ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠱᠧᠨᠵᠧᠨ᠎ᠳᠤ ᠬᠦᠷᠴᠦ ᠰᠣᠶᠣᠯ ᠵᠢᠭᠤᠯᠴᠢᠯᠠᠯ᠎ᠤᠨ ᠲᠦᠷᠦᠯ ᠵᠦᠢ᠍ᠯ᠎ᠤᠨ ᠤᠨᠢᠨ ᠳᠡᠭᠡᠷ᠎ᠡ᠎ᠨᠢ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2025-12-09

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠬᠢᠭᠡᠳ ᠭᠤᠸᠠᠩᠳᠦ᠋ᠩ ᠰᠢᠶᠠᠩᠭ᠋ᠠᠩ ᠣᠣᠮᠧᠨ᠎ᠤ ᠲᠤᠮᠤ ᠪᠤᠯᠤᠩ᠎ᠤᠨ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠲᠤᠮᠤ ᠪᠤᠯᠤᠩ᠎ᠤᠨ ᠤᠷᠤᠨ᠎ᠤ ᠪᠡᠯᠡ ᠮᠥᠩᠭᠥ᠂ ᠮᠡᠷᠭᠡᠵᠢᠯ ᠵᠢᠴᠢ ᠲᠡᠷᠢᠭᠦᠨ᠎ᠤ ᠬᠠᠮᠢᠶᠠᠷᠤᠯᠲᠠ ᠵᠢᠨ ᠲᠤᠷᠰᠢᠯᠭ᠎ᠠ ᠵᠢ ᠢᠳᠡᠪᠬᠢᠲᠡᠢ᠎ᠪᠠᠷ ᠣᠷᠣᠭᠤᠯᠤᠨ ᠠᠪᠴᠢᠷᠠᠬᠤ ᠵᠢᠨ ᠲᠦᠯᠦᠭᠡ᠂ 11 ᠳ᠋ᠤᠭᠡᠷ ᠰᠠᠷ᠎ᠠ ᠵᠢᠨ 25 ᠎ᠤ ᠡᠳᠦᠷ᠎ᠠᠴᠠ 26 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠢᠢ ᠰᠢᠶᠣᠣ ᠴᠢᠩ ᠪᠦᠯᠬᠦᠮ ᠳᠠᠭ᠋ᠠᠭᠤᠯᠤᠨ ᠱᠧᠨᠵᠧᠨ ᠬᠤᠳᠠ᠎ᠳᠤ ᠬᠦᠷᠴᠦ᠂ ᠱᠧᠨᠵᠧᠨ᠎ᠤ ᠰᠢ ᠬᠤ᠌ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠲᠠᠢ ᠰᠣᠶᠣᠯ ᠵᠢᠭᠤᠯᠴᠢᠯᠠᠯ᠎ᠤᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠵᠢᠴᠢ ᠥᠪᠥᠷ ᠮᠣᠩᠭᠣᠯ᠎ᠤᠨ ᠵᠢᠭᠤᠯᠴᠢᠯᠠᠯ᠎ᠤᠨ ᠲᠣᠭᠯᠠᠯᠲᠠ ᠵᠢᠨ ᠲᠦᠷᠦᠯ ᠵᠦᠢ᠍ᠯ᠎ᠤᠨ ᠱᠧᠨᠵᠧᠨ᠎ᠳᠤ ᠬᠦᠷᠦᠭᠰᠡᠨ ᠶᠠᠪᠤᠳᠠᠯ᠎ᠤᠨ ᠲᠤᠬᠠᠢ ᠤᠨᠢᠨ ᠳᠡᠭᠡᠷ᠎ᠡ᠎ᠨᠢ ᠵᠣᠯᠭ᠋ᠠᠭᠤᠯᠵᠠᠢ᠃

ᠲᠣᠰ ᠤᠳᠠᠭ᠋ᠠᠨ᠎ᠤ ᠨᠠᠷᠢᠯᠢᠭ ᠣᠨᠣᠴᠠᠲᠠᠢ᠎ᠪᠠᠷ ᠵᠣᠯᠭ᠋ᠠᠯᠳᠤᠭᠤᠯᠬᠤ᠎ᠨᠢ ᠥᠪᠥᠷ ᠮᠣᠩᠭᠣᠯ ᠬᠢᠭᠡᠳ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠠᠢ᠌ᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠨᠠᠷᠠᠲᠤ ᠲᠥᠷᠥᠯ ᠲᠡᠮᠳᠡᠭᠲᠦ ᠵᠢᠨ ᠲᠣᠮᠣ ᠪᠤᠯᠤᠩ᠎ᠤᠨ ᠣᠷᠣᠨ᠎ᠳᠤ᠎ᠬᠢ ᠠᠯᠳᠠᠷᠰᠢᠯ ᠪᠠ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠪᠣᠯᠣᠨ᠎ᠠ᠃

ᠳᠠᠷᠠᠭ᠋ᠠᠴᠢ ᠵᠢᠨ ᠠᠯᠬᠤᠮ᠎ᠳᠤ᠂ ᠬᠣᠶᠠᠷ ᠲᠠᠯ᠎ᠠ᠎ᠪᠠᠷ ᠵᠶ᠋ᠠᠨ ᠲᠦᠷᠦᠯ ᠵᠦᠢ᠍ᠯ᠎ᠢ ᠠᠬᠢᠭᠤᠯᠬᠤ ᠠᠵᠢᠯ᠎ᠤᠨ ᠲᠤᠰᠬᠠᠢ ᠠᠩᠭᠢ ᠪᠠᠢ᠌ᠭᠤᠯᠵᠤ᠂ ᠪᠦᠬᠦ ᠶᠠᠪᠤᠴᠠ᠎ᠳᠤ ᠵᠣᠯᠭ᠋ᠠᠭᠤᠯᠤᠭᠰᠠᠨ ᠦᠷ᠎ᠡ ᠪᠦᠲᠦᠭᠡᠯ᠎ᠢ ᠮᠥᠷᠳᠡᠵᠦ᠂ ᠬᠠᠮᠲᠤᠷᠠᠯᠴᠠᠭ᠋ᠠᠨ᠎ᠤ ᠠᠭᠤᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠬᠠᠮᠲᠤᠷᠠᠯᠴᠠᠭ᠋ᠠᠨ᠎ᠤ ᠵᠦᠢ᠍ᠯᠡᠰ᠎ᠢ ᠥᠨᠳᠥᠷ ᠪᠦᠲᠦᠮᠵᠢᠲᠡᠢ ᠡᠮᠬᠢ ᠵᠢᠷᠤᠮ᠎ᠲᠠᠢ ᠠᠬᠢᠭᠤᠯᠬᠤ ᠵᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            