ᠵᠢᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠤᠯᠤᠰ᠎ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃
ᠬᠢᠯᠢ᠎ᠠᠴᠠ ᠭᠠᠷᠬᠤ ᠬᠢᠯᠢ᠎ᠪᠠᠷ ᠣᠷᠣᠬᠤ ᠨᠢᠰᠬᠡᠯ᠎ᠤᠨ ᠪᠠᠭᠤᠳᠠᠯ᠂ ᠲᠡᠷᠭᠡᠨ ᠦᠷᠲᠡᠭᠡ᠂ ᠬᠢᠯᠢ ᠵᠢᠨ ᠪᠣᠭᠤᠮᠲᠠ᠂ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ ᠵᠡᠷᠭᠡ ᠲᠠᠯᠠᠪᠤᠷ ᠭᠠᠵᠠᠷ᠎ᠲᠤ ᠡᠳᠦᠷ ᠪᠦᠷᠢ ᠤᠯᠤᠰ᠎ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃
ᠨᠣᠮ᠎ᠤᠨ ᠰᠠᠩ᠂ ᠮᠦᠽᠧᠢ᠂ ᠰᠣᠶᠣᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠳᠤᠷᠠᠰᠬᠠᠯ᠎ᠤᠨ ᠣᠷᠳᠣᠨ᠂ ᠦᠵᠡᠰᠬᠦᠯᠡᠩ᠎ᠤᠨ ᠣᠷᠳᠣᠨ᠂ ᠪᠡᠶ᠎ᠡ ᠵᠢᠨ ᠲᠠᠮᠢᠷ᠎ᠤᠨ ᠣᠷᠳᠣᠨ᠂ ᠵᠠᠯᠠᠭᠤᠴᠤᠳ ᠪᠠᠭ᠋ᠠᠴᠤᠳ᠎ᠤᠨ ᠣᠷᠳᠣᠨ ᠵᠡᠷᠭᠡ ᠤᠯᠡᠠ ᠨᠡᠶ᠋ᠢᠲᠡ ᠵᠢᠨ ᠰᠣᠶᠣᠯ ᠪᠡᠶ᠎ᠡ ᠵᠢᠨ ᠲᠠᠮᠢᠷ᠎ᠤᠨ ᠪᠡᠯᠡᠳᠬᠡᠮᠵᠢ᠎ᠨᠦᠭᠦᠳ᠎ᠨᠢ ᠨᠡᠭᠡᠭᠡᠯᠲᠡ ᠵᠢᠨ ᠡᠳᠦᠷ᠎ᠲᠤ᠎ᠪᠠᠨ ᠤᠯᠤᠰ᠎ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃
ᠲᠠᠪᠤᠳᠤᠭ᠋ᠠᠷ ᠵᠦᠢ᠍ᠯ ᠤᠯᠤᠰ᠎ᠤᠨ ᠪᠠᠶᠠᠷ᠎ᠤᠨ ᠡᠳᠦᠷ᠂ ᠳᠡᠯᠡᠬᠡᠢ ᠵᠢᠨ ᠬᠥᠳᠡᠯᠮᠦᠷᠢᠴᠢᠳ᠎ᠤᠨ ᠪᠠᠶᠠᠷ᠎ᠤᠨ ᠡᠳᠦᠷ᠂ ᠰᠢᠨ᠎ᠡ ᠵᠢᠯ᠂ ᠴᠠᠭ᠋ᠠᠨ ᠰᠠᠷ᠎ᠠ ᠪᠠ ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠡᠷᠭᠡ ᠴᠢᠬᠤᠯᠠ ᠪᠠᠶᠠᠷ᠎ᠤᠨ ᠡᠳᠦᠷ᠂ ᠳᠤᠷᠠᠰᠬᠠᠯ᠎ᠤᠨ ᠡᠳᠦᠷ᠂ ᠡᠯ᠎ᠡ ᠱᠠᠲᠤᠨ᠎ᠤ ᠲᠦᠷᠦ ᠵᠢᠨ ᠪᠠᠶ᠋ᠢᠭᠤᠯᠭ᠎ᠠ᠂ ᠡᠯ᠎ᠡ ᠠᠷᠠᠳ᠎ᠤᠨ ᠪᠦᠯᠬᠦᠮ ᠵᠢᠴᠢ ᠲᠣᠮᠣ ᠬᠡᠯᠪᠡᠷᠢ ᠵᠢᠨ ᠠᠭᠤᠳᠠᠮ ᠲᠠᠯᠠᠪᠠᠢ᠂ ᠴᠡᠴᠡᠷᠯᠢᠭ ᠵᠡᠷᠭᠡ ᠤᠯᠠᠨ ᠨᠡᠶ᠋ᠢᠲᠡ ᠵᠢᠨ ᠠᠵᠢᠯᠯᠠᠭ᠋ᠠᠨ᠎ᠤ ᠲᠠᠯᠠᠪᠤᠷ ᠭᠠᠵᠠᠷ᠎ᠲᠤ ᠤᠯᠤᠰ᠎ᠤᠨ ᠲᠤᠭ ᠡᠯᠭᠦᠵᠦ ᠮᠠᠨᠳᠤᠭᠤᠯᠬᠤ ᠬᠡᠷᠡᠭᠲᠡᠢ; ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ᠂ ᠲᠤᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠬᠦᠷᠢᠶ᠎ᠡ (ᠠᠰᠠᠷ᠂ ᠲᠣᠭᠤᠷᠢᠭ)᠎ᠨᠢ ᠨᠥᠬᠦᠴᠡᠯ᠎ᠲᠠᠢ ᠪᠣᠯ ᠤᠯᠤᠰ᠎ᠤᠨ ᠲᠤᠬ ᠡᠯᠭᠦᠵᠦ ᠮᠠᠨᠳᠤᠭᠤᠯᠬᠤ ᠬᠡᠷᠡᠭᠲᠡᠢ᠃
ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠨᠢ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ ᠪᠠᠶ᠋ᠢᠭᠤᠯᠤᠭᠳᠠᠭᠰᠠᠨ ᠳᠤᠷᠠᠰᠬᠠᠯ᠎ᠤᠨ ᠡᠳᠦᠷ ᠪᠠ ᠦᠨᠳᠦᠰᠦᠲᠡᠨ᠎ᠤ ᠭᠤᠣᠯ ᠤᠯᠠᠮᠵᠢᠯᠠᠯᠲᠤ ᠪᠠᠶᠠᠷ᠎ᠤᠨ ᠡᠳᠦᠷ᠎ᠲᠤ ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ ᠬᠡᠷᠡᠭᠲᠡᠢ᠃
ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠤᠯᠬᠤ᠎ᠳᠤ᠎ᠪᠠᠨ ᠲᠠᠩᠭ᠋ᠠᠷᠢᠭᠯᠠᠬᠤ ᠲᠠᠯᠠᠪᠤᠷ ᠭᠠᠵᠠᠷ᠎ᠲᠤ ᠤᠯᠤᠰ᠎ᠤᠨ ᠲᠤᠭ ᠡᠯᠭᠦᠬᠦ ᠬᠡᠷᠡᠭᠲᠡᠢ᠃
ᠵᠢᠷᠭᠤᠳᠤᠭ᠋ᠠᠷ ᠵᠦᠢ᠍ᠯ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠯᠪᠡᠷᠢ ᠵᠢᠨ ᠰᠣᠶᠣᠯ᠂ ᠪᠡᠶ᠎ᠡ ᠵᠢᠨ ᠲᠠᠮᠢᠷ᠎ᠤᠨ ᠠᠵᠢᠯᠯᠠᠭ᠎ᠠ᠂ ᠲᠣᠮᠣ ᠬᠡᠯᠪᠡᠷᠢ ᠵᠢᠨ ᠦᠵᠡᠰᠬᠦᠯᠡᠩ ᠥᠷᠨᠢᠭᠦᠯᠬᠦ᠎ᠳᠤ ᠤᠯᠤᠰ᠎ᠤᠨ ᠲᠤᠭ ᠡᠯᠭᠦᠨ ᠮᠠᠨᠳᠤᠭᠤᠯᠵᠤ ᠪᠣᠯᠣᠨ᠎ᠠ᠃
ᠳᠣᠯᠣᠳᠤᠭ᠋ᠠᠷ ᠵᠦᠢ᠍ᠯ ᠤᠯᠤᠰ᠎ᠤᠨ ᠲᠤᠬ ᠡᠯᠭᠦᠵᠦ ᠮᠠᠨᠳᠤᠭᠤᠯᠬᠤ ᠨᠢᠭᠡᠴᠢ᠎ᠨᠦᠭᠦᠳ ᠪᠣᠳᠠᠲᠠᠢ᠎ᠲᠠᠢ᠎ᠪᠠᠨ ᠤᠶᠠᠯᠳᠤᠭᠤᠯᠤᠨ᠂ ᠤᠯᠤᠰ᠎ᠤᠨ ᠲᠤᠬ᠎ᠢ ᠲᠣᠪᠣᠶ᠋ᠢᠮ᠎ᠠ ᠢᠯᠡᠷᠬᠡᠢ ᠭᠠᠵᠠᠷ᠎ᠲᠤ ᠲᠠᠯᠪᠢᠵᠤ᠂ 《ᠤᠯᠤᠰ᠎ᠤᠨ ᠲᠤᠬ ᠡᠯᠭᠦᠵᠦ ᠮᠠᠨᠳᠤᠭᠤᠯᠬᠤ ᠲᠣᠨᠣᠭᠯᠠᠯ᠎ᠤᠨ ᠦᠨᠳᠦᠰᠦᠨ ᠱᠠᠭ᠋ᠠᠷᠳᠠᠯᠭ᠎ᠠ》᠎ᠪᠠᠷ ᠯᠠᠪᠯᠠᠯᠲᠠ ᠪᠣᠯᠭ᠋ᠠᠨ ᠲᠤᠬ᠎ᠤᠨ ᠰᠢᠷᠤᠭ᠎ᠤᠨ ᠣᠷᠣᠨ ᠪᠠᠶ᠋ᠢᠷᠢ᠂ ᠥᠨᠳᠥᠷ᠎ᠤᠨ ᠬᠡᠮᠵᠢᠶ᠎ᠡ ᠵᠢ ᠵᠦᠢ ᠵᠣᠬᠢᠰᠲᠠᠢ ᠲᠣᠭᠲᠠᠭ᠋ᠠᠵᠤ᠂ ᠬᠡᠷᠡᠭᠯᠡᠬᠦ ᠵᠣᠷᠢᠯᠭ᠎ᠠ᠂ ᠣᠶ᠋ᠢᠷ᠎ᠠ ᠬᠠᠪᠢ ᠵᠢᠨ ᠪᠠᠷᠢᠯᠭ᠎ᠠ᠂ ᠡᠷᠬᠢᠠ ᠲᠣᠭᠤᠷᠢᠨ᠎ᠤ ᠣᠷᠴᠢᠨ ᠲᠣᠭᠤᠷᠢᠨ᠎ᠲᠠᠢ᠎ᠨᠢ ᠵᠣᠬᠢᠴᠠᠭᠤᠯᠬᠤ ᠬᠡᠷᠡᠭᠲᠡᠢ᠃ ᠬᠤᠶᠠᠷ᠎ᠠᠴᠠ ᠳᠡᠭᠡᠭᠰᠢ ᠨᠢᠭᠡᠴᠢ ᠨᠢᠭᠡ ᠪᠠᠷᠢᠯᠭ᠎ᠠ ᠪᠤᠶᠤ ᠨᠢᠭᠡ ᠬᠦᠷᠢᠶᠡᠨ᠎ᠳᠤ ᠪᠠᠶ᠋ᠢᠪᠠᠯ ᠨᠢᠭᠡ ᠯᠡ ᠤᠯᠤᠰ᠎ᠤᠨ ᠲᠤᠬ ᠡᠯᠭᠦᠨ ᠮᠠᠨᠳᠤᠭᠤᠯᠵᠤ ᠪᠣᠯᠣᠨ᠎ᠠ᠃
ᠤᠯᠤᠰ᠎ᠤᠨ ᠲᠤᠭ᠎ᠢ ᠶᠡᠷᠦ᠎ᠳᠤ᠎ᠪᠠᠨ ᠬᠥᠨᠳᠡᠯᠡᠨ ᠵᠶ᠋ᠠᠷ ᠡᠯᠭᠦᠨ ᠮᠠᠨᠳᠤᠭᠤᠯᠵᠤ ᠬᠡᠷᠡᠭᠯᠡᠳᠡᠭ᠃ ᠤᠷᠠᠭᠳᠠᠭᠰᠠᠨ᠂ ᠭ᠋ᠬᠢᠷᠲᠦᠭᠰᠡᠨ᠂ ᠥᠩᠭᠡ᠎ᠨᠢ ᠤᠨᠠᠭᠰᠠᠨ ᠪᠤᠶᠤ ᠬᠡᠪ ᠪᠠᠷᠢᠮᠵᠢᠶ᠎ᠠ᠎ᠳᠤ ᠦᠯᠣ ᠨᠡᠶ᠋ᠢᠴᠡᠬᠦ ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ ᠪᠤᠶᠤ ᠬᠡᠷᠡᠭᠯᠡᠵᠦ ᠪᠣᠯᠬᠤ ᠦᠭᠡᠢ᠂ ᠲᠣᠩᠭᠤᠷᠠᠭᠤ ᠡᠯᠭᠦᠬᠦ᠂ ᠲᠣᠩᠭᠤᠷᠠᠭᠤ ᠬᠠᠳᠬᠤᠬᠤ ᠪᠤᠶᠤ ᠤᠯᠤᠰ᠎ᠤᠨ ᠲᠤᠬ᠎ᠤᠨ ᠨᠡᠷ᠎ᠡ ᠬᠦᠨᠳᠦ ᠵᠢ ᠬᠤᠬᠢᠷᠠᠭᠤᠯᠬᠤ ᠪᠤᠰᠤᠳ ᠬᠡᠯᠪᠡᠷᠢ᠎ᠪᠠᠷ ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ᠂ ᠬᠡᠷᠡᠭᠯᠡᠵᠦ ᠪᠣᠯᠬᠤ ᠦᠭᠡᠢ᠃
ᠨᠠᠢ᠍ᠮᠠᠳᠤᠭ᠋ᠠᠷ ᠵᠦᠢ᠍ᠯ ᠤᠯᠤᠰ᠎ᠤᠨ ᠲᠤᠬ᠎ᠢ ᠡᠯᠭᠦᠬᠦ᠂ ᠬᠠᠳᠬᠤᠬᠤ᠂ ᠡᠭᠴᠡ ᠡᠯᠭᠦᠬᠦ ᠪᠤᠶᠤ ᠳᠡᠯᠭᠡᠨ ᠲᠠᠯᠪᠢᠬᠤ᠎ᠳᠤ᠎ᠪᠠᠨ᠂ ᠤᠯᠤᠰ᠎ᠤᠨ ᠲᠤᠬ᠎ᠢ ᠪᠤᠰᠤᠳ ᠡᠳ᠋ ᠪᠣᠳᠠᠰ ᠵᠶ᠋ᠠᠷ ᠬᠠᠯᠬᠠᠯᠠᠵᠤ ᠪᠣᠯᠬᠤ ᠦᠭᠡᠢ᠃
