8 ᠳ᠋ᠤᠭ᠋ᠠᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠣᠯᠯᠠᠨ ᠡᠷᠭᠢᠯᠡᠵᠦ᠂ ᠨᠢᠭᠡ ᠰᠠᠷ᠎ᠠ ᠵᠢᠨ ᠬᠤᠭᠤᠴᠠᠭ᠎ᠠ᠎ᠲᠠᠢ ᠦᠷᠭᠦᠯᠵᠢᠯᠡᠬᠦ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠷᠠᠭ᠎ᠠ ᠬᠤᠳᠠᠯᠳᠤᠨ ᠠᠪᠬᠤ ᠰᠠᠷ᠎ᠠ ᠵᠢᠨ ᠰᠢᠷᠢᠰ ᠭᠣᠣᠯ ᠰᠡᠳᠦᠪᠲᠦ ᠠᠵᠢᠯᠯᠠᠭ᠎ᠠ ᠪᠠᠶᠠᠨᠨᠠᠭᠤᠷ ᠬᠣᠲᠠ ᠵᠢᠨ ᠬᠠᠲᠤᠨ ᠭᠣᠣᠯ᠎ᠤᠨ ᠲᠣᠬᠣᠢ ᠵᠢᠨ ᠶᠠᠪᠠᠭ᠋ᠠᠨ ᠵᠡᠭᠡᠯᠢ᠎ᠳᠤ ᠬᠦᠰᠢᠭᠡ᠎ᠪᠠᠨ ᠰᠡᠬᠦᠪᠡ᠃
ᠠᠵᠢᠯᠯᠠᠭ᠎ᠠ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠷ ᠤᠷᠠᠯᠠᠯ᠎ᠤᠨ ᠰᠣᠳᠣᠨ ᠪᠦᠲᠦᠭᠡᠯ᠎ᠤᠨ ᠦᠵᠡᠭᠦᠯᠭᠡ᠂ ᠪᠤᠳᠠᠰ᠎ᠤᠨ ᠪᠤᠰᠤ ᠰᠣᠶᠣᠯ᠎ᠤᠨ ᠥᠪ᠎ᠤᠨ ᠰᠤᠶᠤᠯ᠎ᠤᠨ ᠡᠭᠦᠳᠦᠯᠲᠡ ᠵᠢᠨ ᠴᠤᠭᠯᠠᠭ᠎ᠠ ᠮᠠᠢ᠌ᠮᠠᠢ᠂ ᠢᠳᠡᠭᠡᠨ᠎ᠤ ᠵᠦᠢ᠍ᠯ᠎ᠤᠨ ᠠᠮᠲᠠᠷᠬᠠᠯ ᠵᠡᠷᠭᠡ ᠪᠠᠭᠲᠠᠨ᠎ᠠ᠃ ᠰᠤᠳᠤᠯᠤᠨ ᠰᠤᠷᠤᠯᠴᠠᠬᠤ ᠵᠢ ᠪᠡᠶᠡᠴᠢᠯᠡᠨ ᠣᠢ᠌ᠯᠠᠭ᠋ᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠷᠠᠭ᠎ᠠ ᠬᠤᠳᠠᠯᠳᠤᠭᠴᠢ ᠪᠤᠯᠠᠬᠤ ᠵᠡᠷᠭᠡ ᠲᠦᠷᠦᠯ ᠵᠦᠢ᠍ᠯ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠠᠩ ᠦᠢ᠍ᠯᠡ᠂ ᠲᠣᠭᠯᠠᠯᠲᠠ᠂ ᠠᠮᠲᠠᠲᠤ ᠢᠳᠡᠭᠡᠨ᠂ ᠤᠷ᠎ᠠ ᠮᠡᠷᠭᠡᠵᠢᠯ᠂ ᠡᠮ ᠡᠮᠨᠡᠯᠭᠡ ᠵᠡᠷᠭᠡ ᠡᠯᠧᠮᠧᠨ᠋ᠲ᠎ᠢ ᠨᠡᠢ᠌ᠳᠬᠡᠵᠦ᠂ 《ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ᠂ ᠰᠤᠷᠤᠯᠴᠠᠬᠤ᠂ ᠳᠡᠯᠭᠡᠨ ᠦᠵᠡᠭᠦᠯᠬᠦ᠂ ᠲᠣᠭᠯᠠᠬᠤ》 ᠵᠢ ᠨᠢᠭᠡ ᠴᠣᠭᠴᠠᠵᠢᠭᠤᠯᠤᠭᠰᠠᠨ ᠪᠠᠢ᠌ᠳᠠᠯ᠎ᠢ ᠡᠭᠦᠳᠴᠦ᠂ ᠦᠵᠡᠭᠴᠢᠳ᠎ᠲᠤ ᠤᠮᠠᠷᠠᠲᠤ ᠬᠢᠯᠢ ᠵᠢᠨ ᠰᠣᠶᠣᠯ᠎ᠤᠨ ᠷᠢᠳᠢ ᠰᠢᠳᠢ ᠵᠢ ᠤᠢ᠌ᠯᠠᠭ᠋ᠠᠭᠤᠯᠪᠠ᠃
ᠡᠬᠢᠯᠡᠯᠲᠡ ᠵᠢᠨ ᠶᠣᠰᠣᠯᠠᠯ᠎ᠳᠤ ᠪᠠᠰᠠ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠲᠤᠨ ᠪᠠᠷᠠᠭ᠋ᠠᠨ᠎ᠤ ᠲᠠᠨᠢᠯᠴᠠᠭᠤᠯᠬᠤ ᠨᠡᠷᠡᠰ᠎ᠢ ᠨᠡᠢ᠌ᠳᠡᠯᠡᠵᠦ᠂ ᠪᠠᠷᠠᠭ᠎ᠠ ᠬᠤᠳᠠᠯᠳᠤᠨ ᠠᠪᠬᠤ ᠰᠠᠷ᠎ᠠ ᠵᠢᠨ ᠠᠵᠢᠯᠯᠠᠭ᠎ᠠ᠎ᠳᠤ ᠴᠤᠭᠯᠠᠷᠠᠭᠰᠠᠨ ᠪᠦᠬᠦ ᠣᠷᠣᠨ᠎ᠤ 60 ᠭᠠᠷᠤᠢ ᠵᠦᠢ᠍ᠯ᠎ᠤᠨ ᠪᠣᠳᠠᠰ᠎ᠤᠨ ᠪᠤᠰᠤ ᠰᠤᠶᠤᠯ᠎ᠤᠨ ᠦᠪ᠎ᠤᠨ ᠪᠦᠲᠦᠭᠡᠭᠳᠡᠭᠦᠨ᠎ᠢ ᠨᠡᠮᠡᠨ᠂ ᠬᠠᠮᠲᠤ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠳᠤ ᠦᠶ᠎ᠡ ᠵᠢᠨ ᠠᠮᠢᠳᠤᠷᠠᠯ᠎ᠳᠤ ᠠᠭᠤᠰᠤᠯᠴᠠᠬᠤ ᠵᠢ ᠠᠬᠢᠭᠤᠯᠵᠤ᠂ ᠠᠷᠠᠳ ᠤᠯᠠᠨ᠎ᠲᠠᠢ ᠬᠠᠮᠲᠤ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠪᠠ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ᠃