ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠠᠢ᠌ᠳ ᠰᠦᠨ ᠶᠧ ᠯᠢ᠄ ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠣᠢ᠌ᠵᠢᠭᠤᠯᠤᠨ᠎ᠠ
ᠨᠡᠶᠢᠲᠡᠯᠡᠭᠰᠡᠨ ᠴᠠᠭ᠄ 2025-03-22

      ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠠᠢ᠌ᠳ ᠰᠦᠨ ᠶᠧ ᠯᠢ 11᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ᠎ᠤ ᠭᠤᠷᠪᠠᠳᠤᠭ᠋ᠠᠷ ᠲᠠᠯᠠᠪᠤᠷ 《ᠰᠠᠢ᠌ᠳ ᠨᠠᠷ᠎ᠤᠨ ᠨᠡᠪᠲᠡᠷᠡᠬᠦ ᠵᠠᠮ》 ᠳᠡᠭᠡᠷ᠎ᠡ ᠢᠯᠡᠷᠬᠡᠢ᠌ᠯᠡᠬᠦ᠎ᠳᠤ᠎ᠪᠠᠨ᠂ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ᠎ᠨᠢ ᠬᠡᠷᠡᠭᠯᠡᠭᠡ ᠵᠢ ᠥᠷᠭᠡᠳᠬᠡᠬᠦ ᠲᠠᠯ᠎ᠠ᠎ᠪᠠᠷ ᠶᠡᠬᠡ ᠦᠢ᠍ᠯᠡᠰ ᠪᠦᠲᠦᠭᠡᠵᠦ ᠪᠣᠯᠣᠨ᠎ᠠ ᠭᠡᠵᠡᠢ᠃ 《ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠣᠢ᠌ᠵᠢᠭᠤᠯᠬᠤ᠎ᠨᠢ ᠮᠠᠨ᠎ᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠠᠭ᠎ᠲᠤ᠎ᠪᠠᠨ ᠲᠤᠬᠢᠷᠠᠭᠰᠠᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ》᠃

      ᠰᠦᠨ ᠶᠧ ᠯᠢ ᠨᠢᠭᠡ ᠪᠦᠯᠦᠭ ᠲᠣᠭ᠎ᠠ ᠪᠠᠷᠢᠮᠲᠠ ᠵᠢ ᠳᠤᠷᠠᠳᠪᠠ᠄ 2024 ᠣᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠰᠣᠶᠣᠯ ᠵᠢᠴᠢ ᠬᠣᠯᠪᠣᠭᠳᠠᠯ ᠪᠦᠬᠦᠢ ᠠᠵᠤ ᠦᠢ᠍ᠯᠡᠰ᠎ᠤᠨ ᠠᠵᠤ ᠠᠬᠤᠢ᠌ᠯᠠᠯ᠎ᠤᠨ ᠪᠡᠶᠡᠯᠡᠭᠦᠯᠦᠭᠰᠡᠨ ᠡᠵᠡᠩᠨᠡᠯᠲᠡ ᠵᠢᠨ ᠣᠷᠣᠯᠭ᠎ᠠ 14 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠪᠠᠷᠤᠭ 6% ᠨᠡᠮᠡᠭᠳᠡᠪᠡ; ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠲᠤ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠡᠵᠡᠩᠨᠡᠯᠲᠡ ᠵᠢᠨ ᠭᠣᠣᠯ ᠴᠣᠭᠴᠠ 31 ᠲᠦᠮᠡ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠪᠠᠷᠤᠭ 4.7% ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠬᠡᠪᠴᠢᠶ᠎ᠡ 56 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 15% ᠰᠢᠬᠠᠮ ᠨᠡᠮᠡᠭᠳᠡᠵᠦ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠵᠠᠷᠤᠳᠠᠯ 5.7 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 17%᠎ᠢ ᠳᠠᠪᠠᠵᠤ; ᠬᠢᠯᠢ᠎ᠪᠠᠷ ᠣᠷᠣᠵᠤ ᠢᠷᠡᠭᠰᠡᠨ ᠵᠢᠭᠤᠯᠴᠢᠯᠠᠭᠴᠢᠳ᠎ᠤᠨ ᠲᠣᠭ᠎ᠠ ᠪᠠᠷᠤᠭ 1.32 ᠳ᠋ᠦᠩᠰᠢᠭᠤᠷ ᠪᠠᠢ᠌ᠵᠤ᠂ ᠵᠢᠭᠤᠯᠴᠢᠯᠠᠯ᠎ᠤᠨ ᠵᠠᠷᠤᠳᠠᠯ᠎ᠨᠢ 1000 ᠳ᠋ᠦᠩᠰᠢᠭᠤᠷ ᠳ᠋ᠣᠯᠯᠠᠷ᠎ᠲᠤ ᠣᠢ᠌ᠷᠠᠳᠴᠠᠢ᠃

     《ᠨᠢᠳᠤᠨᠤᠨ ᠪᠦᠬᠦᠶ᠋ᠢᠯᠡ ᠰᠣᠶᠣᠯ ᠪᠠ ᠵᠢᠭᠤᠯᠴᠢᠯᠠᠯ᠎ᠤᠨ ᠦᠢ᠍ᠯᠡᠰ᠎ᠢ 〈ᠬᠥᠮᠥᠨ᠎ᠤ ᠬᠦᠴᠦ ᠪᠠ ᠡᠳ᠋᠎ᠤᠨ ᠬᠦᠴᠦ ᠵᠡᠷᠭᠡ᠎ᠪᠠᠷ ᠰᠠᠢ᠌ᠵᠢᠷᠠᠵᠤ〉᠂ ᠬᠥᠮᠥᠨ ᠠᠮᠠ ᠡᠯᠪᠡᠭ ᠳᠡᠯᠪᠡᠭ ᠮᠥᠷᠲᠡᠭᠡᠨ ᠡᠳ᠋ ᠮᠥᠩᠭᠥ ᠡᠯᠪᠡᠭ ᠳᠡᠯᠪᠡᠭ ᠪᠣᠯᠵᠤ᠂ ᠣᠷᠣᠯᠭ᠎ᠠ᠎ᠨᠢ ᠨᠡᠮᠡᠭᠳᠡᠬᠦ ᠵᠢᠨ ᠬᠠᠮᠲᠤ ᠠᠰᠢᠭ ᠬᠣᠨᠵᠢᠪᠤᠷᠢ᠎ᠨᠢ ᠴᠦ᠍ ᠨᠡᠮᠡᠭᠳᠡᠵᠡᠢ ᠭᠡᠵᠦ ᠬᠡᠯᠡᠬᠦ ᠶᠣᠰᠣᠲᠠᠢ》 ᠭᠡᠵᠦ ᠰᠦᠨ ᠶᠧ ᠯᠢ ᠬᠡᠯᠡᠪᠡ᠃

      ᠰᠣᠶᠣᠯ ᠵᠢᠭᠤᠯᠴᠢᠯᠠᠯ᠎ᠤᠨ ᠦᠢ᠍ᠯᠡᠰ᠎ᠢ ᠬᠡᠷᠬᠢᠨ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠣᠢ᠌ᠵᠢᠭᠤᠯᠬᠤ ᠪᠤᠢ? ᠰᠦᠨ ᠶᠧ ᠯᠢ ᠲᠦᠷᠪᠡᠨ ᠲᠠᠯ᠎ᠠ ᠵᠢᠨ ᠠᠵᠢᠯ᠎ᠤᠨ ᠬᠦᠴᠦᠯᠡᠬᠦ ᠴᠡᠭ᠎ᠢ ᠲᠠᠨᠢᠯᠴᠠᠭᠤᠯᠪᠠ᠃

     — ᠲᠥᠯᠦᠪᠵᠢᠭᠦᠯᠭᠡ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠎ᠠ᠃ ᠰᠣᠶᠣᠯ ᠪᠠ ᠵᠢᠭᠤᠯᠴᠢᠯᠠᠯ᠎ᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦᠯᠢ ᠴᠣᠭᠴᠠ ᠵᠢᠨ ᠲᠥᠯᠦᠪᠵᠢᠭᠦᠯᠭᠡ᠎ᠳᠤ ᠣᠷᠣᠭᠤᠯᠬᠤ ᠵᠢ ᠲᠦᠯᠬᠢᠨ ᠠᠬᠢᠭᠤᠯᠵᠤ᠂ ᠤᠯᠤᠰ᠎ᠤᠨ ᠴᠢᠬᠤᠯᠠ ᠶᠡᠬᠡ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠲᠠᠢ ᠠᠪᠴᠠᠯᠳᠤᠭᠤᠯᠤᠨ᠎ᠠ᠃ ᠡᠭᠦᠨ᠎ᠤ ᠬᠠᠮᠲᠤ ᠡᠯ᠎ᠡ ᠭᠠᠵᠠᠷ᠎ᠤᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ᠂ ᠲᠣᠰ ᠲᠣᠰ᠎ᠤᠨ ᠠᠳᠠᠯᠢ ᠪᠤᠰᠤ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠦᠨᠳᠦᠰᠦᠯᠡᠨ᠂ ᠪᠣᠳᠠᠲᠠᠢ ᠬᠥᠭᠵᠢᠯᠲᠡ ᠵᠢᠨ ᠲᠥᠯᠦᠪᠵᠢᠭᠦᠯᠭᠡ ᠲᠣᠭᠲᠠᠭ᠋ᠠᠬᠤ ᠵᠢ ᠳᠡᠮᠵᠢᠵᠦ᠂ ᠡᠭᠦᠨ᠎ᠤ ᠤᠯᠠᠮ᠎ᠠᠴᠠ ᠨᠠᠩ ᠨᠠᠷᠢᠯᠢᠭ ᠣᠨᠣᠴᠠᠲᠠᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠨ᠎ᠠ᠃

      — ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠮᠥᠩᠭᠥᠨ ᠭᠦᠢ᠍ᠯᠭᠡᠭᠡ᠂ ᠡᠳ᠋᠎ᠤᠨ ᠵᠠᠰᠠᠭ ᠭᠠᠢ᠌ᠯᠢ ᠵᠢᠨ ᠡᠯ᠎ᠡ ᠲᠠᠯ᠎ᠠ᠎ᠠᠴᠠ ᠨᠡᠩ ᠤᠯᠠᠨ ᠳᠡᠮᠵᠢᠯᠭᠡ ᠣᠯᠬᠤ᠎ᠪᠠᠷ ᠴᠢᠷᠮᠠᠢ᠌ᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠰᠠᠭᠤᠷᠢ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠎ᠬᠢ ᠳᠤᠲᠠᠭᠤᠳᠠᠯ ᠪᠠ ᠪᠠᠭᠤᠷᠠᠢ ᠲᠠᠯ᠎ᠠ ᠵᠢ ᠲᠦᠷᠭᠡᠨ ᠨᠥᠬᠥᠪᠦᠷᠢᠯᠡᠬᠦ ᠬᠡᠷᠡᠭᠲᠡᠢ᠃

     — ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠲᠦᠷᠭᠡᠳᠬᠡᠨ ᠪᠣᠢ᠌ᠵᠢᠭᠤᠯᠤᠨ᠎ᠠ᠃ ᠳᠣᠣᠭᠤᠷ ᠵᠢᠭᠤᠯᠴᠢᠯᠠᠨ ᠲᠣᠭᠣᠷᠢᠬᠤ᠂ ᠲᠡᠯᠡᠶ ᠲᠠᠩᠭᠢᠰ᠎ᠤᠨ ᠵᠢᠭᠤᠯᠴᠢᠯᠠᠯ᠂ ᠵᠢᠪᠦᠭᠦᠯᠬᠦ ᠮᠠᠶᠢᠭ᠎ᠤᠨ ᠪᠡᠶᠡᠴᠢᠯᠡᠨ ᠣᠢ᠌ᠯᠠᠭ᠋ᠠᠬᠤ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠳᠤ ᠪᠠᠭᠲᠠᠭ᠋ᠠᠮᠵᠢᠲᠠᠢ ᠪᠣᠯᠭᠣᠮᠵᠢᠲᠠᠢ ᠪᠠᠢ᠌ᠬᠤ ᠣᠢ᠌ᠯᠠᠭ᠋ᠠᠭᠳᠠᠬᠤᠨ᠎ᠢ ᠠᠪᠴᠤ᠂ ᠦᠢ᠍ᠯᠡᠴᠢᠯᠡᠭᠡ ᠵᠢ ᠬᠥᠲᠥᠯᠥᠨ ᠵᠢᠯᠤᠭᠣᠳᠴᠤ ᠬᠠᠮᠢᠶᠠᠷᠬᠤ ᠲᠥᠷᠥ ᠵᠢᠨ ᠪᠣᠳᠣᠯᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠥᠷᠢᠰᠦᠯᠳᠦᠨ ᠬᠥᠭᠵᠢᠬᠦ᠎ᠳᠤ ᠰᠠᠢ᠌ᠨ ᠰᠠᠢ᠌ᠬᠠᠨ ᠨᠥᠬᠥᠴᠡᠯ᠎ᠢ ᠪᠦᠷᠢᠯᠳᠦᠭᠦᠯᠵᠦ ᠥᠭᠭᠦᠨ᠎ᠡ᠃ ᠢᠯᠠᠩᠭᠤᠶ᠎ᠠ ᠰᠣᠶᠣᠯ᠂ ᠵᠢᠭᠤᠯᠴᠢᠯᠠᠯ᠎ᠤᠨ ᠠᠵᠤ ᠠᠬᠤᠢ᠌ᠯᠠᠯ ᠪᠣᠯᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠶᠠᠯᠳᠤᠯ᠎ᠢ ᠶᠡᠬᠡ᠎ᠪᠠᠷ ᠲᠡᠮᠵᠢᠵᠤ᠂ ᠰᠢᠨᠵᠢᠯᠡᠬᠦ ᠤᠬᠠᠭ᠋ᠠᠨ ᠮᠡᠷᠭᠡᠵᠢᠯ ᠭᠡᠬᠦ ᠡᠨᠡ ᠬᠦ᠌ ᠬᠠᠮᠤᠭ᠎ᠤᠨ ᠶᠡᠬᠡ ᠬᠤᠪᠢᠰᠬᠤ ᠬᠡᠮᠵᠢᠶ᠎ᠡ ᠵᠢ ᠰᠣᠶᠣᠯ ᠪᠣᠯᠣᠨ ᠵᠢᠭᠤᠯᠴᠢᠯᠠᠯ᠎ᠤᠨ ᠠᠵᠢᠯ ᠲᠦᠷᠦᠯ᠎ᠤᠨ ᠲᠦᠷᠭᠡᠨ ᠬᠥᠭᠵᠢᠯᠲᠡ᠎ᠳᠤ ᠲᠠᠰᠤᠷᠠᠯᠳᠠ ᠦᠭᠡᠢ ᠰᠢᠨ᠎ᠡ ᠭᠡᠨᠡᠳᠲᠡ ᠵᠢᠨ ᠪᠠᠶᠠᠷ᠎ᠢ ᠠᠪᠴᠢᠷᠠᠬᠤ ᠪᠣᠯᠭ᠋ᠠᠬᠤ ᠬᠡᠷᠡᠭᠲᠡᠢ᠃

     — ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠵᠢᠷᠤᠮᠵᠢᠭᠤᠯᠤᠨ᠎ᠠ᠃ ᠤᠯᠠᠨ᠎ᠤ ᠲᠤᠰᠬᠠᠯ ᠴᠢᠩᠭ᠎ᠠ ᠪᠠᠢ᠌ᠭ᠎ᠠ ᠵᠦᠢ ᠵᠣᠬᠢᠰ ᠦᠭᠡᠢ ᠬᠢᠮᠳᠠ ᠦᠨ᠎ᠡ ᠵᠢᠨ ᠵᠢᠭᠤᠯᠴᠢᠯᠠᠯ᠂ ᠠᠯᠪᠠᠳᠠᠯᠭ᠎ᠠ᠎ᠪᠠᠷ ᠪᠠᠷᠠᠭ᠎ᠠ ᠬᠤᠳᠠᠯᠳᠤᠨ ᠠᠪᠬᠤ ᠵᠡᠷᠭᠡ ᠠᠰᠠᠭᠤᠳᠠᠯ᠎ᠳᠤ᠂ ᠨᠢᠭᠡ ᠲᠠᠯ᠎ᠠ᠎ᠪᠠᠷ ᠴᠣᠬᠢᠯᠲᠠ ᠥᠭᠴᠦ ᠵᠠᠯᠬᠠᠭ᠋ᠠᠨ ᠰᠢᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠨᠦᠬᠦᠭᠡ ᠲᠠᠯ᠎ᠠ᠎ᠪᠠᠷ ᠬᠠᠤᠯᠢ ᠴᠠᠭ᠋ᠠᠵᠠ ᠵᠢᠨ ᠳᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠪᠠᠷᠢᠮᠵᠢᠶ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠨᠡᠢ᠌ᠭᠡᠮ ᠳᠠᠶᠠᠭ᠋ᠠᠷ᠎ᠲᠤ ᠦᠨᠡᠨᠴᠢ ᠢᠲᠡᠭᠡᠮᠵᠢ ᠵᠢᠨ ᠰᠣᠶᠣᠯ᠎ᠢ ᠪᠠᠳᠠᠷᠠᠭᠤᠯᠤᠨ ᠦᠢ᠍ᠯᠡᠳᠦᠯᠭᠡᠵᠢᠭᠦᠯᠵᠦ᠂ ᠤᠯᠠᠨ ᠵᠦᠢ᠍ᠯ᠎ᠤᠨ ᠠᠷᠭ᠎ᠠ ᠵᠢ ᠵᠡᠷᠭᠡ᠎ᠪᠠᠷ ᠬᠡᠷᠡᠭᠯᠡᠵᠦ ᠭᠡᠮ ᠠᠷᠬᠠᠭ᠎ᠢ ᠠᠷᠢᠯᠭ᠋ᠠᠬᠤ᠎ᠪᠠᠷ ᠴᠢᠷᠮᠠᠢ᠌ᠨ᠎ᠠ᠃

    《ᠶᠡᠷᠦᠩᠬᠡᠢ᠌ᠯᠡᠪᠡᠯ᠂ ᠰᠣᠶᠣᠯ ᠵᠢᠭᠤᠯᠴᠢᠯᠠᠯ᠎ᠤᠨ ᠦᠢ᠍ᠯᠡᠰ᠎ᠢ ᠲᠤᠯᠭ᠋ᠠᠭᠤᠷᠢ ᠠᠵᠤ ᠦᠢ᠍ᠯᠡᠰ ᠪᠣᠯᠭ᠋ᠠᠨ ᠪᠦᠲᠦᠭᠡᠨ ᠪᠠᠶ᠋ᠢᠭᠤᠯᠬᠤ᠎ᠳᠤ ᠪᠠᠰᠠ ᠮᠠᠰᠢ ᠣᠯᠠᠨ ᠠᠵᠢᠯ ᠬᠢᠬᠦ ᠬᠡᠷᠡᠭᠲᠡᠢ ᠪᠠᠢ᠌ᠨ᠎ᠠ》᠃ ᠰᠦᠨ ᠶᠧ ᠯᠢ᠂ 《ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠢ᠌ᠪᠠᠯ᠂ ᠰᠣᠶᠣᠯ ᠵᠢᠭᠤᠯᠴᠢᠯᠠᠯ᠎ᠤᠨ ᠦᠢ᠍ᠯᠡᠰ ᠯᠠᠪᠳᠠᠶ᠎ᠠ ᠲᠤᠯᠭ᠋ᠠᠭᠤᠷᠢ ᠠᠵᠤ ᠦᠢ᠍ᠯᠡᠰ ᠪᠣᠯᠣᠨ ᠪᠣᠢ᠌ᠵᠢᠵᠤ᠂ ᠠᠷᠠᠳ ᠤᠯᠠᠨ᠎ᠤ ᠰᠢᠯᠦᠭ ᠪᠠ ᠠᠯᠤᠰ ᠢᠷᠡᠭᠡᠳᠦᠢ᠂ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭ᠋ᠠᠬᠤ᠎ᠳᠤ ᠨᠡᠩ ᠰᠠᠢ᠌ᠲᠤᠷ ᠦᠢ᠍ᠯᠡᠴᠢᠯᠡᠵᠦ᠂ ᠮᠠᠨ᠎ᠤ ᠤᠯᠤᠰ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠪᠣᠯᠣᠨ᠎ᠠ》 ᠭᠡᠵᠦ ᠢᠯᠡᠳᠬᠡᠪᠡ᠃






ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
 
            