ᠣᠨᠴᠠᠭ᠋ᠠᠢ ᠬᠡᠷᠡᠭᠴᠡᠭᠡ᠎ᠠᠴᠠ ᠪᠣᠯᠵᠤ ᠡᠭᠴᠡ ᠡᠯᠭᠦᠬᠦ᠂ ᠵᠢᠰᠢᠭᠦᠦ ᠬᠠᠳᠬᠤᠬᠤ ᠵᠡᠷᠭᠡ ᠬᠡᠯᠪᠡᠷᠢ᠎ᠪᠠᠷ ᠤᠯᠤᠰ᠎ᠤᠨ ᠲᠤᠭ᠎ᠢ ᠬᠡᠷᠡᠭᠯᠡᠬᠦ᠎ᠳᠤ᠎ᠪᠠᠨ ᠬᠡᠪ ᠪᠠᠷᠢᠮᠵᠢᠶ᠎ᠠ᠎ᠳᠤ ᠨᠡᠶ᠋ᠢᠴᠡᠭᠰᠡᠨ ᠤᠯᠤᠰ᠎ᠤᠨ ᠲᠤᠭ᠎ᠢ ᠬᠡᠷᠡᠭᠯᠡᠵᠦ᠂ ᠲᠤᠭ᠎ᠤᠨ ᠨᠢᠭᠤᠷ᠎ᠢ ᠲᠡᠨᠢᠢ᠍ᠯᠭᠡᠨ ᠬᠡᠷᠡᠭᠯᠡᠬᠦ᠂ ᠲᠠᠪᠤᠨ ᠣᠳᠣ ᠵᠢ᠎ᠨᠢ ᠳᠡᠭᠡᠷ᠎ᠡ ᠲᠠᠯᠠᠳᠤᠨᠢ ᠪᠠᠶ᠋ᠢᠯᠭ᠋ᠠᠬᠤ ᠵᠢ ᠪᠠᠲᠤᠯᠠᠨ᠂ ᠬᠡᠷᠡᠭᠯᠡᠬᠦ ᠣᠷᠣᠨ ᠴᠠᠭ᠂ ᠡᠷᠭᠢᠨ ᠲᠣᠭᠤᠷᠢᠨ᠎ᠤ ᠣᠷᠴᠢᠨ ᠲᠣᠭᠤᠷᠢᠨ᠎ᠲᠠᠢ᠎ᠨᠢ ᠵᠣᠬᠢᠴᠠᠯᠳᠤᠭᠤᠯᠬᠤ ᠬᠡᠷᠡᠭᠲᠡᠢ᠃
ᠵᠢᠭᠰᠠᠭ᠋ᠠᠯ ᠵᠢᠭᠰᠠᠵᠤ ᠤᠯᠤᠰ᠎ᠤᠨ ᠲᠤᠬ ᠪᠠ ᠪᠤᠰᠤᠳ ᠲᠤᠬ᠎ᠢ ᠡᠷᠭᠦᠨ ᠤᠷᠤᠭᠰᠢᠯᠠᠬᠤ᠎ᠳᠤ᠎ᠪᠠᠨ ᠤᠯᠤᠰ᠎ᠤᠨ ᠲᠤᠬ᠎ᠢ ᠪᠤᠰᠤᠳ ᠲᠤᠬ᠎ᠤᠨ ᠡᠮᠦᠨ᠎ᠡ᠎ᠨᠢ ᠪᠠᠶ᠋ᠢᠯᠭ᠋ᠠᠬᠤ ᠬᠡᠷᠡᠭᠲᠡᠢ᠃
ᠶᠢᠰᠦᠳᠦᠭᠡᠷ ᠵᠦᠢ᠍ᠯ ᠲᠤᠰ ᠲᠣᠭᠲᠠᠭ᠋ᠠᠯ᠎ᠤᠨ ᠳᠥᠷᠪᠡᠳᠦᠭᠡᠷ ᠵᠦᠢ᠍ᠯ᠂ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ᠎ᠳᠤ ᠲᠤᠰ ᠡᠳᠦᠷ᠎ᠤᠨ ᠬᠢᠨᠢ ᠥᠷᠯᠥᠭᠡ ᠡᠯᠭᠦᠨ ᠮᠠᠨᠳᠤᠭᠤᠯᠵᠤ᠂ ᠲᠤᠰ ᠡᠳᠦᠷ᠎ᠤᠨ ᠬᠢᠨᠢ ᠦᠳᠡᠰᠢ ᠪᠠᠭᠤᠯᠭ᠋ᠠᠨ ᠬᠤᠷᠢᠶᠠᠬᠤ ᠬᠡᠷᠡᠭᠲᠡᠢ᠂ ᠡᠯᠭᠦᠵᠦ ᠮᠠᠨᠳᠤᠭᠤᠯᠤᠭ᠋ᠠᠳ ᠪᠠᠭᠤᠯᠭ᠋ᠠᠨ ᠬᠤᠷᠢᠶᠠᠬᠤ ᠦᠭᠡᠢ ᠪᠠᠶ᠋ᠢᠵᠤ ᠪᠣᠯᠬᠤ ᠦᠭᠡᠢ᠃
ᠲᠤᠬ᠎ᠤᠨ ᠰᠢᠷᠤᠭ᠎ᠲᠤ ᠤᠯᠤᠰ᠎ᠤᠨ ᠲᠤᠬ ᠡᠯᠭᠦᠵᠦ ᠮᠠᠨᠳᠤᠭᠤᠯᠵᠤ ᠪᠠ ᠪᠠᠭᠤᠯᠭ᠋ᠠᠨ ᠬᠤᠷᠢᠶᠠᠬᠤ᠎ᠳᠤ ᠠᠯᠭᠤᠷ ᠠᠭ᠋ᠠᠵᠢᠮ ᠵᠶ᠋ᠠᠷ ᠡᠯᠭᠦᠵᠦ ᠮᠠᠨᠳᠤᠭᠤᠯᠬᠤ ᠪᠠ ᠪᠠᠭᠤᠯᠭ᠋ᠠᠨ ᠬᠤᠷᠢᠶᠠᠬᠤ ᠬᠡᠷᠡᠭᠲᠡᠢ᠃ ᠡᠯᠭᠦᠵᠦ ᠮᠠᠨᠳᠤᠭᠤᠯᠬᠤ᠎ᠳᠤ᠎ᠪᠠᠨ ᠡᠷᠬᠡᠪᠰᠢ ᠤᠯᠤᠰ᠎ᠤᠨ ᠲᠤᠬ᠎ᠢ ᠪᠠᠭ᠋ᠠᠨ᠎ᠠ ᠵᠢᠨ ᠣᠷᠣᠢ᠎ᠳᠤᠨᠢ ᠲᠤᠯᠲᠠᠯ᠎ᠠ ᠮᠠᠨᠳᠤᠭᠤᠯᠬᠤ ᠬᠡᠷᠡᠭᠲᠡᠢ; ᠪᠠᠭᠤᠯᠭ᠋ᠠᠨ ᠬᠤᠷᠢᠶᠠᠬᠤ᠎ᠳᠤ᠎ᠪᠠᠨ ᠤᠯᠤᠰ᠎ᠤᠨ ᠲᠤᠬ᠎ᠢ ᠭᠠᠵᠠᠷ᠎ᠲᠤ ᠬᠦᠷᠭᠡᠵᠦ ᠪᠣᠯᠬᠤ ᠦᠭᠡᠢ᠃
ᠤᠯᠡᠠ ᠵᠦᠢ᠍ᠯ᠎ᠤᠨ ᠲᠤᠬ ᠡᠯᠭᠦᠵᠦ ᠮᠠᠨᠳᠤᠭᠤᠯᠬᠤ᠎ᠳᠤ ᠤᠯᠤᠰ᠎ᠤᠨ ᠲᠤᠬ᠎ᠢ ᠪᠤᠰᠤᠳ ᠲᠤᠬ᠎ᠠᠴᠠ ᠤᠷᠢᠳ ᠵᠶ᠋ᠠᠷ ᠡᠯᠭᠦᠨ ᠮᠠᠨᠳᠤᠭᠤᠯᠵᠤ᠂ ᠪᠤᠰᠤᠳ ᠲᠤᠬ᠎ᠠᠴᠠ ᠬᠤᠶ᠋ᠢᠨ᠎ᠠ ᠪᠠᠭᠤᠯᠭ᠋ᠠᠨ ᠬᠤᠷᠢᠶᠠᠬᠤ ᠬᠡᠷᠡᠭᠲᠡᠢ᠃
ᠠᠷᠪᠠᠳᠤᠭ᠋ᠠᠷ ᠵᠦᠢ᠍ᠯ ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ ᠦᠶ᠎ᠡ᠎ᠳᠤ᠂ ᠲᠤᠬ ᠡᠯᠭᠦᠵᠦ ᠮᠠᠨᠳᠤᠭᠤᠯᠬᠤ ᠶᠣᠰᠣᠯᠠᠯ ᠶᠠᠪᠤᠭᠤᠯᠵᠤ ᠪᠣᠯᠣᠨ᠎ᠠ᠃ ᠰᠤᠷᠭ᠋ᠠᠭᠤᠯᠢ᠎ᠨᠤᠭᠤᠳ ᠠᠮᠠᠷᠠᠯᠲᠠ ᠵᠢᠨ ᠬᠤᠭᠤᠴᠠᠭ᠎ᠠ᠎ᠠᠴᠠ ᠭᠠᠳᠠᠨ᠎ᠠ᠂ ᠭᠠᠷᠠᠭ ᠪᠦᠷᠢ᠎ᠳᠤ ᠨᠢᠭᠡ ᠤᠳᠠᠭ᠎ᠠ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠬᠡᠷᠡᠭᠲᠡᠢ᠃
ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠯᠪᠡᠷᠢ ᠵᠢᠨ ᠰᠣᠶᠣᠯ᠂ ᠪᠡᠶ᠎ᠡ ᠵᠢᠨ ᠲᠠᠮᠢᠷ᠎ᠤᠨ ᠠᠵᠢᠯᠯᠠᠭ᠎ᠠ᠂ ᠲᠣᠮᠣ ᠬᠡᠯᠪᠡᠷᠢ ᠵᠢᠨ ᠦᠵᠡᠰᠬᠦᠯᠡᠩ᠎ᠤᠨ ᠲᠤᠬ ᠮᠠᠨᠳᠤᠭᠤᠯᠬᠤ ᠶᠣᠰᠣᠯᠠᠯ᠎ᠢ ᠦᠵᠡᠰᠭᠦᠯᠡᠩ ᠴᠤᠭᠯᠠᠭ᠋ᠠᠨ᠎ᠤ ᠶᠣᠰᠣᠯᠠᠯ ᠡᠬᠢᠯᠡᠬᠦ ᠦᠶ᠎ᠡ᠎ᠳᠤ ᠶᠠᠪᠤᠭᠳᠠᠭᠤᠯᠬᠤ ᠬᠡᠷᠡᠭᠲᠡᠢ᠃
ᠤᠯᠤᠰ᠎ᠤᠨ ᠲᠤᠭ ᠡᠯᠭᠦᠵᠦ ᠮᠠᠨᠳᠤᠭᠤᠯᠬᠤ ᠶᠣᠰᠣᠯᠠᠯ ᠶᠠᠪᠤᠭᠳᠠᠭᠤᠯᠬᠤ᠎ᠳᠤ᠎ᠪᠠᠨ ᠨᠢᠭᠡ ᠬᠥᠮᠥᠨ ᠤᠯᠤᠰ᠎ᠤᠨ ᠲᠤᠭ᠎ᠢ ᠡᠷᠭᠦᠵᠦ᠂ ᠬᠤᠶᠠᠷ ᠬᠥᠮᠥᠨ ᠲᠤᠭ᠎ᠢ ᠬᠠᠮᠠᠭ᠋ᠠᠯᠠᠨ᠂ ᠲᠤᠭ᠎ᠤᠨ ᠪᠠᠭ᠋ᠠᠨ᠎ᠠ ᠵᠦᠭ ᠲᠥᠪ ᠶᠡᠬᠡᠮᠰᠦᠭ ᠠᠯᠬᠤᠵᠤ ᠣᠴᠢᠨ᠎ᠠ᠃ ᠤᠯᠤᠰ᠎ᠤᠨ ᠲᠤᠬ ᠡᠯᠭᠦᠵᠦ ᠮᠠᠨᠳᠤᠭᠤᠯᠬᠤ ᠶᠠᠪᠤᠴᠠ᠎ᠳᠤ ᠤᠯᠤᠰ᠎ᠤᠨ ᠰᠦᠯᠳᠡ ᠳᠠᠭᠤᠤ ᠵᠢ ᠬᠥᠭᠵᠢᠮᠳᠡᠨ ᠳᠠᠭᠤᠯᠠᠵᠤ᠂ ᠲᠤᠬᠠᠢ ᠵᠢᠨ ᠲᠠᠯᠠᠪᠤᠷ᠎ᠤᠨ ᠬᠥᠮᠥᠰ ᠤᠯᠤᠰ᠎ᠤᠨ ᠲᠤᠬ ᠵᠦᠭ ᠬᠠᠨᠳᠤᠨ ᠲᠥᠪ ᠵᠣᠭᠰᠣᠬᠤ ᠵᠢᠨ ᠬᠠᠮᠲᠤ᠂ ᠠᠰ ᠰᠢᠷᠳᠡᠨ ᠶᠣᠰᠣ ᠭᠦᠢ᠍ᠴᠡᠭᠡᠬᠦ ᠪᠤᠶᠤ ᠭᠠᠷ ᠡᠷᠭᠦᠨ ᠶᠣᠰᠣᠯᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ 《ᠤᠯᠤᠰ᠎ᠤᠨ ᠲᠤᠬ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠤᠯᠤᠰ᠎ᠤᠨ ᠲᠤᠬ ᠡᠯᠭᠦᠵᠦ ᠮᠠᠨᠳᠤᠭᠤᠯᠬᠤ᠎ᠳᠤ᠂ ᠶᠡᠭᠡ ᠰᠠᠯᠬᠢ᠂ ᠡᠯᠡᠰᠦᠨ ᠰᠢᠭᠤᠷᠭ᠎ᠠ᠂ ᠳᠤᠮᠳᠠ ᠵᠡᠷᠭᠡ ᠵᠢᠨ ᠪᠣᠷᠣᠭ᠋ᠠᠨ ᠵᠢᠴᠢ ᠲᠡᠭᠦᠨ᠎ᠠᠴᠠ ᠳᠡᠭᠡᠭᠰᠢᠬᠢ ᠪᠣᠷᠣᠭ᠋ᠠᠨ᠎ᠲᠠᠢ ᠡᠳᠦᠷ᠂ ᠳᠤᠮᠳᠠ ᠵᠡᠷᠭᠡ ᠵᠢᠨ ᠴᠠᠰᠤ ᠵᠢᠴᠢ ᠲᠡᠭᠦᠨ᠎ᠠᠴᠠ ᠳᠡᠭᠡᠭᠰᠢᠬᠢ ᠴᠠᠰᠤ᠎ᠲᠠᠢ ᠡᠳᠦᠷ᠂ ᠮᠥᠨᠳᠥᠷ ᠵᠡᠷᠭᠡ ᠮᠠᠭᠤᠬᠠᠢ ᠴᠠᠭ ᠠᠭᠤᠷ ᠲᠣᠬᠢᠶᠠᠯᠳᠤᠪᠠᠯ ᠡᠯᠭᠦᠨ ᠮᠠᠨᠳᠤᠭᠤᠯᠬᠤ ᠦᠭᠡᠢ ᠪᠠᠶ᠋ᠢᠵᠤ ᠪᠣᠯᠣᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠴᠠᠭ ᠠᠭᠤᠷ᠎ᠤᠨ ᠭᠠᠮᠰᠢᠭ᠎ᠤᠨ ᠤᠷᠢᠳᠴᠢᠯᠠᠭᠰᠠᠨ ᠰᠡᠷᠡᠮᠵᠢᠯᠡᠭᠦᠯᠦᠯ᠎ᠢ ᠨᠡᠶ᠋ᠢᠲᠡᠯᠡᠬᠦ᠎ᠳᠤ᠎ᠪᠠᠨ ᠤᠯᠤᠰ᠎ᠤᠨ ᠲᠤᠬ ᠡᠯᠭᠦᠵᠦ ᠮᠠᠨᠳᠤᠭᠤᠯᠬᠤ ᠡᠰᠡᠬᠦ᠎ᠳᠤ ᠲᠣᠬᠢᠷᠠᠭᠤᠯᠤᠯᠲᠠ ᠭᠠᠷᠭ᠋ᠠᠵᠤ ᠪᠣᠯᠣᠨ᠎ᠠ᠃
