ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2024] 47 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2024 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ
(ᠳᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠲᠥᠰᠥᠯ
ᠳᠣᠣᠷ᠎ᠠ ᠠᠭ᠋ᠠᠷ᠎ᠤᠨ ᠣᠷᠣᠨ ᠪᠣᠯ ᠳᠣᠣᠷ᠎ᠠ ᠠᠭ᠋ᠠᠷ᠎ᠤᠨ ᠠᠵᠤ ᠠᠬᠤᠢ ᠪᠠ ᠨᠡᠶ᠋ᠢᠳᠡᠮ ᠬᠡᠷᠡᠭᠯᠡᠭᠡᠨ᠎ᠤ ᠠᠭ᠋ᠠᠷ ᠠᠶᠠᠯᠠᠯ᠎ᠤᠨ ᠠᠵᠤ ᠦᠢ᠍ᠯᠡᠰ᠎ᠢ ᠬᠥᠭᠵᠢᠭᠦᠯᠬᠦ ᠵᠢᠨ ᠰᠠᠭᠤᠷᠢ ᠪᠣᠯᠣᠨ᠎ᠠ᠃ ᠪᠥᠬᠦ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢ ᠵᠢᠷᠤᠮᠵᠢᠭᠤᠯᠤᠨ᠂ ᠳᠣᠣᠷ᠎ᠠ ᠠᠭ᠋ᠠᠷ᠎ᠤᠨ ᠨᠢᠰᠦᠯᠲᠡ ᠵᠢᠨ ᠠᠮᠤᠷ ᠲᠦᠪᠰᠢᠨ ᠰᠢᠭᠤᠳ ᠰᠢᠯᠤᠭᠤᠨ ᠪᠠ ᠥᠨᠳᠥᠷ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠠᠭ᠋ᠠᠷ᠎ᠤᠨ ᠣᠷᠣᠨ᠎ᠤ ᠡᠬᠢ ᠪᠠᠶᠠᠯᠢᠭ᠎ᠤᠨ ᠠᠰᠢᠭᠯᠠᠮᠵᠢ ᠵᠢ ᠳᠡᠭᠡᠭᠰᠢᠯᠡᠭᠦᠯᠦᠨ᠂ ᠳᠣᠣᠷ᠎ᠠ ᠠᠭ᠋ᠠᠷ᠎ᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠬᠠᠷᠠᠯᠲᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ》 ᠭᠤᠷᠪᠠᠨ ᠲᠠᠯ᠎ᠠ ᠵᠢᠨ ᠬᠠᠮᠵᠢᠯᠴᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠬᠤ᠎ᠪᠠᠷ ᠭᠤᠣᠯᠳᠠᠯᠭ᠎ᠠ ᠪᠣᠯᠭ᠋ᠠᠵᠤ᠂ ᠳᠣᠣᠷ᠎ᠠ ᠠᠭ᠋ᠠᠷ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠬᠤ᠎ᠪᠠᠷ ᠲᠦᠰᠢᠭ ᠪᠣᠯᠭ᠋ᠠᠵᠤ᠂ ᠴᠡᠷᠢᠭ᠎ᠤᠨ ᠲᠠᠯ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠪᠠ ᠬᠡᠷᠡᠭᠯᠡᠭᠴᠢᠳ᠎ᠤᠨ ᠳᠣᠣᠷ᠎ᠠ ᠠᠭ᠋ᠠᠷ᠎ᠤᠨ ᠨᠢᠰᠦᠯᠲᠡ ᠵᠢᠨ ᠬᠡᠷᠡᠭᠴᠡᠭᠡ ᠵᠢ ᠬᠠᠩᠭ᠋ᠠᠬᠤ᠎ᠪᠠᠷ ᠤᠳᠤᠷᠢᠳᠤᠮᠵᠢ ᠪᠣᠯᠭ᠋ᠠᠵᠤ᠂ ᠳᠣᠣᠷ᠎ᠠ ᠠᠭ᠋ᠠᠷ᠎ᠤᠨ ᠣᠷᠣᠨ᠎ᠢ ᠬᠥᠳᠡᠯᠦᠩᠭᠦᠢ᠎ᠪᠠᠷ ᠬᠠᠮᠢᠶᠠᠷᠬᠤ᠂ ᠠᠮᠢᠳᠤᠯᠢᠭ ᠵᠶ᠋ᠠᠷ ᠬᠡᠷᠡᠭᠯᠡᠬᠦ᠎ᠪᠠᠷ ᠵᠣᠷᠢᠯᠭ᠎ᠠ ᠪᠣᠯᠭ᠋ᠠᠵᠤ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠬᠤ᠂ ᠣᠯᠠᠨ ᠲᠠᠯ᠎ᠠ᠎ᠪᠠᠷ ᠬᠠᠮᠵᠢᠯᠴᠠᠬᠤ᠂ ᠲᠥᠯᠦᠪᠵᠢᠭᠦᠯᠭᠡ᠎ᠪᠠᠷ ᠬᠥᠲᠥᠯᠥᠨ ᠵᠢᠯᠤᠭᠤᠳᠬᠤ᠂ ᠬᠡᠷᠡᠭᠴᠡᠭᠡ ᠱᠠᠭ᠋ᠠᠷᠳᠠᠯᠭ᠎ᠠ᠎ᠪᠠᠷ ᠬᠥᠲᠥᠯᠥᠨ ᠳᠠᠭ᠋ᠠᠭᠤᠯᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭ᠋ᠠᠷ᠂ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠰᠠᠭᠤᠷᠢ ᠪᠡᠯᠡᠳᠬᠡᠮᠵᠢ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠪᠠᠶ᠋ᠢᠷᠢᠰᠢᠭᠤᠯᠵᠤ᠂ ᠳ᠋ᠠᠶ᠋ᠢᠲ᠋ᠠ ᠵᠢᠨ ᠮᠡᠳᠡᠭᠡ ᠵᠠᠩᠭᠢ ᠵᠢᠨ ᠲᠠᠪᠴᠠᠩ᠎ᠢ ᠤᠷᠢᠳ ᠵᠶ᠋ᠠᠷ ᠪᠦᠲᠦᠭᠡᠨ ᠪᠠᠶ᠋ᠢᠭᠤᠯᠵᠤ᠂ ᠠᠵᠢᠯᠯᠠᠭ᠋ᠠᠨ᠎ᠤ ᠳᠦᠷᠢᠮ᠎ᠢ ᠵᠡᠷᠭᠡ᠎ᠳᠤ᠎ᠨᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠲᠦᠷᠭᠡᠳᠬᠡᠨ ᠪᠣᠶ᠋ᠢᠵᠢᠭᠤᠯᠤᠨ᠎ᠠ᠃ 2027 ᠣᠨ ᠪᠣᠯᠬᠤ᠎ᠳᠤ᠂ ᠪᠥᠬᠦ ᠣᠷᠣᠨ᠎ᠤ ᠳᠣᠣᠷ᠎ᠠ ᠠᠭ᠋ᠠᠷ᠎ᠤᠨ ᠣᠷᠣᠨ᠎ᠢ ᠭᠦᠢ᠍ᠴᠡᠳ ᠴᠢᠯᠦᠭᠡᠲᠡᠢ ᠪᠣᠯᠭ᠋ᠠᠵᠤ᠂ ᠥᠨᠳᠥᠷ ᠪᠦᠲᠦᠮᠵᠢᠲᠡᠶ᠎ᠪᠠᠷ ᠠᠰᠢᠭᠯᠠᠨ᠂ ᠳᠣᠣᠷ᠎ᠠ ᠠᠭ᠋ᠠᠷ᠎ᠤᠨ ᠨᠢᠰᠦᠯᠲᠡ ᠵᠢᠨ ᠰᠠᠭᠤᠷᠢ ᠪᠡᠯᠡᠳᠬᠡᠮᠵᠢ ᠵᠢ ᠪᠦᠲᠦᠮᠵᠢᠲᠡᠶ ᠬᠠᠮᠤᠷᠴᠤ᠂ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠦᠲᠦᠮᠵᠢᠲᠡᠶ ᠠᠵᠢᠯᠯᠠᠭᠤᠯᠤᠨ᠂ ᠲᠣᠭᠲᠠᠭ᠋ᠠᠯ ᠳᠦᠷᠢᠮ᠎ᠢ ᠪᠦᠷᠢᠨᠰᠢᠭᠦᠯᠦᠨ ᠵᠢᠷᠤᠮᠵᠢᠭᠤᠯᠵᠤ᠂ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ》 ᠭᠤᠷᠪᠠᠨ ᠲᠠᠯ᠎ᠠ ᠵᠢᠨ ᠳᠣᠣᠷ᠎ᠠ ᠠᠭ᠋ᠠᠷ᠎ᠤᠨ ᠣᠷᠣᠨ᠎ᠤ ᠬᠠᠮᠵᠢᠯᠴᠠᠨ ᠬᠠᠮᠢᠶᠠᠷᠬᠤ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠲᠡᠭᠦᠯᠳᠡᠷᠵᠢᠭᠦᠯᠦᠨ᠎ᠡ᠃
ᠬᠤᠶᠠᠷ᠂ ᠠᠵᠢᠯ᠎ᠤᠨ ᠡᠭᠦᠷᠭᠡ
(ᠨᠢᠭᠡ) 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ》 ᠵᠢᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ᠎ᠠ᠃ ᠴᠡᠷᠢᠭ᠎ᠤᠨ ᠲᠠᠯ᠎ᠠ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠯᠠᠭ᠎ᠠ ᠮᠥᠴᠢᠷ᠎ᠤᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠪᠠᠶ᠋ᠢᠭᠤᠯᠤᠯᠲᠠ ᠪᠠ ᠮᠡᠳᠡᠭᠡ ᠵᠠᠩᠭᠢ ᠵᠢᠨ ᠰᠣᠯᠢᠯᠴᠠᠭ᠎ᠠ ᠵᠢ ᠴᠢᠩᠭ᠋ᠠᠳᠬᠠᠵᠤ᠂ ᠠᠭ᠋ᠠᠷ᠎ᠤᠨ ᠣᠷᠣᠨ᠎ᠢ ᠬᠠᠮᠢᠶᠠᠷᠴᠤ ᠵᠣᠬᠢᠴᠠᠭᠤᠯᠬᠤ ᠲᠣᠭᠲᠠᠴᠠ (ᠳᠣᠷᠣᠭᠰᠢ ᠵᠣᠬᠢᠴᠠᠭᠤᠯᠬᠤ ᠲᠣᠭᠲᠠᠴᠠ ᠭᠡᠵᠦ ᠲᠣᠪᠴᠢᠯᠠᠨ᠎ᠠ) ᠵᠢ ᠪᠠᠶ᠋ᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠠᠴᠠ ᠶᠡᠷᠦᠩᠬᠡᠢ ᠬᠤᠷᠠᠯᠳᠤᠭᠤᠯᠤᠭᠴᠢ ᠵᠢᠨ ᠲᠤᠰᠢᠶᠠᠯ᠎ᠢ ᠡᠭᠦᠷᠭᠡᠯᠡᠵᠦ᠂ ᠳᠡᠳ᠋ ᠬᠤᠷᠠᠯᠳᠤᠭᠤᠯᠤᠭᠴᠢ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠨᠠᠷᠢᠨ ᠪᠢᠴᠢᠭ᠎ᠤᠨ ᠳᠠᠷᠤᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠨᠠᠮ᠎ᠤᠨ ᠬᠤᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠤᠷᠢᠶᠠᠨ᠎ᠤ ᠠᠯᠪᠠᠨ ᠭᠡᠷ ᠪᠠ ᠬᠤᠶ᠋ᠢᠲᠤ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠎ᠤᠨ ᠪᠠᠶ᠋ᠢᠯᠳᠤᠭ᠋ᠠᠨ᠎ᠤ ᠲᠣᠭᠤᠷᠢᠭ᠎ᠤᠨ ᠠᠭ᠋ᠠᠷ᠎ᠤᠨ ᠴᠡᠷᠢᠭ᠎ᠤᠨ ᠱᠲ᠋ᠠᠪ᠎ᠤᠨ ᠭᠠᠵᠠᠷ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠤᠮᠠᠷᠠᠲᠤ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰ ᠪᠦᠷᠢ 1 ᠤᠳᠤᠷᠢᠳᠤᠯᠭ᠎ᠠ᠎ᠠᠴᠠ ᠡᠭᠦᠷᠭᠡᠯᠡᠵᠦ᠂ ᠳᠣᠣᠷ᠎ᠠ ᠠᠭ᠋ᠠᠷ᠎ᠤᠨ ᠣᠷᠣᠨ᠎ᠢ ᠬᠠᠮᠵᠢᠯᠴᠠᠨ ᠬᠠᠮᠢᠶᠠᠷᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠢᠬᠤᠯᠠ ᠶᠡᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠵᠢ ᠬᠠᠷᠢᠭᠤᠴᠠᠨ᠎ᠠ᠃ ᠵᠣᠬᠢᠴᠠᠭᠤᠯᠬᠤ ᠲᠣᠭᠲᠠᠴᠠ ᠵᠢᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠳᠤ ᠪᠠᠶ᠋ᠢᠷᠢᠯᠠᠭᠤᠯᠵᠤ᠂ ᠡᠳᠦᠷ ᠲᠤᠲᠤᠮ᠎ᠤᠨ ᠠᠵᠢᠯ ᠶᠠᠪᠤᠳᠠᠯ᠎ᠢ ᠬᠠᠷᠢᠭᠤᠴᠠᠨ᠎ᠠ᠃ ᠡᠯ᠎ᠡ ᠠᠶ᠋ᠢᠮᠠᠭ ᠬᠤᠲᠠ᠎ᠨᠢ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ》 ᠭᠤᠷᠪᠠᠨ ᠲᠠᠯ᠎ᠠ ᠵᠢᠨ ᠵᠣᠯᠭ᠋ᠠᠭᠤᠯᠬᠤ ᠲᠣᠭᠲᠠᠴᠠ ᠵᠢ ᠪᠠᠶ᠋ᠢᠭᠤᠯᠵᠤ ᠪᠣᠯᠣᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠨᠠᠮ᠎ᠤᠨ ᠬᠤᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠤᠷᠢᠶᠠᠨ᠎ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2024 ᠣᠨ᠎ᠤ 12 ᠳ᠋ᠤᠭ᠋ᠠᠷ ᠰᠠᠷ᠎ᠠ)
(ᠬᠤᠶᠠᠷ) ᠳᠣᠣᠷ᠎ᠠ ᠠᠭ᠋ᠠᠷ᠎ᠤᠨ ᠣᠷᠣᠨ᠎ᠢ ᠵᠦᠢ ᠵᠣᠬᠢᠰᠲᠠᠢ ᠬᠤᠪᠢᠶᠠᠷᠢᠯᠠᠨ ᠲᠣᠬᠢᠷᠠᠭᠤᠯᠤᠨ᠎ᠠ᠃ ᠲᠥᠪ᠎ᠤᠨ ᠠᠭ᠋ᠠᠷ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠬᠤᠷᠢᠶᠠᠨ᠎ᠤ ᠠᠭ᠋ᠠᠷ᠎ᠤᠨ ᠣᠷᠣᠨ᠎ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠵᠠᠷᠴᠢᠮ ᠶᠣᠰᠣᠭ᠋ᠠᠷ᠂ 《ᠴᠡᠷᠢᠭ ᠠᠩᠭᠢ ᠣᠷᠣᠨ ᠨᠤᠲᠤᠭ ᠠᠷᠠᠳ》᠎ᠤᠨ ᠠᠭ᠋ᠠᠷ᠎ᠤᠨ ᠲᠡᠭᠡᠭᠡᠪᠦᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠨᠢᠭᠡᠳᠦᠯᠲᠡᠢ ᠲᠥᠯᠥᠪᠯᠡᠨ᠂ ᠳᠣᠣᠷ᠎ᠠ ᠠᠭ᠋ᠠᠷ᠎ᠤᠨ ᠣᠷᠣᠨ᠎ᠤ ᠡᠬᠢ ᠪᠠᠶᠠᠯᠢᠭ᠎ᠢ ᠪᠠᠶ᠋ᠢᠴᠠᠭ᠋ᠠᠨ ᠦᠨᠡᠯᠡᠨ ᠵᠢᠱ᠌ᠢᠬᠦ ᠵᠢ ᠥᠷᠨᠢᠭᠦᠯᠵᠦ᠂ ᠬᠠᠮᠢᠶᠠᠷᠴᠤ ᠬᠡᠷᠡᠭᠯᠡᠵᠦ ᠪᠠᠶ᠋ᠢᠭ᠎ᠠ ᠣᠳᠣᠬᠢ ᠪᠠᠶ᠋ᠢᠳᠠᠯ᠂ ᠬᠡᠷᠡᠭᠴᠡᠭᠡ ᠱᠠᠭ᠋ᠠᠷᠳᠠᠯᠭ᠎ᠠ ᠪᠠ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠨ᠂ ᠳᠣᠣᠷ᠎ᠠ ᠠᠭ᠋ᠠᠷ᠎ᠤᠨ ᠣᠷᠣᠨ᠎ᠤ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠠᠳᠠᠯᠢ ᠪᠤᠰᠤ ᠠᠭ᠋ᠠᠷ᠎ᠤᠨ ᠣᠷᠣᠨ᠎ᠤ ᠬᠠᠷᠢᠶᠠᠲᠤ ᠴᠢᠨᠠᠷ᠎ᠤᠨ ᠲᠥᠷᠥᠯ ᠢᠯᠭ᠋ᠠᠯ᠂ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ ᠲᠣᠳᠣᠷᠬᠠᠶ᠋ᠢᠯᠠᠨ᠂ 3000 ᠮᠧᠳ᠋ᠷ᠎ᠠᠴᠠ ᠳᠣᠷᠣᠭᠰᠢᠬᠢ ᠥᠪᠡᠷᠲᠡᠭᠡᠨ ᠵᠠᠰᠠᠬᠤ ᠣᠷᠣᠨ᠎ᠤ ᠪᠥᠬᠦ ᠴᠠᠷᠠᠭ᠎ᠠ ᠵᠢᠨ ᠵᠠᠬᠢᠷᠤᠨ ᠬᠠᠮᠢᠶᠠᠷᠬᠤ᠂ ᠬᠢᠨᠠᠨ ᠠᠵᠢᠭᠯᠠᠬᠤ᠂ ᠮᠡᠳᠡᠭᠦᠯᠬᠦ ᠠᠭ᠋ᠠᠷ᠎ᠤᠨ ᠣᠷᠣᠨ᠎ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠵᠢ ᠪᠡᠶᠡᠯᠡᠭᠦᠯᠵᠦ᠂ ᠳᠣᠣᠷ᠎ᠠ ᠠᠭ᠋ᠠᠷ᠎ᠤᠨ ᠣᠷᠣᠨ᠎ᠤ ᠠᠶᠠᠯᠠᠯ᠎ᠤᠨ ᠱᠤᠭᠤᠮ᠎ᠢ ᠨᠠᠷᠢᠯᠢᠭ ᠬᠤᠪᠢᠶᠠᠷᠢᠯᠠᠨ ᠲᠣᠬᠢᠷᠠᠭᠤᠯᠤᠨ᠎ᠠ; ᠠᠭ᠋ᠠᠷ᠎ᠤᠨ ᠣᠷᠣᠨ᠎ᠤ ᠡᠬᠢ ᠪᠠᠶᠠᠯᠢᠭ᠎ᠤᠨ ᠳᠠᠩᠰᠠ ᠡᠪᠬᠡᠮᠡᠯ᠎ᠢ ᠪᠠᠶ᠋ᠢᠭᠤᠯᠵᠤ᠂ ᠣᠷᠣᠨ ᠪᠦᠰᠡ ᠵᠢᠨ ᠳᠣᠲᠣᠷᠠᠬᠢ ᠳᠣᠣᠷ᠎ᠠ ᠠᠭ᠋ᠠᠷ᠎ᠤᠨ ᠨᠢᠰᠦᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠨᠠᠮ᠎ᠤᠨ ᠬᠤᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠤᠷᠢᠶᠠᠨ᠎ᠤ ᠠᠯᠪᠠᠨ ᠭᠡᠷ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ᠎ᠤ 12 ᠳ᠋ᠤᠭ᠋ᠠᠷ ᠰᠠᠷ᠎ᠠ)
(ᠭᠤᠷᠪᠠ) ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠤᠨ᠎ᠠ᠃ ᠪᠥᠬᠦ ᠣᠷᠣᠨ᠎ᠤ ᠳᠣᠣᠷ᠎ᠠ ᠠᠭ᠋ᠠᠷ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ ᠵᠢᠴᠢ ᠠᠵᠢᠯᠯᠠᠭ᠋ᠠᠨ᠎ᠤ ᠬᠠᠮᠢᠶᠠᠷᠤᠯᠲᠠ᠂ ᠨᠢᠰᠦᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ᠂ ᠴᠢᠮᠡᠭᠡ ᠬᠤᠯᠪᠣᠭ᠎ᠠ ᠵᠢᠨ ᠬᠢᠨᠠᠯᠲᠠ ᠵᠡᠷᠭᠡ 3 ᠳᠡᠮᠵᠢᠬᠦ ᠰᠢᠰᠲ᠋ᠧᠮ᠎ᠢ ᠪᠠᠶ᠋ᠢᠭᠤᠯᠵᠤ᠂ ᠴᠡᠷᠢᠭ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠦᠯᠲᠡ ᠵᠢᠨ ᠬᠠᠮᠢᠶᠠᠷᠤᠯᠲᠠ᠂ ᠴᠢᠮᠡᠭᠡ ᠮᠡᠳᠡᠭᠡ᠂ ᠠᠭ᠋ᠠᠷ᠎ᠤᠨ ᠠᠶᠠᠯᠠᠯ᠎ᠤᠨ ᠴᠠᠭ ᠠᠭᠤᠷ ᠵᠡᠷᠭᠡ ᠰᠢᠰᠲ᠋ᠧᠮ᠎ᠢ ᠬᠤᠯᠪᠤᠭ᠋ᠠᠯᠠᠨ ᠨᠠᠪᠲᠠᠷᠡᠭᠦᠯᠵᠦ᠂ ᠳᠣᠣᠷ᠎ᠠ ᠠᠭ᠋ᠠᠷ᠎ᠤᠨ ᠨᠢᠰᠦᠯᠲᠡ ᠵᠢᠨ ᠡᠯ᠎ᠡ ᠰᠠᠯᠠᠭ᠎ᠠ ᠮᠥᠴᠢᠷ ᠨᠢᠭᠡᠴᠢ᠂ ᠡᠯ᠎ᠡ ᠭᠤᠭᠴᠤᠭ᠎ᠠ ᠵᠢ ᠨᠠᠪᠲᠠᠷᠡᠭᠦᠯᠵᠦ᠂ ᠳᠣᠣᠷ᠎ᠠ ᠠᠭ᠋ᠠᠷ᠎ᠤᠨ ᠨᠢᠰᠦᠯᠲᠡ ᠵᠢᠨ 《ᠨᠢᠭᠡ ᠴᠣᠩᠬᠤ᠎ᠪᠠᠷ ᠭᠥᠯᠢᠶᠡᠨ ᠠᠪᠴᠤ ᠰᠢᠢ᠍ᠳᠪᠦᠷᠢᠯᠡᠨ᠂ ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 ᠵᠢ ᠪᠡᠶᠡᠯᠡᠭᠦᠯᠵᠦ᠂ ᠴᠡᠷᠢᠭ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠨᠢᠭᠡᠴᠢ ᠪᠠ ᠳᠣᠣᠷ᠎ᠠ ᠠᠭ᠋ᠠᠷ᠎ᠤᠨ ᠬᠡᠷᠡᠭᠯᠡᠭᠴᠢᠳ᠎ᠲᠤ ᠬᠢᠨᠠᠨ ᠵᠥᠪᠰᠢᠶᠡᠷᠡᠭᠦᠯᠵᠦ ᠮᠡᠳᠡᠭᠦᠯᠦᠨ ᠳᠠᠩᠰᠠᠯᠠᠭᠤᠯᠬᠤ ᠵᠢ ᠲᠥᠪᠯᠡᠷᠡᠭᠦᠯᠦᠨ ᠭᠦᠢ᠍ᠴᠡᠳᠬᠡᠵᠦ᠂ ᠴᠢᠮᠡᠭᠡ ᠬᠤᠯᠪᠣᠭ᠎ᠠ ᠵᠢ ᠬᠢᠨᠠᠨ ᠠᠵᠢᠭᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ᠂ ᠵᠢᠯᠣᠭᠤᠴᠢ ᠦᠭᠡᠢ ᠨᠢᠰᠬᠡᠯ ᠵᠶ᠋ᠠᠷ ᠬᠢᠨᠠᠨ ᠬᠠᠮᠢᠶᠠᠷᠬᠤ ᠵᠡᠷᠭᠡ ᠨᠢᠭᠡ ᠴᠣᠭᠴᠠᠵᠢᠭᠤᠯᠤᠭᠰᠠᠨ ᠨᠢᠰᠦᠯᠲᠡ ᠵᠢᠨ ᠦᠢ᠍ᠯᠡᠴᠢᠯᠡᠭᠡ ᠵᠢ ᠬᠠᠩᠭ᠋ᠠᠵᠤ᠂ ᠳᠣᠣᠷ᠎ᠠ ᠠᠭ᠋ᠠᠷ᠎ᠤᠨ ᠣᠷᠣᠨ᠎ᠤ ᠬᠡᠷᠡᠭᠯᠡᠯᠲᠡ ᠵᠢᠨ ᠪᠠᠶ᠋ᠢᠳᠠᠯ᠎ᠢ ᠴᠠᠭ ᠲᠤᠬᠠᠢᠳᠤᠨᠢ ᠬᠠᠮᠲᠤ᠎ᠪᠠᠷ ᠬᠦᠷᠲᠡᠵᠦ᠂ ᠠᠭ᠋ᠠᠷ᠎ᠤᠨ ᠣᠷᠣᠨ᠂ ᠠᠭ᠋ᠠᠷ᠎ᠤᠨ ᠠᠶᠠᠯᠠᠯ᠎ᠤᠨ ᠱᠤᠭᠤᠮ᠎ᠢ ᠨᠢᠭᠡᠳᠦᠯᠲᠡᠢ ᠬᠤᠪᠢᠶᠠᠷᠢᠯᠠᠵᠤ᠂ ᠳᠣᠣᠷ᠎ᠠ ᠠᠭ᠋ᠠᠷ᠎ᠤᠨ ᠣᠷᠣᠨ᠎ᠢ ᠠᠳᠠᠯᠢ ᠪᠤᠰᠤ ᠴᠠᠭ᠂ ᠠᠳᠠᠯᠢ ᠪᠤᠰᠤ ᠥᠨᠳᠥᠷᠴᠡ᠎ᠳᠤ ᠠᠮᠢᠳᠤᠯᠢᠭ ᠵᠶ᠋ᠠᠷ ᠰᠣᠯᠢᠬᠤ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠨᠠᠮ᠎ᠤᠨ ᠬᠤᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠤᠷᠢᠶᠠᠨ᠎ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ᠎ᠤ 12 ᠳ᠋ᠤᠭ᠋ᠠᠷ ᠰᠠᠷ᠎ᠠ)
(ᠳᠥᠷᠪᠡ) ᠰᠠᠭᠤᠷᠢ ᠪᠡᠯᠡᠳᠬᠡᠮᠵᠢ ᠵᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ᠎ᠲᠠᠢ ᠪᠠᠶ᠋ᠢᠷᠢᠰᠢᠭᠤᠯᠤᠨ᠎ᠠ᠃ ᠳᠣᠣᠷ᠎ᠠ ᠠᠭ᠋ᠠᠷ᠎ᠤᠨ ᠰᠠᠭᠤᠷᠢ ᠪᠡᠯᠡᠳᠬᠡᠮᠵᠢ ᠵᠢᠨ ᠲᠥᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠂ ᠨᠢᠰᠦᠯᠲᠡ ᠵᠢᠨ ᠦᠢ᠍ᠯᠡᠴᠢᠯᠡᠭᠡᠨ᠎ᠤ ᠥᠷᠲᠡᠭᠡ᠂ ᠵᠢᠯᠣᠭᠤᠴᠢ ᠦᠭᠡᠢ ᠨᠢᠰᠬᠡᠯ᠎ᠤᠨ ᠨᠢᠰᠴᠦ ᠭᠠᠵᠠᠷᠳᠠᠬᠤ ᠲᠠᠯᠠᠪᠤᠷ ᠵᠡᠷᠭᠡ ᠪᠡᠯᠡᠳᠬᠡᠮᠵᠢ ᠵᠢ ᠡᠮᠬᠢ ᠵᠢᠷᠤᠮ᠎ᠲᠠᠢ ᠪᠦᠲᠦᠭᠡᠨ ᠪᠠᠶ᠋ᠢᠭᠤᠯᠵᠤ᠂ ᠳᠣᠣᠷ᠎ᠠ ᠠᠭ᠋ᠠᠷ᠎ᠤᠨ ᠨᠢᠰᠦᠭᠦᠷ᠎ᠤᠨ ᠨᠢᠰᠴᠦ ᠭᠠᠵᠠᠷᠳᠠᠬᠤ ᠬᠡᠷᠡᠭᠴᠡᠭᠡ ᠵᠢ ᠬᠠᠩᠭ᠋ᠠᠨ᠎ᠠ᠃ ᠪᠠᠯᠠᠢ ᠣᠷᠣᠨ᠎ᠳᠤ ᠳᠣᠬᠢᠶ᠎ᠠ ᠨᠥᠬᠦᠪᠦᠷᠢᠯᠡᠬᠦ ᠪᠡᠯᠡᠳᠬᠡᠮᠵᠢ ᠵᠢᠨ ᠲᠤᠭ᠎ᠠ ᠬᠡᠮᠵᠢᠶ᠎ᠡ ᠪᠠ ᠣᠷᠣᠨ ᠪᠠᠶ᠋ᠢᠷᠢ ᠵᠢ ᠲᠣᠳᠣᠷᠬᠠᠢ ᠣᠶ᠋ᠢᠯᠠᠭ᠋ᠠᠵᠤ᠂ ᠳᠣᠬᠢᠭᠤᠷ ᠲᠤᠯᠤᠭ᠋ᠠᠨ ᠣᠲᠣ ᠵᠢᠨ ᠳ᠋ᠠᠶ᠋ᠢᠲ᠋ᠠ ᠵᠢᠨ ᠬᠡᠯᠬᠢᠶ᠎ᠡ᠂ 5G᠂ 5G–A ᠵᠡᠷᠭᠡ ᠴᠢᠮᠡᠭᠡ ᠬᠤᠯᠪᠣᠭ᠋ᠠᠨ᠎ᠤ ᠮᠡᠷᠭᠡᠵᠢᠯ᠎ᠢ ᠠᠰᠢᠭᠯᠠᠨ᠂ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠬᠢᠨᠠᠨ ᠠᠵᠢᠭᠯᠠᠬᠤ᠂ ᠳᠣᠣᠷ᠎ᠠ ᠠᠭ᠋ᠠᠷ᠎ᠤᠨ ᠴᠠᠭ ᠠᠭᠤᠷ ᠵᠡᠷᠭᠡ ᠮᠡᠳᠡᠭᠡ ᠵᠠᠩᠭᠢ ᠵᠢᠨ ᠰᠠᠭᠤᠷᠢ ᠪᠡᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠤᠨ ᠪᠦᠲᠦᠭᠡᠨ ᠪᠠᠶ᠋ᠢᠭᠤᠯᠵᠤ᠂ ᠬᠡᠷᠡᠭᠴᠡᠭᠡ ᠶᠣᠰᠣᠭ᠋ᠠᠷ ᠳᠣᠣᠷ᠎ᠠ ᠠᠭ᠋ᠠᠷ᠎ᠲᠠᠬᠢ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠬᠢᠨᠠᠨ ᠠᠵᠢᠭᠯᠠᠬᠤ ᠵᠢ ᠪᠦᠲᠦᠮᠵᠢᠲᠡᠶ ᠪᠦᠷᠬᠦᠭᠦᠯᠬᠦ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠨᠠᠮ᠎ᠤᠨ ᠬᠤᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠤᠷᠢᠶᠠᠨ᠎ᠤ ᠠᠯᠪᠠᠨ ᠭᠡᠷ᠂ ᠥᠪᠥᠷ ᠮᠣᠩᠭᠤᠯ᠎ᠤᠨ ᠴᠢᠮᠡᠭᠡ ᠬᠤᠯᠪᠣᠭ᠎ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠃ ᠪᠡᠶᠡᠯᠡᠭᠦᠯᠬᠦ ᠴᠠᠭ ᠬᠤᠭᠤᠴᠠᠭ᠎ᠠ᠄ 2026 ᠣᠨ᠎ᠤ 12 ᠳ᠋ᠤᠭ᠋ᠠᠷ ᠰᠠᠷ᠎ᠠ)
(ᠲᠠᠪᠤ) ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠠᠵᠢᠯᠯᠠᠨ ᠡᠵᠡᠩᠨᠡᠬᠦ ᠬᠡᠪ ᠵᠠᠭᠪᠤᠷ᠎ᠢ ᠪᠠᠶ᠋ᠢᠭᠤᠯᠤᠨ᠎ᠠ᠃ ᠲᠤᠰᠬᠠᠢ ᠡᠵᠡᠩᠨᠡᠯᠲᠡ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ᠂ ᠳᠣᠣᠷ᠎ᠠ ᠠᠭ᠋ᠠᠷ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠠᠵᠢᠯᠯᠠᠭᠤᠯᠤᠨ ᠬᠠᠮᠠᠭ᠋ᠠᠯᠠᠬᠤ ᠵᠢ ᠬᠠᠷᠢᠭᠤᠴᠠᠨ᠎ᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢ ᠭᠦᠢ᠍ᠴᠡᠳ ᠠᠰᠢᠭᠯᠠᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠪᠡᠯᠡ ᠣᠷᠣᠭᠤᠯᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ᠎ᠤ 6 ᠳ᠋ᠤᠭ᠋ᠠᠷ ᠰᠠᠷ᠎ᠠ)
(ᠵᠢᠷᠭᠤᠭ᠎ᠠ) ᠣᠷᠣᠨ ᠨᠤᠲᠤᠭ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠵᠢᠯᠴᠠᠨ ᠠᠵᠢᠯᠯᠠᠬᠤ ᠳᠦᠷᠢᠮ᠂ ᠵᠢᠯᠣᠭᠤᠴᠢ ᠦᠭᠡᠢ ᠨᠢᠰᠬᠡᠯ᠎ᠤᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠵᠡᠷᠭᠡ ᠬᠠᠤᠯᠢ ᠲᠣᠭᠲᠠᠭ᠋ᠠᠯ ᠳᠦᠷᠢᠮ᠎ᠢ ᠨᠡᠶ᠋ᠢᠲᠡᠯᠡᠬᠦ ᠵᠢ ᠠᠬᠢᠭᠤᠯᠵᠤ᠂ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠦᠢ᠍ᠯᠡᠴᠢᠯᠡᠭᠡ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ 12 ᠳ᠋ᠤᠭ᠋ᠠᠷ ᠰᠠᠷ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
ᠵᠣᠬᠢᠶᠠᠨ ᠪᠠᠶ᠋ᠢᠭᠤᠯᠤᠨ ᠤᠳᠤᠷᠢᠳᠬᠤ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ᠎ᠪᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠨᠠᠮ᠎ᠤᠨ ᠬᠤᠷᠢᠶᠠᠨ᠎ᠤ ᠴᠡᠷᠢᠭ ᠠᠷᠠᠳ᠎ᠤᠨ ᠬᠠᠮ ᠬᠥᠭᠵᠢᠭᠦᠯᠦᠯᠲᠡ ᠵᠢᠨ ᠬᠤᠷᠢᠶᠠᠨ᠎ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠮᠲᠤ᠎ᠪᠠᠷ ᠥᠪᠡᠷᠲᠡᠭᠡᠨ ᠵᠠᠰᠠᠬᠤ ᠣᠷᠣᠨ᠎ᠤ ᠳᠣᠣᠷ᠎ᠠ ᠠᠭ᠋ᠠᠷ᠎ᠤᠨ ᠣᠷᠣᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠠᠵᠢᠯ᠎ᠤᠨ ᠲᠤᠰᠬᠠᠢ ᠠᠩᠭᠢ ᠵᠢ ᠪᠠᠶ᠋ᠢᠭᠤᠯᠵᠤ᠂ ᠴᠡᠷᠢᠭ ᠠᠩᠭᠢ᠂ ᠠᠷᠠᠳ᠎ᠤᠨ ᠠᠭ᠋ᠠᠷ᠎ᠤᠨ ᠲᠡᠭᠡᠭᠡᠪᠦᠷᠢᠯᠦᠭᠡ ᠨᠡᠪᠲᠡᠷᠡᠯᠴᠡᠨ ᠵᠣᠯᠭ᠋ᠠᠭᠤᠯᠬᠤ ᠵᠢ ᠬᠠᠷᠢᠭᠤᠴᠠᠨ᠂ 《ᠴᠡᠷᠢᠭ ᠠᠩᠭᠢ ᠣᠷᠣᠨ ᠨᠤᠲᠤᠭ ᠠᠷᠠᠳ᠎ᠤᠨ ᠠᠭ᠋ᠠᠷ᠎ᠤᠨ ᠲᠡᠭᠡᠭᠡᠪᠦᠷᠢ》 ᠵᠢᠨ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠤᠨ᠎ᠠ; ᠳᠣᠣᠷ᠎ᠠ ᠠᠭ᠋ᠠᠷ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠡᠵᠡᠩᠨᠡᠯᠲᠡ ᠵᠢᠨ ᠭᠤᠣᠯ ᠴᠣᠭᠴᠠ ᠵᠢ ᠵᠢᠯᠣᠭᠤᠳᠤᠨ ᠪᠠᠶ᠋ᠢᠭᠤᠯᠤᠨ᠎ᠠ; ᠳᠣᠣᠷ᠎ᠠ ᠠᠭ᠋ᠠᠷ᠎ᠤᠨ ᠣᠷᠣᠨ ᠪᠠ ᠰᠠᠭᠤᠷᠢ ᠪᠡᠯᠡᠳᠬᠡᠮᠵᠢ ᠵᠢᠨ ᠲᠥᠯᠦᠪᠵᠢᠭᠦᠯᠭᠡ ᠵᠢ ᠵᠢᠯᠣᠭᠤᠳᠤᠨ ᠨᠠᠶ᠋ᠢᠷᠠᠭᠤᠯᠤᠨ ᠵᠣᠬᠢᠶᠠᠵᠤ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠷᠠᠭᠤᠯᠵᠤ᠂ ᠣᠨ᠎ᠤ ᠡᠭᠦᠷᠭᠡ ᠵᠢᠨ ᠲᠣᠳᠣᠷᠬᠠᠢ ᠬᠠᠭᠤᠳᠠᠰᠤ ᠵᠢ ᠲᠣᠭᠲᠠᠭ᠋ᠠᠨ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠠᠬᠢᠴᠠ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠎ᠠ᠃ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ᠂ ᠰᠢᠭᠤᠳ ᠨᠥᠬᠦᠪᠦᠷᠢ ᠥᠭᠬᠦ᠂ ᠵᠢᠭᠡᠯᠡᠯᠭᠡ᠎ᠳᠤ ᠳᠠᠮ ᠬᠦᠦ ᠥᠭᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠂ ᠨᠢᠰᠦᠯᠲᠡ ᠵᠢᠨ ᠦᠢ᠍ᠯᠡᠴᠢᠯᠡᠭᠡᠨ᠎ᠤ ᠥᠷᠲᠡᠭᠡ᠂ ᠵᠢᠯᠣᠭᠤᠴᠢ ᠦᠭᠡᠢ ᠨᠢᠰᠬᠡᠯ᠎ᠤᠨ ᠨᠢᠰᠴᠦ ᠭᠠᠵᠠᠷᠳᠠᠬᠤ ᠲᠠᠯᠠᠪᠤᠷ ᠵᠡᠷᠭᠡ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠴᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ᠎ᠢ ᠳᠡᠮᠵᠢᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠥᠲᠥᠯᠥᠨ ᠳᠠᠭ᠋ᠠᠭᠤᠯᠬᠤ ᠵᠢ ᠴᠢᠩᠭ᠋ᠠᠷᠠᠭᠤᠯᠵᠤ᠂ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ᠎ᠤᠨ ᠬᠡᠷᠡᠭᠯᠡᠭᠡᠨ᠎ᠢ ᠴᠢᠩᠭ᠋ᠠᠳᠬᠠᠨ᠂ ᠳᠣᠣᠷ᠎ᠠ ᠠᠭ᠋ᠠᠷ᠎ᠤᠨ ᠬᠦᠷᠢᠶᠡᠨ᠎ᠳᠠᠬᠢ ᠮᠡᠷᠭᠡᠵᠢᠯ᠎ᠤᠨ ᠲᠠᠰ ᠳᠡᠪᠰᠢᠬᠦ᠂ ᠦᠷ᠎ᠡ ᠪᠦᠲᠦᠭᠡᠯ᠎ᠢ ᠤᠯᠠᠷᠢᠭᠤᠯᠬᠤ ᠵᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠬᠢᠴᠢᠶᠡᠯ ᠨᠡᠭᠡᠭᠡᠵᠦ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠨ᠂ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠳᠣᠣᠷ᠎ᠠ ᠠᠭ᠋ᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠡᠭᠦᠷᠭᠡᠯᠡᠭᠦᠯᠵᠦ᠂ ᠠᠵᠢᠯᠲᠠᠨ᠎ᠤ ᠪᠣᠯᠪᠠᠰᠤᠷᠠᠯ᠎ᠢ ᠥᠷᠨᠢᠭᠦᠯᠦᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠣᠶ ᠪᠣᠯᠭ᠋ᠠᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2024 ᠣᠨ᠎ᠤ 11 ᠳ᠋ᠦ᠍ᠭᠡᠷ ᠰᠠᠷ᠎ᠠ ᠵᠢᠨ 12᠎ᠤ ᠡᠳᠦᠷ ᠳᠠᠷᠤᠮᠠᠯᠯᠠᠨ ᠲᠠᠷᠬᠠᠭ᠋ᠠᠪᠠ