ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
ᠦᠪᠦᠷ ᠮᠣᠩᠭᠤᠯ᠎ᠤᠨ ᠰᠤᠶᠤᠯ ᠵᠢᠭᠤᠯᠴᠢᠯᠠᠯ 2025 ᠤᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ᠎ᠳᠤ ᠤᠷᠤᠯᠴᠠᠪᠠ
ᠨᠡᠶᠢᠲᠡᠯᠡᠭᠰᠡᠨ ᠴᠠᠭ᠄ 2026-01-04

2025 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠦᠳᠡ ᠵᠢᠨ ᠡᠮᠦᠨ᠎ᠡ᠂ ᠳᠤᠮᠳᠠᠳᠤ ᠤᠯᠤᠰ᠎ᠤᠨ ᠤᠯᠠᠨ ᠤᠯᠤᠰ᠎ᠤᠨ ᠵᠢᠭᠤᠯᠴᠢᠯᠠᠯ᠎ᠤᠨ ᠠᠷᠠᠯᠵᠢᠶᠠᠨ᠎ᠤ ᠴᠤᠭᠯᠠᠭ᠋ᠠᠨ ᠬᠠᠶ᠋ᠢᠺᠸᠤ ᠵᠢᠨ ᠬᠠᠶ᠋ᠢᠨᠠᠨ᠎ᠤ ᠤᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠲᠤ ᠦᠪᠡᠳᠡᠭᠰᠢ ᠶᠡᠭᠡ᠎ᠪᠠᠷ ᠡᠬᠢᠯᠡᠪᠡ᠃ ᠡᠨᠡ ᠪᠣᠯ ᠲᠤᠰ ᠤᠯᠤᠰ᠎ᠤᠨ ᠳᠡᠰ᠂ ᠣᠯᠠᠨ ᠤᠯᠤᠰ᠎ᠤᠨ ᠴᠢᠨᠠᠷᠲᠠᠢ ᠵᠢᠭᠤᠯᠴᠢᠯᠠᠯ᠎ᠤᠨ ᠦᠵᠡᠰᠭᠦᠯᠡᠩ ᠠᠩᠬ᠎ᠠ ᠤᠳᠠᠭ᠎ᠠ ᠬᠠᠶ᠋ᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠳᠤ ᠶᠠᠪᠤᠭᠳᠠᠵᠤ᠂ ᠶᠠᠭ ᠰᠠᠶ᠋ᠢᠬᠠᠨ ᠪᠦᠬᠦ ᠠᠷᠠᠯ᠎ᠤᠨ ᠪᠣᠭᠤᠮᠲᠠ ᠬᠠᠭ᠋ᠠᠬᠤ ᠠᠵᠢᠯᠯᠠᠭ᠋ᠠᠨ᠎ᠤ ᠵᠠᠩᠭᠢᠯᠠᠭ᠎ᠠ ᠵᠢᠨ ᠱᠠᠲᠤᠨ᠎ᠳᠤ ᠬᠦᠷᠴᠦ᠂ ᠬᠠᠶ᠋ᠢᠨᠠᠨ᠎ᠤ ᠳᠡᠯᠡᠬᠡᠢ ᠳ᠋ᠠᠬᠢᠨ᠎ᠳᠤ 《ᠳᠤᠮᠳᠠᠳᠤ ᠤᠯᠤᠰ᠎ᠤᠨ ᠴᠢᠯᠥᠭᠡᠲᠦ ᠠᠷᠠᠯᠵᠢᠶᠠᠨ᠎ᠤ ᠭᠠᠷᠠᠮ · ᠳᠡᠯᠡᠬᠡᠢ ᠵᠢᠨ ᠰᠡᠯᠡᠭᠦᠴᠡᠯ᠎ᠤᠨ ᠠᠷᠠᠯ》᠎ᠤᠨ ᠲᠦᠷᠢ ᠲᠥᠷᠬᠦ ᠵᠢ ᠳᠡᠯᠭᠡᠨ ᠦᠵᠡᠭᠦᠯᠬᠦ ᠴᠢᠬᠤᠯᠠ ᠴᠣᠩᠬᠤ ᠪᠣᠯᠬᠤ᠎ᠪᠠᠷ ᠪᠠᠷᠠᠬᠤ ᠦᠭᠡᠢ ᠪᠠᠰᠠ ᠪᠦᠬᠦ ᠪᠥᠮᠪᠥᠷᠴᠡᠭ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠵᠤᠯᠭ᠋ᠠᠯᠴᠠᠭ᠎ᠠ ᠪᠣᠯᠤᠨ ᠬᠠᠮᠲᠤᠷᠠᠯᠴᠠᠭ᠎ᠠ᠎ᠳᠤ ᠳᠡᠭᠡᠳᠦ ᠲᠡᠰ᠎ᠤᠨ ᠲᠠᠪᠴᠠᠩ ᠪᠠᠶ᠋ᠢᠭᠤᠯᠵᠤ ᠥᠭᠴᠡᠢ᠃

ᠲᠤᠰ ᠤᠲᠠᠭ᠋ᠠᠨ᠎ᠤ ᠪᠦᠬᠦ ᠪᠥᠮᠪᠥᠷᠴᠡᠭ᠎ᠤᠨ ᠰᠣᠶᠣᠯ ᠵᠢᠭᠤᠯᠴᠢᠯᠠᠯ᠎ᠤᠨ ᠦᠪᠡᠲᠡᠭᠰᠢ ᠳᠠᠢ᠌ᠯᠠᠯᠭ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠭᠦᠯᠭᠡ ᠵᠢᠨ ᠲᠣᠭᠣᠷᠢᠭ᠎ᠨᠢ 《ᠳᠠᠭᠤᠤ ᠬᠥᠭᠵᠢᠮ᠎ᠲᠠᠢ ᠬᠠᠮᠲᠤᠷᠠᠨ ᠪᠠᠶᠠᠷ ᠬᠥᠷ᠎ᠲᠠᠢ ᠵᠢᠭᠤᠯᠴᠢᠯᠠᠬᠤ》᠎ᠪᠠᠷ ᠭᠣᠣᠯ ᠰᠡᠳᠦᠪ ᠪᠤᠯᠭ᠋ᠠᠨ᠂ 《ᠲᠤᠭᠳᠠᠮᠠᠯ ᠮᠠᠶᠢᠭ᠎ᠤᠨ ᠲᠡᠯᠭᠡᠨ ᠦᠵᠡᠭᠦᠯᠭᠡ + ᠬᠦᠲᠡᠯᠭᠡᠭᠡᠨᠲᠦ ᠮᠠᠶᠢᠭ᠎ᠤᠨ ᠲᠤᠭᠯᠠᠯᠲᠠ + ᠪᠡᠶᠡᠴᠢᠯᠡᠨ ᠤᠢ᠌ᠯᠠᠭ᠋ᠠᠨ ᠦᠢ᠍ᠯᠡᠳᠦᠯᠴᠡᠬᠦ》 ᠣᠯᠠᠨ ᠡᠰᠢᠲᠦ ᠬᠡᠯᠪᠡᠷᠢ᠎ᠪᠠᠷ ᠳᠠᠮᠵᠢᠭᠤᠯᠤᠨ᠂ ᠥᠪᠡᠷᠮᠢᠴᠡ ᠣᠨᠴᠠᠯᠢᠭ᠎ᠲᠠᠢ ᠪᠠᠢ᠌ᠭ᠋ᠠᠯᠢ ᠵᠢᠨ ᠦᠵᠡᠮᠵᠢ᠂ ᠭᠦᠨ ᠵᠤᠵᠠᠭ᠋ᠠᠨ ᠰᠣᠶᠣᠯ ᠵᠢᠴᠢ ᠥᠷᠨᠢᠨ ᠬᠥᠭᠵᠢᠭᠰᠡᠨ ᠡᠪᠦᠯ᠎ᠤᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠠᠯ᠎ᠢ ᠪᠦᠬᠦ ᠲᠠᠯ᠎ᠠ᠎ᠪᠠᠷ ᠢᠯᠡᠷᠡᠭᠦᠯᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 20 ᠭᠠᠷᠤᠶ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠤᠨ ᠦᠵᠡᠰᠬᠦᠯᠡᠩ᠎ᠳᠤ ᠣᠷᠣᠯᠴᠠᠭᠤᠯᠵᠤ᠂ ᠲᠤᠬᠠᠶ ᠵᠢᠨ ᠲᠠᠯᠠᠪᠠᠶ᠎ᠳᠤ ᠳᠡᠯᠭᠡᠨ ᠦᠵᠡᠭᠦᠯᠦᠭᠰᠡᠨ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠨᠢ ᠶᠡᠭᠡ ᠬᠡᠮᠵᠢᠶᠡᠨ᠎ᠤ ᠵᠢᠭᠤᠯᠴᠢᠯᠠᠭᠴᠢᠳ᠎ᠤᠨ ᠠᠩᠬᠠᠷᠤᠯ᠎ᠢ ᠲᠠᠳᠠᠵᠤ᠂ ᠮᠣᠷᠢᠨ ᠬᠤᠭᠤᠷ᠎ᠤᠨ ᠢᠷᠠᠭᠤ ᠰᠠᠶ᠋ᠢᠬᠠᠨ ᠬᠦᠭᠵᠢᠮ᠎ᠤᠨ ᠠᠶᠠᠰ᠂ ᠬᠦᠷ ᠬᠦᠭᠵᠢᠶᠡᠨᠲᠦ ᠮᠣᠩᠭᠤᠯ ᠦᠨᠳᠦᠰᠦᠲᠡᠨ᠎ᠤ ᠪᠥᠵᠢᠭ᠎ᠤᠨ ᠲᠣᠭᠯᠠᠯᠲᠠ᠂ ᠲᠠᠯ᠎ᠠ ᠨᠤᠲᠤᠭ᠎ᠤᠨ ᠦᠨᠦᠷ ᠠᠮᠲᠠ᠎ᠲᠠᠢ ᠠᠮᠲᠠᠲᠤ ᠢᠳᠡᠭᠡᠨ᠎ᠨᠢ ᠲᠣᠭᠤᠷᠢᠨ ᠦᠵᠡᠭᠴᠢᠳ᠎ᠲᠤ ᠬᠠᠷᠠᠭ᠎ᠠ ᠪᠠ ᠠᠮᠲᠠ ᠵᠢᠨ ᠲᠠᠭ᠋ᠠᠯᠠᠮᠵᠢ ᠵᠢ ᠬᠠᠩᠭ᠋ᠠᠨ᠂ ᠥᠪᠥᠷ ᠮᠣᠩᠭᠤᠯ᠎ᠤᠨ ᠰᠣᠶᠣᠯ ᠵᠢᠭᠤᠯᠴᠢᠯᠠᠯ᠎ᠤᠨ ᠠᠮᠢᠵᠢᠷᠠᠯ᠎ᠤᠨ ᠬᠦᠴᠦᠨ᠎ᠢ ᠠᠮᠢᠳᠤᠯᠢᠭ ᠵᠶᠠᠷ ᠲᠠᠮᠵᠢᠭᠤᠯᠤᠭᠰᠠᠨ ᠪᠠᠢ᠌ᠨ᠎ᠠ᠃

ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ
          
ᠬᠠᠮᠢᠶ᠎ᠡ ᠪᠦᠬᠦᠢ ᠰᠣᠨᠢᠨ
 
            