ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨ
ᠥᠪᠥᠷ ᠵᠠᠰᠠᠭ ᠦᠰᠦᠭ [2024] 233 ᠳ᠋ᠤᠭ᠋ᠠᠷ ᠲᠣᠭ᠋ᠠᠲᠤ
《ᠲᠦᠩᠯᠢᠶᠣᠣ ᠬᠤᠲᠠ ᠵᠢᠨ ᠬᠤᠷᠴᠢᠨ ᠲᠣᠭᠤᠷᠢᠭᠤᠨ ᠭᠠᠵᠠᠷ ᠰᠢᠷᠣᠢ ᠵᠢ
ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》ᠤᠨ
ᠲᠤᠬᠠᠢ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠴᠣᠬᠤᠯᠠᠪᠤᠷᠢ
ᠲᠦᠩᠯᠢᠶᠣᠣ ᠬᠤᠲᠠ ᠵᠢᠨ ᠠᠷᠠᠳᠤᠨ ᠵᠠᠰᠠᠭᠤᠨ ᠣᠷᠳᠣᠨᠳᠤ᠄
ᠲᠠᠨᠤ ᠬᠤᠲᠠ ᠵᠢᠨ 《ᠬᠤᠷᠴᠢᠨ ᠲᠣᠭᠤᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)ᠤᠨ ᠲᠤᠬᠠᠢ ᠡᠰᠢᠯᠡᠯᠲᠡ》 (ᠲᠦᠩᠯᠢᠶᠣᠣ ᠵᠠᠰᠠᠭ ᠲᠠᠷᠬᠠᠭ᠋ᠠᠭᠰᠠᠨ [2024] 116 ᠳ᠋ᠤᠭ᠋ᠠᠷ ᠲᠣᠭ᠋ᠠᠲᠤ) ᠵᠢ ᠭᠥᠯᠢᠶᠡᠨ ᠠᠪᠴᠤ ᠣᠶ᠋ᠢᠯᠠᠭ᠋ᠠᠯᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄
ᠥᠪᠡᠷᠲᠡᠭᠡᠨ ᠵᠠᠰᠠᠬᠤ ᠣᠷᠣᠨᠤ ᠪᠠᠶ᠋ᠢᠭ᠋ᠠᠯᠢ ᠵᠢᠨ ᠡᠬᠢ ᠪᠠᠶᠠᠯᠢᠭᠤᠨ ᠲᠢᠩᠬᠢᠮ ᠲᠤᠰᠬᠠᠢ ᠮᠡᠷᠭᠡᠵᠢᠯᠲᠡᠨᠢ ᠵᠣᠬᠢᠶᠠᠨ ᠪᠠᠶ᠋ᠢᠭᠤᠯᠵᠤ ᠨᠤᠲᠠᠯᠠᠭᠤᠯᠬᠤ ᠪᠠ ᠬᠢᠨᠠᠨ ᠪᠠᠶ᠋ᠢᠴᠠᠭ᠋ᠠᠯᠭ᠋ᠠᠭ᠋ᠠᠳ᠂ 《ᠲᠦᠩᠯᠢᠶᠣᠣ ᠬᠤᠲᠠ ᠵᠢᠨ ᠬᠤᠷᠴᠢᠨ ᠲᠣᠭᠤᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》ᠨᠢ 《ᠪᠦᠭᠦᠳᠡ ᠨᠠᠶ᠋ᠢᠷᠠᠮᠳᠠᠬᠤ ᠲᠤᠮᠳᠠᠳᠤ ᠠᠷᠠᠳ ᠤᠯᠤᠰᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》 ᠪᠠ 《〈ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶ᠋ᠢᠭ᠋ᠠᠯᠢ ᠵᠢᠨ ᠡᠬᠢ ᠪᠠᠶᠠᠯᠢᠭᠤᠨ ᠶᠠᠮᠤᠨᠤ ᠮᠡᠳᠡᠭᠳᠡᠯ》 (ᠪᠠᠶ᠋ᠢᠭ᠋ᠠᠯᠢ ᠡᠬᠢ ᠪᠠᠶᠠᠯᠢᠭ ᠲᠣᠭᠲᠠᠭ᠋ᠠᠯ [2023] 7 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠵᠢ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》ᠤᠨ ᠬᠤᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭᠠᠳᠤ ᠨᠡᠶ᠋ᠢᠴᠡᠵᠦ᠂ ᠤᠯᠤᠰᠤᠨ ᠨᠤᠲᠤᠭ ᠳᠡᠪᠢᠰᠬᠡᠷᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢᠨ ᠬᠠᠮᠢᠶᠠᠷᠤᠨ ᠡᠵᠡᠮᠳᠡᠬᠦ ᠳᠦᠷᠢᠮᠳᠤ ᠨᠡᠶ᠋ᠢᠴᠡᠵᠦ ᠪᠠᠶ᠋ᠢᠨ᠎ᠠ᠂ ᠡᠶ᠋ᠢᠨ ᠬᠦ᠌ 《ᠲᠦᠩᠯᠢᠶᠣᠣ ᠬᠤᠲᠠ ᠵᠢᠨ ᠬᠤᠷᠴᠢᠨ ᠲᠣᠭᠤᠷᠢᠭᠤᠨ ᠭᠠᠵᠠᠷ ᠰᠢᠷᠣᠢ ᠵᠢ ᠲᠠᠲᠠᠪᠤᠷᠢᠯᠠᠨ ᠬᠤᠷᠢᠶᠠᠵᠤ ᠬᠡᠰᠡᠭ ᠵᠶ᠋ᠠᠷ ᠨᠡᠭᠡᠭᠡᠨ ᠬᠥᠭᠵᠢᠭᠦᠯᠬᠦ ᠲᠣᠬᠢᠷᠠᠭᠤᠯᠤᠯᠲᠠ ᠵᠢᠨ ᠲᠥᠰᠥᠯ (2022 – 2024 ᠣᠨ)》ᠢ ᠵᠠᠷᠴᠢᠮ ᠳᠡᠭᠡᠷᠡᠪᠠᠨ ᠵᠥᠪᠰᠢᠶᠡᠷᠡᠪᠡ᠂ ᠡᠯ᠎ᠡ ᠵᠦᠢ᠍ᠯᠤᠨ ᠠᠵᠢᠯ ᠵᠶ᠋ᠠᠨ ᠬᠠᠤᠯᠢ ᠲᠣᠭᠲᠠᠭ᠋ᠠᠯ ᠶᠣᠰᠣᠭ᠋ᠠᠷ ᠰᠠᠶ᠋ᠢᠲᠤᠷ ᠬᠢᠲᠦᠭᠡᠢ᠃
2024 ᠣᠨᠤ 12 ᠳ᠋ᠤᠭ᠋ᠠᠷ ᠰᠠᠷ᠎ᠠ ᠵᠢᠨ 8ᠤ ᠡᠳᠦᠷ
(ᠲᠤᠰ ᠪᠢᠴᠢᠭ ᠮᠠᠲ᠋ᠧᠷᠢᠶᠠᠯᠢ ᠢᠯᠡ ᠨᠡᠶ᠋ᠢᠲᠡᠯᠡᠨᠡ)