ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠰᠣᠶᠣᠯ ᠪᠠ ᠵᠢᠭᠤᠯᠴᠢᠯᠠᠯ᠎ᠤᠨ ᠶᠠᠮᠤᠨ ᠰᠢ᠎ᠵᠢᠨ᠎ᠫᠢᠩ ᠶᠡᠷᠦᠩᠬᠡᠢ ᠱᠦᠵᠢ ᠵᠢᠨ ᠢᠦ ᠪᠸᠨ ᠴᠠᠩ ᠨᠥᠬᠥᠷ᠎ᠲᠤ ᠦᠭᠭᠦᠭᠰᠡᠨ ᠵᠣᠷᠢᠭᠵᠢᠭᠤᠯᠤᠯ ᠪᠠ ᠮᠡᠨᠳᠦᠴᠢᠯᠡᠯ ᠬᠦᠷᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠠᠭᠤᠳᠠᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2025-07-11

7 ᠳ᠋ᠤᠭ᠋ᠠᠷ ᠰᠠᠷ᠎ᠠ ᠵᠢᠨ 5᠎ᠤ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ ᠰᠢ᠎ᠵᠢᠨ᠎ᠫᠢᠩ ᠶᠡᠷᠦᠩᠬᠡᠢ ᠱᠦᠵᠢ ᠵᠢᠨ ᠢᠤ ᠪᠧᠨ ᠴᠠᠩ ᠨᠥᠬᠥᠷ᠎ᠲᠤ ᠦᠭᠭᠦᠭᠰᠡᠨ ᠵᠣᠷᠢᠭᠵᠢᠭᠤᠯᠤᠯ ᠪᠠ ᠮᠡᠨᠳᠦᠴᠢᠯᠡᠯ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠠᠭᠤᠳᠠᠯ᠎ᠤᠨ ᠬᠤᠷᠠᠯ ᠬᠤᠷᠠᠯᠳᠤᠭᠤᠯᠪᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠳᠠᠷᠤᠭ᠎ᠠ ᠰᠦᠨ ᠶᠧ ᠯᠢ ᠬᠤᠷᠠᠯ᠎ᠳᠤ ᠣᠷᠣᠯᠴᠠᠭᠰᠠᠨ ᠤᠳᠬ᠎ᠠ ᠤᠷᠠᠯᠢᠭ᠎ᠤᠨ ᠠᠵᠢᠯᠲᠠᠳ᠎ᠲᠤ ᠰᠢ᠎ᠵᠢᠨ᠎ᠫᠢᠩ ᠶᠡᠷᠦᠩᠬᠡᠢ ᠱᠦᠵᠢ ᠵᠢᠨ ᠢᠦ ᠪᠸᠨ ᠴᠠᠩ ᠨᠥᠬᠥᠷ᠎ᠲᠤ ᠥᠭᠭᠦᠭᠰᠡᠨ ᠵᠣᠷᠢᠭᠵᠢᠭᠤᠯᠤᠯ ᠪᠠ ᠮᠡᠨᠳᠦᠴᠢᠯᠡᠯ᠎ᠢ ᠳᠠᠮᠵᠢᠭᠤᠯᠬᠤ ᠵᠢᠨ ᠬᠠᠮᠲᠤ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠵᠢ ᠬᠡᠷᠬᠢᠨ ᠰᠠᠢ᠌ᠲᠤᠷ ᠠᠳᠬᠤᠬᠤ ᠲᠤᠬᠠᠢ ᠶᠠᠷᠢᠶ᠎ᠠ ᠲᠠᠯᠪᠢᠵᠠᠢ᠃ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠸᠠᠩ ᠰᠢᠦᠢ ᠳ᠋ᠦᠩ᠂ ᠯᠠ ᠢ ᠹᠠᠨ᠂ ᠯᠦ᠍ ᠶᠢᠩ ᠴᠤᠸᠠᠨ᠂ ᠷᠣᠣ ᠴᠢᠤᠸᠠᠨ᠂ ᠭᠤᠤ ᠵᠧᠩ᠂ ᠸᠠᠩ ᠵᠢᠶᠠᠨ ᠬᠤᠸᠠ ᠰᠠᠭᠤᠳᠠᠯ᠎ᠤᠨ ᠬᠤᠷᠠᠯ᠎ᠳᠤ ᠣᠷᠣᠯᠴᠠᠪᠠ᠃

ᠰᠠᠭᠤᠳᠠᠯ᠎ᠤᠨ ᠬᠤᠷᠠᠯ ᠳᠡᠭᠡᠷ᠎ᠡ᠂ ᠢᠤ ᠪᠸᠨ ᠴᠠᠩ ᠨᠥᠬᠥᠷ᠎ᠤᠨ ᠥᠬᠢᠨ ᠢᠤ ᠰᠧ ᠬᠠᠨ ᠢᠤ ᠪᠸᠨ ᠴᠠᠩ ᠨᠥᠬᠥᠷ᠎ᠤᠨ ᠪᠢᠴᠢᠭ᠎ᠤᠨ ᠶᠠᠷᠢᠶ᠎ᠠ ᠵᠢ ᠤᠩᠰᠢᠵᠤ᠂ ᠤᠳᠬ᠎ᠠ ᠤᠷᠠᠯᠢᠭ᠎ᠤᠨ ᠠᠵᠢᠯᠲᠠᠳ᠎ᠤᠨ ᠲᠥᠯᠥᠭᠡᠯᠡᠭᠴᠢ ᠲᠢᠶᠠᠨ ᠴᠢᠨ ᠰᠢᠨ᠂ ᠰᠦᠩ ᠵᠢᠶᠠ᠂ ᠢᠦᠢ ᠬᠣᠩ ᠮᠧᠢ᠂ ᠰᠢᠦᠢ ᠷᠦᠢ᠂ ᠳ᠋ᠦ᠋ ᠫᠸᠩ ᠫᠸᠩ᠂ ᠱᠠᠨ ᠴᠥᠩ᠂ ᠶᠠᠩ ᠹᠠᠨ᠂ ᠵᠠᠩ ᠵᠢᠶᠠᠨ ᠶᠠᠷᠢᠶ᠎ᠠ ᠲᠠᠯᠪᠢᠵᠠᠢ᠃ ᠤᠯᠠᠨ ᠵᠶ᠋ᠠᠷ ᠵᠶ᠋ᠠᠨ ᠰᠢ᠎ᠵᠢᠨ᠎ᠫᠢᠩ ᠶᠡᠷᠦᠩᠬᠡᠢ ᠱᠦᠵᠢ ᠵᠢᠨ ᠬᠠᠯᠠᠮᠵᠢᠯᠠᠯ ᠬᠦᠰᠡᠯ ᠨᠠᠶ᠋ᠢᠳᠠᠯᠭ᠎ᠠ᠎ᠨᠢ ᠬᠥᠮᠥᠰ᠎ᠤᠨ ᠵᠣᠷᠢᠭ ᠵᠢ ᠬᠦᠪᠴᠢᠯᠡᠪᠡ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠤᠳᠬ᠎ᠠ ᠤᠷᠠᠯᠢᠭ᠎ᠤᠨ 《ᠠᠷᠠᠳ ᠲᠦᠮᠡᠨ᠎ᠳᠤ ᠦᠢ᠍ᠯᠡᠴᠢᠯᠡᠬᠦ᠂ ᠨᠡᠢ᠌ᠭᠡᠮ ᠵᠢᠷᠤᠮ᠎ᠳᠤ ᠦᠢ᠍ᠯᠡᠴᠢᠯᠡᠬᠦ》 ᠦᠨᠳᠦᠰᠦᠨ ᠴᠢᠭᠯᠡᠯ᠎ᠢ ᠢᠮᠠᠭᠲᠠ ᠪᠠᠲᠤ ᠰᠠᠬᠢᠵᠤ᠂ ᠴᠠᠭ ᠦᠶ᠎ᠡ ᠵᠢᠨ ᠵᠣᠷᠢᠭ ᠰᠠᠨᠠᠭ᠎ᠠ ᠵᠢ ᠢᠯᠡᠷᠡᠭᠦᠯᠦᠭᠰᠡᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠬᠠᠷᠢᠭᠤ ᠥᠭᠭᠦᠭᠰᠡᠨ ᠨᠡᠩ ᠤᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠨ᠎ᠡ ᠭᠡᠵᠦ ᠢᠯᠡᠳᠬᠡᠵᠡᠭᠡᠪᠡ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠵᠢᠨ ᠴᠢᠩ ᠰᠡᠳᠬᠢᠯ᠎ᠤᠨ ᠰᠤᠷᠭ᠋ᠠᠯ ᠪᠣᠯᠣᠨ ᠵᠣᠷᠢᠭᠵᠢᠭᠤᠯᠤᠯ ᠬᠠᠢ᠌ᠷ᠎ᠠ ᠬᠠᠯᠠᠮᠵᠢ ᠵᠢ ᠦᠨᠡᠨ ᠬᠦ᠌ ᠰᠣᠶᠣᠯ᠎ᠤᠨ ᠦᠢ᠍ᠯᠡᠰ᠎ᠢ ᠴᠡᠴᠡᠭᠯᠡᠭᠦᠯᠬᠦ᠂ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠣᠳᠠᠲᠠᠢ ᠠᠵᠢᠯᠯᠠᠭ᠎ᠠ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠲᠥᠪ᠎ᠤᠨ ᠤᠬᠠᠭᠤᠯᠬᠤ ᠬᠡᠯᠲᠡᠰ᠎ᠤᠨ ᠤᠳᠬ᠎ᠠ ᠤᠷᠠᠯᠢᠭ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶ᠎ᠠ ᠪᠦᠬᠦᠢ ᠵᠤᠷᠭ᠋ᠠᠨ ᠲᠣᠪᠴᠢᠶ᠎ᠠ᠂ ᠰᠢᠭᠤᠳ ᠬᠠᠷᠢᠶ᠎ᠠ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠂ ᠰᠣᠶᠣᠯ ᠤᠷᠠᠯᠢᠭ᠎ᠤᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠪᠣᠯᠣᠨ ᠤᠳᠬ᠎ᠠ ᠤᠷᠠᠯᠢᠭ᠎ᠤᠨ ᠠᠵᠢᠯᠲᠠᠳ᠎ᠤᠨ ᠲᠥᠯᠥᠭᠡᠯᠡᠭᠴᠢ᠂ ᠬᠠᠮᠲᠤ᠎ᠪᠠᠷ ᠪᠠᠢ᠌ᠭᠤᠯᠬᠤ ᠶᠡᠬᠡ ᠳᠡᠭᠡᠳᠦ ᠰᠤᠷᠭ᠋ᠠᠭᠤᠯᠢ ᠵᠢᠴᠢ ᠪᠡᠭᠡᠵᠢᠩ ᠬᠤᠳᠠ ᠵᠢᠨ ᠤᠳᠬ᠎ᠠ ᠤᠷᠠᠯᠢᠭ᠎ᠤᠨ ᠠᠵᠢᠯᠲᠠᠳ᠎ᠤᠨ ᠲᠥᠯᠥᠭᠡᠯᠡᠭᠴᠢ ᠰᠠᠭᠤᠳᠠᠯ᠎ᠤᠨ ᠬᠤᠷᠠᠯ᠎ᠳᠤ ᠣᠷᠣᠯᠴᠠᠪᠠ᠃

ᠢᠷᠡᠯᠲᠡ᠄ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            