ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠭᠤᠷᠪᠠᠳᠤᠭ᠋ᠠᠷ ᠬᠤᠭᠤᠴᠠᠭ᠋ᠠᠨ᠎ᠤ 《ᠳᠤᠮᠳᠠᠳᠤ ᠣᠷᠣᠰ᠎ᠤᠨ ᠨᠥᠬᠥᠷᠯᠡᠯ᠎ᠤᠨ ᠬᠥᠭᠥᠷᠭᠡ》 ᠣᠯᠠᠨ ᠤᠯᠤᠰ᠎ᠤᠨ ᠰᠣᠶᠣᠯ ᠤᠷᠠᠯᠢᠭ᠎ᠤᠨ ᠨᠠᠢ᠌ᠷ᠎ᠤᠨ ᠤᠷᠢᠯᠭ᠎ᠠ ᠵᠢᠨ ᠤᠷᠤᠯᠳᠤᠭ᠋ᠠᠨ ᠦᠨᠲᠦᠷᠯᠡᠪᠡ
ᠨᠡᠶᠢᠲᠡᠯᠡᠭᠰᠡᠨ ᠴᠠᠭ᠄ 2025-12-06

11 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ᠂ 《ᠠᠶᠠᠯᠭᠤᠲᠤ ᠵᠢᠭᠤᠯᠴᠢᠯᠠᠯ ᠦᠪᠦᠷ ᠮᠤᠩᠭᠤᠯ᠂ ᠪᠠᠶᠠᠷ ᠪᠠᠶᠠᠰᠬᠤᠯᠠᠩᠲᠤ ᠮᠦᠰᠦ ᠴᠠᠰᠤᠨ ᠎ᠤ ᠤᠯᠠᠷᠢᠯ》 ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠣᠷᠣᠰ᠎ᠤᠨ ᠨᠥᠬᠥᠷᠯᠡᠯ᠎ᠤᠨ ᠬᠥᠭᠥᠷᠭᠡ ᠵᠢᠨ ᠰᠣᠶᠣᠯ᠎ᠤᠨ ᠨᠠᠢ᠌ᠷ ᠵᠢᠴᠢ ᠤᠷᠠᠯᠢᠭ᠎ᠤᠨ ᠤᠷᠤᠯᠳᠤᠭ᠋ᠠᠨ ᠬᠥᠯᠥᠨ ᠪᠣᠶ᠋ᠢᠷ᠎ᠲᠤ ᠶᠠᠪᠤᠭᠳᠠᠪᠠ᠃ ᠲᠤᠰ ᠤᠲᠠᠭ᠋ᠠᠨ ᠎ᠤ ᠠᠵᠢᠯᠯᠠᠭ᠎ᠠ᠎ᠨᠢ 《ᠨᠥᠬᠥᠷᠯᠡᠯ》 ᠵᠢᠡᠷ ᠭᠣᠣᠯ ᠰᠡᠲᠦᠪ ᠪᠣᠯᠭ᠋ᠠᠵᠤ᠂ ᠳᠤᠮᠳᠠᠳᠤ ᠤᠷᠤᠰ᠎ᠤᠨ ᠮᠢᠩᠭ᠎ᠠ ᠭᠠᠷᠤᠢ ᠵᠠᠯᠠᠭᠤᠴᠤᠳ ᠪᠠᠭ᠋ᠠᠴᠤᠳ ᠬᠥᠯᠥᠨ ᠪᠤᠢ᠍ᠢ᠍ᠷ᠎ᠤᠨ ᠵᠦᠴᠦᠭᠡ ᠵᠢᠨ ᠬᠦᠷᠢᠶᠡᠯᠡᠩ᠎ᠳᠤ ᠴᠤᠭᠯᠠᠷᠠᠨ᠂ ᠮᠥᠰᠥ ᠴᠠᠰᠤᠨ᠎ᠳᠤ ᠬᠤᠴᠢᠭᠳᠠᠭᠰᠠᠨ ᠲᠠᠯ᠎ᠠ ᠨᠤᠲᠤᠭ᠎ᠲᠤ ᠤᠷᠠᠯᠢᠭ᠎ᠤᠨ ᠠᠪᠢᠶᠠᠰ ᠴᠢᠳᠠᠪᠤᠷᠢ᠎ᠪᠠᠨ ᠪᠠᠳᠠᠷᠠᠭᠤᠯᠵᠤ᠂ ᠬᠣᠶᠠᠷ ᠤᠯᠤᠰ᠎ᠤᠨ ᠨᠥᠬᠥᠷᠯᠡᠯ᠎ᠤᠨ ᠰᠢᠨ᠎ᠡ ᠬᠠᠭᠤᠳᠠᠰᠤ ᠵᠢ ᠬᠠᠮᠲᠤ᠎ᠪᠠᠷ ᠵᠢᠷᠤᠭᠯᠠᠵᠤ᠂ ᠬᠡᠦᠬᠡᠳ᠎ᠤᠳ ᠎ᠤᠨ ᠲᠠᠭᠤᠤ ᠪᠦᠵᠢᠭ ᠪᠠ ᠬᠥᠭᠵᠢᠮ᠎ᠨᠢ ᠤᠯᠤᠰ ᠠᠯᠤᠰᠯᠠᠭᠰᠠᠨ ᠠᠷᠠᠳ᠎ᠤᠨ ᠬᠣᠭᠣᠷᠣᠨᠳᠣᠬᠢ ᠰᠣᠯᠢᠯᠴᠠᠭ᠋ᠠᠨ᠎ᠤ ᠰᠡᠳᠬᠢᠯ ᠬᠥᠳᠡᠯᠭᠡᠮ᠎ᠡ ᠬᠦᠭ ᠠᠶᠠᠰ᠎ᠢ ᠴᠢᠪᠬᠠᠳᠠᠨ᠎ᠠ᠃ 

