10 ᠳ᠋ᠤᠭ᠋ᠠᠷ ᠰᠠᠷ᠎ᠠ ᠵᠢᠨ 16᠎ᠠᠴᠠ 17᠎ᠤ ᠡᠳᠦᠷ᠎ᠤᠨ ᠬᠣᠭᠣᠷᠣᠨᠳᠣ ᠠᠩᠬᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠬᠤᠷᠠᠯ ᠰᠸᠴᠤᠸᠠᠨ᠎ᠤ ᠯᠦ᠍ ᠵᠧᠦ᠎ᠳᠤ ᠦᠪᠡᠳᠡᠭᠰᠢ ᠶᠡᠬᠡᠪᠡᠷ ᠡᠬᠢᠯᠡᠪᠡ᠃ ᠬᠤᠷᠠᠯ᠎ᠠᠴᠠ 《ᠬᠠᠮᠠᠭ᠋ᠠᠯᠠᠨ ᠤᠯᠠᠮᠵᠢᠯᠠᠬᠤ ᠰᠢᠨ᠎ᠡ ᠵᠢ ᠡᠭᠦᠳᠴᠦ ᠬᠠᠮᠲᠤ᠎ᠪᠠᠷ ᠡᠳ᠋ᠯᠡᠬᠦ — ᠰᠢᠨ᠎ᠡ ᠴᠠᠭ ᠦᠶ᠎ᠡ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ》᠎ᠪᠠᠷ ᠭᠣᠣᠯ ᠰᠡᠳᠦᠪ ᠪᠣᠯᠭ᠋ᠠᠵᠤ᠂ ᠪᠦᠬᠦ ᠤᠯᠤᠰ᠎ᠤᠨ ᠴᠢᠨᠠᠷᠲᠠᠢ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠲᠠᠪᠴᠠᠩ᠎ᠢ ᠪᠠᠢ᠌ᠭᠤᠯᠪᠠ᠃ ᠥᠪᠥᠷ ᠮᠣᠩᠭᠣᠯ᠎ᠤᠨ ᠮᠦᠽᠧᠢ ᠤᠷᠢᠯᠭ᠎ᠠ᠎ᠪᠠᠷ ᠲᠣᠰ ᠤᠳᠠᠭ᠋ᠠᠨ᠎ᠤ ᠬᠤᠷᠠᠯ᠎ᠳᠤ ᠣᠷᠣᠯᠴᠠᠪᠠ᠃
ᠲᠣᠰ ᠤᠳᠠᠭ᠋ᠠᠨ᠎ᠤ ᠬᠤᠷᠠᠯ᠎ᠤᠨ ᠬᠡᠪᠴᠢᠶ᠎ᠡ᠎ᠨᠢ ᠮᠠᠰᠢ ᠶᠡᠬᠡ ᠪᠠᠢ᠌ᠵᠤ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠤᠳᠤᠷᠢᠳᠤᠯᠭ᠎ᠠ᠂ ᠠᠺᠠᠳᠧᠮᠢᠴᠢ ᠲᠤᠰᠬᠠᠢ ᠮᠡᠷᠭᠡᠵᠢᠯᠲᠡᠨ ᠵᠢᠴᠢ ᠪᠥᠬᠥ ᠤᠯᠤᠰ᠎ᠤᠨ ᠰᠣᠶᠣᠯ ᠦᠵᠡᠰᠬᠦᠯᠡᠩ᠎ᠤᠨ ᠡᠲᠡᠭᠡᠳ᠎ᠤᠨ ᠲᠥᠯᠥᠭᠡᠯᠡᠭᠴᠢ 700 ᠭᠠᠷᠤᠢ ᠬᠥᠮᠥᠨ ᠬᠤᠷᠠᠨ ᠴᠤᠭᠯᠠᠷᠠᠵᠠᠢ᠃ ᠬᠤᠷᠠᠯ᠎ᠤᠨ ᠠᠭᠤᠯᠭ᠎ᠠ ᠪᠠᠶᠠᠯᠢᠭ ᠪᠠᠢ᠌ᠵᠤ᠂ ᠭᠣᠣᠯ ᠵᠣᠷᠢᠯᠲᠠ ᠵᠢᠨ ᠶᠠᠷᠢᠶ᠎ᠠ᠂ ᠡᠷᠳᠡᠮ ᠰᠢᠨᠵᠢᠯᠡᠭᠡᠨ᠎ᠤ ᠴᠤᠭᠯᠠᠭ᠋ᠠᠨ ᠵᠢᠴᠢ 7 ᠲᠠᠯᠠᠪᠤᠷ ᠵᠡᠷᠭᠡᠴᠡᠭᠡ ᠬᠤᠪᠢᠶᠠᠷᠢ ᠬᠤᠷᠠᠯ ᠪᠠ 1 ᠪᠠᠭ᠎ᠠ ᠬᠤᠷᠠᠯ᠎ᠢ ᠬᠠᠮᠤᠷᠴᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠦᠷᠢᠶᠡᠨ᠎ᠤ ᠬᠠᠮᠠᠭ᠋ᠠᠯᠠᠯᠲᠠ ᠬᠠᠮᠢᠶᠠᠷᠤᠯᠲᠠ᠂ ᠨᠡᠢ᠌ᠭᠡᠮ᠎ᠤᠨ ᠡᠯ᠎ᠡ ᠡᠳᠡᠭᠡᠳ ᠵᠢᠨ᠎ᠬᠢᠨ᠎ᠤ ᠣᠷᠤᠯᠴᠠᠬᠤ ᠥᠷᠲᠡᠭ᠎ᠢ ᠠᠭᠤᠳᠠᠯᠬᠤ᠂ ᠲᠣᠳᠣᠷᠬᠠᠢ᠌ᠯᠠᠨ ᠲᠠᠢ᠌ᠯᠪᠤᠷᠢᠯᠠᠵᠤ ᠳᠡᠯᠭᠡᠨ ᠦᠵᠡᠭᠦᠯᠬᠦ᠂ ᠲᠡᠦᠬᠡ ᠵᠢᠨ ᠳᠤᠷᠠᠰᠬᠠᠯᠲᠤ ᠵᠦᠢ᠍ᠯᠡᠰ ᠵᠢ ᠠᠮᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠵᠢᠨ 《ᠬᠠᠮᠲᠤ᠎ᠪᠠᠷ ᠬᠠᠮᠠᠭ᠋ᠠᠯᠠᠬᠤ᠂ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠰᠢᠭ ᠬᠦᠷᠳᠡᠬᠦ》 ᠵᠢ ᠪᠡᠶᠡᠯᠡᠭᠦᠯᠬᠦ ᠵᠢ ᠠᠬᠢᠭᠤᠯᠵᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠪᠠ ᠮᠦᠽᠧᠢ ᠵᠢᠨ ᠪᠦᠲᠦᠭᠡᠨ ᠪᠠᠢ᠌ᠭᠤᠯᠤᠯᠲᠠ ᠬᠥᠭᠵᠢᠯᠲᠡ ᠵᠢᠨ ᠬᠣᠰᠢᠭᠤᠷᠠᠯ ᠣᠢ᠌ᠯᠠᠭ᠋ᠠᠭᠳᠠᠬᠤᠨ ᠪᠠ ᠦᠢ᠍ᠯᠡᠳᠦᠯᠭᠡ ᠵᠢᠨ ᠠᠷᠭ᠎ᠠ ᠵᠠᠮ᠎ᠢ ᠬᠠᠮᠲᠤ᠎ᠪᠠᠷ ᠰᠦᠪᠡᠭᠴᠢᠯᠡᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ ᠪᠠ ᠰᠣᠶᠣᠯ᠎ᠤᠨ ᠥᠪ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ᠎ᠪᠠᠷ ᠳᠠᠮᠵᠢᠨ ᠥᠨᠢ ᠡᠭᠦᠷᠢᠳᠡ ᠤᠯᠠᠮᠵᠢᠯᠠᠨ ᠵᠠᠯᠭ᠋ᠠᠮᠵᠢᠯᠠᠵᠤ᠂ ᠪᠦᠲᠦᠮᠵᠢᠲᠡᠢ ᠠᠰᠢᠭᠯᠠᠬᠤ ᠳᠤᠮᠳᠠ ᠴᠠᠭ ᠦᠶ᠎ᠡ ᠵᠢᠨ ᠦᠨ᠎ᠡ ᠦᠷᠳᠡᠭ᠎ᠢ ᠢᠯᠡᠷᠡᠭᠦᠯᠬᠦ᠎ᠪᠠᠷ ᠵᠣᠷᠢᠵᠠᠢ᠃ ᠡᠭᠦᠨ᠎ᠠᠴᠠ ᠭᠠᠳᠠᠨ᠎ᠠ᠂ ᠬᠤᠷᠠᠯ᠎ᠠᠴᠠ ᠤᠯᠠᠨ ᠲᠠᠯ᠎ᠠ ᠵᠢᠨ᠎ᠬᠢᠨ ᠣᠷᠣᠯᠴᠠᠬᠤ᠂ ᠨᠡᠢ᠌ᠭᠡᠮ᠎ᠤᠨ ᠤᠯᠠᠨ ᠵᠶ᠋ᠠᠷ ᠵᠶ᠋ᠠᠨ ᠴᠤᠭᠯᠠᠭᠤᠯᠬᠤ ᠵᠢ ᠲᠤᠪᠤᠢ᠍ᠢ᠍ᠯᠭ᠋ᠠᠵᠦ᠂ 《ᠨᠡᠢ᠌ᠭᠡᠮ᠎ᠤᠨ ᠡᠯ᠎ᠡ ᠡᠳᠡᠭᠡᠳ ᠵᠢᠨ᠎ᠬᠢᠨ᠎ᠤ ᠣᠷᠣᠯᠴᠠᠬᠤ ᠲᠣᠭᠲᠠᠴᠠ ᠵᠢ ᠪᠦᠷᠢᠨᠰᠢᠭᠦᠯᠬᠦ》᠂ 《ᠨᠡᠢ᠌ᠭᠡᠮ᠎ᠤᠨ ᠬᠦᠴᠦᠨ᠎ᠤ ᠰᠣᠶᠣᠯ᠎ᠤᠨ ᠥᠪ᠎ᠤᠨ ᠬᠠᠮᠠᠭ᠋ᠠᠯᠠᠯᠲᠠ᠎ᠳᠤ ᠣᠷᠣᠯᠴᠠᠬᠤ ᠵᠢ ᠵᠣᠷᠢᠭᠵᠢᠭᠤᠯᠤᠨ ᠬᠥᠲᠥᠯᠥᠨ ᠳᠠᠭ᠋ᠠᠭᠤᠯᠬᠤ》 ᠤᠯᠤᠰ᠎ᠤᠨ ᠵᠣᠷᠢᠯᠲᠠ ᠵᠢ ᠠᠮᠢᠳᠤᠯᠢᠭ ᠵᠶ᠋ᠠᠷ ᠢᠯᠡᠷᠡᠭᠦᠯᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠵᠢᠨ ᠠᠮᠢᠳᠤᠯᠢᠭ ᠦᠢ᠍ᠯᠡᠳᠦᠯᠭᠡ ᠪᠣᠯᠵᠠᠢ᠃