ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠠᠤᠯᠢ ᠵᠥᠷᠢᠴᠡᠭᠰᠡᠨ ᠦᠷ᠎ᠡ ᠳ᠋ᠦᠩ ᠵᠶ᠋ᠡᠷ ᠬᠥᠩᠭᠡᠪᠲᠦᠷ ᠠᠩᠬ᠎ᠠ ᠤᠳᠠᠭ᠋ᠠᠨ ᠎ᠤ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠦᠭᠬᠦ ᠦᠭᠡᠢ ᠨᠡᠷᠡᠰ ᠎ᠤᠨ ᠵᠢᠭᠰᠠᠭ᠋ᠠᠯᠲᠠ》 ᠵᠢᠨ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ (ᠬᠣᠶᠠᠷ)
ᠨᠡᠶᠢᠲᠡᠯᠡᠭᠰᠡᠨ ᠴᠠᠭ᠄ 2024-12-29

      ᠬᠣᠶᠠᠷ᠂ ᠪᠢᠴᠢᠭ ᠮᠠᠲ᠋ᠧᠷᠢᠶᠠᠯ ᠲᠤᠭᠲᠠᠭ᠋ᠠᠭᠰᠠᠨ ᠦᠨᠳᠦᠰᠦᠯᠡᠯ
     《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠦᠭᠬᠦ ᠬᠠᠤᠯᠢ》
     《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠠᠰᠤᠨ᠎ᠳᠤ ᠥᠯᠥ ᠬᠦᠷᠦᠭᠰᠡᠳ᠎ᠤᠨ ᠬᠠᠮᠠᠭ᠋ᠠᠯᠠᠯᠲᠠ ᠵᠢᠨ ᠬᠠᠤᠯᠢ》
     《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠳᠦᠷᠢᠮ》
     《ᠢᠨᠲ᠋ᠧᠷ ᠰᠦᠯᠵᠢᠶᠡᠨ᠎ᠤ ᠰᠦᠯᠵᠢᠶᠡᠨ᠎ᠳᠤ ᠭᠠᠷᠬᠤ ᠦᠢ᠍ᠯᠡᠴᠢᠯᠡᠭᠡᠨ᠎ᠤ ᠡᠵᠡᠩᠨᠡᠯᠲᠡ ᠵᠢᠨ ᠭᠠᠵᠠᠷ᠎ᠤᠨ ᠬᠠᠮᠢᠶᠠᠷᠤᠯᠲᠠ ᠵᠢᠨ ᠲᠦᠷᠢᠮ》
     《ᠡᠵᠡᠩᠨᠡᠯᠲᠡ ᠵᠢᠨ ᠴᠢᠨᠠᠷᠲᠠᠢ ᠲᠣᠭᠯᠠᠯᠲᠠ ᠵᠢᠨ ᠬᠠᠮᠢᠶᠠᠷᠤᠯᠲᠠ ᠵᠢᠨ ᠳᠦᠷᠢᠮ》
     《ᠵᠤᠭ᠎ᠠ ᠴᠡᠩᠭᠡᠯ᠎ᠤᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ》
     《ᠨᠡᠢ᠌ᠭᠡᠮ᠎ᠤᠨ ᠤᠷᠠᠯᠢᠭ᠎ᠤᠨ ᠬᠢᠷᠢ ᠲᠦᠪᠰᠢᠨ᠎ᠤ ᠲᠠᠰ᠎ᠤᠨ ᠰᠢᠯᠭ᠋ᠠᠯᠲᠠ ᠵᠢᠨ ᠬᠠᠮᠢᠶᠠᠷᠤᠯᠲᠠ ᠵᠢᠨ ᠠᠷᠭ᠎ᠠ》
     《ᠤᠷᠠᠯᠢᠭ᠎ᠤᠨ ᠪᠦᠲᠦᠭᠡᠯ᠎ᠤᠨ ᠡᠵᠡᠩᠨᠡᠯᠲᠡ ᠬᠠᠮᠢᠶᠠᠷᠤᠯᠲᠠ   ᠵᠢᠨ ᠠᠷᠭ᠎ᠠ》
     《ᠢᠨᠲ᠋ᠧᠷ ᠰᠦᠯᠵᠢᠶᠡᠨ᠎ᠤ ᠰᠣᠶᠣᠯ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》
     《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠢᠭᠤᠯᠴᠢᠯᠠᠯ᠎ᠤᠨ ᠬᠠᠤᠯᠢ》
     《ᠵᠢᠭᠤᠯᠴᠢᠯᠠᠯ᠎ᠤᠨ ᠬᠤᠷᠢᠶᠠᠨ ᠎ᠤ ᠳᠦᠷᠢᠮ》
     《ᠵᠢᠭᠤᠯᠴᠢᠯᠠᠯ᠎ᠤᠨ ᠬᠥᠲᠥᠴᠢ ᠵᠢᠨ ᠬᠠᠮᠢᠶᠠᠷᠤᠯᠲᠠ ᠵᠢᠨ ᠳᠦᠷᠢᠮ》
     《ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》
     《〈ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠮᠡᠳᠡᠭᠳᠡᠯ》
      ᠭᠤᠷᠪᠠ᠂ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》 ᠵᠢᠨ ᠭᠣᠣᠯ ᠠᠭᠤᠯᠭ᠎ᠠ
     (ᠨᠢᠭᠡ) ᠦᠨᠳᠦᠰᠦᠨ ᠵᠠᠷᠴᠢᠮ
      ᠲᠤᠰ ᠳᠦᠷᠢᠮ᠎ᠳᠤ ᠬᠡᠯᠡᠵᠦ ᠪᠠᠢ᠌ᠭ᠎ᠠ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠭᠡᠳᠡᠭ᠎ᠨᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠠᠤᠯᠢ ᠬᠡᠷᠡᠭᠵᠢᠭᠦᠯᠬᠦ ᠬᠦᠷᠢᠶᠡᠨ᠎ᠳᠤ ᠡᠭᠦᠰᠦᠭᠰᠡᠨ ᠬᠠᠤᠯᠢ ᠵᠥᠷᠢᠴᠡᠭᠰᠡᠨ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠶ᠎ᠡ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠰᠢᠢ᠍ᠳᠬᠡᠯ᠎ᠤᠨ ᠲᠦᠷᠦᠯ ᠵᠦᠢ᠍ᠯ ᠪᠠ ᠬᠡᠮᠵᠢᠶᠡᠨ ᠎ᠤ ᠳᠣᠲᠣᠷ᠎ᠠ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠢ᠌ᠳᠠᠯ ᠪᠠ ᠨᠡᠢ᠌ᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠵᠠᠰᠠᠭ ᠵᠠᠬᠢᠷᠭ᠋ᠠᠨ᠎ᠤ   ᠰᠢᠢ᠍ᠳᠬᠡᠯ ᠥᠭᠬᠦ ᠡᠰᠡᠬᠦ᠂ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠪᠣᠳᠠᠲᠠᠢ ᠲᠦᠷᠦᠯ ᠵᠦᠢ᠍ᠯ ᠪᠠ ᠬᠡᠮᠵᠢᠶᠡᠨ᠎ᠤ ᠡᠷᠬᠡ ᠵᠢᠨ ᠬᠡᠪᠴᠢᠶ᠎ᠡ ᠵᠢ ᠬᠠᠤᠯᠢ ᠶᠣᠰᠣᠭ᠋ᠠᠷ ᠲᠤᠭᠲᠠᠭ᠋ᠠᠬᠤ ᠵᠢ ᠭᠡᠯᠡᠵᠦ ᠪᠠᠢ᠌ᠨ᠎ᠠ᠃
      ᠲᠤᠰ 《ᠲᠠᠰᠤᠯᠤᠯᠲᠠ ᠵᠢᠨ ᠪᠠᠷᠢᠮᠵᠢᠶ᠎ᠠ》᠎ᠨᠢ ᠠᠯᠳᠠᠭ᠎ᠠ ᠪᠠ ᠰᠢᠢ᠍ᠳᠬᠡᠯ ᠎ᠢ ᠲᠡᠩᠴᠡᠭᠦᠯᠬᠦ᠂   ᠰᠢᠢ᠍ᠳᠬᠡᠯ ᠪᠠ ᠰᠤᠷᠭ᠋ᠠᠨ   ᠬᠦᠮᠦᠵᠢᠯ᠎ᠢ ᠤᠶᠠᠯᠳᠤᠭᠤᠯᠬᠤ ᠵᠠᠷᠴᠢᠮ᠎ᠢ ᠵᠢᠷᠤᠮᠯᠠᠵᠤ᠂ ᠵᠠᠰᠠᠭ ᠵᠠᠬᠢᠷᠭ᠋ᠠᠨ᠎ᠤ ᠰᠢᠢ᠍ᠳᠬᠡᠯ᠎ᠨᠢ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠢ᠌ᠳᠠᠯ ᠵᠢᠴᠢ ᠨᠡᠢ᠌ᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ᠎ᠲᠠᠢ ᠲᠡᠩᠴᠡᠬᠦ᠂ ᠬᠠᠤᠯᠢ ᠵᠢ ᠵᠥᠷᠢᠴᠡᠭᠰᠡᠨ ᠠᠵᠢᠯᠯᠠᠭ᠋ᠠᠨ᠎ᠤ ᠬᠠᠷᠢᠶᠠᠯᠠᠬᠤ ᠭᠠᠵᠠᠷ᠎ᠤᠨ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ᠎ᠲᠠᠢ   ᠵᠤᠬᠢᠴᠠᠬᠤ ᠵᠢ ᠪᠠᠷᠢᠮᠲᠠᠯᠠᠪᠠ᠃
     (ᠬᠣᠶᠠᠷ) ᠲᠠᠰᠤᠯᠤᠯᠲᠠ ᠵᠢᠨ ᠳᠡᠰ ᠳᠠᠷᠠᠭ᠋ᠠᠯᠠᠯ ᠵᠢᠴᠢ ᠳᠤᠬᠢᠷᠠᠬᠤ ᠪᠠᠢ᠌ᠳᠠᠯ
      ᠲᠣᠰ 《ᠲᠠᠰᠤᠯᠤᠯᠲᠠ ᠵᠢᠨ ᠪᠠᠷᠢᠮᠵᠢᠶ᠎ᠠ》 ᠵᠢᠨ ᠲᠠᠰᠤᠯᠤᠯᠲᠠ ᠵᠢᠨ ᠲᠠᠰ ᠳᠠᠷᠠᠭ᠋ᠠᠯᠠᠯ᠎ᠢ   ᠬᠥᠩᠬᠡᠨ ᠰᠢᠢ᠍ᠳᠬᠡᠯ᠂ ᠡᠩ᠎ᠤᠨ ᠰᠢᠢ᠍ᠳᠬᠡᠯ᠂ ᠬᠦᠨᠳᠦ ᠰᠢᠢ᠍ᠳᠬᠡᠯ ᠭᠡᠵᠦ ᠭᠤᠷᠪᠠ ᠬᠤᠪᠢᠶᠠᠨ᠎ᠠ᠃ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ   ᠥᠭᠬᠦ ᠦᠭᠡᠢ ᠪᠣᠯ 《ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠨᠠᠷᠢᠨ ᠲᠠᠩᠰᠠ》 ᠵᠢ ᠨᠢᠭᠡᠨᠲᠡ ᠠᠰ᠎ᠲᠤ᠎ᠨᠢ ᠲᠤᠭᠤᠷᠪᠢᠭᠰᠠᠨ ᠪᠠᠢ᠌ᠨ᠎ᠠ᠃ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠪᠠᠢ᠌ᠭᠤᠯᠭ᠎ᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠬᠣᠶᠠᠳᠤᠭ᠋ᠠᠷ ᠵᠦᠢ᠍ᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ᠎ᠢ ᠦᠨᠳᠦᠰᠦᠯᠡᠨ ᠵᠠᠭ᠋ᠠᠭᠯᠠᠨ ᠲᠣᠭᠲᠠᠭ᠋ᠠᠵᠤ ᠬᠡᠷᠡᠭᠯᠡᠨ᠎ᠡ᠃
     1. ᠬᠥᠩᠭᠡᠨ ᠰᠢᠢ᠍ᠳᠬᠡᠯ᠄ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠎ᠤᠨ ᠬᠠᠤᠯᠢ》 ᠵᠢᠨ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠬᠣᠶᠠᠳᠤᠭ᠋ᠠᠷ ᠵᠦᠢ᠍ᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠭᠤᠷᠪᠠᠳᠤᠭ᠋ᠠᠷ ᠵᠦᠢ᠍ᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠪᠣᠳᠠᠲᠤ ᠪᠠᠢ᠌ᠳᠠᠯ᠎ᠢ ᠦᠨᠳᠦᠰᠦᠯᠡᠨ   ᠲᠤᠭᠤᠷᠪᠢᠪᠠ᠃
     2. ᠡ᠊ᠩ᠎ᠤᠨ ᠰᠢᠢ᠍ᠳᠬᠡᠯ᠄ ᠡ᠊ᠩ᠎ᠤᠨ ᠰᠢᠢ᠍ᠳᠬᠡᠯ   ᠭᠡᠳᠡᠭ᠎ᠨᠢ ᠬᠥᠩᠭᠡᠨ ᠵᠶ᠋ᠡᠷ ᠰᠢᠢ᠍ᠳᠭᠡᠬᠦ ᠪᠠ ᠬᠦᠨᠳᠦ᠎ᠪᠠᠷ   ᠰᠢᠢ᠍ᠳᠭᠡᠬᠦ ᠵᠢᠨ ᠬᠣᠭᠣᠷᠣᠨᠳᠣᠬᠢ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠵᠢᠭ᠋ᠠᠵᠤ ᠪᠠᠢ᠌ᠨ᠎ᠠ᠃ ᠲᠤᠬᠠᠢ ᠵᠢᠨ ᠬᠥᠮᠥᠨ᠎ᠤ ᠬᠢᠭᠰᠡᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠰᠢᠢ᠍ᠳᠬᠡᠯ ᠥᠭᠬᠦ᠂ ᠬᠥᠩᠭᠡᠷᠡᠭᠦᠯᠬᠦ᠂   ᠬᠥᠩᠭᠡᠨ ᠵᠶ᠋ᠡᠷ ᠰᠢᠢ᠍ᠳᠭᠡᠬᠦ᠂ ᠬᠦᠨᠳᠦ᠎ᠪᠠᠷ ᠰᠢᠢ᠍ᠳᠭᠡᠬᠦ ᠤᠢ᠍ᠢ᠍ᠯᠠ ᠪᠠᠢ᠌ᠳᠠᠯ ᠪᠠᠢ᠌ᠬᠤ ᠤᠢ᠌ᠭᠡᠢ ᠪᠣᠯ ᠡ᠊ᠩ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠨ᠎ᠡ᠃
     3. ᠬᠦᠨᠳᠦ ᠰᠢᠢ᠍ᠳᠬᠡᠯ᠄ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠳᠥᠷᠪᠡᠳᠦᠭᠡᠷ ᠵᠦᠢ᠍ᠯ᠎ᠢ ᠦᠨᠳᠦᠰᠦᠯᠡᠨ ᠲᠤᠭᠤᠷᠪᠢᠪᠠ᠃ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠪᠠᠢ᠌ᠭᠤᠯᠭ᠎ᠠ᠎ᠨᠢ ᠲᠤᠬᠠᠢ ᠵᠢᠨ ᠬᠥᠮᠥᠨ᠎ᠤ ᠲᠣᠭ᠋ᠠᠴᠢᠯᠲᠠ᠂ ᠵᠥᠪᠲᠦᠭᠡᠯᠲᠡ᠎ᠠᠴᠠ ᠪᠣᠯᠵᠤ ᠨᠡᠩ ᠬᠦᠨᠳᠦ ᠰᠢᠢ᠍ᠳᠬᠡᠯ ᠥᠭᠴᠦ ᠪᠣᠯᠬᠤ ᠦᠭᠡᠢ᠃
     (ᠭᠤᠷᠪᠠ) ᠪᠤᠰᠤᠳ ᠲᠣᠳᠣᠷᠬᠠᠢ᠌ᠯᠠᠯᠲᠠ
     1. ᠲᠣᠰ 《ᠲᠠᠰᠤᠯᠤᠯᠲᠠ ᠵᠢᠨ ᠪᠠᠷᠢᠮᠵᠢᠶ᠎ᠠ》᠎ᠨᠢ ᠨᠡᠶ᠋ᠢᠲᠡ 117 ᠵᠦᠢ᠍ᠯ ᠪᠠᠢ᠌ᠵᠤ᠂ ᠡᠭᠦᠨ᠎ᠳᠤ ᠰᠣᠶᠣᠯ᠎ᠤᠨ ᠲᠥᠷᠥᠯ 59 ᠵᠦᠢ᠍ᠯ᠂ ᠵᠢᠭᠤᠯᠴᠢᠯᠠᠯ᠎ᠤᠨ ᠲᠥᠷᠥᠯ 58 ᠵᠦᠢ᠍ᠯ ᠪᠠᠢ᠌ᠨ᠎ᠠ᠃ ᠪᠥᠬᠥ ᠣᠷᠣᠨ᠎ᠤ ᠡᠯ᠎ᠡ ᠭᠠᠵᠠᠷ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ   ᠎ᠢ ᠬᠡᠷᠡᠭᠵᠢᠭᠦᠯᠬᠦ᠎ᠳᠤ ᠯᠠᠪᠯᠠᠯᠲᠠ ᠪᠤᠯᠭ᠋ᠠᠨ᠎ᠠ᠃ 《ᠲᠠᠰᠤᠯᠤᠯᠲᠠ ᠵᠢᠨ ᠪᠠᠷᠢᠮᠵᠢᠶ᠎ᠠ》᠎ᠳᠤ ᠵᠢᠭᠰᠠᠭ᠋ᠠᠨ ᠣᠷᠣᠭᠤᠯᠤᠭᠰᠠᠨ ᠦᠭᠡᠢ ᠪᠤᠰᠤᠳ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠲᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
     2. ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠠᠰᠤᠯᠤᠯᠲᠠ ᠵᠢᠨ ᠪᠠᠷᠢᠮᠵᠢᠶ᠎ᠠ ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ  ᠎ᠤᠨ ᠲᠠᠰᠤᠯᠤᠯᠲᠠ ᠵᠢᠨ ᠡᠷᠬᠡ ᠵᠢᠨ ᠦᠨᠳᠦᠰᠦᠯᠡᠯ᠎ᠤᠨ ᠬᠤᠪᠢᠷᠠᠯᠲᠠ ᠪᠠ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠠᠢ ᠪᠠᠢ᠌ᠳᠠᠯ᠎ᠢ ᠦᠨᠳᠦᠰᠦᠯᠡᠨ ᠴᠠᠭ ᠲᠤᠬᠠᠢ ᠎ᠳᠤ᠎ᠨᠢ ᠵᠠᠰᠠᠪᠤᠷᠢ ᠣᠷᠣᠭᠤᠯᠤᠨ᠎ᠠ᠃ ᠡᠯ᠎ᠡ ᠭᠠᠵᠠᠷ᠎ᠤᠨ᠎ᠬᠢᠨ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢᠨ ᠬᠡᠷᠡᠭᠴᠡᠭᠡ᠎ᠪᠠᠨ ᠦᠨᠳᠦᠰᠦᠯᠡᠨ ᠲᠣᠰ 《ᠲᠠᠰᠤᠯᠤᠯᠲᠠ ᠵᠢᠨ ᠪᠠᠷᠢᠮᠵᠢᠶ᠎ᠠ》 ᠵᠢᠨ ᠲᠠᠰᠤᠯᠤᠯᠲᠠ ᠵᠢᠨ ᠲᠠᠰ ᠳᠠᠷᠠᠭ᠋ᠠᠯᠠᠯ᠂ ᠬᠡᠷᠡᠭᠯᠡᠬᠦ ᠪᠠᠢ᠌ᠳᠠᠯ ᠪᠠ   ᠰᠢᠢ᠍ᠳᠭᠡᠬᠦ ᠪᠠᠷᠢᠮᠵᠢᠶ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠮᠵᠢᠶᠡᠵᠢᠭᠦᠯᠵᠦ ᠪᠣᠯᠣᠨ᠎ᠠ᠃
      ᠳᠥᠷᠪᠡ᠂ 《ᠵᠠᠰᠠᠭ ᠵᠠᠬᠢᠷᠭ᠋ᠠᠨ᠎ᠤ ᠰᠢᠢ᠍ᠳᠬᠡᠯ ᠥᠯᠥ ᠥᠭᠬᠦ ᠨᠠᠷᠢᠨ ᠬᠠᠭᠤᠳᠠᠰᠤ》 ᠵᠢᠨ ᠭᠣᠣᠯ ᠠᠭᠤᠯᠭ᠎ᠠ
      ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠭᠡᠳᠡᠭ᠎ᠨᠢ ᠲᠤᠬᠠᠢ ᠵᠢᠨ ᠬᠥᠮᠥᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠲᠠᠢ ᠪᠤᠯᠪᠠᠴᠤ ᠵᠠᠰᠠᠭ ᠵᠠᠬᠢᠷᠭ᠋ᠠᠨ᠎ᠤ ᠰᠢᠢ᠍ᠳᠭᠡᠯ᠎ᠠᠴᠠ ᠬᠡᠯᠳᠦᠷᠢᠬᠦᠯᠬᠦ ᠵᠢ ᠵᠢᠭ᠋ᠠᠵᠤ ᠪᠠᠢ᠌ᠨ᠎ᠠ᠃  《ᠵᠠᠰᠠᠭ ᠵᠠᠬᠢᠷᠭ᠋ᠠᠨ᠎ᠤ ᠰᠢᠢ᠍ᠳᠬᠡᠯ ᠥᠯᠥ ᠥᠭᠬᠦ ᠨᠠᠷᠢᠨ ᠲᠠᠩᠰᠠ》 ᠵᠢ ᠬᠡᠷᠡᠭᠯᠡᠬᠦ ᠪᠠᠢ᠌ᠳᠠᠯ᠎ᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠭᠤᠴᠢᠳᠤᠭ᠋ᠠᠷ ᠵᠦᠢ᠍ᠯ᠂ ᠭᠤᠴᠢᠨ ᠨᠢᠭᠡᠳᠦᠭᠡᠷ ᠵᠦᠢ᠍ᠯ᠂ ᠭᠤᠴᠢᠨ ᠭᠤᠷᠪᠠᠳᠤᠭ᠋ᠠᠷ ᠵᠦᠢ᠍ᠯ᠂ ᠭᠤᠴᠢᠨ ᠵᠢᠷᠭᠤᠳᠤᠭ᠋ᠠᠷ ᠵᠦᠢ᠍ᠯ᠎ᠤᠨ ᠬᠠᠮᠢᠶ᠎ᠠ ᠪᠦᠬᠦᠢ ᠲᠣᠭᠲᠠᠭ᠋ᠠᠯ ᠵᠢᠴᠢ 《ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠬᠡᠷᠡᠭᠯᠡᠬᠦ ᠠᠷᠭ᠎ᠠ》 ᠵᠢᠨ ᠠᠷᠪᠠᠨ ᠬᠣᠶᠠᠳᠤᠭ᠋ᠠᠷ ᠵᠦᠢ᠍ᠯ᠎ᠢ ᠦᠨᠳᠦᠰᠦᠯᠡᠨ ᠲᠤᠭᠤᠷᠪᠢᠪᠠ᠃ ᠲᠣᠰ ᠤᠳᠠᠭ᠎ᠠ   ᠬᠠᠤᠯᠢ ᠵᠢ ᠵᠥᠷᠢᠴᠡᠭᠰᠡᠨ ᠦᠷ᠎ᠡ ᠳ᠋ᠦᠩ ᠵᠶ᠋ᠡᠷ ᠬᠥᠩᠭᠡᠪᠲᠦᠷ ᠠᠩᠬ᠎ᠠ ᠤᠳᠠᠭ᠋ᠠᠨ᠎ᠤ ᠦᠢᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠯᠥ ᠥᠭᠬᠦ ᠲᠣᠳᠣᠷᠬᠠᠢ ᠬᠠᠭᠤᠳᠠᠰᠤ ᠨᠡᠶ᠋ᠢᠲᠡ 10 ᠵᠦᠢ᠍ᠯ ᠪᠣᠶ᠂ ᠡᠭᠦᠨ᠎ᠳᠤ ᠰᠣᠶᠣᠯ᠎ᠤᠨ ᠲᠥᠷᠥᠯ 9 ᠵᠦᠢ᠍ᠯ᠂ ᠵᠢᠭᠤᠯᠴᠢᠯᠠᠯ᠎ᠤᠨ ᠲᠥᠷᠥᠯ 1 ᠵᠦᠢ᠍ᠯ ᠪᠣᠶ᠃ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠪᠣᠯ ᠲᠤᠬᠠᠢ ᠵᠢᠨ ᠬᠥᠮᠥᠨ᠎ᠳᠤ ᠬᠥᠮᠦᠵᠢᠯ ᠬᠢᠬᠦ ᠬᠡᠷᠡᠭᠲᠡᠢ᠃
