ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠨᠡᠶᠢᠲᠡᠯᠡᠭᠰᠡᠨ ᠴᠠᠭ᠄ 2024-12-27


    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
    ᠥᠪᠥᠷ ᠵᠠᠰᠠᠭ ᠦᠰᠦᠭ [2024] 234 ᠳ᠋ᠦ᠍ᠭᠡᠷ ᠲᠣᠭ᠋ᠠᠲᠤ
   《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠭᠠᠵᠠᠷ ᠰᠢᠷᠣᠢ ᠵᠢ
    ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠤᠨ ᠲᠤᠬᠠᠢ
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
    ᠪᠤᠭᠤᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄
    ᠲᠠᠨ᠎ᠤ ᠬᠤᠲᠠ ᠵᠢᠨ 《〈ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 ᠣᠨ)〉᠎ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ》 (ᠪᠤᠭᠤᠲᠤ ᠣᠷᠳᠣᠨ ᠮᠡᠳᠡᠭᠦᠯᠦᠯᠲᠡ [2024] 164 ᠳ᠋ᠦ᠍ᠭᠡᠷ ᠲᠣᠭ᠋ᠠᠲᠤ) ᠵᠢ ᠭᠥᠯᠢᠶᠡᠨ ᠠᠪᠴᠤ ᠣᠶ᠋ᠢᠯᠠᠭ᠋ᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
    ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠨᠤᠲᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠨᠢ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠠ 《〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠤᠨ ᠬᠤᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ᠎ᠳᠤ ᠨᠡᠶ᠋ᠢᠴᠡᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮ᠎ᠳᠤ ᠨᠡᠶ᠋ᠢᠴᠡᠵᠦ ᠪᠠᠶ᠋ᠢᠨ᠎ᠠ᠂ ᠡᠶ᠋ᠢᠨ ᠬᠦ᠌ 《ᠪᠤᠭᠤᠲᠤ ᠵᠢᠨ ᠬᠥᠨᠳᠡᠯᠡᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠥᠰᠥᠯ (2024 ᠣᠨ)》᠎ᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠂ ᠡᠯ᠎ᠡ ᠵᠦᠢ᠍ᠯ᠎ᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠲᠦᠭᠡᠢ᠃
   2024 ᠣᠨ᠎ᠤ 12 ᠳ᠋ᠤᠭ᠋ᠠᠷ ᠰᠠᠷ᠎ᠠ ᠵᠢᠨ 9᠎ᠤ ᠡᠳᠦᠷ
   (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠭᠦᠬᠡᠬᠤᠲᠠ ᠵᠢᠨ ᠢᠦᠢ ᠴᠢᠤᠸᠠᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠵᠠᠭᠤᠷᠠᠯᠳᠤᠭ᠋ᠠᠨ᠎ᠢ ᠰᠡᠷᠭᠡᠶ᠋ᠢᠯᠡᠬᠦ ᠪᠠ ᠰᠢᠢ᠍ᠳᠪᠦᠷᠢᠯᠡᠬᠦ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠲᠦᠢ᠍ᠮᠡᠷ᠎ᠤᠨ ᠠᠳᠡᠯ᠎ᠢ ᠪᠠᠶ᠋ᠢᠴᠠᠭ᠋ᠠᠨ ᠰᠢᠢ᠍ᠳᠪᠦᠷᠢᠯᠡᠬᠦ ᠲᠣᠭᠲᠠᠭ᠋ᠠᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠲᠦᠩᠯᠢᠶᠣᠣ ᠬᠤᠲᠠ ᠵᠢᠨ ᠬᠤᠷᠴᠢᠨ ᠲᠣᠭᠤᠷᠢᠭ᠎ᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》᠎ᠤᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ
《ᠲᠥᠯᠥᠪᠦᠷᠢ ᠦᠭᠡᠢ᠎ᠪᠠᠷ ᠴᠢᠰᠤ ᠬᠠᠨᠳᠢᠪᠯᠠᠭᠰᠠᠳ᠎ᠢ ᠤᠷᠮᠠᠰᠢᠭᠤᠯᠤᠨ ᠬᠥᠬᠢᠭᠦᠯᠬᠦ ᠠᠵᠢᠯ᠎ᠢ ᠤᠯᠠᠮ ᠰᠠᠶ᠋ᠢᠲᠤᠷ ᠬᠢᠬᠦ ᠲᠤᠬᠠᠢ ᠮᠡᠳᠡᠭᠳᠡᠯ》᠎ᠤᠨ ᠲᠠᠶ᠋ᠢᠯᠤᠮᠵᠢ
 
            