7 ᠳ᠋ᠤᠭ᠋ᠠᠷ ᠰᠠᠷ᠎ᠠ ᠵᠢᠨ 9᠎ᠤ ᠡᠳᠦᠷ᠂ ᠤᠯᠤᠰ᠎ᠤᠨ ᠠᠭᠤᠷ ᠠᠮᠢᠰᠬᠤᠯ᠎ᠤᠨ ᠲᠥᠪ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠠᠵᠤ ᠠᠬᠤᠢ ᠵᠢᠨ ᠮᠡᠳᠡᠭᠡ ᠵᠠᠩᠭᠢ ᠵᠢᠨ ᠬᠣᠷᠢᠶ᠎ᠠ᠎ᠠᠴᠠ ᠭᠣᠣᠯᠯᠠᠨ ᠡᠷᠭᠢᠯᠡᠵᠦ᠂ ᠬᠢᠩᠭ᠋ᠠᠨ ᠠᠢ᠌ᠮᠠᠭ᠎ᠤᠨ ᠵᠠᠬᠢᠷᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠲᠠᠭ᠋ᠠᠭ᠋ᠠᠴᠢᠯᠠᠨ ᠡᠷᠭᠢᠯᠡᠭᠰᠡᠨ 2025 ᠵᠤᠰᠠᠯᠠᠩ᠎ᠤᠨ ᠠᠭᠤᠷ ᠠᠮᠢᠰᠬᠤᠯ᠎ᠤᠨ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ ᠥᠪᠥᠷ ᠮᠣᠩᠭᠣᠯ᠎ᠤᠨ ᠬᠢᠩᠭ᠋ᠠᠨ ᠠᠢ᠌ᠮᠠᠭ᠎ᠤᠨ ᠷᠠᠰᠢᠶᠠᠨ ᠬᠣᠲᠠ᠎ᠳᠤ ᠶᠠᠪᠤᠭᠳᠠᠪᠠ᠃ ᠬᠤᠷᠠᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ᠎ᠤ ᠬᠣᠷᠢᠶ᠎ᠠ᠂ ᠤᠲᠤᠳ᠎ᠤᠨ ᠬᠤᠯᠪᠤᠭ᠋ᠠᠯᠠᠯ CSVA ᠬᠠᠮᠲᠤᠷᠠᠨ ᠥᠪᠥᠷ ᠮᠣᠩᠭᠣᠯ᠎ᠤᠨ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠵᠦᠭᠯᠡᠭᠦᠷ᠎ᠢ ᠨᠡᠢ᠌ᠲᠡᠯᠡᠵᠦ᠂ ᠤᠮᠠᠷᠠᠲᠤ ᠬᠡᠰᠡᠭ᠎ᠤᠨ ᠲᠠᠯ᠎ᠠ ᠨᠤᠲᠤᠭ᠎ᠤᠨ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠣᠷᠣᠨ᠂ ᠶᠡᠬᠡ ᠬᠢᠩᠭ᠋ᠠᠨ ᠲᠠᠪᠠᠭ᠋ᠠᠨᠤ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠤᠷᠤᠨ᠂ ᠳᠤᠮᠳᠠ ᠬᠡᠰᠡᠭ᠎ᠤᠨ ᠲᠠᠯ᠎ᠠ ᠨᠤᠲᠤᠭ᠎ᠤᠨ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠣᠷᠣᠨ᠂ ᠬᠤᠩᠱ᠌ᠠᠨ ᠰᠣᠶᠣᠯ᠎ᠤᠨ ᠤᠲᠤᠳ ᠠᠵᠢᠭᠯᠠᠬᠤ ᠣᠷᠣᠨ᠂ ᠭᠠᠯᠲᠤ ᠠᠭᠤᠯᠠ ᠭᠣᠪᠢ ᠭᠠᠵᠠᠷ᠎ᠤᠨ ᠤᠲᠤᠳ ᠠᠵᠢᠭᠯᠠᠬᠤ ᠣᠷᠣᠨ᠂ ᠬᠠᠲᠤᠨ ᠭᠣᠣᠯ ᠳᠠᠭ᠋ᠠᠤ ᠵᠢᠨ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠣᠷᠣᠨ ᠵᠡᠷᠭᠡ ᠵᠢᠷᠭᠤᠭ᠋ᠠᠨ ᠶᠡᠬᠡ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠣᠷᠣᠨ᠎ᠢ ᠲᠠᠨᠢᠯᠴᠠᠭᠤᠯᠵᠠᠢ᠃
2025 ᠣᠨ᠎ᠤ 2 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ 《ᠰᠢᠨ᠎ᠡ ᠨᠡᠮᠡᠭᠳᠡᠯ᠎ᠤᠨ ᠴᠡᠭ᠎ᠢ ᠤᠯᠠᠮ ᠨᠢᠭᠡ ᠠᠯᠬᠤᠮ ᠪᠣᠢ᠌ᠵᠢᠭᠤᠯᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ ᠪᠠ ᠵᠢᠭᠤᠯᠴᠢᠯᠠᠯ᠎ᠤᠨ ᠬᠡᠷᠡᠭᠯᠡᠭᠡ ᠵᠢ ᠬᠥᠭᠵᠢᠭᠦᠯᠬᠦ ᠠᠵᠢᠯ᠎ᠤᠨ ᠲᠤᠬᠠᠢ ᠲᠥᠰᠥᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2025] 8 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠬᠡᠷᠡᠭᠯᠡᠭᠡ᠎ᠪᠠᠷ ᠠᠷᠠᠳ᠎ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠪᠠᠶᠠᠯᠢᠭᠵᠢᠭᠤᠯᠬᠤ᠂ ᠬᠡᠷᠡᠭᠯᠡᠭᠡ ᠵᠢᠨ ᠠᠬᠤᠢ ᠪᠠᠢ᠌ᠳᠠᠯ᠎ᠢ ᠪᠣᠢ᠌ᠵᠢᠭᠤᠯᠬᠤ᠂ ᠬᠡᠷᠡᠭᠯᠡᠭᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠡᠷᠭᠡ 6 ᠲᠠᠯ᠎ᠠ᠎ᠪᠠᠷ 32 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠪᠠ; ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠤᠨ ᠭᠣᠣᠯᠳᠠᠯᠭ᠎ᠠ᠎ᠲᠠᠢ ᠡᠭᠦᠷᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠨᠠᠷᠢᠨ ᠬᠠᠭᠤᠳᠠᠰᠤ ᠵᠢ ᠢᠵᠢ ᠪᠦᠷᠢᠳᠦᠭᠦᠯᠦᠨ ᠲᠣᠭᠲᠠᠭ᠋ᠠᠵᠤ᠂ 111 ᠵᠦᠢ᠍ᠯ᠎ᠤᠨ ᠪᠣᠳᠠᠲᠠᠢ ᠡᠭᠦᠷᠭᠡ ᠵᠢ ᠲᠣᠳᠣᠷᠬᠠᠢ᠌ᠯᠠᠨ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠠᠰ ᠳᠡᠪᠰᠢᠬᠦ ᠵᠢ ᠬᠦᠴᠦᠯᠡᠨ ᠠᠬᠢᠭᠤᠯᠤᠨ᠎ᠠ᠃ ᠣᠳᠣᠬᠠᠨ᠎ᠳᠤ ᠶᠠᠭ ᠰᠠᠢ᠌ᠬᠠᠨ ᠵᠤᠨ᠎ᠤ ᠠᠮᠠᠷᠠᠯᠲᠠ ᠵᠢᠨ ᠵᠢᠭᠤᠯᠴᠢᠯᠠᠯ᠎ᠤᠨ ᠬᠥᠭᠵᠢᠯᠲᠡᠢ ᠤᠯᠠᠷᠢᠯ ᠪᠣᠯᠵᠤ᠂ ᠮᠥᠨ ᠴᠦ᠍ ᠪᠥᠬᠥ ᠵᠢᠯ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠬᠠᠮᠤᠭ᠎ᠤᠨ ᠬᠥᠭᠵᠢᠶᠡᠨᠲᠡᠢ᠂ ᠬᠠᠮᠤᠭ᠎ᠤᠨ ᠴᠢᠬᠤᠯᠠ ᠱᠠᠲᠤ ᠦᠶ᠎ᠡ ᠪᠣᠯᠵᠤ᠂ ᠵᠤᠰᠠᠯᠠᠩ᠎ᠤᠨ ᠵᠢᠭᠤᠯᠴᠢᠯᠠᠯ᠂ ᠰᠡᠷᠢᠭᠦᠬᠡᠨ ᠨᠢᠭᠡ ᠵᠤᠨ᠎ᠤ ᠬᠡᠷᠡᠭᠴᠡᠭᠡ ᠱᠠᠭ᠋ᠠᠷᠳᠠᠯᠭ᠎ᠠ ᠨᠠᠩ ᠲᠣᠪᠣᠢ᠌ᠮ᠎ᠠ ᠪᠣᠯᠵᠤ᠂ ᠤᠯᠠᠮ᠎ᠠᠴᠠ ᠣᠯᠠᠨ ᠬᠥᠮᠥᠨ ᠴᠠᠭ ᠠᠭᠤᠷ᠎ᠤᠨ ᠬᠡᠮᠨᠡᠯ᠎ᠳᠤ ᠨᠡᠢ᠌ᠴᠡᠭᠦᠯᠦᠨ ᠵᠢᠭᠤᠯᠴᠢᠯᠠᠵᠤ ᠪᠠᠢ᠌ᠨ᠎ᠠ᠃ ᠥᠪᠥᠷ ᠮᠣᠩᠭᠣᠯ᠎ᠤᠨ ᠪᠠᠢ᠌ᠭ᠋ᠠᠯᠢ ᠵᠢᠨ ᠥᠩᠭᠡ ᠦᠵᠡᠮᠵᠢ ᠭᠣᠶᠣ ᠰᠠᠢ᠌ᠬᠠᠨ᠂ ᠰᠣᠶᠣᠯ᠎ᠤᠨ ᠰᠠᠭᠤᠷᠢ ᠭᠦᠨ ᠵᠤᠵᠠᠭ᠋ᠠᠨ ᠪᠠᠢ᠌ᠵᠤ᠂ ᠶᠡᠬᠡᠩᠬᠢ ᠭᠠᠵᠠᠷ ᠣᠷᠣᠨ᠎ᠤ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠠᠭ᠋ᠠᠷ᠎ᠤᠨ ᠳᠤᠯᠠᠭ᠋ᠠᠨ ᠲᠠᠭ᠋ᠠᠯᠠᠮᠵᠢᠲᠠᠢ ᠪᠠᠢ᠌ᠵᠤ᠂ ᠵᠤᠰᠠᠯᠠᠩ᠎ᠤᠨ ᠵᠢᠭᠤᠯᠴᠢᠯᠠᠯ ᠥᠷᠨᠢᠭᠦᠯᠬᠦ᠎ᠳᠤ ᠲᠣᠬᠢᠷᠠᠮᠵᠢᠲᠠᠢ ᠪᠠᠢ᠌ᠳᠠᠭ᠃ ᠡᠭᠦᠨ᠎ᠤ ᠬᠠᠮᠲᠤ᠂ ᠥᠪᠥᠷ ᠮᠣᠩᠭᠣᠯ᠎ᠤᠨ ᠪᠥᠬᠥ ᠬᠢᠯᠢ ᠦᠨᠲᠦᠰᠦᠨ᠎ᠳᠤ᠎ᠪᠠᠨ ᠤᠯᠤᠰ᠎ᠤᠨ ᠪᠠᠷᠢᠮᠵᠢᠶ᠎ᠠ ᠵᠢᠨ ᠨᠢᠭᠡᠳᠦᠭᠡᠷ ᠳᠡᠰ᠎ᠤᠨ ᠬᠠᠷᠠᠩᠭᠤᠢ ᠰᠥᠨᠢ ᠵᠢᠨ ᠣᠷᠣᠨ᠎ᠳᠤ ᠣᠷᠣᠰᠢᠵᠤ᠂ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠢ ᠰᠢᠯᠢᠳᠡᠭ ᠤᠲᠤᠳ ᠠᠵᠢᠭᠯᠠᠬᠤ ᠣᠷᠣᠨ᠎ᠢ ᠪᠣᠶ ᠪᠣᠯᠭ᠋ᠠᠭᠰᠠᠨ ᠪᠠᠢ᠌ᠨ᠎ᠠ᠃ ᠲᠤᠰ ᠤᠳᠠᠭ᠋ᠠᠨ᠎ᠤ ᠵᠦᠭᠯᠡᠭᠦᠷ᠎ᠢ ᠨᠡᠢ᠌ᠲᠡᠯᠡᠭᠰᠡᠨ᠎ᠨᠢ ᠬᠠᠯᠠᠭᠤᠨ᠎ᠠᠴᠠ ᠵᠠᠢ᠌ᠯᠠᠬᠤ ᠪᠠ ᠣᠳᠣᠳ᠎ᠢ ᠠᠵᠢᠭᠯᠠᠬᠤ ᠵᠢ ᠤᠶᠠᠯᠳᠤᠭᠤᠯᠵᠤ᠂ ᠥᠪᠥᠷ ᠮᠣᠩᠭᠣᠯ᠎ᠤᠨ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠰᠢᠯᠢᠳᠡᠭ ᠣᠷᠣᠨ ᠪᠦᠰᠡ ᠵᠢ ᠬᠤᠪᠢᠶᠠᠷᠢᠯᠠᠵᠤ᠂ ᠥᠪᠥᠷ ᠮᠣᠩᠭᠣᠯ᠎ᠤᠨ ᠤᠯᠠᠨ᠎ᠠᠴᠠ ᠬᠡᠲᠦᠢ᠌ᠳᠦᠭᠰᠡᠨ ᠳᠠᠪᠠᠭᠤᠯᠢᠭ ᠡᠬᠢ ᠪᠠᠶᠠᠯᠢᠭ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠪᠠᠰᠠ ᠥᠷᠭᠡᠨ ᠤᠯᠠᠨ ᠵᠢᠭᠤᠯᠴᠢᠯᠠᠭᠴᠢᠳ᠎ᠤᠨ ᠶᠠᠪᠤᠵᠤ ᠰᠠᠭᠤᠬᠤ ᠦᠢ᠍ᠯᠡᠴᠢᠯᠡᠭᠡ ᠵᠢ ᠪᠠᠶᠠᠯᠢᠭᠵᠢᠭᠤᠯᠵᠤ᠂ 《ᠰᠣᠶᠣᠯ ᠵᠢᠭᠤᠯᠴᠢᠯᠠᠯ + ᠡᠯᠪᠡᠭ ᠦᠢ᠍ᠯᠡᠰ》᠂ 《ᠡᠯᠪᠡᠭ ᠦᠢ᠍ᠯᠡᠰ+ ᠰᠣᠶᠣᠯ ᠵᠢᠭᠤᠯᠴᠢᠯᠠᠯ》 ᠢ ᠴᠢᠨᠠᠭᠰᠢᠳᠠ ᠭᠦᠨᠵᠡᠭᠡᠢ᠌ᠷᠡᠭᠦᠯᠵᠦ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠪᠣᠯᠣᠨ ᠤᠲᠤᠳ ᠠᠵᠢᠭᠯᠠᠬᠤ ᠵᠤᠰᠠᠯᠠᠩ᠎ᠤᠨ ᠵᠢᠭᠤᠯᠴᠢᠯᠠᠯ᠎ᠤᠨ ᠰᠢᠨ᠎ᠡ ᠦᠵᠡᠭᠳᠡᠯ᠎ᠢ ᠡᠭᠦᠳᠴᠦ᠂ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠠᠷᠠᠳ ᠤᠯᠠᠨ᠎ᠤ ᠤᠯᠠᠨ ᠡᠰᠢᠴᠢᠯᠡᠭᠰᠡᠨ ᠤᠶᠤᠨ᠎ᠤ ᠰᠣᠶᠣᠯ ᠪᠣᠯᠣᠨ ᠵᠢᠭᠤᠯᠴᠢᠯᠠᠯ᠎ᠤᠨ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠨ᠎ᠠ᠃