ᠭᠤᠷᠪᠠᠨ ᠵᠢᠯ ᠳᠠᠷᠠᠭ᠋ᠠᠯᠠᠨ ᠡᠷᠭᠢᠯᠡᠭᠰᠡᠨ ᠨᠠᠷᠠᠲᠤ ᠲᠥᠷᠥᠯ ᠲᠡᠮᠳᠡᠭᠲᠦ ᠵᠢᠨ ᠠᠵᠢᠯᠯᠠᠭ᠎ᠠ ᠪᠣᠯᠤᠭᠰᠠᠨ᠎ᠤ ᠬᠤᠪᠢ᠎ᠳᠤ᠂ ᠠᠵᠢᠯᠯᠠᠭ᠋ᠠᠨ ᠎ᠤ ᠠᠯᠳᠠᠷᠰᠢᠯ᠎ᠨᠢ ᠦᠷᠭᠦᠯᠵᠢᠯᠡᠨ ᠥᠷᠭᠡᠳᠴᠦ᠂ ᠨᠥᠯᠥᠭᠡᠯᠡᠬᠦ ᠬᠦᠴᠦᠨ᠎ᠨᠢ ᠲᠣᠭᠲᠠᠭᠤᠨ ᠵᠶ᠋ᠠᠷ ᠳᠡᠭᠡᠭᠰᠢᠯᠡᠨ᠂ ᠤᠷᠤᠯᠳᠤᠭ᠋ᠠᠨ᠎ᠤ ᠠᠭᠤᠯᠭ᠎ᠠ ᠪᠠ ᠵᠣᠬᠢᠶᠠᠨ ᠪᠠᠢ᠌ᠭᠤᠯᠤᠯᠲᠠ ᠵᠢᠨ ᠬᠡᠯᠪᠡᠷᠢ᠎ᠨᠢ ᠲᠠᠰᠤᠷᠠᠯᠲᠠ ᠦᠭᠡᠢ ᠪᠠᠶᠠᠯᠢᠭᠵᠢᠵᠤ᠂ ᠡᠳᠦᠷ ᠢᠷᠡᠬᠦᠶ᠎ᠡ  ᠰᠢᠯᠢᠳᠡᠭᠵᠢᠨ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠥᠷᠭᠡᠨ ᠳᠡᠯᠭᠡᠷ ᠠᠩᠬᠠᠷᠤᠯ ᠪᠠ ᠨᠡᠢ᠌ᠳᠡᠮ᠎ᠤᠨ ᠰᠠᠢ᠌ᠨ ᠦᠨᠡᠯᠡᠯᠲᠡ ᠵᠢ ᠣᠯᠣᠭᠰᠠᠨ ᠪᠠᠢ᠌ᠨ᠎ᠠ᠃ ᠭᠤᠷᠪᠠᠨ ᠵᠢᠯ᠎ᠤᠨ ᠲᠤᠷᠰᠢ᠂ ᠲᠣᠰ ᠠᠵᠢᠯᠯᠠᠭ᠎ᠠ᠎ᠨᠢ ᠳᠤᠮᠳᠠᠳᠤ ᠣᠷᠣᠰ᠎ᠤᠨ 