ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠲᠦᠷᠦᠭᠦᠬᠡᠨ 《ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ᠎ᠳᠤ ᠡᠭᠡᠯᠢᠲᠡᠢ ᠨᠡᠢ᠌ᠭᠡᠮ᠎ᠤᠨ ᠪᠠᠢ᠌ᠭᠤᠯᠤᠯᠲᠠ ᠵᠢ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》 (ᠳᠣᠣᠷ᠎ᠠ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
《ᠠᠷᠭ᠎ᠠ ᠬᠡᠮᠵᠢᠶ᠎ᠡ᠎ᠨᠦᠭᠦᠳ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ ᠵᠶ᠋ᠠᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠥᠮᠥᠨ ᠠᠮᠠ ᠵᠢᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ᠎ᠢ ᠲᠠᠨᠢᠵᠤ᠂ ᠵᠣᠬᠢᠴᠠᠵᠤ᠂ ᠬᠥᠲᠥᠯᠥᠨ ᠳᠠᠭ᠋ᠠᠭᠤᠯᠵᠤ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠪᠠ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠪᠥᠬᠦ ᠬᠥᠮᠥᠰ᠂ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ ᠵᠢ ᠬᠠᠮᠤᠷᠤᠭᠰᠠᠨ ᠬᠥᠮᠥᠨ ᠠᠮᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ᠂ ᠲᠦᠷᠦᠵᠦ ᠬᠥᠩᠭᠡᠵᠢᠬᠦ᠂ ᠥᠰᠬᠡᠨ ᠪᠣᠢ᠌ᠵᠢᠭᠤᠯᠬᠤ᠂ ᠰᠤᠷᠭ᠋ᠠᠨ ᠬᠥᠮᠥᠵᠢᠭᠦᠯᠬᠦ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠪᠥᠬᠦ ᠨᠡᠢ᠌ᠭᠡᠮ ᠵᠶ᠋ᠠᠷ ᠵᠶ᠋ᠠᠨ ᠦᠷᠡᠵᠢᠯ᠎ᠢ ᠬᠦᠨᠳᠦᠳᠬᠡᠬᠦ᠂ ᠦᠷᠡᠵᠢᠯ᠎ᠢ ᠳᠡᠮᠵᠢᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠵᠣᠬᠢᠰᠲᠠᠢ ᠦᠷᠡᠵᠢᠯ᠎ᠤᠨ ᠬᠢᠷᠢ ᠲᠦᠪᠰᠢᠨ᠎ᠲᠠᠢ ᠪᠣᠯᠭ᠋ᠠᠬᠤ ᠵᠢ ᠲᠦᠯᠬᠢᠨ ᠠᠬᠢᠭᠤᠯᠵᠤ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃
《ᠠᠷᠭ᠎ᠠ ᠬᠡᠮᠵᠢᠶ᠎ᠡ᠎ᠨᠦᠭᠦᠳ》᠎ᠲᠤ ᠦᠷᠡᠵᠢᠯ᠎ᠢ ᠳᠡᠮᠵᠢᠬᠦ ᠰᠢᠷᠢᠰ ᠠᠷᠭ᠎ᠠ ᠬᠡᠮᠵᠢᠶ᠎ᠡ ᠵᠢ 4 ᠲᠠᠯ᠎ᠠ᠎ᠠᠴᠠ ᠳᠤᠷᠠᠳᠤᠨ ᠭᠠᠷᠭ᠋ᠠᠪᠠ᠃
ᠨᠢᠭᠡ᠎ᠳᠤ᠂ ᠦᠷᠡᠵᠢᠯ᠎ᠤᠨ ᠦᠢ᠍ᠯᠡᠴᠢᠯᠡᠭᠡᠨ᠎ᠤ ᠳᠡᠮᠵᠢᠯᠭᠡ ᠵᠢ ᠴᠢᠩᠭ᠋ᠠᠳᠬᠠᠨ᠎ᠠ᠃ ᠦᠷᠡᠵᠢᠯ᠎ᠤᠨ ᠳᠠᠭ᠋ᠠᠳᠬᠠᠯ᠎ᠤᠨ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠷᠠᠭᠤᠯᠵᠤ᠂ ᠨᠥᠬᠥᠴᠡᠯ᠎ᠲᠠᠢ ᠭᠠᠵᠠᠷ᠎ᠢ ᠵᠢᠯᠤᠭᠣᠳᠴᠤ ᠪᠠᠢ᠌ᠭ᠋ᠠᠳ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠠᠮᠢᠳᠤᠯᠢᠭ ᠵᠶ᠋ᠠᠷ ᠠᠵᠢᠯ ᠣᠯᠣᠭᠰᠠᠳ᠂ ᠬᠥᠯᠥᠰᠦᠨ ᠠᠵᠢᠯᠴᠢᠳ᠂ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠦᠬᠦᠢ ᠬᠥᠮᠥᠰ᠎ᠢ ᠦᠷᠡᠵᠢᠯ᠎ᠤᠨ ᠳᠠᠭ᠋ᠠᠳᠬᠠᠯ᠎ᠳᠤ ᠣᠷᠣᠯᠴᠠᠭᠤᠯᠤᠨ᠎ᠠ᠃ ᠦᠷᠡᠵᠢᠯ᠎ᠤᠨ ᠠᠮᠠᠷᠠᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠬᠥᠩᠭᠡᠵᠢᠬᠦ ᠴᠢᠯᠦᠭᠡ᠂ ᠬᠥᠩᠭᠡᠵᠢᠬᠦ ᠵᠢ ᠱᠠᠩᠨᠠᠬᠤ ᠴᠢᠯᠦᠭᠡ᠂ ᠬᠥᠩᠭᠡᠵᠢᠬᠦ᠎ᠳᠤ ᠪᠠᠷ᠎ᠠ ᠪᠣᠯᠬᠤ ᠴᠢᠯᠦᠭᠡ᠂ ᠬᠡᠦᠬᠡᠳ ᠰᠠᠭ᠋ᠠᠲᠠᠭᠤᠯᠬᠤ ᠴᠢᠯᠦᠭᠡ ᠵᠡᠷᠭᠡ ᠦᠷᠡᠵᠢᠯ᠎ᠤᠨ ᠠᠮᠠᠷᠠᠯᠲᠠ ᠵᠢ ᠰᠠᠢ᠌ᠲᠤᠷ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠪᠠᠲᠤᠯᠠᠨ᠎ᠠ᠃ ᠦᠷᠡᠵᠢᠯ᠎ᠤᠨ ᠨᠡᠮᠡᠭᠦᠷᠢ ᠵᠢᠨ ᠳᠦᠷᠢᠮ᠎ᠢ ᠪᠠᠢ᠌ᠭᠤᠯᠵᠤ᠂ ᠣᠷᠣᠨ ᠨᠤᠲᠤᠭ᠎ᠤᠨ᠎ᠬᠢᠨ᠎ᠢ ᠵᠢᠯᠤᠭᠣᠳᠴᠤ ᠪᠠᠢ᠌ᠭ᠋ᠠᠳ ᠲᠥᠷᠥ ᠵᠢᠨ ᠪᠣᠳᠣᠯᠭ᠎ᠠ᠎ᠪᠠᠨ ᠵᠣᠯᠭ᠋ᠠᠭᠤᠯᠬᠤ ᠠᠵᠢᠯ᠎ᠢ ᠰᠠᠢ᠌ᠲᠤᠷ ᠬᠢᠵᠦ᠂ ᠨᠠᠢ᠌ᠳᠠᠪᠤᠷᠢᠵᠢᠭᠤᠯᠤᠯᠲᠠ ᠵᠢ ᠢᠳᠡᠪᠬᠢᠲᠡᠢ ᠪᠥᠭᠡᠳ ᠯᠠᠪᠳᠠᠭᠤᠨ ᠰᠠᠢ᠌ᠲᠤᠷ ᠠᠳᠬᠤᠨ᠎ᠠ᠃ ᠦᠷᠡᠵᠢᠯ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠢ ᠵᠢᠯᠤᠭᠣᠳᠴᠤ ᠪᠠᠢ᠌ᠭ᠋ᠠᠳ ᠬᠥᠩᠭᠡᠵᠢᠬᠦ᠎ᠳᠤ ᠡᠪᠡᠳᠬᠦ ᠵᠢ ᠵᠣᠭᠰᠤᠭ᠋ᠠᠬᠤ ᠵᠢᠴᠢ ᠦᠷᠡᠵᠢᠯ᠎ᠳᠤ ᠲᠤᠰᠠᠯᠠᠬᠤ ᠲᠣᠬᠢᠷᠠᠮᠵᠢᠲᠠᠢ ᠮᠡᠷᠭᠡᠵᠢᠯ᠎ᠤᠨ ᠲᠥᠷᠥᠯ ᠵᠦᠢ᠍ᠯ᠎ᠢ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠢ᠌ᠯᠬᠤ ᠬᠡᠪᠴᠢᠶᠡᠨ᠎ᠳᠤ ᠣᠷᠣᠭᠤᠯᠤᠨ᠎ᠠ᠃
ᠬᠣᠶᠠᠷ᠎ᠲᠤ᠂ ᠨᠢᠯᠬᠠᠰ᠎ᠢ ᠪᠣᠢ᠌ᠵᠢᠭᠤᠯᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠡᠦᠬᠡᠳ᠎ᠤᠨ ᠡᠮᠴᠢᠯᠡᠭᠡᠨ᠎ᠤ ᠦᠢ᠍ᠯᠡᠴᠢᠯᠡᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠨᠥᠬᠥᠴᠡᠯ᠎ᠳᠤ ᠨᠡᠢ᠌ᠴᠡᠭᠰᠡᠨ ᠬᠡᠦᠬᠡᠳ᠎ᠲᠤ ᠬᠡᠷᠡᠭᠯᠡᠬᠦ ᠡᠮ᠎ᠢ ᠴᠠᠭ ᠲᠤᠬᠠᠢᠳᠤᠨᠢ ᠲᠠᠰ ᠳᠠᠷᠠᠭ᠋ᠠᠯᠠᠯ ᠶᠣᠰᠣᠭ᠋ᠠᠷ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠢ᠌ᠯᠬᠤ ᠬᠡᠪᠴᠢᠶᠡᠨ᠎ᠳᠤ ᠣᠷᠣᠭᠤᠯᠤᠨ᠎ᠠ᠃ ᠲᠦᠭᠡᠮᠡᠯ ᠬᠠᠷᠠᠭ᠋ᠠᠯᠵᠠᠯᠲᠤ ᠨᠠᠢ᠌ᠳᠠᠨ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠨᠠᠢ᠌ᠳᠠᠨ ᠰᠠᠭ᠋ᠠᠲᠠᠭᠤᠯᠬᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠢ ᠲᠤᠰᠬᠠᠢ ᠣᠷᠣᠨ᠎ᠤ ᠳᠡᠰ᠎ᠤᠨ ᠣᠷᠣᠨ ᠬᠤᠲᠠ ᠵᠢᠨ ᠱᠠᠲᠤᠨ᠎ᠳᠤ ᠨᠡᠢ᠌ᠳᠡᠮ ᠪᠦᠷᠬᠦᠭᠦᠯᠬᠦ ᠵᠢ ᠤᠷᠢᠳ ᠵᠶ᠋ᠠᠷ ᠪᠡᠶᠡᠯᠡᠭᠦᠯᠵᠦ᠂ ᠨᠡᠢ᠌ᠭᠡᠮ ᠲᠣᠭᠣᠷᠢᠭ᠎ᠲᠤ ᠰᠢᠭᠢᠳᠬᠡᠯᠲᠦ ᠮᠠᠶᠢᠭ ᠵᠶ᠋ᠠᠷ ᠨᠠᠢ᠌ᠳᠠᠨ ᠰᠠᠭ᠋ᠠᠲᠠᠭᠤᠯᠬᠤ ᠵᠢ ᠶᠡᠬᠡ᠎ᠪᠠᠷ ᠬᠥᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠵᠢᠨ ᠨᠠᠢ᠌ᠳᠠᠨ ᠰᠠᠭ᠋ᠠᠲᠠᠭᠤᠯᠬᠤ ᠦᠢ᠍ᠯᠡᠴᠢᠯᠡᠭᠡᠨ᠎ᠤ ᠪᠠᠢ᠌ᠭᠤᠯᠤᠮᠵᠢ ᠡᠷᠭᠢᠯᠡᠬᠦ᠂ ᠭᠡᠷ ᠪᠦᠯᠢ᠎ᠳᠤ ᠨᠠᠢ᠌ᠳᠠᠨ ᠰᠠᠭ᠋ᠠᠲᠠᠭᠤᠯᠬᠤ ᠴᠡᠭ ᠭᠠᠷᠭ᠋ᠠᠬᠤ ᠵᠡᠷᠭᠡ ᠣᠯᠠᠨ ᠵᠦᠢ᠍ᠯ᠎ᠤᠨ ᠬᠡᠪ ᠵᠠᠭᠪᠤᠷ ᠵᠶ᠋ᠠᠷ ᠬᠥᠭᠵᠢᠭᠦᠯᠬᠦ ᠵᠢ ᠢᠳᠡᠪᠬᠢᠲᠡᠢ ᠳᠡᠮᠵᠢᠵᠦ᠂ ᠬᠡᠦᠬᠡᠳ᠎ᠢ ᠨᠠᠢ᠌ᠳᠠᠨ ᠰᠠᠭ᠋ᠠᠲᠠᠭᠤᠯᠬᠤ ᠪᠠ ᠠᠰᠠᠷᠠᠵᠤ ᠬᠥᠮᠥᠵᠢᠭᠦᠯᠬᠦ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡ ᠵᠢ ᠶᠡᠬᠡ᠎ᠪᠠᠷ ᠬᠥᠭᠵᠢᠭᠦᠯᠦᠨ᠎ᠡ᠃ ᠲᠦᠭᠡᠮᠡᠯ ᠬᠠᠷᠠᠭ᠋ᠠᠯᠵᠠᠯᠲᠤ ᠨᠠᠢ᠌ᠳᠠᠨ ᠰᠠᠭ᠋ᠠᠲᠠᠭᠤᠯᠬᠤ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠨᠥᠬᠥᠴᠡᠯ᠎ᠲᠠᠢ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠲᠦᠭᠡᠮᠡᠯ ᠬᠠᠷᠠᠭ᠋ᠠᠯᠵᠠᠯᠲᠤ ᠬᠡᠦᠬᠡᠳ ᠰᠠᠭ᠋ᠠᠲᠠᠭᠤᠯᠬᠤ ᠪᠠᠢ᠌ᠭᠤᠯᠤᠮᠵᠢ᠎ᠳᠤ ᠵᠣᠬᠢᠬᠤ ᠬᠡᠮᠵᠢᠶᠡᠨ᠎ᠤ ᠡᠵᠡᠩᠨᠡᠨ ᠠᠵᠢᠯᠯᠠᠭᠤᠯᠬᠤ ᠨᠥᠬᠥᠪᠦᠷᠢ ᠣᠯᠭᠣᠬᠤ ᠵᠢ ᠵᠣᠷᠢᠭᠵᠢᠭᠤᠯᠤᠨ᠎ᠠ᠃ ᠬᠡᠦᠬᠡᠳ᠎ᠤᠨ ᠥᠰᠦᠯᠲᠡ ᠪᠤᠶ᠋ᠢᠵᠢᠯᠲᠠ ᠪᠠ ᠬᠠᠮᠠᠭ᠋ᠠᠯᠠᠯᠲᠠ ᠵᠢ ᠠᠬᠢᠭᠤᠯᠤᠨ᠎ᠠ᠃
ᠭᠤᠷᠪᠠ᠎ᠳᠤ᠂ ᠰᠤᠷᠭ᠋ᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠣᠯᠲᠠ ᠵᠡᠷᠭᠡ᠎ᠪᠠᠷ ᠳᠡᠮᠵᠢᠬᠦ ᠠᠷᠭ᠎ᠠ ᠬᠡᠮᠵᠢᠶ᠎ᠡ ᠵᠢ ᠴᠢᠩᠭ᠋ᠠᠳᠬᠠᠨ᠎ᠠ᠃ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠥᠷᠭᠡᠳᠬᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ ᠪᠠ ᠨᠡᠢ᠌ᠭᠡᠮ᠎ᠤᠨ ᠦᠢ᠍ᠯᠡᠳᠦᠯᠭᠡ ᠵᠢᠨ ᠲᠦᠷᠦᠯ ᠵᠦᠢ᠍ᠯ᠎ᠢ ᠢᠳᠡᠪᠬᠢᠲᠡᠢ ᠥᠷᠨᠢᠭᠦᠯᠬᠦ ᠵᠢ ᠳᠡᠮᠵᠢᠵᠦ᠂ ᠡᠯ᠎ᠡ ᠭᠠᠵᠠᠷ᠎ᠤᠨ᠎ᠬᠢᠨ᠎ᠤ ᠤᠯᠠᠨ ᠬᠡᠦᠬᠡᠳ᠎ᠲᠠᠢ ᠭᠡᠷ ᠪᠦᠯᠢ ᠵᠢᠨ ᠦᠷ᠎ᠡ ᠬᠡᠦᠬᠡᠳ᠎ᠢ ᠠᠳᠠᠯᠢ ᠨᠢᠭᠡ ᠰᠤᠷᠭ᠋ᠠᠭᠤᠯᠢ᠎ᠳᠤ ᠰᠤᠷᠤᠯᠴᠠᠭᠤᠯᠬᠤ ᠪᠣᠳᠠᠲᠠᠢ ᠬᠡᠷᠡᠭᠵᠢᠭᠦᠯᠬᠦ ᠠᠷᠭ᠎ᠠ ᠨᠡᠢ᠌ᠲᠡᠯᠡᠬᠦ ᠵᠢ᠎ᠨᠢ ᠵᠣᠷᠢᠭᠵᠢᠭᠤᠯᠤᠨ᠎ᠠ᠃ ᠣᠷᠣᠨ ᠰᠠᠭᠤᠴᠠ᠎ᠪᠠᠷ ᠳᠡᠮᠵᠢᠬᠦ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠨᠥᠬᠥᠴᠡᠯ᠎ᠲᠠᠢ ᠭᠠᠵᠠᠷ ᠣᠷᠣᠨ᠎ᠤ ᠣᠯᠠᠨ ᠬᠡᠦᠬᠡᠳ᠎ᠲᠠᠢ ᠭᠡᠷ ᠪᠦᠯᠢ ᠵᠢᠨ ᠭᠡᠷ ᠪᠠᠢ᠌ᠰᠢᠩ ᠬᠤᠳᠠᠯᠳᠤᠨ ᠠᠪᠬᠤ᠎ᠳᠤ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠵᠢ᠎ᠨᠢ ᠵᠣᠷᠢᠭᠵᠢᠭᠤᠯᠤᠨ᠎ᠠ᠃ ᠠᠵᠢᠯᠲᠠᠨ ᠠᠵᠢᠯᠴᠢᠨ᠎ᠤ ᠡᠷᠬᠡ ᠠᠰᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠬᠥᠮᠥᠨ ᠬᠡᠷᠡᠭᠯᠡᠬᠦ ᠨᠢᠭᠡᠴᠢ ᠵᠢ ᠪᠣᠳᠠᠲᠠᠢ᠎ᠲᠠᠢ᠎ᠪᠠᠨ ᠤᠶᠠᠯᠳᠤᠭᠤᠯᠤᠨ ᠬᠠᠷᠢᠮᠠᠬᠠᠢ ᠠᠵᠢᠯᠯᠠᠵᠤ ᠠᠮᠠᠷᠠᠬᠤ᠂ ᠭᠡᠷ᠎ᠲᠤ᠎ᠪᠠᠨ ᠰᠠᠭᠤᠵᠤ ᠠᠵᠢᠯᠯᠠᠬᠤ ᠵᠡᠷᠭᠡ ᠠᠷᠭ᠎ᠠ ᠬᠡᠯᠪᠡᠷᠢ ᠵᠢ ᠠᠪᠴᠤ᠂ ᠭᠡᠷ ᠪᠦᠯᠢ᠎ᠳᠤ ᠡᠭᠡᠯᠢᠲᠡᠢ ᠠᠵᠢᠯᠯᠠᠬᠤ ᠣᠷᠴᠢᠨ ᠨᠥᠬᠥᠴᠡᠯ᠎ᠢ ᠪᠣᠶ ᠪᠣᠯᠭ᠋ᠠᠬᠤ ᠵᠢ᠎ᠨᠢ ᠵᠣᠷᠢᠭᠵᠢᠭᠤᠯᠤᠨ᠎ᠠ᠃