ᠠᠷᠪᠠᠨ ᠬᠤᠶᠠᠳᠤᠭ᠋ᠠᠷ ᠵᠦᠢ᠍ᠯ ᠲᠤᠭ᠎ᠢ ᠬᠠᠭ᠋ᠠᠰ ᠪᠠᠭᠤᠯᠭ᠋ᠠᠬᠤ ᠴᠢᠬᠤᠯᠠᠲᠠᠢ ᠦᠶ᠎ᠡ᠎ᠳᠤ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠤᠷᠠᠭᠳᠠᠭᠰᠠᠨ᠂ ᠭ᠋ᠬᠢᠷᠲᠦᠭᠰᠡᠨ᠂ ᠥᠩᠭᠡ᠎ᠨᠢ ᠤᠨᠠᠭᠰᠠᠨ ᠪᠤᠶᠤ ᠬᠡᠪ ᠪᠠᠷᠢᠮᠵᠢᠶ᠎ᠠ᠎ᠳᠤ ᠦᠯᠦ ᠨᠡᠶ᠋ᠢᠴᠡᠬᠦ ᠤᠯᠤᠰ᠎ᠤᠨ ᠲᠤᠬ᠎ᠢ ᠡᠭᠡᠭᠦᠯᠦᠨ ᠬᠤᠷᠢᠶᠠᠬᠤ᠎ᠳᠤ ᠨᠢᠭᠡᠴᠢ ᠵᠢᠨ ᠬᠠᠮᠢᠶᠠᠷᠤᠯᠲᠠ ᠬᠢᠭᠡᠳ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢ ᠤᠶᠠᠯᠳᠤᠭᠤᠯᠬᠤ ᠵᠠᠷᠴᠢᠮ ᠵᠶ᠋ᠠᠷ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ᠎ᠬᠢ ᠵᠢ ᠲᠤᠰ ᠨᠢᠭᠡᠴᠢ ᠵᠢᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ ᠪᠤᠶᠤ ᠠᠵᠢᠯᠴᠢᠨ᠎ᠤ ᠡᠪᠯᠡᠯ ᠬᠠᠷᠢᠭᠤᠴᠠᠨ᠎ᠠ; ᠰᠤᠷᠭ᠋ᠠᠭᠤᠯᠢ ᠵᠢᠨ᠎ᠬᠢ ᠵᠢ ᠲᠤᠬᠠᠢ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ ᠲᠠᠷᠢᠶᠠᠯᠠᠬᠤ ᠮᠠᠯᠵᠢᠬᠤ ᠣᠷᠣᠨ᠎ᠤ᠎ᠬᠢ ᠵᠢ ᠪᠠᠶ᠋ᠢᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ; ᠪᠤᠰᠤᠳ ᠵᠣᠬᠢᠶᠠᠨ ᠪᠠᠶ᠋ᠢᠭᠤᠯᠤᠯᠲᠠ ᠪᠠ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)ᠤᠬᠢ ᠵᠢ ᠪᠠᠶ᠋ᠢᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠬᠠᠷᠢᠭᠤᠴᠠᠨ᠎ᠠ᠃
ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ᠎ᠪᠠᠨ ᠤᠯᠤᠰ᠎ᠤᠨ ᠲᠤᠭ᠎ᠢ ᠡᠭᠡᠭᠦᠯᠦᠨ ᠬᠤᠷᠢᠶᠠᠵᠤ ᠠᠪᠬᠤ ᠴᠡᠭ᠎ᠢ ᠵᠦᠢ ᠵᠣᠬᠢᠰᠲᠠᠢ ᠪᠠᠶ᠋ᠢᠷᠢᠯᠠᠭᠤᠯᠵᠤ᠂ ᠲᠥᠪᠯᠡᠷᠡᠭᠦᠯᠦᠨ ᠲᠠᠯᠪᠢᠬᠤ ᠲᠠᠯᠠᠪᠤᠷ ᠭᠠᠵᠠᠷ᠎ᠢ ᠲᠣᠳᠣᠷᠬᠠᠶ᠋ᠢᠯᠠᠨ᠂ ᠤᠯᠤᠰ᠎ᠤᠨ ᠲᠤᠭ᠎ᠢ ᠬᠤᠷᠢᠶᠠᠨ ᠠᠪᠴᠤ ᠰᠢᠢ᠍ᠳᠪᠦᠷᠢᠯᠡᠬᠦ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠬᠤᠪᠢ ᠬᠥᠮᠥᠨ ᠪᠠ ᠵᠣᠬᠢᠶᠠᠨ ᠪᠠᠶ᠋ᠢᠭᠤᠯᠤᠯᠲᠠ ᠵᠢᠨ ᠬᠦᠷᠭᠡᠵᠦ ᠲᠤᠰᠢᠶᠠᠭᠰᠠᠨ ᠤᠷᠠᠭᠳᠠᠭᠰᠠᠨ᠂ ᠭ᠋ᠬᠢᠷᠲᠦᠭᠰᠡᠨ᠂ ᠥᠩᠭᠡ᠎ᠨᠢ ᠤᠨᠠᠭᠰᠠᠨ ᠪᠤᠶᠤ ᠬᠡᠪ ᠪᠠᠷᠢᠮᠵᠢᠶ᠎ᠠ᠎ᠳᠤ ᠦᠯᠤ ᠨᠡᠶ᠋ᠢᠴᠡᠬᠦ ᠤᠯᠤᠰ᠎ᠤᠨ ᠲᠤᠬ᠎ᠢ ᠬᠤᠷᠢᠶᠠᠪᠠᠰᠤ ᠵᠣᠬᠢᠬᠤ ᠵᠢ᠎ᠨᠢ ᠴᠥᠮ ᠬᠤᠷᠢᠶᠠᠵᠤ᠂ ᠰᠠᠶ᠋ᠢᠲᠤᠷ ᠬᠠᠳᠠᠭ᠋ᠠᠯᠠᠨ ᠬᠠᠮᠢᠶᠠᠷᠴᠤ᠂ ᠨᠢᠭᠡᠳᠦᠯᠲᠡᠢ ᠰᠢᠢ᠍ᠳᠪᠦᠷᠢᠯᠡᠬᠦ ᠬᠡᠷᠡᠭᠲᠡᠢ᠂ ᠨᠡᠶ᠋ᠢᠭᠡᠮ ᠳᠡᠭᠡᠷ᠎ᠡ ᠲᠡᠭᠢᠵᠤ ᠭᠠᠷᠭ᠋ᠠᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ ᠣᠯᠠᠨ ᠲᠦᠮᠡᠨᠴᠢ ᠴᠢᠨᠠᠷᠲᠠᠢ ᠲᠣᠮᠣ ᠬᠡᠯᠪᠡᠷᠢ ᠵᠢᠨ ᠠᠵᠢᠯᠯᠠᠭ᠋ᠠᠨ ᠡᠷᠬᠢᠯᠡᠬᠦ ᠵᠡᠷᠭᠡ ᠲᠤᠬᠠᠢ ᠵᠢᠨ ᠭᠠᠵᠠᠷ᠎ᠲᠤ ᠤᠯᠤᠰ᠎ᠤᠨ ᠲᠤᠬ᠎ᠢ ᠬᠡᠷᠡᠭᠯᠡᠬᠦ᠎ᠳᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠢᠨᠠᠯᠲᠠ ᠲᠠᠯᠪᠢᠵᠤ ᠵᠢᠭ᠋ᠠᠨ ᠵᠢᠯᠤᠭᠤᠳᠬᠤ᠎ᠪᠠᠨ ᠴᠢᠩᠭ᠋ᠠᠳᠬᠠᠵᠤ᠂ ᠭᠤᠣᠯᠯᠠᠨ ᠡᠷᠬᠢᠯᠡᠬᠦ ᠲᠠᠯ᠎ᠠ ᠵᠢ ᠰᠢᠮᠳᠠᠭᠤᠯᠵᠤ ᠪᠠᠶ᠋ᠢᠭ᠋ᠠᠳ ᠬᠡᠷᠡᠭᠯᠡᠭᠰᠡᠨ ᠤᠯᠤᠰ᠎ᠤᠨ ᠲᠤᠬ᠎ᠢ ᠴᠠᠭ ᠲᠤᠬᠠᠢᠳᠤᠨᠢ ᠬᠤᠷᠢᠶᠠᠨ ᠠᠪᠤᠭᠤᠯᠬᠤ ᠵᠢᠨ ᠬᠠᠮᠲᠤ ᠬᠠᠤᠯᠢ ᠲᠣᠭᠲᠠᠭ᠋ᠠᠯ ᠶᠣᠰᠣᠭ᠋ᠠᠷ ᠬᠦᠷᠭᠡᠨ ᠲᠤᠰᠢᠶᠠᠵᠤ ᠰᠢᠢ᠍ᠳᠪᠦᠷᠢᠯᠡᠭᠦᠯᠬᠦ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠤᠷᠠᠭᠳᠠᠭᠰᠠᠨ᠂ ᠭ᠋ᠬᠢᠷᠲᠦᠭᠰᠡᠨ᠂ ᠥᠩᠭᠡ᠎ᠨᠢ ᠤᠨᠠᠭᠰᠠᠨ ᠪᠤᠶᠤ ᠬᠡᠪ ᠪᠠᠷᠢᠮᠵᠢᠶ᠎ᠠ᠎ᠳᠤ ᠥᠯᠥ ᠨᠡᠶ᠋ᠢᠴᠡᠬᠦ ᠤᠯᠤᠰ᠎ᠤᠨ ᠲᠤᠭ᠎ᠢ ᠲᠥᠪᠯᠡᠷᠡᠭᠦᠯᠦᠨ ᠰᠢᠢ᠍ᠳᠪᠦᠷᠢᠯᠡᠬᠦ᠎ᠳᠤ᠎ᠪᠠᠨ ᠣᠷᠴᠢᠨ ᠲᠣᠭᠤᠷᠢᠨ᠎ᠢ ᠬᠠᠮᠠᠭ᠋ᠠᠯᠠᠬᠤ ᠪᠠ ᠣᠷᠴᠢᠯᠳᠤᠭᠤᠯᠤᠨ ᠠᠰᠢᠭᠯᠠᠬᠤ ᠵᠢ ᠴᠢᠬᠤᠯᠠᠴᠢᠯᠠᠵᠤ᠂ ᠰᠢᠢ᠍ᠳᠪᠦᠷᠢᠯᠡᠬᠦ ᠶᠠᠪᠤᠴᠠ᠎ᠨᠢ ᠲᠥᠪ ᠴᠢᠩᠭ᠎ᠠ ᠡᠮᠬᠢ ᠵᠢᠷᠤᠮ᠎ᠲᠠᠢ ᠪᠠᠶ᠋ᠢᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠠᠷᠠᠳ ᠢᠷᠭᠡᠨ ᠪᠠ ᠵᠣᠬᠢᠶᠠᠨ ᠪᠠᠶ᠋ᠢᠭᠤᠯᠤᠯᠲᠠ ᠵᠢᠨ ᠲᠣᠬᠢᠷᠠᠮᠵᠢᠲᠠᠢ ᠭᠠᠵᠠᠷ᠎ᠲᠤ ᠤᠯᠤᠰ᠎ᠤᠨ ᠲᠤᠬ ᠵᠢᠴᠢ ᠲᠡᠭᠦᠨ᠎ᠤ ᠵᠢᠷᠤᠭ ᠳᠦᠷᠰᠦ ᠵᠢ ᠬᠡᠷᠡᠭᠯᠡᠵᠦ᠂ ᠡᠬᠡ ᠣᠷᠣᠨᠴᠢ ᠰᠡᠳᠬᠢᠯᠭᠡ᠎ᠪᠠᠨ ᠢᠯᠡᠳᠬᠡᠬᠦ ᠵᠢ ᠰᠠᠨᠠᠭ᠋ᠠᠴᠢᠯᠠᠨ᠎ᠠ᠃ ᠤᠯᠤᠰ᠎ᠤᠨ ᠲᠤᠭ ᠵᠢᠴᠢ ᠲᠡᠭᠦᠨ᠎ᠤ ᠵᠢᠷᠤᠭ ᠳᠦᠷᠰᠦ ᠵᠢ ᠬᠡᠷᠡᠭᠯᠡᠬᠦ᠎ᠳᠤ᠎ᠪᠠᠨ 《ᠤᠯᠤᠰ᠎ᠤᠨ ᠲᠤᠭ᠎ᠤᠨ ᠬᠠᠤᠯᠢ》 ᠵᠢᠨ ᠬᠤᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠂ ᠬᠤᠪᠢ ᠬᠥᠮᠥᠨ᠎ᠤ ᠣᠷᠣᠰᠢᠭᠤᠯᠭ᠎ᠠ ᠵᠢᠨ ᠠᠵᠢᠯᠯᠠᠭ᠎ᠠ ᠵᠡᠷᠭᠡ ᠵᠣᠬᠢᠰ ᠦᠭᠡᠢ ᠪᠠᠶ᠋ᠢᠳᠠᠯ᠎ᠳᠤ ᠬᠡᠷᠡᠭᠯᠡᠵᠦ ᠪᠣᠯᠬᠤ ᠦᠭᠡᠢ᠂ ᠨᠡᠶ᠋ᠢᠲᠡ ᠵᠢᠨ ᠡᠮᠬᠢ ᠵᠢᠷᠤᠮ ᠪᠠ ᠰᠠᠶ᠋ᠢᠨ ᠰᠠᠶ᠋ᠢᠬᠠᠨ ᠬᠡᠪ ᠵᠠᠩᠰᠢᠯ᠎ᠢ ᠵᠥᠷᠢᠴᠡᠵᠦ ᠪᠣᠯᠬᠤ ᠦᠭᠡᠢ᠃
ᠠᠷᠪᠠᠨ ᠳᠣᠯᠣᠳᠤᠭ᠋ᠠᠷ ᠵᠦᠢ᠍ᠯ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠡᠬᠡ ᠣᠷᠣᠨᠴᠢ ᠦᠵᠡᠯ᠎ᠤᠨ ᠬᠥᠮᠦᠵᠢᠯ ᠪᠠ ᠴᠢᠬᠤᠯᠠ ᠶᠡᠭᠡ ᠪᠠᠶᠠᠷ ᠳᠤᠷᠠᠰᠬᠠᠯ᠎ᠤᠨ ᠠᠵᠢᠯᠯᠠᠭ᠎ᠠ᠎ᠲᠠᠢ ᠤᠶᠠᠯᠳᠤᠭᠤᠯᠤᠨ᠂ 《ᠤᠯᠤᠰ᠎ᠤᠨ ᠲᠤᠬ᠎ᠤᠨ ᠬᠠᠤᠯᠢ》 ᠵᠢᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠣᠨᠢᠨ᠂ ᠷᠠᠳᠢᠣ᠋ ᠨᠡᠪᠲᠡᠷᠡᠭᠦᠯᠭᠡ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠡᠮ ᠵᠶ᠋ᠠᠷ ᠳᠠᠮᠵᠢᠭᠤᠯᠤᠨ ᠤᠯᠤᠰ᠎ᠤᠨ ᠲᠤᠬ᠎ᠤᠨ ᠲᠤᠬᠠᠢ ᠮᠡᠳᠡᠯᠭᠡ ᠵᠢ ᠥᠷᠭᠡᠨ ᠵᠶ᠋ᠠᠷ ᠲᠦᠭᠡᠮᠡᠯᠵᠢᠭᠦᠯᠵᠦ᠂ ᠠᠷᠠᠳ ᠢᠷᠭᠡᠳ᠎ᠤᠨ ᠤᠯᠤᠰ᠎ᠤᠨ ᠲᠤᠬᠠᠢ ᠦᠵᠡᠯᠲᠡ ᠵᠢ ᠴᠢᠩᠭ᠋ᠠᠳᠬᠠᠵᠤ᠂ ᠨᠡᠶ᠋ᠢᠭᠡᠮ ᠳᠠᠶᠠᠭ᠋ᠠᠷ᠎ᠲᠤ ᠤᠯᠤᠰ᠎ᠤᠨ ᠲᠤᠬ ᠵᠶ᠋ᠠᠨ ᠬᠦᠨᠳᠦᠳᠬᠡᠬᠦ᠂ ᠤᠯᠤᠰ᠎ᠤᠨ ᠲᠤᠬ ᠵᠶ᠋ᠠᠨ ᠬᠠᠶ᠋ᠢᠷᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠲᠤᠬ᠎ᠤᠨ ᠬᠠᠮᠢᠶ᠎ᠠ ᠪᠦᠬᠦᠢ ᠪᠦᠲᠦᠭᠡᠭᠳᠡᠬᠦᠨ᠎ᠤ ᠶᠠᠰᠤ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠤᠯᠤᠰ᠎ᠤᠨ ᠲᠤᠬ᠎ᠤᠨ ᠬᠠᠮᠢᠶ᠎ᠠ ᠪᠦᠬᠦᠢ ᠪᠦᠲᠦᠭᠡᠭᠳᠡᠬᠦᠨ᠎ᠢ ᠦᠢ᠍ᠯᠡᠳᠪᠦᠷᠢᠯᠡᠬᠦ᠂ ᠪᠣᠷᠣᠯᠠᠭᠤᠯᠬᠤ ᠵᠡᠷᠭᠡ ᠦᠢ᠍ᠯᠨ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ; ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠲᠤᠬ ᠵᠢᠴᠢ ᠲᠡᠭᠦᠨ᠎ᠤ ᠵᠢᠷᠤᠭ ᠳᠦᠷᠰᠦ᠎ᠲᠠᠢ ᠲᠠᠸᠠᠷ᠎ᠢ ᠬᠡᠷᠡᠭᠯᠡᠵᠦ ᠪᠠᠶ᠋ᠢᠭ᠎ᠠ ᠦᠢ᠍ᠯᠡ ᠠᠵᠢᠯᠯᠠᠭ᠎ᠠ ᠵᠢ ᠬᠢᠨᠠᠨ ᠬᠠᠮᠢᠶᠠᠷᠴᠤ᠂ ᠲᠠᠸᠠᠷ᠎ᠤᠨ ᠲᠡᠮᠳᠡᠭ᠂ ᠲᠤᠰᠬᠠᠢ ᠠᠰᠢᠭ᠎ᠤᠨ ᠡᠷᠬᠡ ᠣᠯᠭᠤᠭᠰᠠᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠪᠤᠶᠤ ᠬᠤᠳᠠᠯᠳᠤᠭ᠋ᠠᠨ᠎ᠤ ᠵᠡᠷ᠎ᠲᠤ ᠤᠯᠤᠰ᠎ᠤᠨ ᠲᠤᠬ ᠵᠢᠴᠢ ᠲᠡᠭᠦᠨ᠎ᠤ ᠵᠢᠷᠤᠭ ᠳᠦᠷᠰᠦ᠎ᠲᠠᠢ ᠲᠠᠸᠠᠷ᠎ᠢ ᠬᠡᠷᠡᠭᠯᠡᠬᠦ ᠵᠡᠷᠭᠡ ᠦᠢ᠍ᠯᠨ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠲᠤᠭ᠎ᠢ ᠡᠯᠭᠦᠵᠦ ᠮᠠᠨᠳᠤᠭᠤᠯᠤᠭᠰᠠᠨ᠂ ᠬᠡᠷᠡᠭᠯᠡᠭᠰᠡᠨ᠂ ᠡᠭᠡᠭᠦᠯᠦᠨ ᠬᠤᠷᠢᠶᠠᠭᠰᠠᠨ ᠵᠡᠷᠭᠡ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠵᠤ᠂ ᠤᠯᠤᠰ᠎ᠤᠨ ᠲᠤᠭ᠎ᠢ ᠵᠢᠷᠣᠮᠵᠢᠭᠤᠨ ᠪᠤᠰᠤ ᠡᠯᠭᠦᠵᠦ ᠮᠠᠨᠳᠤᠭᠤᠯᠤᠭᠰᠠᠨ᠂ ᠬᠡᠷᠡᠭᠯᠡᠭᠰᠡᠨ ᠠᠷᠭ᠎ᠠ ᠬᠢᠳᠡᠯ᠎ᠢ ᠴᠠᠭ ᠲᠤᠬᠠᠢᠳᠤᠨᠢ ᠵᠠᠯᠠᠷᠠᠭᠤᠯᠵᠤ᠂ ᠤᠯᠤᠰ᠎ᠤᠨ ᠲᠤᠭ᠎ᠤᠨ ᠨᠡᠷ᠎ᠡ ᠬᠦᠨᠳᠦ ᠵᠢ ᠬᠤᠬᠢᠷᠠᠭᠤᠯᠤᠭᠰᠠᠨ ᠥᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠢ ᠣᠯᠵᠤ ᠮᠡᠳᠡᠪᠡᠯ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠬᠤ ᠬᠡᠷᠡᠭᠲᠡᠢ᠄
(ᠨᠢᠭᠡ) ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ ᠶᠣᠰᠣᠲᠠᠢ ᠪᠠᠶ᠋ᠢᠲᠠᠯ᠎ᠠ ᠡᠯᠭᠦᠵᠦ ᠮᠠᠨᠳᠤᠭᠤᠯᠤᠭᠰᠠᠨ ᠦᠭᠡᠢ ᠪᠠᠶ᠋ᠢᠬᠤ;