      ᠲᠠᠪᠤ᠂ ᠪᠢᠴᠢᠭ ᠮᠠᠲ᠋ᠧᠷᠢᠶᠠᠯ᠎ᠢ ᠬᠡᠷᠡᠭᠯᠡᠬᠦ ᠴᠠᠭ᠎ᠤᠨ ᠬᠢᠵᠠᠭ᠋ᠠᠷ
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠪᠠᠷᠢᠮᠵᠢᠶ᠎ᠠ》 ᠵᠢ 2025 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠂   ᠬᠦᠴᠦᠨ᠎ᠲᠠᠢ ᠬᠤᠭᠤᠴᠠᠭ᠎ᠠ᠎ᠨᠢ 5 ᠵᠢᠯ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠪᠠᠷᠢᠮᠵᠢᠶ᠎ᠠ》 (ᠥᠪᠥᠷ   ᠮᠤᠩᠭᠤᠯ ᠎ᠤᠨ ᠥᠪᠡᠷᠲᠡᠭᠡᠨ ᠵᠠᠰᠠᠬᠤ ᠤᠷᠤᠨ ᠎ᠤ ᠰᠤᠶᠤᠯ ᠎ᠤᠨ ᠲᠢᠩᠬᠢᠮ ᠎ᠤᠨ [2017] 138 ᠳ᠋ᠤᠭ᠋ᠠᠷ ᠲᠣᠭ᠋ᠠᠲᠤ) ᠵᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2024 ᠣᠨ᠎ᠤ 12 ᠳ᠋ᠤᠭ᠋ᠠᠷ ᠰᠠᠷ᠎ᠠ ᠵᠢᠨ 27᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠢᠷᠤᠭ ᠵᠶ᠋ᠠᠷ ᠦᠭᠦᠯᠡᠬᠦᠢ ᠄ 2020 ᠤᠨ᠎ᠤ ᠤᠯᠠᠭ᠋ᠠᠨᠮᠦ᠋ᠴᠢᠷ᠎ᠤᠨ ᠠᠵᠢᠯ᠎ᠤᠨ ᠲᠦᠰᠦᠯ
ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠢᠰᠲᠸᠮ᠎ᠤᠨ ᠮᠤᠩᠭᠤᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠴᠤᠭᠯᠠᠷᠠᠯ
ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠳᠠᠬᠢ ᠰᠡᠳᠭᠢᠯ ᠳᠤᠯᠠᠭ᠋ᠠᠴᠠᠭᠤᠯᠤᠮ᠎ᠠ ᠦᠭᠡ ᠦᠭᠦᠯᠡᠪᠦᠷᠢ
ᠶᠡᠷᠥᠩᠬᠡᠢ ᠱᠦᠵᠢ ᠵᠢᠨ ᠶᠠᠷᠢᠶ᠎ᠠ ᠵᠢ ᠪᠠᠲᠤ ᠴᠡᠭᠡᠵᠢᠯᠡᠶ᠎ᠡ
ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠢ ᠵᠢᠷᠤᠭ ᠵᠶ᠋ᠠᠷ ᠲᠠᠢ᠌ᠯᠬᠤᠢ
 
            