4000 ᠭᠠᠷᠤᠢ ᠵᠠᠯᠠᠭᠤᠴᠤᠳ ᠪᠠᠭ᠋ᠠᠴᠤᠳ᠎ᠲᠤ ᠴᠢᠨᠠᠷ ᠰᠠᠢ᠌ᠲᠠᠢ ᠰᠣᠯᠢᠯᠴᠠᠭ᠋ᠠᠨ᠎ᠤ ᠲᠠᠪᠴᠠᠩ ᠬᠠᠩᠭ᠋ᠠᠵᠤ᠂ 2025 ᠣᠨ᠎ᠳᠤ ᠨᠢᠭᠡᠨᠲᠡ 2.33 ᠲᠦᠮᠡᠨ ᠬᠦᠮᠦᠰ ᠬᠢᠯᠢ᠎ᠪᠠᠷ ᠣᠷᠣᠵᠤ ᠰᠤᠳᠤᠯᠤᠨ ᠰᠤᠷᠤᠯᠴᠠᠬᠤ ᠠᠵᠢᠯᠯᠠᠭ᠎ᠠ ᠵᠢ ᠭᠥᠯᠢᠶᠡᠨ ᠠᠪᠴᠤ᠂ ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ᠎ᠨᠢ ᠨᠢᠭᠡᠨᠲᠡ ᠬᠣᠶᠠᠷ ᠤᠯᠤᠰ᠎ᠤᠨ ᠠᠷᠠᠳ᠎ᠤᠨ ᠬᠣᠭᠣᠷᠣᠨᠳᠣᠬᠢ ᠶᠠᠪᠤᠯᠴᠠᠭ᠎ᠠ ᠵᠢ ᠭᠦᠨᠵᠡᠭᠡᠢ᠌ᠷᠡᠭᠦᠯᠬᠦ᠂ ᠪᠣᠯᠪᠠᠰᠤᠨ᠎ᠤ ᠬᠠᠷᠢᠯᠴᠠᠨ ᠲᠣᠯᠢᠯᠠᠬᠤ ᠵᠢ ᠠᠬᠢᠭᠤᠯᠬᠤ ᠴᠢᠬᠤᠯᠠ ᠨᠠᠷᠠᠲᠤ ᠲᠡᠮᠳᠡᠭ ᠪᠣᠯᠤᠭᠰᠠᠨ ᠪᠠᠢ᠌ᠨ᠎ᠠ᠃ 

 

ᠢᠷᠡᠯᠲᠡ᠄ ᠬᠥᠯᠥᠨ ᠪᠣᠶ᠋ᠢᠷ᠎ᠤᠨ ᠰᠣᠶᠣᠯ ᠵᠢᠭᠤᠯᠴᠢᠯᠠᠯ
          
ᠬᠠᠮᠢᠶ᠎ᠡ ᠪᠦᠬᠦᠢ ᠰᠣᠨᠢᠨ
 
            