ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠲᠠᠯᠠᠪᠠᠢ
7 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠸᠧᠶ ᡁᠢ ᠭᠦᠸᠸ ᠲᠣᠰ ᠤᠳᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠶᠡᠷᠦᠩᠬᠡᠶ ᠪᠠᠶ᠋ᠢᠳᠠᠯ᠎ᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠶ᠋ᠢᠭᠡᠮᠯᠢᠭ᠎ᠤᠨ ᠵᠢᠭᠤᠯᠴᠢᠯᠠᠯ᠎ᠤᠨ ᠲᠠᠸᠠᠷ ᠪᠠ ᠲᠣᠨᠣᠭᠯᠠᠯ᠎ᠤᠨ ᠬᠤᠪᠢᠶᠠᠷᠢ ᠬᠤᠷᠠᠯ᠎ᠤᠨ ᠨᠠᠷᠢᠨ ᠪᠢᠴᠢᠭ᠎ᠤᠨ ᠳᠠᠷᠤᠭ᠎ᠠ ᠴᠧᠨ ᠪᠢᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠤ ᠦᠢ᠍ᠯᠡᠰ᠎ᠤᠨ ᠭᠠᠵᠠᠷ᠎ᠤᠨ ᠳᠠᠷᠤᠭ᠎ᠠ ᠡᠤ ᠱᠤᠤ ᠵᠢᠶᠦ᠋ᠨ ᠨᠠᠷ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠨᠡᠢ᠌ᠲᠡᠯᠡᠭᠰᠡᠨ ᠦᠬᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ
ᠲᠢᠩᠬᠢᠮ᠎ᠤᠨ ᠳᠡᠳ᠋ ᠳᠠᠷᠤᠭ᠎ᠠ ᠸᠧᠶ ᡁᠢ ᠭᠦᠸᠧ
(2019᠎ᠤᠨ 7 ᠰᠠᠷ᠎ᠠ ᠵᠢᠨ 23᠎ᠤ ᠡᠳᠦᠷ)
ᠰᠤᠷᠪᠤᠯᠵᠢᠯᠠᠭᠴᠢ ᠨᠠᠶ᠋ᠢᠵᠠ ᠨᠠᠷ ᠡ᠄
ᠲᠠ ᠪᠦᠬᠦᠨ ᠰᠠᠶ᠋ᠢᠨ ᠪᠠᠶ᠋ᠢᠵᠠᠭ᠋ᠠᠨ᠎ᠠ ᠤᠤ?
《ᠵᠢᠭᠤᠯᠴᠢᠯᠠᠯ᠎ᠤᠨ ᠦᠢ᠍ᠯᠡᠰ᠎ᠤᠨ ᠥᠭᠡᠷᠡᠴᠢᠯᠡᠯᠲᠡ ᠬᠥᠭᠵᠢᠯᠲᠡ ᠵᠢ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ᠎ᠤᠳ》 (ᠲᠥᠷᠥ᠎ᠠᠴᠠ ᠲᠠᠷᠬᠠᠭ᠋ᠠᠭᠰᠠᠨ [2014] 31 ᠳ᠋ᠣᠭᠡᠷ ᠲᠣᠭ᠋ᠠᠲᠤ)᠎ᠤᠨ ᠵᠢᠭᠤᠯᠴᠢᠯᠠᠯ᠎ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠵᠢ ᠥᠷᠭᠡᠳᠬᠡᠬᠦ ᠲᠤᠬᠠᠶ ᠰᠠᠨᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠵᠢᠷᠤᠭ ᠲᠥᠯᠥᠪᠯᠡᠭᠡ᠂ ᠦᠢ᠍ᠯᠡᠳᠪᠦᠷᠢᠯᠡᠯ᠎ᠢ ᠠᠬᠢᠭᠤᠯᠵᠤ᠂ ᠵᠢᠭᠤᠯᠴᠢᠯᠠᠯ᠎ᠤᠨ ᠬᠡᠷᠡᠭᠯᠡᠭᠡᠨ᠎ᠤ ᠰᠢᠨ᠎ᠡ ᠬᠠᠯᠠᠮᠰᠢᠯ ᠴᠡᠭ᠎ᠢ ᠪᠣᠶ᠋ᠢᠵᠢᠭᠤᠯᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ 2019 ᠣᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ》᠎ᠢ ᠡᠷᠬᠢᠯᠡᠬᠦ᠎ᠪᠠᠷ ᠲᠣᠭᠲᠠᠪᠠ᠃ ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠣᠤᠯᠯᠠᠨ ᠡᠷᠬᠢᠯᠡᠵᠦ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠶ᠋ᠢᠭᠡᠮᠯᠢᠭ᠎ᠤᠨ ᠵᠢᠭᠤᠯᠴᠢᠯᠠᠯ᠎ᠤᠨ ᠲᠠᠸᠠᠷ ᠪᠠ ᠲᠣᠨᠣᠭᠯᠠᠯ᠎ᠤᠨ ᠬᠣᠪᠢᠶᠠᠷᠢ ᠬᠤᠷᠠᠯ᠂ ᠡᠯ᠎ᠡ ᠠᠢ᠌ᠮᠠᠭ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠬᠠᠮᠲᠤ᠎ᠪᠠᠷ ᠳᠠᠭ᠋ᠠᠭ᠋ᠠᠴᠢᠯᠠᠨ ᠡᠷᠬᠢᠯᠡᠪᠡ᠃
ᠣᠢ᠌ᠷ᠎ᠠ ᠵᠢᠨ ᠵᠢᠯ᠎ᠳᠤ᠂ 《ᠢᠳᠡᠬᠦ᠂ ᠰᠠᠭᠤᠬᠤ᠂ ᠶᠠᠪᠤᠬᠤ᠂ ᠵᠤᠭ᠋ᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ》 6 ᠶᠡᠬᠡ ᠡᠯᠧᠮᠧᠨ᠋ᠲ᠎ᠤᠨ ᠬᠡᠷᠡᠭᠯᠡᠭᠡ ᠵᠢᠨ 《ᠬᠤᠳᠠᠯᠳᠤᠨ ᠠᠪᠬᠤ》 ᠵᠢᠨ ᠬᠡᠷᠡᠭᠯᠡᠭᠡ ᠵᠢᠨ ᠨᠡᠮᠡᠭᠳᠡᠯ᠎ᠤᠨ ᠬᠤᠷᠳᠤᠴᠠ᠎ᠨᠢ ᠬᠠᠮᠤᠭ᠎ᠤᠨ ᠲᠦᠷᠭᠡᠨ ᠪᠥᠭᠡᠳ 《ᠬᠤᠳᠠᠯᠳᠤᠨ ᠠᠪᠬᠤ》 ᠪᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠬᠡᠯᠬᠢᠶᠡᠵᠢᠯ᠎ᠤᠨ ᠬᠠᠮᠤᠭ᠎ᠤᠨ ᠤᠷᠲᠤ ᠡᠯᠧᠮᠧᠨ᠋ᠲ ᠪᠠᠶ᠋ᠢᠵᠤ᠂ ᠭᠠᠵᠠᠷ ᠣᠷᠣᠨ᠎ᠤ ᠠᠵᠤ ᠠᠬᠤᠢ ᠵᠢᠨ ᠨᠡᠮᠡᠭᠳᠡᠯ᠎ᠢ ᠬᠠᠮᠤᠭ᠎ᠠᠴᠠ ᠢᠯᠡᠭᠦᠤ ᠳᠠᠶ᠋ᠢᠴᠢᠯᠠᠵᠤ ᠴᠢᠳᠠᠳᠠᠭ᠃ ᠣᠳᠣᠬᠠᠨ᠎ᠳᠤ᠂ ᠮᠠᠨ᠎ᠤ ᠣᠷᠣᠨ᠎ᠤ ᠵᠢᠭᠤᠯᠴᠢᠯᠠᠯ᠎ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠵᠢᠨ ᠣᠨᠴᠠᠯᠢᠭ᠎ᠠᠴᠠ ᠦᠵᠡᠪᠡᠯ᠂ ᠣᠷᠣᠨ᠎ᠤ ᠳᠣᠲᠣᠷᠠᠬᠢ ᠵᠢᠭᠤᠯᠴᠢᠯᠠᠭᠴᠢ ᠵᠢᠨ ᠣᠷᠣᠨ᠎ᠤ ᠳᠣᠲᠣᠷᠠᠬᠢ ᠬᠡᠷᠡᠭᠯᠡᠭᠡᠨ᠎ᠢ ᠣᠷᠣᠨ᠎ᠤ ᠭᠠᠳᠠᠨᠠᠬᠢ ᠬᠡᠷᠡᠭᠯᠡᠭᠡ᠎ᠳᠤ ᠬᠦᠷᠬᠦ ᠦᠭᠡᠢ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠬᠡᠷᠡᠭᠯᠡᠭᠡᠨ᠎ᠢ ᠬᠢᠯᠢ ᠵᠢᠨ ᠭᠠᠳᠠᠨᠠᠬᠢ ᠵᠢᠭᠤᠯᠴᠢᠯᠠᠯ᠎ᠤᠨ ᠬᠡᠷᠡᠭᠯᠡᠭᠡ ᠵᠢᠨ ᠬᠢᠷᠢ ᠶᠡᠬᠡ ᠪᠢᠰᠢ᠂ ᠳᠤᠮᠳᠠᠳᠤ ᠤᠯᠤᠰ ᠤᠨ ᠵᠢᠭᠤᠯᠴᠢᠯᠠᠭᠴᠢ ᠵᠢᠨ ᠬᠢᠯᠢ ᠵᠢᠨ ᠭᠠᠳᠠᠨᠠᠬᠢ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ᠎ᠢ ᠦᠨᠳᠦᠰᠦᠨ᠎ᠳᠤ᠎ᠪᠠᠨ ᠶᠡᠷᠦᠩᠬᠡᠶ ᠬᠡᠷᠡᠭᠯᠡᠭᠡ ᠵᠢᠨ 50 %᠎ᠠᠴᠠ ᠳᠡᠭᠡᠭᠰᠢᠬᠢ ᠬᠠᠷᠢᠴᠠᠯ᠎ᠢ ᠡᠵᠡᠯᠡᠵᠦ᠂ ᠶᠠᠫᠣᠨ᠂ ᠺᠣᠷᠢᠶᠠ ᠪᠣᠯᠤᠨ ᠧᠦ᠋ᠷᠣᠫᠠ ᠲᠢᠪ᠎ᠤᠨ ᠭᠣᠤᠯ ᠪᠣᠯᠬᠤ ᠤᠯᠤᠰ᠎ᠲᠤ᠎ᠬᠢ ᠬᠡᠷᠡᠭᠯᠡᠭᠡ ᠵᠢᠨ ᠬᠠᠷᠢᠴᠠᠯ᠎ᠨᠢ 70 %᠎ᠠᠴᠠ ᠳᠡᠭᠡᠭᠰᠢ ᠬᠠᠷᠢᠴᠠᠯ᠎ᠳᠤ ᠬᠦᠷᠦᠭᠰᠡᠨ ᠪᠠᠶ᠋ᠢᠨ᠎ᠠ᠃ ᠮᠠᠨ᠎ᠤ ᠣᠷᠣᠨ᠎ᠳᠤ ᠢᠷᠡᠭᠰᠡᠨ ᠵᠢᠭᠤᠯᠴᠢᠯᠠᠭᠰᠠᠳ᠎ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠵᠢᠨ ᠵᠢᠭᠤᠯᠴᠢᠯᠠᠯ᠎ᠤᠨ ᠶᠡᠷᠦᠩᠬᠡᠶ ᠬᠡᠷᠡᠭᠯᠡᠭᠡ᠎ᠳᠤ᠎ᠬᠢ ᠡᠵᠡᠯᠡᠬᠦ ᠬᠠᠷᠢᠴᠠᠯ᠎ᠢ ᠦᠨᠳᠦᠰᠦᠨ᠎ᠳᠤ᠎ᠪᠠᠨ 1᠂ 2 ᠳ᠋ᠤᠭ᠋ᠠᠷ ᠪᠠᠶ᠋ᠢᠷᠢ ᠵᠢᠨ ᠬᠣᠭᠣᠷᠣᠨᠳᠣ ᠪᠠᠢ᠌ᠨ᠎ᠠ᠃ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ᠎ᠤ ᠶᠡᠷᠦᠩᠬᠡᠶ ᠬᠡᠮᠵᠢᠶ᠎ᠡ᠎ᠠᠴᠠ ᠠᠪᠴᠤ ᠦᠵᠡᠪᠡᠯ᠂ ᠪᠦᠬᠦ ᠤᠯᠤᠰ᠎ᠤᠨ ᠡᠯ᠎ᠡ ᠮᠣᠵᠢ ᠣᠷᠣᠨ᠎ᠲᠠᠢ ᠠᠳᠠᠯᠢᠳᠬᠠᠪᠠᠯ ᠨᠡᠯᠢᠶᠡᠳ ᠶᠡᠬᠡ ᠵᠥᠷᠢᠶ᠎ᠡ᠎ᠲᠠᠢ ᠪᠠᠶ᠋ᠢᠨ᠎ᠠ᠃ ᠮᠠᠨ᠎ᠤ ᠣᠷᠣᠨ᠎ᠤ ᠵᠢᠭᠤᠯᠴᠢᠯᠠᠯ᠎ᠤᠨ ᠲᠠᠸᠠᠷ᠎ᠤᠨ ᠵᠢᠷᠤᠭᠯᠠᠨ ᠲᠥᠯᠥᠪᠯᠡᠬᠦ᠂ ᠦᠢ᠍ᠯᠡᠳᠪᠦᠷᠢᠯᠡᠬᠦ᠂ ᠪᠣᠷᠣᠯᠠᠭᠤᠯᠬᠤ ᠡᠯ᠎ᠡ ᠭᠤᠭᠴᠤᠭ᠎ᠠ᠎ᠨᠢ ᠴᠥᠮ ᠮᠠᠰᠢ ᠪᠠᠭᠤᠷᠠᠶ ᠪᠠᠢ᠌ᠨ᠎ᠠ᠂ ᠰᠣᠶᠣᠯ ᠪᠠ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠠᠷᠭ᠎ᠠ ᠮᠠᠶᠢᠭ᠎ᠢ ᠠᠰᠢᠭᠯᠠᠨ ᠰᠣᠶᠣᠯ ᠪᠠ ᠵᠢᠭᠤᠯᠴᠢᠯᠠᠯ᠎ᠤᠨ ᠲᠠᠸᠠᠷ᠎ᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠠᠬᠢᠭᠤᠯᠵᠤ᠂ ᠵᠢᠭᠤᠯᠴᠢᠯᠠᠯ᠎ᠤᠨ ᠲᠠᠸᠠᠷ᠎ᠤᠨ ᠬᠡᠷᠡᠭᠯᠡᠭᠡᠨ᠎ᠤ ᠨᠡᠮᠡᠭᠳᠡᠯ᠎ᠢ ᠳᠡᠭᠡᠭᠰᠢᠯᠡᠭᠦᠯᠬᠦ ᠪᠣᠯ ᠲᠦᠢ᠍ᠯ᠎ᠤᠨ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃ ᠮᠠᠨ᠎ᠤ ᠣᠷᠣᠨ᠎ᠤ ᠵᠢᠭᠤᠯᠴᠢᠯᠠᠯ᠎ᠤᠨ ᠲᠠᠸᠠᠷ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠪᠣᠯ ᠵᠢᠭᠤᠯᠴᠢᠯᠠᠯ᠎ᠤᠨ ᠲᠠᠸᠠᠷ᠎ᠢ ᠣᠨᠴᠠᠯᠢᠬ᠍ᠵᠢᠭᠤᠯᠬᠤ᠂ ᠴᠢᠨᠠᠷᠵᠢᠭᠤᠯᠬᠤ᠂ ᠬᠡᠯᠬᠢᠶᠡᠵᠢᠭᠦᠯᠬᠦ ᠴᠢᠭᠯᠡᠯ ᠲᠡᠢ᠌ᠰᠢ ᠬᠥᠭᠵᠢᠭᠦᠯᠬᠦ ᠵᠢ ᠦᠷᠭᠦᠯᠵᠢᠯᠡᠨ ᠠᠬᠢᠭᠤᠯᠵᠤ᠂ ᠦᠨᠡᠨ ᠬᠦ᠌ 《ᠬᠤᠳᠠᠯᠳᠤᠨ ᠠᠪᠬᠤ》᠎ᠪᠠᠷ ᠵᠢᠭᠤᠯᠴᠢᠯᠠᠯ᠎ᠤᠨ ᠬᠡᠷᠡᠭᠯᠡᠭᠡ ᠵᠢ ᠳᠠᠶ᠋ᠢᠴᠢᠯᠠᠬᠤ ᠵᠠᠩᠭᠢᠯᠠᠭ᠎ᠠ ᠵᠢᠨ ᠬᠦᠴᠦᠨ ᠵᠦᠢ᠍ᠯ ᠪᠣᠯᠭ᠋ᠠᠨ᠎ᠠ᠃
