5 ᠳ᠋ᠤᠭ᠋ᠠᠷ ᠰᠠᠷ᠎ᠠ ᠵᠢᠨ 29᠎ᠤ ᠡᠳᠦᠷ᠂ 2025 ᠣᠨ᠎ᠤ ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠎ᠤᠨ ᠰᠣᠶᠣᠯ᠎ᠤᠨ ᠪᠦᠰᠡ ᠵᠢᠨ ᠪᠡᠭᠡᠵᠢᠩ ᠬᠠᠩᠵᠧᠦ ᠵᠢᠨ ᠶᠠᠷᠢᠯᠴᠠᠭ᠋ᠠᠨ᠎ᠤ ᠠᠵᠢᠯᠯᠠᠭ᠎ᠠ ᠪᠡᠭᠡᠵᠢᠩ᠎ᠤᠨ ᠶᠡᠬᠡ ᠲᠠᠲᠠᠮᠠᠯ ᠭᠣᠣᠯ᠎ᠤᠨ ᠮᠦᠽᠧᠢ᠎ᠳᠤ ᠡᠬᠢᠯᠡᠪᠡ᠃
ᠲᠤᠰ ᠠᠵᠢᠯᠯᠠᠭ᠎ᠠ ᠵᠢ ᠪᠡᠭᠡᠵᠢᠩ ᠬᠤᠳᠠ ᠵᠢᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠂ ᠵᠧᠵᠢᠶᠠᠩ ᠮᠤᠵᠢ ᠵᠢᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠂ ᠬᠠᠩᠵᠧᠦ ᠬᠤᠳᠠ ᠵᠢᠨ ᠵᠠᠰᠠᠭ᠎ᠤᠨ ᠣᠷᠳᠣᠨ ᠵᠡᠷᠭᠡ ᠬᠠᠮᠲᠤᠷᠠᠨ ᠭᠣᠣᠯᠯᠠᠨ ᠡᠷᠬᠢᠯᠡᠪᠡ᠃ ᠪᠡᠭᠡᠵᠢᠩ ᠬᠤᠳᠠ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠰᠦᠨ ᠵᠢᠶᠦ᠋ᠨ ᠮᠢᠨ᠂ ᠵᠧᠵᠢᠶᠠᠩ ᠮᠤᠵᠢ ᠵᠢᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠵᠤᠤ ᠴᠧᠩ ᠨᠠᠷ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃
ᠪᠡᠭᠡᠵᠢᠩ᠎ᠤᠨ ᠰᠣᠶᠣᠯ᠎ᠤᠨ ᠶᠠᠷᠢᠶᠠᠨ᠎ᠤ ᠲᠠᠪᠴᠠᠩ᠎ᠤᠨ ᠢᠵᠢ ᠪᠦᠷᠢᠳᠦᠭᠰᠡᠨ ᠠᠵᠢᠯᠯᠠᠭ᠎ᠠ ᠪᠣᠯᠤᠭᠰᠠᠨ᠎ᠤ ᠬᠤᠪᠢ᠎ᠳᠤ᠂ ᠲᠤᠰ ᠤᠳᠠᠭ᠎ᠠ ᠵᠢᠨ ᠪᠡᠭᠡᠵᠢᠩ ᠬᠠᠩᠵᠧᠦ ᠵᠢᠨ ᠶᠠᠷᠢᠯᠴᠠᠭ᠋ᠠᠨ᠎ᠤ ᠠᠵᠢᠯᠯᠠᠭ᠎ᠠ᠎ᠨᠢ ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠎ᠤᠨ ᠰᠣᠶᠣᠯ ᠵᠶ᠋ᠠᠷ ᠬᠣᠯᠪᠣᠭ᠋ᠠᠰᠤ ᠪᠣᠯᠭ᠋ᠠᠵᠤ᠂ 《ᠬᠡᠵᠢᠶᠡᠳᠡ ᠨᠡᠪᠲᠡᠷᠡᠬᠦ》 ᠪᠡᠭᠡᠵᠢᠩ᠎ᠤᠨ ᠰᠣᠶᠣᠯ᠎ᠤᠨ ᠶᠠᠷᠢᠶᠠᠨ᠎ᠤ ᠲᠠᠪᠴᠠᠩ᠎ᠢ ᠪᠠᠢ᠌ᠭᠤᠯᠪᠠ᠃ ᠡᠬᠢᠯᠡᠯᠲᠡ ᠵᠢᠨ ᠶᠣᠰᠣᠯᠠᠯ ᠳᠡᠭᠡᠷ᠎ᠡ᠂ 《ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠎ᠤᠨ IP ᠶᠡᠬᠡ ᠭᠡᠷ ᠪᠦᠯᠢ ᠵᠢᠨ ᠪᠥᠬᠥ ᠳᠡᠯᠡᠬᠡᠢ ᠵᠢᠨ ᠳᠠᠮᠵᠢᠭᠤᠯᠭ᠎ᠠ ᠵᠢᠨ ᠠᠵᠢᠯᠯᠠᠭ᠎ᠠ》 ᠵᠢ ᠡᠬᠢᠯᠡᠭᠦᠯᠵᠦ᠂ 《ᠪᠡᠭᠡᠵᠢᠩ ᠬᠠᠩᠵᠧᠦ ᠵᠢᠨ ᠶᠠᠷᠢᠯᠴᠠᠭ᠎ᠠ》 ᠶᠡᠬᠡ ᠲᠠᠲᠠᠮᠠᠯ ᠭᠣᠣᠯ᠎ᠤᠨ ᠥᠯᠵᠡᠢ᠌ᠲᠦ ᠪᠣᠳᠠᠰ᠎ᠤᠨ IP᠂ 《ᠪᠡᠭᠡᠵᠢᠩ ᠬᠠᠩᠵᠧᠦ ᠵᠢᠨ ᠶᠠᠷᠢᠯᠴᠠᠭ᠎ᠠ》 ᠶᠡᠬᠡ ᠲᠠᠲᠠᠮᠠᠯ ᠭᠣᠣᠯ᠎ᠤᠨ ᠤᠷᠤᠰᠬᠠᠯ ᠲᠣᠭᠯᠠᠭ᠋ᠠᠮ᠎ᠤᠨ IP ᠪᠠ 《ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠎ᠤᠨ ᠰᠣᠶᠣᠯ ᠦᠵᠡᠰᠬᠦᠯᠡᠩ᠎ᠤᠨ ᠵᠢᠷᠤᠭᠲᠤ ᠲᠣᠯᠢ》 ᠵᠢ ᠨᠡᠢ᠌ᠲᠡᠯᠡᠵᠦ᠂ ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠎ᠤᠨ ᠰᠣᠶᠣᠯ᠎ᠤᠨ ᠲᠡᠮᠳᠡᠭ᠎ᠢ ᠪᠣᠶ ᠪᠣᠯᠭ᠋ᠠᠬᠤ ᠪᠠ ᠣᠯᠠᠨ ᠨᠡᠶ᠋ᠢᠲᠡ ᠵᠢᠨ ᠳᠠᠮᠵᠢᠭᠤᠯᠭ᠎ᠠ ᠵᠢ ᠨᠢᠭᠡᠨ ᠰᠢᠨ᠎ᠡ ᠱᠠᠲᠤᠨ᠎ᠳᠤ ᠬᠦᠷᠭᠡᠬᠦ᠎ᠪᠠᠷ ᠴᠢᠷᠮᠠᠢ᠌ᠪᠠ᠃
2019 ᠣᠨ᠎ᠳᠤ᠂ ᠳᠤᠮᠳᠠᠳᠤ ᠤᠯᠤᠰ᠎ᠤᠨ ᠶᠡᠬᠡ ᠲᠠᠲᠠᠮᠠᠯ ᠭᠣᠣᠯ᠎ᠤᠨ ᠰᠣᠶᠣᠯ᠎ᠤᠨ ᠪᠦᠰᠡ ᠵᠢᠨ ᠪᠡᠭᠡᠵᠢᠩ ᠬᠠᠩᠵᠧᠦ ᠵᠢᠨ ᠶᠠᠷᠢᠯᠴᠠᠭ᠋ᠠᠨ᠎ᠤ ᠠᠵᠢᠯᠯᠠᠭ᠎ᠠ ᠵᠢ ᠡᠭᠦᠰᠬᠡᠨ ᠪᠠᠢ᠌ᠭᠤᠯᠤᠭᠰᠠᠨ᠎ᠠᠴᠠ ᠨᠠᠭ᠋ᠠᠰᠢ᠂ ᠡᠳᠦᠭᠡ ᠪᠣᠯᠲᠠᠯ᠎ᠠ ᠨᠢᠭᠡᠨᠲᠡ 6 ᠬᠤᠭᠤᠴᠠᠭ᠎ᠠ ᠶᠠᠪᠤᠭᠳᠠᠭᠤᠯᠵᠤ᠂ ᠪᠡᠭᠡᠵᠢᠩ᠂ ᠵᠧᠵᠢᠶᠠᠩ ᠪᠣᠯᠣᠨ ᠬᠠᠩᠵᠧᠦ ᠵᠡᠷᠭᠡ ᠲᠠᠲᠠᠮᠠᠯ ᠭᠣᠣᠯ ᠳᠠᠭ᠋ᠠᠤ ᠵᠢᠨ ᠮᠤᠵᠢ ᠬᠤᠳᠠ ᠵᠢᠨ ᠰᠣᠯᠢᠯᠴᠠᠭ᠎ᠠ ᠶᠠᠪᠤᠯᠴᠠᠭ᠎ᠠ ᠵᠢ ᠠᠬᠢᠭᠤᠯᠪᠠ᠃