ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠠᠭ ᠵᠠᠩᠬᠢ   -   ᠰᠣᠶᠣᠯ ᠵᠢᠭᠤᠯᠴᠢᠯᠠᠯ᠎ᠤᠨ ᠰᠤᠷᠠᠭ ᠵᠠᠩᠬᠢ
《ᠫᠧᠷᠰ᠎ᠤᠨ ᠰᠣᠶᠣᠯ ᠤᠷᠠᠯᠢᠭ᠎ᠤᠨ ᠦᠨᠡᠲᠦ ᠡᠷᠳᠡᠨᠢ ᠵᠢᠨ ᠦᠵᠡᠰᠬᠦᠯᠡᠩ》 ᠥᠪᠥᠷ ᠮᠣᠩᠭᠣᠯ᠎ᠤᠨ ᠮᠦᠽᠧᠢ᠎ᠳᠤ ᠡᠬᠢᠯᠡᠪᠡ
ᠨᠡᠶᠢᠲᠡᠯᠡᠭᠰᠡᠨ ᠴᠠᠭ᠄ 2026-01-13

12 ᠳ᠋ᠤᠭ᠋ᠠᠷ ᠰᠠᠷ᠎ᠠ ᠵᠢᠨ 20 ᠎ᠤ ᠡᠳᠦᠷ᠂ 《ᠤᠷᠤᠰᠬᠠᠯ ᠤᠳᠤᠨ ᠭᠣᠣᠯ — ᠫᠧᠷᠰ᠎ᠤᠨ ᠰᠣᠶᠣᠯ ᠤᠷᠠᠯᠢᠭ᠎ᠤᠨ ᠦᠨᠡᠲᠦ ᠡᠷᠳᠡᠨᠢ ᠵᠢᠨ ᠦᠵᠡᠰᠬᠦᠯᠡᠩ》 ᠥᠪᠥᠷ ᠮᠣᠩᠭᠣᠯ᠎ᠤᠨ ᠮᠦᠽᠧᠢ᠎ᠳᠤ ᠡᠬᠢᠯᠡᠪᠡ᠃

ᠲᠤᠰ ᠤᠳᠠᠭ᠋ᠠᠨ᠎ᠤ ᠦᠵᠡᠰᠬᠦᠯᠡᠩ᠎ᠢ ᠢᠷᠡᠨ᠎ᠤ ᠰᠣᠶᠣᠯ᠎ᠤᠨ ᠥᠪ᠂ ᠵᠢᠭᠤᠯᠴᠢᠯᠠᠯ ᠪᠣᠯᠣᠨ ᠭᠠᠷ ᠦᠢ᠍ᠯᠡᠳᠪᠦᠷᠢ ᠵᠢᠨ ᠶᠠᠮᠤᠨ᠂ ᠳᠤᠮᠳᠠᠳᠤ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠣᠯᠢᠯᠴᠠᠭ᠋ᠠᠨ᠎ᠤ ᠲᠥᠪ ᠪᠣᠯᠣᠨ ᠥᠪᠥᠷ ᠮᠣᠩᠭᠣᠯ᠎ᠤᠨ ᠮᠦᠽᠧᠢ᠎ᠠᠴᠠ ᠬᠠᠮᠲᠤᠷᠠᠨ ᠡᠷᠬᠢᠯᠡᠵᠦ᠂ ᠲᠣᠷᠭ᠋ᠠᠨ᠎ᠤ ᠵᠠᠮ ᠳᠠᠭ᠋ᠠᠤ ᠵᠢᠨ ᠪᠣᠯᠪᠠᠰᠤᠨ᠎ᠤ ᠰᠤᠯᠢᠯᠴᠠᠭ᠎ᠠ ᠵᠢ ᠭᠦᠨᠵᠡᠭᠡᠢ᠌ᠷᠡᠭᠦᠯᠵᠦ᠂ ᠰᠣᠶᠣᠯ᠎ᠤᠨ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠵᠢ ᠠᠬᠢᠭᠤᠯᠬᠤ᠎ᠪᠠᠷ ᠵᠣᠷᠢᠯᠭ᠎ᠠ ᠪᠣᠯᠭ᠋ᠠᠭᠰᠠᠨ ᠶᠤᠮ᠃ ᠦᠵᠡᠰᠭᠦᠯᠡᠩ᠎ᠨᠢ ᠢᠷᠡᠨ᠎ᠤ 5 ᠨᠡᠷ᠎ᠡ ᠬᠦᠨᠲᠦᠲᠦ ᠮᠦᠽᠧᠢ᠎ᠠᠴᠠ ᠢᠷᠡᠭᠰᠡᠨ 151 ᠬᠤᠪᠢ (ᠢᠵᠢ) ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠡᠷ ᠦᠵᠡᠭᠴᠢᠳ᠎ᠲᠤ ᠮᠢᠩᠭ᠋ᠠᠨ ᠵᠢᠯ᠎ᠢ ᠳᠠᠪᠠᠭᠰᠠᠨ ᠫᠧᠷᠰ ᠰᠣᠶᠣᠯ ᠤᠷᠠᠯᠢᠭ᠎ᠤᠨ ᠵᠢᠷᠤᠭ᠎ᠢ ᠳᠡᠯᠭᠡᠨ ᠦᠵᠡᠭᠦᠯᠪᠡ᠃

ᠲᠤᠬᠠᠢ ᠵᠢᠨ ᠡᠳᠦᠷ ᠫᠧᠷᠰ᠎ᠤᠨ ᠤᠯᠠᠮᠵᠢᠯᠠᠯᠲᠤ ᠬᠤᠪᠴᠠᠰᠤ ᠵᠠᠰᠠᠯ᠎ᠤᠨ ᠲᠠᠢ᠌ᠯᠪᠤᠷᠢᠯᠠᠭᠴᠢ ᠦᠵᠡᠭᠴᠢᠳ᠎ᠢ ᠳᠠᠭ᠋ᠠᠭᠤᠯᠤᠨ ᠦᠵᠡᠰᠭᠦᠯᠡᠩ ᠎ᠤᠨ ᠲᠢᠩᠬᠢᠮ᠎ᠳᠤ ᠠᠯᠬᠤᠯᠠᠵᠤ᠂ ᠫᠧᠷᠰ᠎ᠤᠨ ᠰᠣᠶᠣᠯ ᠤᠷᠠᠯᠢᠭ᠎ᠤᠨ ᠥᠪᠡᠷᠮᠢᠴᠡ ᠷᠢᠳᠢ ᠰᠢᠳᠢ ᠵᠢ ᠪᠠᠬᠠᠷᠬᠠᠨ ᠣᠢ᠌ᠯᠠᠭ᠋ᠠᠬᠤ ᠪᠣᠯᠣᠨ᠎ᠠ᠃

ᠡᠭᠦᠨ᠎ᠠᠴᠠ ᠭᠠᠳᠠᠨ᠎ᠠ᠂ ᠵᠠᠭᠤ ᠭᠠᠷᠤᠢ ᠵᠦᠢ᠍ᠯ᠎ᠤᠨ ᠫᠧᠷᠰ᠎ᠤᠨ ᠭᠣᠣᠯ ᠰᠡᠳᠦᠪᠲᠦ ᠰᠣᠶᠣᠯ᠎ᠤᠨ ᠪᠦᠲᠦᠭᠡᠯᠴᠢ ᠪᠦᠲᠦᠭᠡᠭᠳᠡᠭᠦᠨ ᠴᠣ᠌ ᠰᠢᠨ᠎ᠡ ᠎ᠪᠠᠷ ᠲᠡᠯᠭᠡᠭᠳᠡᠨ᠂ ᠫᠧᠷᠰ᠎ᠤᠨ ᠤᠷᠠᠯᠢᠭ᠎ᠤᠨ ᠭᠤᠸ᠎ᠠ ᠰᠠᠢ᠌ᠬᠠᠨ ᠎ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠨ ᠣᠷᠣᠭᠤᠯᠵᠤ᠂ ᠦᠵᠡᠭᠴᠢᠳ᠎ᠲᠤ ᠮᠢᠩᠭ᠋ᠠᠨ ᠵᠢᠯ᠎ᠢ ᠳᠠᠪᠠᠭᠰᠠᠨ ᠷᠣᠮᠠᠨᠲ᠋ᠢᠭ ᠳᠤᠷᠠᠰᠬᠠᠯ ᠎ᠢ ᠡᠷᠭᠦᠨ ᠲᠡᠪᠰᠢᠭᠦᠯᠬᠦ ᠶᠤᠮ᠃ 《ᠤᠷᠤᠰᠬᠠᠯ ᠤᠳᠤᠨ ᠭᠣᠣᠯ — ᠫᠧᠷᠰ᠎ᠤᠨ ᠰᠣᠶᠣᠯ ᠤᠷᠠᠯᠢᠭ᠎ᠤᠨ ᠦᠨᠡᠲᠦ ᠡᠷᠳᠡᠨᠢ ᠵᠢᠨ ᠦᠵᠡᠰᠬᠦᠯᠡᠩ》᠎ᠨᠢ 2026 ᠣᠨ᠎ᠤ 3 ᠳ᠋ᠤᠭ᠋ᠠᠷ ᠰᠠᠷ᠎ᠠ ᠵᠢᠨ 31 ᠎ᠤ ᠡᠳᠦᠷ ᠪᠣᠯᠲᠠᠯ᠎ᠠ ᠦᠷᠭᠦᠯᠵᠢᠯᠡᠬᠦ ᠪᠤᠯᠤᠨ᠎ᠠ᠃ ᠨᠡᠩ ᠤᠯᠠᠨ ᠦᠵᠡᠭᠴᠢᠳ ᠦᠵᠡᠰᠭᠦᠯᠡᠩ ᠎ᠤᠨ ᠲᠢᠩᠬᠢᠮ᠎ᠳᠤ ᠬᠦᠷᠴᠦ᠂ ᠫᠧᠷᠰ᠎ᠤᠨ ᠪᠣᠯᠪᠠᠰᠤᠨ᠎ᠤ ᠭᠦᠨ ᠵᠤᠵᠠᠭ᠋ᠠᠨ ᠠᠭᠤᠯᠭ᠎ᠠ ᠪᠣᠯᠣᠨ ᠤᠯᠠᠨ ᠡᠰᠢᠲᠦ ᠠᠭᠤᠰᠤᠯᠴᠠᠯ᠎ᠤᠨ ᠤᠷᠠᠯᠢᠭ᠎ᠤᠨ ᠠᠮᠢᠵᠢᠷᠠᠯ᠎ᠤᠨ ᠬᠦᠴᠦᠨ᠎ᠢ ᠣᠢ᠌ᠯᠠᠭ᠋ᠠᠬᠤ ᠵᠢ ᠬᠦᠰᠡᠨ ᠬᠦᠯᠢᠶᠡᠵᠦ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠮᠦᠽᠧᠢ
          
ᠬᠠᠮᠢᠶ᠎ᠡ ᠪᠦᠬᠦᠢ ᠰᠣᠨᠢᠨ
 
            