ᠲᠣᠰ ᠤᠳᠠᠭ᠋ᠠᠨ᠎ᠤ ᠤᠷᠤᠯᠳᠤᠭ᠋ᠠᠨ᠎ᠤ ᠭᠣᠤᠯ ᠰᠡᠳᠦᠪ ᠪᠣᠯ 《ᠤᠯᠠᠮᠵᠢᠯᠠᠨ ᠵᠠᠯᠭ᠋ᠠᠮᠵᠢᠯᠠᠬᠤ᠂ ᠰᠢᠨ᠎ᠡ ᠵᠢ ᠡᠭᠦᠳᠬᠦ᠂ ᠪᠣᠬᠢᠷᠲᠤᠯ ᠥᠬᠡᠶ᠂ ᠬᠠᠮᠲᠤ᠎ᠪᠠᠷ ᠡᠳ᠋ᠯᠡᠬᠦ》 ᠪᠣᠯᠤᠨ᠎ᠠ᠃ ᠤᠯᠠᠮᠵᠢᠯᠠᠨ ᠵᠠᠯᠭ᠋ᠠᠮᠵᠢᠯᠠᠬᠤ ᠪᠣᠯ ᠳᠠᠷᠤᠶ ᠮᠠᠨ᠎ᠤ ᠣᠷᠣᠨ᠎ᠤ ᠵᠢᠭᠤᠯᠴᠢᠯᠠᠯ᠎ᠤᠨ ᠵᠤᠷᠢᠯᠲᠠ ᠵᠢᠨ ᠴᠡᠭ᠎ᠤᠨ ᠰᠣᠶᠣᠯ᠎ᠤᠨ ᠣᠨᠴᠠᠯᠢᠭ᠂ ᠡᠬᠢ ᠪᠠᠶᠠᠯᠢᠭ᠎ᠤᠨ ᠣᠨᠴᠠᠯᠢᠭ ᠪᠣᠯᠤᠨ ᠣᠨᠴᠠᠯᠢᠭ ᠰᠢᠨᠵᠢ ᠵᠢ ᠭᠦᠢ᠍ᠴᠡᠳ ᠬᠠᠷᠠᠭᠤᠯᠬᠤ ᠶᠠᠪᠤᠳᠠᠯ ᠪᠣᠯᠤᠨ᠎ᠠ᠃ ᠰᠢᠨ᠎ᠡ ᠵᠢ ᠡᠭᠦᠳᠬᠦ᠂ ᠪᠦᠲᠦᠭᠡᠯᠴᠢ ᠰᠡᠳᠬᠢᠮᠵᠢ ᠰᠢᠨ᠎ᠡ ᠰᠡᠪᠡᠭᠦᠨ ᠭᠡᠳᠡᠭ᠎ᠨᠢ ᠵᠢᠷᠤᠭ ᠲᠥᠯᠥᠪᠯᠡᠭᠡ᠂ ᠪᠦᠲᠦᠭᠡᠯ᠎ᠨᠢ ᠥᠪᠡᠷᠮᠢᠴᠡ᠂ ᠭᠠᠷ ᠤᠷᠠᠯᠠᠯ᠎ᠨᠢ ᠰᠢᠨ᠎ᠡ ᠵᠢ ᠡᠭᠦᠳᠬᠦ ᠵᠢ ᠬᠡᠯᠡᠨ᠎ᠡ᠃ ᠪᠣᠬᠢᠷᠲᠤᠯ ᠥᠬᠡᠶ ᠭᠡᠳᠡᠭ᠎ᠨᠢ ᠮᠠᠨ᠎ᠤ ᠣᠷᠣᠨ᠎ᠤ ᠭᠠᠵᠠᠷ ᠣᠷᠤᠨ᠎ᠤ ᠴᠢᠨᠠᠷᠲᠠᠶ ᠪᠣᠬᠢᠷᠲᠤᠯ ᠥᠬᠡᠶ ᠡᠬᠢ ᠪᠠᠶᠠᠯᠢᠭ᠎ᠢ ᠳᠣᠪᠣᠶ᠋ᠢᠯᠭ᠋ᠠᠨ᠎ᠠ᠃ ᠬᠠᠮᠲᠤ᠎ᠪᠠᠷ ᠡᠳ᠋ᠯᠡᠬᠦ ᠭᠡᠳᠡᠭ᠎ᠨᠢ 《ᠬᠥᠮᠦᠨ ᠵᠶ᠋ᠠᠷ ᠦᠨᠳᠦᠰᠦ ᠪᠣᠯᠭ᠋ᠠᠬᠤ᠂ ᠵᠢᠭᠤᠯᠴᠢᠯᠠᠭᠰᠠᠳ ᠵᠶ᠋ᠠᠷ ᠭᠣᠤᠯ ᠪᠣᠯᠭ᠋ᠠᠬᠤ》 ᠦᠵᠡᠯ ᠰᠠᠨᠠᠭ᠎ᠠ ᠵᠢ ᠪᠠᠷᠢᠮᠲᠠᠯᠠᠵᠤ᠂ ᠴᠢᠨᠠᠷ ᠰᠠᠶ᠋ᠢᠲᠠᠶ ᠵᠢᠭᠤᠯᠴᠢᠯᠠᠯ᠊ᠯᠤᠨ ᠲᠠᠸᠠᠷ᠎ᠤᠨ ᠨᠡᠭᠡᠭᠡᠯᠲᠡ ᠵᠢ ᠳᠣᠪᠣᠶ᠋ᠢᠯᠭ᠋ᠠᠨ᠎ᠠ᠃
ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠳᠤ ᠡᠯᠰᠡᠬᠦ᠎ᠪᠠᠷ ᠲᠦᠯᠦᠪᠯᠡᠵᠦ ᠪᠠᠢ᠌ᠭ᠎ᠠ ᠪᠦᠲᠦᠭᠡᠯ᠎ᠳᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠪᠣᠳᠠᠲᠤ ᠶᠠᠭᠤᠮ᠎ᠠ ᠵᠢᠨ ᠪᠦᠲᠦᠭᠡᠯ ᠪᠠ ᠵᠢᠷᠤᠭ ᠲᠥᠯᠥᠪᠯᠡᠭᠡ ᠵᠢᠨ ᠪᠦᠲᠦᠭᠡᠯ ᠪᠠᠭᠲᠠᠨ᠎ᠠ᠃ ᠪᠣᠳᠠᠲᠤ ᠶᠠᠭᠤᠮ᠎ᠠ ᠵᠢᠨ ᠪᠦᠲᠦᠭᠡᠯ᠎ᠢ ᠪᠥᠬᠥ ᠣᠷᠣᠨ᠎ᠤ ᠬᠡᠪᠴᠢᠶᠡᠨ᠎ᠠᠴᠠ ᠡᠯᠰᠡᠵᠦ᠂ ᠵᠢᠷᠤᠭ ᠲᠥᠯᠥᠪᠯᠡᠭᠡ ᠵᠢᠨ ᠪᠦᠲᠦᠭᠡᠯ᠎ᠢ ᠪᠥᠬᠥ ᠤᠯᠤᠰ᠎ᠤᠨ ᠬᠡᠪᠴᠢᠶᠡᠨ᠎ᠳᠤ ᠡᠯᠰᠡᠨ᠎ᠡ᠃ ᠡᠭᠦᠨ᠎ᠳᠤ᠂ ᠪᠣᠳᠠᠲᠤ ᠶᠠᠭᠤᠮ᠎ᠠ ᠵᠢᠨ ᠲᠥᠷᠥᠯ ᠵᠦᠢ᠍ᠯ᠎ᠢ ᠮᠡᠳᠡᠭᠦᠯᠦᠨ ᠬᠦᠷᠭᠡᠬᠦ ᠬᠡᠪᠴᠢᠶ᠎ᠡ᠎ᠨᠢ 15 ᠪᠠᠶ᠋ᠢᠵᠤ᠂ ᠲᠣᠰ ᠲᠣᠰ ᠵᠢᠭᠤᠯᠴᠢᠯᠠᠯ᠎ᠤᠨ ᠣᠨᠴᠠᠯᠢᠭᠲᠤ ᠢᠳᠡᠭᠡᠨ᠎ᠤ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠴᠠᠢ ᠵᠢᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠤᠮᠳᠠᠭ᠋ᠠᠨ᠎ᠤ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠠᠷᠢᠬᠢᠨ᠎ᠤ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠵᠠᠰᠠᠯ ᠴᠢᠮᠡᠭ᠎ᠤᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠨᠡᠬᠡᠮᠡᠯ᠎ᠤᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠡᠳᠦᠷ ᠲᠤᠲᠤᠮ᠎ᠤᠨ ᠬᠡᠷᠡᠭᠯᠡᠭᠡᠨ᠎ᠤ ᠱᠠᠭ᠋ᠠᠵᠠᠩ᠎ᠤᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠡᠳᠦᠷ ᠲᠤᠳᠤᠮ᠎ᠤᠨ ᠬᠡᠷᠡᠭᠯᠡᠭᠡᠨ᠎ᠤ ᠮᠣᠳᠤᠨ ᠬᠡᠷᠡᠭᠰᠡᠯ᠎ᠤᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠡᠳᠦᠷ ᠲᠤᠳᠤᠮ᠎ᠤᠨ ᠬᠡᠷᠡᠭᠯᠡᠭᠡᠨ᠎ᠤ ᠲᠡᠮᠦᠷᠯᠢᠭ᠎ᠤᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠡᠳᠦᠷ ᠲᠤᠳᠤᠮ᠎ᠤᠨ ᠬᠡᠷᠡᠭᠯᠡᠭᠡᠨ᠎ᠤ ᠴᠢᠯᠠᠭᠤᠯᠢᠭ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠡᠳᠦᠷ ᠲᠤᠳᠤᠮ᠎ᠤᠨ ᠬᠡᠷᠡᠭᠯᠡᠭᠡᠨ᠎ᠤ ᠡᠯᠧᠺᠲᠷᠣᠨ ᠴᠠᠬᠢᠯᠭ᠋ᠠᠨ ᠬᠡᠷᠡᠭᠰᠡᠯ᠎ᠤᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠬᠤᠪᠢ ᠬᠥᠮᠦᠨ᠎ᠤ ᠲᠣᠨᠣᠭ ᠲᠥᠬᠥᠭᠡᠷᠦᠮᠵᠢ ᠵᠢᠨ ᠲᠥᠷᠥᠯ᠂ ᠵᠢᠭᠤᠯᠴᠢᠯᠠᠯ᠎ᠤᠨ ᠣᠨᠴᠠᠯᠢᠭᠲᠤ ᠠᠷᠠᠰᠤᠨ ᠡᠳ᠋ᠯᠡᠯ᠎ᠤᠨ ᠲᠥᠷᠥᠯ᠂ ᠦᠨᠳᠦᠰᠦᠲᠡᠨ᠎ᠤ ᠣᠨᠴᠠᠯᠢᠭᠲᠤ ᠭᠠᠷ ᠤᠷᠠᠯᠠᠯ᠎ᠤᠨ ᠲᠥᠷᠥᠯ ᠪᠠ ᠵᠢᠭᠤᠯᠴᠢᠯᠠᠯ᠎ᠤᠨ ᠳᠤᠷᠠᠰᠬᠠᠯ᠎ᠤᠨ ᠪᠤᠳᠠᠰ᠎ᠤᠨ ᠲᠥᠷᠥᠯ ᠪᠣᠯᠤᠨ᠎ᠠ᠃ ᠵᠢᠷᠤᠭ ᠲᠥᠯᠥᠪᠯᠡᠭᠡ ᠵᠢᠨ ᠤᠷᠤᠯᠳᠤᠭ᠋ᠠᠨ ᠳᠤ ᠣᠷᠤᠯᠴᠠᠬᠤ ᠪᠦᠲᠦᠭᠡᠯ᠎ᠨᠢ 3 ᠰᠡᠳᠦᠪ᠎ᠲᠠᠢ᠂ ᠨᠢᠭᠡ᠎ᠳᠤ ᠦᠬᠡᠷ᠂ ᠬᠤᠨᠢ ᠢᠮᠠᠭ᠋ᠠᠨᠤᠤ ᠴᠠᠭ᠋ᠠᠨ ᠢᠳᠡᠭᠡᠨ ᠵᠶ᠋ᠠᠷ ᠣᠨᠴᠠᠯᠢᠭ ᠪᠣᠯᠭ᠋ᠠᠭᠰᠠᠨ ᠵᠢᠭᠤᠯᠴᠢᠯᠠᠯ᠎ᠤᠨ ᠢᠳᠡᠭᠡᠨ᠎ᠤ ᠪᠦᠲᠦᠭᠡᠯᠴᠢ ᠵᠢᠷᠤᠭ ᠲᠥᠯᠥᠪᠯᠡᠭᠡ ᠵᠢᠨ ᠪᠦᠲᠦᠭᠡᠯ; ᠬᠣᠶᠠᠷ᠎ᠲᠤ᠂ ᠠᠷᠠᠰᠤ᠂ ᠨᠣᠤᠰᠣᠨ ᠪᠦᠲᠦᠭᠡᠭᠳᠡᠬᠦᠨ᠎ᠤ ᠪᠦᠲᠦᠭᠡᠯᠴᠢ ᠵᠢᠷᠤᠭ ᠲᠥᠯᠥᠪᠯᠡᠭᠡᠨ᠎ᠤ ᠪᠦᠲᠦᠭᠡᠯ; ᠭᠤᠷᠪᠠ᠎ᠳᠤ᠂ ᠠᠳᠤᠭᠤᠨ ᠰᠣᠶᠣᠯ᠎ᠤᠨ ᠪᠦᠲᠦᠭᠡᠯᠴᠢ ᠵᠢᠷᠤᠭ ᠲᠥᠯᠥᠪᠯᠡᠭᠡᠨ᠎ᠤ ᠪᠦᠲᠦᠭᠡᠯ᠃
