7 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 21᠎ᠤ ᠡᠳᠦᠷ᠎ᠤᠨ ᠬᠣᠭᠣᠷᠣᠨᠳᠤ ᠥᠪᠥᠷ ᠮᠣᠩᠭᠣᠯ᠎ᠤᠨ ᠠᠮᠧᠷᠢᠺᠠ᠎ᠳᠤ ᠬᠦᠷᠴᠦ ᠶᠠᠪᠤᠭᠳᠠᠭᠤᠯᠤᠭᠰᠠᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠠᠮᠧᠷᠢᠺᠠ ᠵᠢᠨ ᠰᠠᠨ ᠹᠷᠠᠨᠰᠢᠰᠺᠤ᠎ᠳᠤ ᠶᠠᠪᠤᠭᠳᠠᠪᠠ᠃ ᠡᠨᠡ ᠬᠤᠭᠤᠴᠠᠭ᠋ᠠᠨ᠎ᠳᠤ᠂ ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠠᠨ ᠹᠷᠠᠨᠰᠢᠰᠺᠤ᠎ᠳᠤ ᠰᠠᠭᠤᠭ᠎ᠠ ᠶᠡᠷᠦᠩᠬᠡᠢ ᠺᠣᠨᠰᠦ᠋ᠯ᠎ᠤᠨ ᠭᠠᠵᠠᠷ᠎ᠲᠤ ᠬᠣᠶᠠᠷ ᠤᠯᠤᠰ᠎ᠤᠨ ᠤᠷᠠᠯᠢᠭ᠎ᠤᠨ ᠰᠣᠯᠢᠯᠴᠠᠭ᠎ᠠ ᠪᠣᠯᠣᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠵᠢᠨ ᠠᠵᠢᠯᠯᠠᠭ᠎ᠠ ᠥᠷᠨᠢᠭᠦᠯᠵᠦ᠂ ᠥᠪᠥᠷ ᠮᠣᠩᠭᠣᠯ᠎ᠤᠨ ᠭᠣᠢ᠌ᠳᠠ ᠰᠠᠢ᠌ᠬᠠᠨ ᠰᠣᠶᠣᠯ ᠤᠷᠠᠯᠢᠭ᠎ᠤᠨ ᠦᠪᠡᠳᠡᠭᠰᠢ ᠳᠠᠶ᠋ᠢᠯᠠᠯᠭ᠎ᠠ᠎ᠨᠢ ᠬᠦᠮᠦᠰ᠎ᠤᠨ ᠰᠡᠳᠬᠢᠯ᠎ᠢ ᠬᠥᠳᠡᠯᠭᠡᠵᠡᠢ᠃
《ᠳᠤᠮᠳᠠᠳᠤ ᠤᠯᠤᠰ᠎ᠤᠨ ᠴᠠᠭ᠋ᠠᠰᠤᠨ ᠬᠠᠢ᠌ᠴᠢᠯᠠᠮᠠᠯ (ᠬᠣᠷᠢᠨᠭᠡᠷ᠎ᠤᠨ ᠴᠠᠭ᠋ᠠᠰᠤᠨ ᠬᠠᠢ᠌ᠴᠢᠯᠠᠮᠠᠯ)》 ᠪᠣᠯ ᠬᠥᠮᠥᠨ ᠲᠥᠷᠥᠯᠬᠢᠲᠡᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠭᠴᠢ ᠪᠦᠲᠦᠭᠡᠯ ᠶᠤᠮ᠃ ᠲᠡᠭᠦᠨ᠎ᠤ ᠤᠯᠤᠰ᠎ᠤᠨ ᠲᠡᠰ᠎ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠳ᠋ᠤᠸᠠᠨ ᠵᠢᠶᠠᠨ ᠵᠢᠶᠦ᠋ᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠬᠢᠬᠦ᠎ᠳᠤ᠎ᠪᠠᠨ ᠲᠠᠯ᠎ᠠ ᠨᠤᠲᠤᠭ᠎ᠤᠨ ᠤᠳᠬᠠᠴᠢᠯᠠᠭᠰᠠᠨ ᠴᠠᠭ᠋ᠠᠰᠤᠨ ᠬᠠᠢ᠌ᠴᠢᠯᠠᠮᠠᠯ᠎ᠤᠨ ᠤᠷ᠎ᠠ ᠮᠡᠷᠭᠡᠵᠢᠯ᠎ᠢ ᠳᠡᠯᠭᠡᠨ ᠦᠵᠡᠭᠦᠯᠵᠦ᠂ 《ᠤᠳᠤ᠎ᠪᠠᠷ ᠵᠶ᠋ᠠᠨ ᠾᠧᠦ ᠡᠷᠭᠦᠮᠵᠢᠯᠡᠬᠦ》᠂ 《ᠤᠮᠠᠷᠠᠲᠤ ᠬᠢᠵᠠᠭ᠋ᠠᠷ᠎ᠤᠨ ᠬᠠᠪᠤᠷ᠎ᠤᠨ ᠲᠤᠶᠠᠭ᠎ᠠ》᠂ 《ᠮᠣᠩᠭᠣᠯ ᠮᠣᠷᠢ》 ᠵᠡᠷᠭᠡ ᠥᠨᠢ ᠤᠳᠠᠭ᠋ᠠᠨ ᠤᠯᠠᠮᠵᠢᠯᠠᠭᠳᠠᠭᠰᠠᠨ ᠬᠣᠷᠢ ᠭᠠᠷᠤᠢ ᠵᠦᠢ᠍ᠯ᠎ᠤᠨ ᠡᠷᠲᠡᠨ᠎ᠤ ᠴᠠᠭ᠋ᠠᠰᠤᠨ ᠬᠠᠢ᠌ᠴᠢᠯᠠᠮᠠᠯ᠎ᠤᠨ ᠬᠡ ᠤᠭ᠋ᠠᠯᠵᠠ ᠪᠣᠯᠣᠨ ᠰᠢᠨᠡᠴᠢᠯᠡᠭᠰᠡᠨ ᠴᠠᠭ᠋ᠠᠰᠤᠨ ᠬᠠᠢ᠌ᠴᠢᠯᠠᠮᠠᠯ᠎ᠤᠨ ᠪᠦᠲᠦᠭᠡᠯ᠎ᠢ ᠳᠡᠯᠭᠡᠨ ᠦᠵᠡᠭᠦᠯᠬᠦ᠎ᠪᠠᠷ ᠳᠠᠮᠵᠢᠭᠤᠯᠵᠤ᠂ ᠠᠮᠧᠷᠢᠺᠠ ᠵᠢᠨ ᠦᠵᠡᠭᠴᠢᠳ᠎ᠲᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢ ᠮᠡᠳᠡᠷᠡᠭᠦᠯᠵᠡᠢ᠃
ᠲᠣᠰ ᠤᠳᠠᠭ᠋ᠠᠨ᠎ᠤ ᠠᠵᠢᠯᠯᠠᠭ᠎ᠠ ᠪᠣᠯ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠢᠭᠡᠳ ᠠᠮᠧᠷᠢᠺᠠ ᠵᠢᠨ ᠺᠠᠯᠢᠹᠣᠷᠨᠢᠶ᠎ᠠ ᠵᠧᠦ ᠵᠢᠨ ᠨᠥᠬᠥᠷᠰᠡᠭ ᠬᠠᠷᠢᠴᠠᠭ᠋ᠠᠨ᠎ᠤ 25 ᠵᠢᠯ᠎ᠤᠨ ᠣᠶ ᠵᠢ ᠪᠡᠯᠭᠡᠯᠡᠬᠦ ᠴᠢᠬᠤᠯᠠ ᠠᠵᠢᠯᠯᠠᠭ᠎ᠠ ᠵᠢᠨ ᠨᠢᠭᠡ ᠮᠥᠨ᠂ ᠤᠳᠬ᠎ᠠ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠪᠠ ᠰᠣᠶᠣᠯ᠎ᠤᠨ ᠰᠣᠯᠢᠯᠴᠠᠭ᠎ᠠ᠎ᠪᠠᠷ ᠳᠠᠮᠵᠢᠭᠤᠯᠤᠨ ᠬᠣᠶᠠᠷ ᠭᠠᠵᠠᠷ᠎ᠤᠨ ᠨᠥᠬᠥᠷᠰᠡᠭ ᠶᠠᠪᠤᠯᠴᠠᠭ᠎ᠠ ᠪᠠ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠎ᠪᠠᠷ ᠵᠣᠷᠢᠯᠭ᠎ᠠ ᠪᠣᠯᠭ᠋ᠠᠭᠰᠠᠨ ᠶᠤᠮ᠃