6 ᠳ᠋ᠤᠭ᠋ᠠᠷ ᠰᠠᠷ᠎ᠠ ᠵᠢᠨ 7— 8᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠨᠡᠢ᠌ᠭᠡᠮᠯᠢᠭ ᠪᠣᠯᠣᠨ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠳᠠᠭ᠋ᠠᠭ᠋ᠠᠴᠢᠯᠠᠨ ᠡᠷᠬᠢᠯᠡᠭᠰᠡᠡ ᠥᠪᠥᠷ ᠮᠣᠩᠭᠣᠯ᠎ᠤᠨ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ ᠵᠢᠴᠢ 《ᠪᠢ ᠲᠠᠯ᠎ᠠ ᠨᠤᠲᠤᠭᠯᠤᠭᠠ ᠪᠣᠯᠵᠣᠭ᠎ᠠ᠎ᠲᠠᠢ》 ᠭᠡᠬᠦ ᠨᠡᠷᠡᠲᠦ ᠲᠦᠷᠦᠯ ᠲᠡᠮᠳᠡᠭᠲᠦ ᠵᠢᠨ ᠡᠷᠬᠡ ᠣᠯᠭᠣᠨ ᠰᠢᠯᠭ᠋ᠠᠷᠠᠭᠤᠯᠬᠤ ᠠᠵᠢᠯᠯᠠᠭ᠎ᠠ ᠬᠥᠬᠡᠬᠣᠲᠠ᠎ᠳᠤ ᠲᠡᠭᠦᠰᠪᠡ᠃ ᠠᠯᠲᠠᠨ ᠱᠠᠩᠨᠠᠯ 2᠂ ᠮᠥᠩᠭᠥᠨ ᠱᠠᠩᠨᠠᠯ 4᠂ ᠬᠦᠷᠡᠯ ᠱᠠᠩᠨᠠᠯ 7᠂ ᠰᠢᠯᠢᠳᠡᠭ ᠱᠠᠩᠨᠠᠯ 20᠂ ᠳᠤᠷᠠᠰᠬᠠᠯ᠎ᠤᠨ ᠱᠠᠩᠨᠠᠯ 60᠂ ᠰᠢᠯᠭ᠋ᠠᠯᠲᠠ᠎ᠳᠤ ᠣᠷᠣᠭᠰᠠᠨ ᠱᠠᠩᠨᠠᠯ 500 ᠪᠣᠶ ᠪᠣᠯᠵᠤ᠂ ᠳᠡᠭᠡᠷᠡᠬᠢ ᠱᠠᠩᠨᠠᠯ᠎ᠳᠤ ᠣᠷᠣᠯᠴᠠᠭᠰᠠᠨ ᠪᠦᠲᠦᠭᠡᠯ᠎ᠤᠳ᠎ᠨᠢ ᠴᠥᠮ 《ᠪᠢ ᠲᠠᠯ᠎ᠠ ᠨᠤᠲᠤᠭᠯᠤᠭᠠ ᠪᠣᠯᠵᠣᠭ᠎ᠠ᠎ᠲᠠᠢ》 ᠨᠠᠷᠠᠲᠤ ᠲᠥᠷᠥᠯ ᠲᠡᠮᠳᠡᠭᠲᠦ ᠵᠢᠨ ᠢᠯᠡᠷᠬᠡᠢ᠌ᠯᠡᠯ᠎ᠤᠨ ᠡᠷᠬᠡ ᠣᠯᠭᠣᠯᠲᠠ ᠵᠢ ᠣᠯᠬᠤ ᠪᠣᠯᠣᠨ᠎ᠠ᠃