ᠳᠥᠷᠪᠡ᠎ᠳᠤ᠂ ᠦᠷᠡᠵᠢᠯ᠎ᠳᠤ ᠡᠭᠡᠯᠢᠲᠡᠢ ᠨᠡᠢ᠌ᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠰᠢᠨ᠎ᠡ ᠮᠠᠶᠢᠭ᠎ᠤᠨ ᠤᠷᠤᠭ ᠦᠷᠡᠵᠢᠯ᠎ᠤᠨ ᠰᠣᠶᠣᠯ᠎ᠢ ᠢᠳᠡᠪᠬᠢᠲᠡᠢ ᠪᠤᠢ ᠪᠣᠯᠭ᠋ᠠᠵᠤ᠂ ᠥᠭᠡᠳᠡᠷᠬᠡᠭ ᠢᠨᠠᠭᠯᠠᠵᠤ ᠤᠷᠤᠭᠯᠠᠬᠤ ᠦᠵᠡᠯᠲᠡ᠂ ᠦᠷᠡᠵᠢᠯ᠎ᠤᠨ ᠦᠵᠡᠯᠲᠡ᠂ ᠭᠡᠷ ᠪᠦᠯᠢ ᠵᠢᠨ ᠦᠵᠡᠯᠲᠡ ᠵᠢ ᠶᠡᠬᠡ᠎ᠪᠠᠷ ᠰᠠᠨᠠᠭ᠋ᠠᠴᠢᠯᠠᠨ᠎ᠠ᠃ ᠨᠡᠢ᠌ᠭᠡᠮ᠎ᠤᠨ ᠤᠬᠠᠭᠤᠯᠭ᠎ᠠ ᠪᠠ ᠰᠠᠨᠠᠭ᠋ᠠᠴᠢᠯᠠᠭ᠎ᠠ ᠵᠢ ᠴᠢᠩᠭ᠋ᠠᠳᠬᠠᠵᠤ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠤᠬᠠᠭᠤᠯᠭ᠎ᠠ ᠬᠥᠮᠦᠵᠢᠯ᠎ᠤᠨ ᠲᠤᠰᠬᠠᠢ ᠠᠵᠢᠯᠯᠠᠭ᠎ᠠ ᠵᠢ ᠬᠡᠷᠡᠭᠵᠢᠭᠦᠯᠦᠨ᠎ᠡ᠃ ᠬᠥᠮᠥᠨ ᠠᠮᠠ ᠵᠢᠨ ᠲᠤᠬᠠᠢ ᠤᠯᠤᠰ᠎ᠤᠨ ᠪᠠᠢ᠌ᠳᠠᠯ ᠤᠯᠤᠰ᠎ᠤᠨ ᠪᠣᠳᠣᠯᠭ᠎ᠠ ᠵᠢᠨ ᠬᠥᠮᠦᠵᠢᠯ᠎ᠢ ᠴᠢᠩᠭ᠋ᠠᠳᠬᠠᠵᠤ᠂ ᠬᠠᠮᠢᠶ᠎ᠠ ᠪᠦᠬᠦᠢ ᠠᠭᠤᠯᠭ᠎ᠠ ᠵᠢ ᠳᠤᠮᠳᠠᠳᠤ ᠪᠠᠭ᠎ᠠ ᠰᠤᠷᠭ᠋ᠠᠭᠤᠯᠢ᠂ ᠶᠡᠬᠡ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠤᠨ ᠠᠩᠭᠢ ᠵᠢᠨ ᠰᠤᠷᠭ᠋ᠠᠨ ᠬᠥᠮᠦᠵᠢᠯ᠎ᠳᠤ ᠠᠭᠤᠰᠤᠯᠴᠠᠭᠤᠯᠤᠨ᠎ᠠ᠃
《ᠠᠷᠭ᠎ᠠ ᠬᠡᠮᠵᠢᠶ᠎ᠡ᠎ᠨᠦᠭᠦᠳ》᠎ᠲᠤ ᠱᠠᠭ᠋ᠠᠷᠳᠠᠭᠰᠠᠨ ᠵᠶ᠋ᠠᠷ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠵᠢᠨ ᠬᠥᠮᠥᠨ ᠠᠮᠠ ᠵᠢᠨ ᠠᠵᠢᠯ᠎ᠢ ᠰᠠᠢ᠌ᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠨ᠂ ᠪᠣᠳᠠᠲᠠᠢ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠤᠨ ᠰᠢᠯᠢᠳᠡᠭᠵᠢᠭᠦᠯᠵᠦ᠂ ᠵᠠᠰᠠᠭ᠎ᠤᠨ ᠣᠷᠳᠣᠨ᠂ ᠬᠥᠮᠥᠨ ᠬᠡᠷᠡᠭᠯᠡᠬᠦ ᠨᠢᠭᠡᠴᠢ᠂ ᠬᠤᠪᠢ ᠬᠥᠮᠥᠨ ᠵᠡᠷᠭᠡ ᠣᠯᠠᠨ ᠲᠠᠯ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠦᠷᠡᠵᠢᠯ᠎ᠢ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