(ᠬᠤᠶᠠᠷ) ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ ᠣᠷᠣᠨ ᠪᠠᠶ᠋ᠢᠷᠢ᠎ᠨᠢ ᠵᠣᠬᠢᠰ ᠦᠭᠡᠢ ᠪᠠᠶ᠋ᠢᠬᠤ;
(ᠭᠤᠷᠪᠠ) ᠲᠣᠭᠲᠠᠭ᠋ᠠᠯ ᠶᠣᠰᠣᠭ᠋ᠠᠷ ᠤᠯᠤᠰ᠎ᠤᠨ ᠲᠤᠬ ᠡᠯᠭᠦᠵᠦ ᠮᠠᠨᠳᠤᠭᠤᠯᠤᠭᠰᠠᠨ ᠦᠭᠡᠢ ᠪᠠ ᠪᠠᠭᠤᠯᠭ᠋ᠠᠨ ᠬᠤᠷᠢᠶᠠᠭᠰᠠᠨ ᠦᠭᠡᠢ᠂ ᠲᠤᠬ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ ᠦᠭᠡᠢ ᠪᠠᠶ᠋ᠢᠬᠤ;
(ᠳᠥᠷᠪᠡ) ᠤᠯᠤᠰ᠎ᠤᠨ ᠲᠤᠬ᠎ᠢ ᠡᠯᠭᠦᠭᠰᠡᠨ᠂ ᠬᠠᠳᠬᠤᠭᠰᠠᠨ᠂ ᠡᠭᠴᠡ ᠡᠯᠭᠦᠭᠰᠡᠨ ᠪᠤᠶᠤ ᠳᠡᠯᠭᠡᠵᠦ ᠲᠠᠯᠪᠢᠭᠰᠠᠨ᠎ᠨᠢ ᠲᠣᠭᠲᠠᠭ᠋ᠠᠯ᠎ᠳᠤ ᠨᠡᠶ᠋ᠢᠴᠡᠬᠦ ᠦᠭᠡᠢ ᠪᠠᠶ᠋ᠢᠬᠤ;
(ᠲᠠᠪᠤ) ᠲᠣᠭᠲᠠᠭ᠋ᠠᠯ᠎ᠠᠴᠠ ᠵᠥᠷᠢᠴᠡᠵᠦ ᠤᠯᠤᠰ᠎ᠤᠨ ᠲᠤᠬ ᠵᠢᠴᠢ ᠲᠡᠭᠦᠨ᠎ᠤ ᠵᠢᠷᠤᠭ ᠳᠦᠷᠰᠦ ᠵᠢ ᠬᠡᠷᠡᠭᠯᠡᠭᠰᠡᠨ;
(ᠵᠢᠷᠭᠤᠭ᠎ᠠ) ᠤᠷᠠᠭᠳᠠᠭᠰᠠᠨ᠂ ᠭ᠋ᠬᠢᠷᠲᠦᠭᠰᠡᠨ᠂ ᠥᠩᠭᠡ᠎ᠨᠢ ᠤᠨᠠᠭᠰᠠᠨ ᠪᠤᠶᠤ ᠬᠡᠪ ᠪᠠᠷᠢᠮᠵᠢᠶ᠎ᠠ᠎ᠳᠤ ᠦᠯᠦ ᠨᠡᠶ᠋ᠢᠴᠡᠬᠦ ᠤᠯᠤᠰ᠎ᠤᠨ ᠲᠤᠬ᠎ᠢ ᠡᠯᠭᠦᠵᠦ ᠮᠠᠨᠳᠤᠭᠤᠯᠤᠭᠰᠠᠨ ᠪᠠ ᠬᠡᠷᠡᠭᠯᠡᠭᠰᠡᠨ;
(ᠲᠤᠯᠤᠭ᠎ᠠ) ᠲᠣᠭᠲᠠᠭ᠋ᠠᠯ᠎ᠠᠴᠠ ᠵᠥᠷᠢᠴᠡᠵᠦ ᠤᠯᠤᠰ᠎ᠤᠨ ᠲᠤᠬ᠎ᠢ ᠡᠭᠡᠭᠦᠯᠦᠨ ᠬᠤᠷᠢᠶᠠᠵᠤ ᠠᠪᠤᠭᠰᠠᠨ ᠪᠠ ᠰᠢᠢ᠍ᠳᠪᠦᠷᠢᠯᠡᠭᠰᠡᠨ;
(ᠨᠠᠢ᠍ᠮᠠ) ᠤᠯᠤᠰ᠎ᠤᠨ ᠲᠤᠬ᠎ᠢ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠪᠠᠶ᠋ᠢᠳᠠᠯ᠃
ᠬᠤᠷᠢᠳᠤᠭ᠋ᠠᠷ ᠵᠦᠢ᠍ᠯ ᠲᠤᠰ ᠲᠣᠭᠲᠠᠭ᠋ᠠᠯ᠎ᠠᠴᠠ ᠵᠥᠷᠢᠴᠡᠵᠦ ᠤᠯᠤᠰ᠎ᠤᠨ ᠲᠤᠬ᠎ᠢ ᠡᠯᠭᠦᠵᠦ ᠮᠠᠨᠳᠤᠭᠤᠯᠤᠭᠰᠠᠨ᠂ ᠬᠡᠷᠡᠭᠯᠡᠭᠰᠡᠨ ᠥᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠵᠠᠯᠠᠷᠠᠭᠤᠯᠬᠤ ᠰᠠᠨᠠᠭᠤᠯᠭ᠎ᠠ ᠳᠤᠷᠠᠳᠬᠤ ᠪᠤᠶᠤ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠰᠠᠯᠠᠭ᠎ᠠ ᠮᠥᠴᠢᠷ᠎ᠲᠤ ᠮᠡᠳᠡᠭᠦᠯᠬᠦ ᠡᠷᠬᠡ᠎ᠲᠠᠢ᠃ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠰᠠᠯᠠᠭ᠎ᠠ ᠮᠥᠴᠢᠷ᠎ᠨᠢ ᠮᠡᠳᠡᠭᠦᠯᠦᠯᠲᠡ ᠵᠢ ᠳᠤᠰᠤᠭᠰᠠᠨ᠎ᠤ ᠳᠠᠷᠠᠭ᠎ᠠ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠲᠣᠰ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ 《ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠵᠢᠨ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2020] 11 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪᠠ