ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠰᠢᠶᠠᠩᠭ᠋ᠠᠩ᠎ᠤᠨ ᠵᠠᠯᠠᠭᠤᠴᠤᠳ ᠪᠠᠭ᠋ᠠᠴᠤᠳ ᠠᠩᠬ᠎ᠠ ᠥᠪᠥᠷ ᠮᠣᠩᠭᠣᠯ᠎ᠤᠨ ᠲᠤᠢ᠌ᠯ᠎ᠤᠨ ᠬᠦᠢ᠍ᠲᠡᠨ ᠴᠠᠰᠤᠲᠤ ᠲᠠᠯ᠎ᠠ᠎ᠳᠤ ᠬᠦᠷᠴᠦ 《ᠵᠠᠭᠤᠨ ᠲᠦᠮᠡᠨ ᠵᠠᠯᠠᠭᠤᠴᠤᠳ ᠪᠠᠭ᠋ᠠᠴᠤᠳ ᠡᠬᠡ ᠤᠯᠤᠰ ᠵᠶ᠋ᠠᠨ ᠬᠠᠷᠠᠬᠤ》 ᠮᠥᠰᠥ ᠴᠠᠰᠤᠨ᠎ᠤ ᠠᠶᠠᠯᠠᠯ ᠵᠶ᠋ᠠᠨ ᠡᠬᠢᠯᠡᠭᠦᠯᠪᠡ
ᠨᠡᠶᠢᠲᠡᠯᠡᠭᠰᠡᠨ ᠴᠠᠭ᠄ 2025-12-27

ᠥᠪᠥᠷ ᠮᠣᠩᠭᠣᠯ 12 ᠳ᠋ᠤᠭ᠋ᠠᠷ ᠰᠠᠷ᠎ᠠ ᠵᠢᠨ 19 ᠎ᠤ ᠡᠳᠦᠷ᠂ 《ᠵᠠᠭᠤᠨ ᠲᠦᠮᠡᠨ ᠵᠠᠯᠠᠭᠤᠴᠤᠳ ᠪᠠᠭ᠋ᠠᠴᠤᠳ ᠡᠬᠡ ᠤᠯᠤᠰ ᠵᠶ᠋ᠠᠨ ᠬᠠᠷᠠᠨ᠎ᠠ · ᠪᠢᠴᠢᠬᠠᠨ ᠲᠤᠢ᠌ᠪᠠᠩ ᠪᠤᠷᠴᠠᠭ ᠴᠠᠰᠤᠲᠤ ᠲᠠᠯ᠎ᠠ᠎ᠳᠤ ᠵᠢᠭᠣᠯᠴᠢᠯᠠᠨ᠎ᠠ》 ᠥᠪᠥᠷ ᠮᠣᠩᠭᠣᠯ᠎ᠤᠨ ᠮᠥᠰᠥ ᠴᠠᠰᠤᠨ᠎ᠤ ᠲᠤᠢ᠌ᠯ᠎ᠤᠨ ᠣᠷᠣᠨ᠎ᠳᠤ᠎ᠬᠢ ᠠᠶᠠᠯᠠᠯ ᠵᠢᠩᠬᠢᠨᠢ᠎ᠪᠠᠷ ᠡᠬᠢᠯᠡᠪᠡ᠃ ᠰᠢᠶᠠᠩᠭ᠋ᠠᠩ᠎ᠤᠨ 6 ᠳᠤᠮᠳᠠᠳᠤ ᠪᠠᠭ᠎ᠠ ᠰᠤᠷᠭ᠋ᠠᠭᠤᠯᠢ ᠵᠢᠨ 103 ᠬᠥᠮᠥᠨ ᠠᠩᠬ᠎ᠠ ᠤᠳᠠᠭ᠎ᠠ ᠲᠡᠭ᠎ᠠᠴᠠ ᠳᠣᠷᠣᠭᠰᠢ 40 ᠭ᠋ᠷᠡᠳᠦ᠋ᠰ᠎ᠤᠨ ᠮᠥᠰᠥ ᠴᠠᠰᠤᠨ᠎ᠤ ᠨᠢᠭᠤᠴᠠ ᠶᠢᠷᠲᠢᠨᠴᠦ᠎ᠳᠤ ᠬᠦᠯ ᠭᠢᠰᠭᠢᠵᠡᠢ᠃ 

ᠲᠤᠰ ᠤᠳᠠᠭ᠎ᠠ ᠵᠢᠨ ᠠᠶᠠᠯᠠᠯ᠎ᠳᠤ᠂ ᠠᠢ ᠰᠢᠩ ᠠᠭ᠋ᠠᠷ᠎ᠤᠨ ᠠᠶᠠᠯᠠᠯ᠎ᠤᠨ ᠺᠣᠮᠫᠠᠨᠢ ᠰᠢᠶᠠᠩᠭ᠋ᠠᠩ᠎ᠠᠴᠠ ᠬᠠᠢ᠌ᠯᠠᠷ᠎ᠲᠤ ᠰᠢᠭᠤᠳ ᠬᠦᠷᠬᠦ ᠠᠭ᠋ᠠᠷ᠎ᠤᠨ ᠠᠶᠠᠯᠠᠯ᠎ᠤᠨ ᠱᠤᠭᠤᠮ᠎ᠢ ᠨᠠᠪᠲᠠᠷᠡᠭᠦᠯᠵᠦ᠂ ᠰᠢᠶᠠᠩᠭ᠋ᠠᠩ ᠪᠣᠯᠣᠨ ᠥᠪᠥᠷ ᠮᠣᠩᠭᠣᠯ᠎ᠤᠨ ᠰᠣᠶᠣᠯ᠎ᠤᠨ ᠰᠣᠯᠢᠯᠴᠠᠭ᠎ᠠ᠎ᠳᠤ ᠠᠭ᠋ᠠᠷ᠎ᠤᠨ ᠬᠥᠭᠥᠷᠭᠡ ᠲᠠᠯᠪᠢᠵᠠᠢ᠃ ᠰᠢᠶᠠᠩᠭ᠋ᠠᠩ᠎ᠤᠨ ᠪᠠᠭᠰᠢ ᠰᠤᠷᠤᠭᠴᠢᠳ᠎ᠤᠨ ᠲᠥᠯᠥᠭᠡᠯᠡᠭᠴᠢᠳ᠎ᠤᠨ ᠪᠦᠯᠬᠦᠮ ᠬᠠᠢ᠌ᠯᠠᠷ᠎ᠲᠤ 6 ᠡᠳᠦᠷ᠎ᠤᠨ ᠬᠤᠭᠤᠴᠠᠭ᠎ᠠ᠎ᠲᠠᠢ ᠮᠥᠰᠥ ᠴᠠᠰᠤᠨ᠎ᠤ ᠬᠠᠢ᠌ᠯᠲᠠ ᠵᠢᠨ ᠠᠶᠠᠯᠠᠯ ᠵᠶ᠋ᠠᠨ ᠡᠬᠢᠯᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠰᠦᠷᠯᠢᠭ ᠰᠠᠢ᠌ᠬᠠᠨ ᠮᠥᠰᠥ ᠴᠠᠰᠤᠨ᠎ᠤ ᠥᠩᠭᠡ ᠦᠵᠡᠮᠵᠢ ᠪᠣᠯᠣᠨ ᠣᠯᠠᠨ ᠦᠨᠳᠦᠰᠦᠲᠡᠨ᠎ᠤ ᠵᠠᠩ ᠦᠢᠯᠡ ᠵᠢ ᠪᠡᠶ᠎ᠡ᠎ᠪᠠᠷ ᠵᠶ᠋ᠡᠨ ᠣᠢ᠌ᠯᠠᠭ᠋ᠠᠬᠤ ᠪᠣᠯᠣᠨ᠎ᠠ᠃ ᠲᠣᠰ ᠤᠳᠠᠭ᠋ᠠᠨ᠎ᠤ ᠠᠵᠢᠯᠯᠠᠭ᠎ᠠ ᠵᠢ ᠬᠥᠯᠥᠨ ᠪᠣᠶ᠋ᠢᠷ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠠᠢ ᠰᠢᠩ ᠠᠭ᠋ᠠᠷ᠎ᠤᠨ ᠠᠶᠠᠯᠠᠯ᠂ ᠰᠢᠶᠠᠩᠭ᠋ᠠᠩ᠎ᠤᠨ ᠠᠢ ᠰᠢᠤᠸᠠᠢ ᠶᠢᠦ ᠰᠤᠷᠤᠯᠴᠠᠯᠭ᠋ᠠᠲᠤ ᠵᠢᠭᠤᠯᠴᠢᠯᠠᠯ ᠬᠠᠮᠲᠤᠷᠠᠨ ᠡᠷᠭᠢᠯᠡᠵᠡᠶ᠃ 

ᠲᠣᠰ ᠠᠵᠢᠯᠯᠠᠭ᠎ᠠ᠎ᠨᠢ 12 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ ᠦᠷᠭᠦᠯᠵᠢᠯᠡᠨ᠎ᠡ᠃ ᠰᠢᠶᠠᠩᠭ᠋ᠠᠩ᠎ᠤᠨ ᠵᠠᠯᠠᠭᠤᠴᠤᠳ ᠪᠠᠭ᠋ᠠᠴᠤᠳ ᠬᠥᠯᠥᠨ ᠪᠣᠶ᠋ᠢᠷ᠎ᠤᠨ ᠮᠥᠰᠥᠨ ᠲᠡᠯᠡᠶ ᠴᠠᠰᠤᠲᠤ ᠲᠠᠯ᠎ᠠ᠎ᠳᠤ ᠭᠦᠨᠵᠡᠭᠡᠢ᠌ᠷᠡᠨ᠂ ᠡᠬᠡ ᠤᠯᠤᠰ᠎ᠤᠨ ᠤᠮᠠᠷᠠᠲᠤ ᠵᠢᠨ ᠥᠷᠭᠡᠨ ᠠᠭᠤᠳᠠᠮ ᠠᠭᠤᠯᠠ ᠤᠰᠤᠨ᠎ᠳᠤ ᠣᠷᠤᠵᠤ᠂ ᠮᠣᠩᠭᠣᠯ ᠦᠨᠳᠦᠰᠦᠲᠡᠨ᠎ᠤ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠰᠢᠳᠢ ᠵᠢ ᠣᠢ᠌ᠯᠠᠭ᠋ᠠᠬᠤ ᠪᠣᠯᠣᠨ᠎ᠠ᠃ ᠲᠡᠳᠡ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠨᠠᠭ᠋ᠠᠳᠤᠮ᠎ᠤᠨ ᠦᠪᠡᠳᠡᠭᠰᠢ ᠴᠤᠭᠯᠠᠭ᠋ᠠᠨ᠎ᠳᠤ ᠨᠡᠩ ᠢᠯᠡᠭᠦᠦ ᠣᠷᠣᠯᠴᠠᠵᠤ᠂ ᠡᠨᠡ ᠬᠦ᠌ ᠤᠯᠠᠮᠵᠢᠯᠠᠯᠲᠤ ᠠᠵᠢᠯᠯᠠᠭ᠎ᠠ ᠵᠢᠨ ᠬᠠᠯᠠᠭᠤᠨ ᠰᠡᠳᠬᠢᠯᠭᠡ ᠪᠣᠯᠣᠨ ᠣᠮᠣᠭ ᠪᠠᠬᠠᠲᠤᠯ᠎ᠢ ᠪᠡᠶ᠎ᠡ᠎ᠪᠠᠷ ᠵᠶ᠋ᠡᠨ ᠮᠡᠳᠡᠷᠡᠬᠦ ᠪᠣᠯᠣᠨ᠎ᠠ᠃

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            