ᠲᠤᠬᠠᠢ ᠵᠢᠨ ᠭᠠᠵᠠᠷ᠎ᠤᠨ ᠴᠠᠭ ᠵᠶ᠋ᠠᠷ 4 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠣᠨ ᠰᠢᠳ᠋ᠨᠢ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠤᠨ ᠬᠠᠮᠲᠤᠷᠠᠨ ᠡᠷᠭᠢᠯᠡᠭᠰᠡᠨ 《ᠠᠶᠠᠯᠭᠤᠲᠤ ᠵᠢᠭᠤᠯᠴᠢᠯᠠᠯ ᠦᠪᠦᠷ ᠮᠤᠩᠭᠤᠯ》 ᠲᠤᠰᠬᠠᠢ ᠲᠠᠯᠠᠪᠠᠶ ᠵᠢᠨ ᠰᠣᠶᠣᠯ᠎ᠤᠨ ᠰᠣᠯᠢᠯᠴᠠᠭ᠋ᠠᠨ᠎ᠤ ᠲᠣᠭᠯᠠᠯᠲᠠ ᠰᠢᠳ᠋ᠨᠢ ᠶᠡᠬᠡ ᠰᠤᠷᠭ᠋ᠠᠭᠤᠯᠢ ᠵᠢᠨ Seymour ᠲᠢᠶᠠᠲᠷ᠎ᠲᠤ ᠠᠮᠵᠢᠯᠲᠠ᠎ᠲᠠᠢ ᠶᠠᠪᠤᠭᠳᠠᠪᠠ᠃ ᠰᠢᠳ᠋ᠨᠢ᠎ᠳᠤ ᠰᠠᠭᠤᠭ᠎ᠠ ᠳᠤᠮᠳᠠᠳᠤ ᠤᠯᠤᠰ᠎ᠤᠨ ᠶᠡᠷᠦᠩᠬᠡᠢ ᠺᠣᠨᠰᠦ᠋ᠯ᠎ᠤᠨ ᠭᠠᠵᠠᠷ᠎ᠤᠨ ᠰᠣᠶᠣᠯ᠎ᠤᠨ ᠵᠦᠪᠯᠡᠭᠴᠢ ᠸᠠᠩ ᠱᠦ᠍ ᠢᠦᠢ᠂ ᠰᠢᠳ᠋ᠨᠢ ᠵᠢᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠤᠨ ᠡᠷᠬᠢᠯᠡᠭᠴᠢ ᠯᠢᠦ ᠳ᠋ᠦᠩ᠂ ᠠᠦ᠋ᠰᠲᠷᠠᠯᠢᠶ᠎ᠠ ᠵᠢᠨ ᠠᠯᠳᠠᠷᠲᠤ ᠳᠠᠭᠤᠤ ᠬᠥᠭᠵᠢᠮᠴᠢᠨ ᠶᠤᠤᠬᠠᠨ ᠴᠤᠤᠶᠢᠢ ᠵᠢᠴᠢ ᠳᠤᠮᠳᠠᠳᠤ ᠵᠢᠨ ᠬᠠᠷᠢᠶᠠᠲᠤ᠂ ᠳᠤᠮᠳᠠᠳᠤ ᠵᠢᠨ ᠬᠥᠮᠥᠨ᠂ ᠠᠦ᠋ᠰᠲᠷᠠᠯᠢᠶ᠎ᠠ ᠵᠢᠨ ᠠᠠᠲᠠ ᠨᠦᠬᠦᠳ ᠵᠡᠷᠭᠡ 500 ᠭᠠᠷᠤᠢ ᠬᠥᠮᠥᠰ ᠲᠤᠬᠠᠢ ᠵᠢᠨ ᠲᠠᠯᠠᠪᠠᠢ᠎ᠳᠤ ᠢᠷᠡᠵᠤ ᠲᠤᠭᠯᠠᠯᠲᠠ ᠰᠤᠨᠢᠷᠬᠠᠪᠠ᠂ ᠲᠤᠬᠠᠢ ᠵᠢᠨ ᠲᠠᠯᠠᠪᠠᠢ᠎ᠳᠤ ᠲᠠᠩᠬᠢᠮ ᠲᠦᠦᠷᠡᠩ ᠦᠵᠡᠭᠴᠢᠳ᠎ᠤᠨ ᠠᠯᠠᠭ᠎ᠠ ᠲᠡᠰᠢᠯᠲᠡ ᠵᠢᠨ ᠲᠠᠭᠤᠨ ᠤᠳᠠᠲᠠᠯ᠎ᠠ ᠦᠷᠭᠦᠯᠵᠢᠯᠡᠪᠡ᠃
ᠠᠵᠢᠯᠯᠠᠭ᠎ᠠ ᠵᠢᠨ ᠬᠤᠭᠤᠴᠠᠭ᠋ᠠᠨ᠎ᠳᠤ᠂ ᠲᠥᠯᠥᠭᠡᠯᠡᠭᠴᠢᠳ᠎ᠤᠨ ᠪᠦᠯᠬᠦᠮ᠎ᠨᠢ ᠠᠦ᠋ᠰᠲᠷᠠᠯᠢᠶ᠎ᠠ ᠵᠢᠨ ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠡᠪᠯᠡᠯ᠂ ᠳᠤᠮᠳᠠᠳᠤ ᠠᠦ᠋ᠰᠲᠷᠠᠯᠢᠶ᠎ᠠ ᠵᠢᠨ ᠰᠣᠶᠣᠯ᠎ᠤᠨ ᠰᠣᠯᠢᠯᠴᠠᠭ᠋ᠠᠨ᠎ᠤ ᠨᠡᠢ᠌ᠭᠡᠮᠯᠢᠭ ᠵᠢᠴᠢ ᠠᠦ᠋ᠰᠲᠷᠠᠯᠢᠶ᠎ᠠ ᠵᠢᠨ ᠵᠢᠭᠤᠯᠴᠢᠯᠠᠯ᠎ᠤᠨ ᠠᠵᠤ ᠠᠬᠤᠢ᠌ᠯᠠᠯ᠎ᠲᠠᠢ ᠲᠠᠷᠠᠭ᠋ᠠᠴᠢ ᠵᠢᠨ ᠱᠠᠲᠤᠨ᠎ᠳᠤ ᠦᠷᠭᠦᠯᠵᠢᠯᠡᠨ ᠠᠦ᠋ᠰᠲᠷᠠᠯᠢᠶ᠎ᠠ᠎ᠳᠤ ᠰᠣᠯᠢᠯᠴᠠᠭ᠎ᠠ ᠲᠣᠭᠯᠠᠯᠲᠠ ᠥᠷᠨᠢᠭᠦᠯᠬᠦ᠂ ᠥᠪᠥᠷ ᠮᠣᠩᠭᠣᠯ ᠬᠢᠭᠡᠳ ᠠᠦ᠋ᠰᠲᠷᠠᠯᠢᠶ᠎ᠠ ᠵᠢᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠥᠷᠭᠡᠳᠬᠡᠨ ᠪᠠᠶᠠᠯᠢᠭᠵᠢᠭᠤᠯᠬᠤ᠂ ᠠᠦ᠋ᠰᠲᠷᠠᠯᠢᠶ᠎ᠠ᠎ᠳᠤ ᠥᠪᠥᠷ ᠮᠣᠩᠭᠣᠯ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠪᠦᠲᠦᠭᠡᠭᠳᠡᠬᠦᠨ᠎ᠢ ᠭᠠᠷᠭ᠋ᠠᠬᠤ᠂ ᠬᠢᠯᠢ᠎ᠪᠠᠷ ᠤᠷᠤᠵᠤ ᠢᠷᠡᠬᠦ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠠᠮᠢᠯᠠᠭᠤᠯᠬᠤ ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠭ᠎ᠠ ᠬᠢᠪᠡ᠃