ᠤᠷᠤᠯᠳᠤᠭ᠋ᠠᠨ᠎ᠢ 4 ᠳ᠋ᠤᠭᠡᠷ ᠰᠠᠷ᠎ᠠ᠎ᠳᠤ ᠡᠬᠢᠯᠡᠭᠦᠯᠦᠭᠰᠡᠨ᠎ᠠᠴᠠ ᠨᠠᠭ᠋ᠠᠰᠢ᠂ ᠡᠯ᠎ᠡ ᠠᠢ᠌ᠮᠠᠭ ᠬᠤᠳᠠ ᠵᠢᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ᠎ᠬᠢᠨ ᠢᠳᠡᠪᠬᠢᠲᠡᠢ ᠵᠣᠬᠢᠶᠠᠨ ᠪᠠᠢ᠌ᠭᠤᠯᠵᠤ᠂ ᠠᠵᠤ ᠠᠬᠤᠢ᠌ᠯᠠᠯ᠎ᠤᠨ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠵᠦ᠂ ᠭᠣᠣᠯᠳᠠᠯᠭ᠎ᠠ᠎ᠲᠠᠢ ᠲᠠᠨᠢᠯᠴᠠᠭᠤᠯᠵᠤ᠂ ᠨᠡᠢ᠍ᠢ᠍ᠳᠡ 280 ᠭᠠᠷᠤᠢ ᠠᠵᠤ ᠠᠬᠤᠢ᠌ᠯᠠᠯ᠎ᠤᠨ 1100 ᠢᠵᠢ ᠲᠠᠸᠠᠷ᠎ᠢ ᠬᠦᠯᠢᠶᠡᠨ ᠠᠪᠴᠠᠢ᠂ ᠡᠭᠦᠨ᠎ᠳᠤ ᠰᠣᠶᠣᠯ᠎ᠤᠨ ᠠᠮᠢᠳᠤᠷᠠᠯ᠎ᠤᠨ ᠬᠡᠰᠡᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠢᠳᠤᠷᠠᠯ᠎ᠤᠨ ᠬᠡᠰᠡᠭ᠂ ᠴᠠᠭ᠎ᠤᠨ ᠥᠩᠭᠡ ᠵᠢᠨ ᠠᠮᠢᠳᠤᠷᠠᠯ᠎ᠤᠨ ᠬᠡᠰᠡᠭ ᠪᠠ ᠣᠨᠴᠠ ᠭᠠᠷᠤᠯᠲᠠ ᠵᠢᠨ ᠠᠮᠢᠳᠤᠷᠠᠯ᠎ᠤᠨ ᠬᠡᠰᠡᠭ ᠵᠡᠷᠭᠡ ᠪᠤᠢ᠃ ᠱᠠᠲᠤ ᠱᠠᠲᠤ᠎ᠪᠠᠷ ᠬᠢᠨᠠᠨ ᠬᠠᠷᠭᠤᠭᠤᠯᠬᠤ᠎ᠪᠠᠷ ᠳᠡᠮᠵᠢᠨ᠂ ᠡᠴᠦᠰ᠎ᠲᠤ᠎ᠪᠠᠨ 881 ᠢᠵᠢ ᠲᠠᠸᠠᠷ ᠴᠣᠯᠭᠣᠷᠠᠨ ᠭᠠᠷᠴᠤ᠂ ᠪᠣᠳᠠᠲᠤ ᠪᠣᠳᠠᠰ᠎ᠤᠨ ᠬᠢᠨᠠᠨ ᠲᠠᠰᠤᠯᠤᠯᠲᠠ᠎ᠳᠤ ᠣᠷᠣᠭᠰᠠᠨ ᠪᠠᠢ᠌ᠨ᠎ᠠ᠃

6 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ 8᠎ᠤ ᠡᠳᠦᠷ ᠪᠣᠯᠲᠠᠯ᠎ᠠ᠂ ᠤᠷᠤᠯᠳᠤᠭ᠋ᠠᠨ᠎ᠳᠤ ᠠᠵᠢᠯ ᠲᠥᠷᠥᠯ᠎ᠤᠨ ᠲᠤᠰᠬᠠᠢ ᠮᠡᠷᠭᠡᠵᠢᠯᠲᠡᠨ᠂ ᠶᠡᠬᠡ ᠳᠡᠭᠡᠳᠦ ᠰᠤᠷᠭ᠋ᠠᠭᠤᠯᠢ ᠵᠢᠨ ᠤᠷᠠᠨ ᠵᠢᠷᠤᠭ᠎ᠤᠨ ᠵᠢᠷᠤᠭ ᠲᠥᠯᠥᠪᠯᠡᠭᠡᠨ᠎ᠤ ᠲᠤᠰᠬᠠᠢ ᠮᠡᠷᠭᠡᠵᠢᠯ᠎ᠤᠨ ᠫᠷᠤᠹᠸᠰᠰᠤᠷ᠂ ᠰᠢᠯᠢᠳᠡᠭ ᠠᠵᠤ ᠠᠬᠤᠢ᠌ᠯᠠᠯᠲᠠᠨ᠂ ᠭᠣᠣᠯ ᠵᠠᠭᠤᠴᠢᠯᠠᠭᠤᠷ ᠵᠡᠷᠭᠡ ᠵᠢ ᠤᠷᠢᠵᠤ ᠤᠷᠤᠯᠳᠤᠭ᠋ᠠᠨ᠎ᠤ ᠰᠢᠯᠭ᠋ᠠᠷᠠᠭᠤᠯᠤᠨ ᠲᠣᠭᠲᠠᠭ᠋ᠠᠬᠤ ᠳᠤᠭᠤᠢ᠌ᠯᠠᠩ ᠪᠠᠢ᠌ᠭᠤᠯᠵᠤ᠂ ᠰᠣᠶᠣᠯ᠎ᠤᠨ ᠴᠢᠨᠠᠷ ᠪᠠ ᠭᠠᠵᠠᠷ ᠣᠷᠣᠨ᠎ᠤ ᠣᠨᠴᠠᠯᠢᠭ᠂ ᠰᠢᠨ᠎ᠡ ᠵᠢ ᠡᠭᠦᠳᠬᠦ ᠴᠢᠨᠠᠷ ᠪᠠ ᠵᠢᠷᠤᠭ ᠲᠥᠯᠥᠪᠯᠡᠭᠡᠨ᠎ᠤ ᠰᠡᠳᠬᠢᠯᠭᠡ᠂ ᠵᠠᠬ᠎ᠠ ᠳᠡᠯᠭᠡᠭᠦᠷ᠎ᠤᠨ ᠳᠠᠯᠳᠠ ᠬᠦᠴᠦᠨ ᠪᠠ ᠬᠡᠷᠡᠭᠯᠡᠭᠡᠨ᠎ᠤ ᠴᠢᠨᠠᠷ᠂ ᠤᠷᠠᠯᠠᠯ ᠪᠠ ᠶᠠᠰᠤ ᠴᠢᠨᠠᠷ᠂ ᠣᠷᠴᠢᠨ ᠠᠬᠤᠢ ᠵᠢᠨ ᠬᠠᠮᠠᠭ᠋ᠠᠯᠠᠯᠲᠠ ᠪᠠ ᠦᠷᠭᠦᠯᠵᠢᠯᠡᠬᠦ ᠴᠢᠨᠠᠷ᠂ ᠨᠠᠷᠠᠲᠤ ᠲᠦᠷᠦᠯ ᠲᠡᠮᠳᠡᠭᠲᠦ ᠪᠠ ᠪᠣᠭᠣᠳᠠᠯ ᠪᠠᠭᠯᠠᠭ᠎ᠠ ᠵᠡᠷᠭᠡ ᠣᠯᠠᠨ ᠲᠠᠯ᠎ᠠ᠎ᠠᠴᠠ ᠶᠡᠷᠦᠩᠬᠡᠢ᠌ᠯᠡᠭᠰᠡᠨ ᠬᠤᠪᠢ ᠥᠭᠴᠦ᠂ ᠡᠴᠦᠰ᠎ᠲᠤ᠎ᠪᠠᠨ ᠱᠠᠩᠨᠠᠯ ᠣᠯᠬᠤ ᠨᠡᠷᠡᠰ᠎ᠢ ᠲᠣᠭᠲᠠᠭ᠋ᠠᠪᠠ᠃ ᠲᠣᠰ ᠤᠳᠠᠭ᠋ᠠᠨ᠎ᠤ ᠤᠷᠤᠯᠳᠤᠭ᠋ᠠᠨ᠎ᠤ ᠱᠠᠩᠨᠠᠯ ᠭᠥᠷᠳᠡᠭᠰᠡᠨ ᠲᠠᠸᠠᠷ᠎ᠢ 《ᠪᠦᠲᠦᠭᠡᠯᠴᠢ ᠥᠪᠥᠷ ᠮᠣᠩᠭᠣᠯ》 ᠭᠡᠬᠦ ᠰᠢᠷᠢᠰ ᠠᠵᠢᠯᠯᠠᠭ᠎ᠠ ᠵᠢᠨ ᠱᠠᠩᠨᠠᠯ ᠣᠯᠭᠣᠬᠤ ᠶᠣᠰᠣᠯᠠᠯ ᠳᠡᠭᠡᠷ᠎ᠡ ᠳᠡᠯᠭᠡᠨ ᠦᠵᠡᠭᠦᠯᠬᠦ ᠵᠠᠪᠰᠢᠶᠠᠨ᠎ᠲᠠᠢ ᠪᠣᠯᠣᠨ᠎ᠠ᠃