ᠲᠣᠰ ᠤᠳᠠᠭ᠋ᠠᠨ᠎ᠤ ᠤᠷᠤᠯᠳᠤᠭ᠋ᠠᠨ᠎ᠳᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠲᠣᠬᠢᠷᠠᠭᠤᠯᠤᠯᠲᠠ ᠪᠠ ᠭᠣᠤᠯ ᠠᠵᠢᠯᠯᠠᠭ᠎ᠠ᠃ 7 ᠰᠠᠷ᠎ᠠ ᠵᠢᠨ 25᠎ᠤ ᠡᠳᠦᠷ᠎ᠠᠴᠠ 9 ᠰᠠᠷ᠎ᠠ ᠵᠢᠨ 25᠎ᠤ ᠡᠳᠦᠷ᠎ᠤᠨ ᠬᠤᠭᠤᠷᠤᠨᠳᠤ ᠪᠤᠯ ᠤᠷᠤᠯᠳᠤᠭ᠋ᠠᠨ᠎ᠤ ᠪᠣᠳᠠᠲᠤ ᠲᠠᠸᠠᠷ ᠪᠠ ᠵᠢᠷᠤᠭ ᠲᠥᠯᠥᠪᠯᠡᠭᠡ ᠵᠢᠨ ᠪᠦᠲᠦᠭᠡᠯ᠎ᠢ ᠡᠯᠰᠡᠬᠦ ᠴᠠᠭ ᠬᠤᠭᠤᠴᠠᠭ᠎ᠠ ᠪᠣᠯᠤᠨ᠎ᠠ᠂ ᠡᠨᠡ ᠬᠤᠭᠤᠴᠠᠭ᠋ᠠᠨ᠎ᠳᠤ᠂ ᠰᠣᠶᠣᠯ ᠪᠠ ᠵᠢᠭᠤᠯᠴᠢᠯᠠᠯ᠎ᠤᠨ ᠲᠠᠸᠠᠷ᠎ᠤᠨ ᠠᠵᠤ ᠠᠬᠤᠶ᠋ᠢᠯᠠᠯ᠂ ᠶᠡᠬᠡ ᠳᠡᠭᠡᠳᠦ ᠰᠤᠷᠭ᠋ᠠᠭᠤᠯᠢ ᠪᠠ ᠬᠣᠯᠪᠣᠭᠳᠠᠯ ᠪᠦᠬᠦᠢ ᠪᠠᠶ᠋ᠢᠭᠤᠯᠤᠮᠵᠢ᠂ ᠬᠤᠪᠢ ᠬᠥᠮᠥᠨ ᠪᠦᠲᠦᠭᠡᠯᠴᠢ ᠵᠢᠷᠤᠭ ᠲᠥᠯᠥᠪᠯᠡᠭᠡ ᠲᠦᠰᠦᠪᠯᠡᠵᠦ᠂ ᠰᠤᠳᠤᠯᠤᠨ ᠬᠢᠵᠦ ᠪᠣᠯᠤᠨ᠎ᠠ; 9 ᠰᠠᠷ᠎ᠠ ᠵᠢᠨ 25᠎ᠤ ᠡᠳᠦᠷ᠎ᠠᠴᠠ 10 ᠰᠠᠷ᠎ᠠ ᠵᠢᠨ 25᠎ᠤ ᠡᠳᠦᠷ᠎ᠤᠨ ᠬᠤᠭᠤᠷᠤᠨᠳᠤ ᠤᠷᠤᠯᠳᠤᠭ᠋ᠠᠨ᠎ᠳᠤ ᠣᠷᠤᠯᠴᠠᠭᠰᠠᠨ ᠲᠠᠸᠠᠷ ᠪᠠ ᠵᠢᠷᠤᠭ ᠲᠥᠯᠥᠪᠯᠡᠭᠡᠨ᠎ᠤ ᠪᠦᠲᠦᠭᠡᠯ᠎ᠢ ᠮᠡᠳᠡᠭᠦᠯᠦᠨ ᠬᠦᠷᠭᠡᠬᠦ ᠴᠠᠭ ᠬᠤᠭᠤᠴᠠᠭ᠎ᠠ ᠪᠣᠯᠤᠨ᠎ᠠ; 11 ᠰᠠᠷ᠎ᠠ ᠵᠢᠨ 4᠎ᠤ ᠡᠳᠦᠷ᠎ᠠᠴᠠ 7᠎ᠤ ᠡᠳᠦᠷ᠎ᠤᠨ ᠬᠤᠭᠤᠷᠤᠨᠳᠤ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ᠎ᠠ; 11 ᠳ᠋ᠤᠭᠡᠷ ᠰᠠᠷ᠎ᠠ ᠵᠢᠨ 8᠎ᠤ ᠡᠳᠦᠷ᠎ᠠᠴᠠ 10᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ᠎ᠳᠤ ᠲᠠᠸᠠᠷ ᠪᠠ ᠵᠢᠷᠤᠭ ᠲᠥᠯᠥᠪᠯᠡᠭᠡ ᠵᠢᠨ ᠪᠦᠲᠦᠭᠡᠯ᠎ᠤᠨ ᠦᠵᠡᠭᠦᠯᠦᠯᠭᠡ ᠬᠢᠵᠦ᠂ ᠱᠠᠩᠨᠠᠯ ᠣᠯᠭᠣᠬᠤ ᠪᠠ ᠲᠤᠰᠬᠠᠶ ᠮᠡᠷᠭᠡᠵᠢᠯᠲᠡᠨ ᠵᠶ᠋ᠠᠷ ᠬᠢᠴᠢᠶᠡᠯᠯᠡᠭᠦᠯᠬᠦ ᠠᠵᠢᠯ᠎ᠢ ᠵᠣᠬᠢᠶᠠᠨ ᠪᠠᠢ᠌ᠭᠤᠯᠤᠨ᠎ᠠ᠃
ᠲᠣᠰ ᠤᠳᠠᠭ᠋ᠠᠨ᠎ᠤ ᠤᠷᠤᠯᠳᠤᠭ᠋ᠠᠨ᠎ᠳᠤ ᠭᠣᠤᠯᠳᠠᠭᠤ ᠭᠤᠷᠪᠠᠨ ᠶᠡᠬᠡ ᠳᠤᠪᠤᠢ᠌ᠮ᠎ᠠ ᠣᠨᠴᠠᠯᠢᠭ᠎ᠲᠠᠢ᠂ ᠨᠢᠭᠡ᠎ᠳᠤ᠂ ᠪᠣᠳᠠᠲᠤ ᠶᠠᠭᠤᠮ᠎ᠠ ᠵᠢᠨ ᠪᠦᠲᠦᠭᠡᠯ ᠪᠠ ᠵᠢᠷᠤᠭ ᠲᠥᠯᠥᠪᠯᠡᠭᠡᠨ᠎ᠤ ᠪᠦᠲᠦᠭᠡᠯ᠎ᠤᠨ ᠤᠷᠤᠯᠳᠤᠭ᠋ᠠᠨ᠎ᠢ ᠬᠠᠮᠲᠤᠳᠤᠨᠢ ᠵᠣᠬᠢᠶᠠᠨ ᠪᠠᠶ᠋ᠢᠭᠤᠯᠤᠨ᠎ᠠ᠃ ᠪᠣᠳᠠᠲᠤ ᠶᠠᠭᠤᠮ᠎ᠠ ᠵᠢᠨ ᠪᠦᠲᠦᠭᠡᠯ᠎ᠨᠢ ᠮᠠᠨ᠎ᠤ ᠣᠷᠣᠨ᠎ᠤ ᠵᠢᠭᠤᠯᠴᠢᠯᠠᠯ᠎ᠤᠨ ᠲᠠᠸᠠᠷ᠎ᠤᠨ ᠬᠠᠮᠤᠭ᠎ᠤᠨ ᠰᠢᠨ᠎ᠡ ᠵᠢᠷᠤᠭ ᠲᠥᠯᠥᠪᠯᠡᠭᠡ ᠵᠢᠨ ᠨᠡᠭᠡᠭᠡᠯᠲᠡ ᠪᠠ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠲᠥᠯᠥᠭᠡᠯᠡᠵᠦ᠂ ᠵᠢᠷᠤᠭ ᠲᠥᠯᠥᠪᠯᠡᠭᠡ ᠵᠢᠨ ᠪᠦᠲᠦᠭᠡᠯ᠎ᠨᠢ ᠮᠠᠨ᠎ᠤ ᠣᠷᠣᠨ᠎ᠤ ᠵᠢᠭᠤᠯᠴᠢᠯᠠᠯ᠎ᠤᠨ ᠲᠠᠸᠠᠷ᠎ᠤᠨ ᠬᠥᠭᠵᠢᠯᠲᠡ ᠵᠢᠨ ᠴᠢᠭᠯᠡᠯ᠎ᠢ ᠬᠥᠲᠥᠯᠥᠨ ᠳᠠᠭ᠋ᠠᠭᠤᠯᠵᠤ᠂ ᠵᠢᠭᠤᠯᠴᠢᠯᠠᠯ᠎ᠤᠨ ᠲᠠᠸᠠᠷ᠎ᠤᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠪᠦᠲᠦᠭᠡᠯᠴᠢ ᠵᠢᠷᠤᠭ ᠲᠥᠯᠥᠪᠯᠡᠭᠡ ᠪᠠ ᠭᠠᠷ ᠤᠷᠠᠯᠠᠯ᠎ᠤᠨ ᠰᠢᠨ᠎ᠡ ᠵᠢ ᠡᠭᠦᠳᠬᠦ ᠵᠢ ᠰᠡᠩᠬᠡᠷᠡᠭᠦᠯᠵᠦ᠂ ᠨᠢᠭᠡᠨ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠬᠢᠭᠡᠳ ᠰᠤᠳᠤᠯᠭ᠋ᠠᠨ᠂ ᠶᠡᠬᠡ ᠳᠡᠭᠡᠳᠦ ᠰᠤᠷᠭ᠋ᠠᠭᠤᠯᠢ ᠵᠢᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠲᠠᠪᠴᠠᠩ᠎ᠢ ᠪᠠᠶ᠋ᠢᠭᠤᠯᠬᠤ ᠪᠣᠯᠤᠨ᠎ᠠ᠃ ᠬᠣᠶᠠᠷ᠎ᠲᠤ᠂ ᠪᠣᠳᠠᠲᠤ ᠶᠠᠭᠤᠮ᠎ᠠ ᠵᠢᠨ ᠤᠷᠠᠨ ᠪᠦᠲᠦᠭᠡᠯ᠎ᠤᠨ ᠲᠥᠷᠥᠯ ᠵᠦᠢ᠍ᠯ᠎ᠨᠢ ᠡᠯᠪᠡᠭ ᠪᠠᠶᠠᠯᠢᠭ᠂ ᠡᠯᠰᠡᠬᠦ ᠲᠣᠭ᠎ᠠ ᠬᠡᠮᠵᠢᠶ᠎ᠡ᠎ᠨᠢ ᠶᠡᠬᠡ᠃ ᠪᠣᠳᠠᠲᠤ ᠶᠠᠭᠤᠮᠠᠨ᠎ᠤ ᠪᠦᠲᠦᠭᠡᠯ᠎ᠢ ᠮᠡᠳᠡᠭᠦᠯᠦᠨ ᠬᠦᠷᠭᠡᠬᠦ ᠬᠡᠪᠴᠢᠶ᠎ᠡ᠎ᠨᠢ 15 ᠶᠡᠬᠡ ᠲᠦᠷᠦᠯ ᠪᠠᠶ᠋ᠢᠵᠤ᠂ ᠣᠢ᠌ᠷ᠎ᠠ ᠵᠢᠨ ᠵᠢᠯ᠎ᠤᠨ ᠲᠤᠷᠰᠢ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠭᠰᠠᠨ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠮᠡᠳᠡᠭᠦᠯᠦᠨ ᠬᠦᠷᠭᠡᠬᠦ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠨᠢᠭᠡ ᠤᠳᠠᠭ᠎ᠠ ᠪᠣᠯᠤᠨ᠎ᠠ᠂ ᠠᠶ᠋ᠢᠮᠠᠭ ᠬᠣᠲᠠ ᠨᠢᠭᠡᠪᠦᠷᠢ ᠵᠢᠨ ᠮᠡᠳᠡᠭᠦᠯᠦᠨ ᠬᠦᠷᠭᠡᠬᠦ ᠲᠣᠭ᠎ᠠ ᠬᠡᠮᠵᠢᠶ᠎ᠡ ᠵᠢ 50 ᠢᠵᠢ᠎ᠪᠠᠷ ᠱᠠᠭ᠋ᠠᠷᠳᠠᠭᠰᠠᠨ ᠪᠥᠭᠡᠳ ᠪᠠᠰᠠ ᠴᠤ᠌ ᠪᠦᠲᠦᠭᠡᠯ ᠡᠯᠰᠡᠬᠦ ᠲᠤᠭ᠎ᠠ ᠬᠠᠮᠤᠭ᠎ᠤᠨ ᠣᠯᠠᠨ ᠨᠢᠭᠡ ᠤᠳᠠᠭ᠎ᠠ ᠪᠣᠯᠤᠨ᠎ᠠ᠃ ᠭᠤᠷᠪᠠ᠎ᠳᠤ᠂ ᠵᠢᠷᠤᠭ ᠲᠥᠯᠥᠪᠯᠡᠭᠡ ᠵᠢᠨ ᠪᠦᠲᠦᠭᠡᠯ᠎ᠤᠨ ᠭᠣᠤᠯ ᠰᠡᠳᠦᠪ᠎ᠨᠢ ᠳᠤᠪᠤᠢ᠌ᠮ᠎ᠠ ᠲᠤᠳᠤ ᠪᠠᠶ᠋ᠢᠨ᠎ᠠ᠃ ᠤᠷᠤᠯᠳᠤᠭ᠋ᠠᠨ᠎ᠳᠤ ᠵᠢᠷᠤᠭ ᠲᠦᠯᠦᠪᠯᠡᠭᠡ ᠵᠢᠨ ᠪᠦᠲᠦᠭᠡᠯ᠎ᠢ 3 ᠭᠣᠤᠯ ᠰᠡᠳᠦᠪ ᠲᠣᠭᠲᠠᠭ᠋ᠠᠵᠤ᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠣᠨᠴᠠᠯᠢᠭ᠂ ᠵᠠᠬ᠎ᠠ ᠳᠡᠯᠭᠡᠭᠦᠷ᠎ᠤᠨ ᠬᠡᠷᠡᠭᠴᠡᠭᠡ ᠪᠣᠯᠤᠨ ᠰᠢᠨ᠎ᠡ ᠵᠢ ᠡᠭᠦᠳᠬᠦ ᠬᠡᠷᠡᠭᠴᠡᠭᠡ ᠵᠢ ᠳᠣᠪᠣᠶ᠋ᠢᠯᠭ᠋ᠠᠪᠠ᠃
ᠲᠣᠰ ᠤᠳᠠᠭ᠋ᠠᠨ᠎ᠤ ᠤᠷᠤᠯᠳᠤᠭ᠋ᠠᠨ᠎ᠳᠤ᠎ᠬᠢ ᠪᠦᠲᠦᠭᠡᠯ ᠡᠯᠰᠡᠬᠦ ᠶᠡᠷᠦᠩᠬᠡᠶ ᠱᠠᠭ᠋ᠠᠷᠳᠠᠯᠭ᠎ᠠ ᠪᠣᠯ᠂ ᠨᠢᠭᠡ᠎ᠳᠤ᠂ ᠮᠠᠨ᠎ᠤ ᠣᠷᠣᠨ᠎ᠤ ᠰᠣᠶᠣᠯ᠎ᠤᠨ ᠣᠨᠴᠠᠯᠢᠭ᠂ ᠡᠬᠢ ᠪᠠᠶᠠᠯᠢᠭ᠎ᠤᠨ ᠣᠨᠴᠠᠯᠢᠭ ᠪᠠ ᠣᠨᠴᠠᠯᠢᠭ ᠰᠢᠨᠵᠢ ᠵᠢ ᠢᠯᠡᠷᠡᠭᠦᠯᠵᠦ᠂ ᠰᠣᠶᠣᠯ᠎ᠤᠨ ᠠᠭᠤᠯᠤᠭᠳᠠᠬᠤᠨ ᠡᠯᠪᠡᠭ ᠪᠠᠶᠠᠯᠢᠭ᠂ ᠡᠬᠢ ᠪᠠᠶᠠᠯᠢᠭ᠎ᠤᠨ ᠠᠰᠢᠭᠯᠠᠯᠲᠠ ᠵᠦᠶ ᠵᠣᠬᠢᠰᠲᠠᠶ ᠪᠠᠶ᠋ᠢᠵᠤ᠂ ᠵᠣᠬᠢᠬᠤ ᠬᠡᠮᠵᠢᠶᠡᠨ᠎ᠤ ᠳᠤᠷᠠᠰᠬᠠᠯ᠎ᠤᠨ ᠴᠢᠨᠠᠷᠲᠠᠶ ᠪᠤᠶᠤ ᠳᠤᠷᠠᠳᠬᠠᠯ᠎ᠤᠨ ᠴᠢᠨᠠᠷᠲᠠᠶ ᠶᠤᠮ᠃ ᠬᠣᠶᠠᠷ᠎ᠲᠤ᠂ ᠪᠦᠲᠦᠭᠡᠯᠴᠢ ᠰᠠᠨᠠᠭ᠎ᠠ ᠪᠦᠬᠦᠢ ᠵᠢᠷᠤᠭ ᠲᠥᠯᠥᠪᠯᠡᠭᠡ᠎ᠨᠢ ᠥᠪᠡᠷᠮᠢᠴᠡ ᠰᠢᠨ᠎ᠡ ᠰᠡᠪᠡᠭᠦᠨ᠂ ᠰᠢᠨ᠎ᠡ ᠵᠢ ᠡᠭᠦᠳᠬᠦ ᠴᠡᠭ᠎ᠨᠢ ᠲᠤᠪᠤᠢ᠌ᠮ᠎ᠠ᠂ ᠴᠠᠭ ᠦᠶ᠎ᠡ ᠵᠢᠨ ᠴᠢᠨᠠᠷ ᠵᠶ᠋ᠠᠷ ᠴᠢᠩᠭ᠎ᠠ᠂ ᠤᠯᠠᠮᠵᠢᠯᠠᠯᠲᠤ ᠭᠠᠷ ᠤᠷᠠᠯᠠᠯ᠎ᠨᠢ ᠬᠠᠭᠤᠴᠢᠨ᠎ᠢ ᠥᠭᠡᠷᠡᠴᠢᠯᠡᠵᠦ᠂ ᠳᠡᠭᠡᠳᠦ ᠰᠢᠨ᠎ᠡ ᠮᠡᠷᠭᠡᠵᠢᠯ᠎ᠢ ᠬᠡᠷᠡᠭᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ ᠪᠠ ᠤᠷᠠᠯᠢᠭ᠎ᠢ ᠤᠶᠠᠯᠳᠤᠭᠤᠯᠤᠨ᠎ᠠ᠃ ᠭᠤᠷᠪᠠ᠎ᠳᠤ᠂ ᠤᠷᠠᠯᠢᠭ᠎ᠤᠨ ᠦᠨ᠎ᠡ ᠥᠷᠲᠡᠭ ᠬᠢᠭᠡᠳ ᠬᠡᠷᠡᠭᠯᠡᠭᠡᠨ᠎ᠤ ᠦᠨ᠎ᠡ ᠥᠷᠲᠡᠭ᠎ᠤᠨ ᠨᠢᠭᠡᠳᠦᠯᠲᠡᠶ ᠪᠠᠢ᠌ᠬᠤ᠂ ᠵᠢᠷᠤᠭ ᠲᠥᠯᠥᠪᠯᠡᠭᠡ᠎ᠨᠢ ᠵᠦᠶ ᠵᠣᠬᠢᠰᠲᠠᠶ᠂ ᠭᠤᠶᠤ ᠰᠠᠶ᠋ᠢᠬᠠᠨ᠂ ᠠᠮᠤᠷ ᠲᠦᠪᠰᠢᠨ᠂ ᠣᠷᠴᠢᠨ ᠲᠣᠭᠣᠷᠢᠨ᠎ᠢ ᠬᠠᠮᠠᠭ᠋ᠠᠯᠠᠭᠰᠠᠨ ᠪᠣᠬᠢᠷᠲᠤᠯ ᠦᠭᠡᠢ᠂ ᠮᠠᠰᠢ ᠰᠠᠶ᠋ᠢᠨ ᠬᠡᠷᠡᠭᠯᠡᠭᠡᠨ᠎ᠤ ᠦᠨ᠎ᠡ ᠥᠷᠲᠡᠭ᠎ᠲᠠᠢ ᠪᠠᠶ᠋ᠢᠵᠤ᠂ ᠤᠯᠠᠮᠵᠢᠯᠠᠯ ᠬᠢᠭᠡᠳ ᠣᠳᠣ ᠦᠶ᠎ᠡ᠂ ᠰᠣᠶᠣᠯ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠂ ᠭᠠᠵᠠᠷ ᠣᠷᠣᠨ᠎ᠤ ᠴᠢᠨᠠᠷ ᠬᠢᠭᠡᠳ ᠬᠡᠷᠡᠭᠯᠡᠭᠡᠨ᠎ᠤ ᠴᠢᠨᠠᠷ᠎ᠢ ᠤᠶᠠᠯᠳᠤᠭᠤᠯᠬᠤ ᠵᠢ ᠴᠢᠬᠤᠯᠠᠴᠢᠯᠠᠵᠤ᠂ ᠵᠢᠭᠤᠯᠴᠢᠯᠠᠯ᠎ᠤᠨ ᠲᠠᠸᠠᠷ᠎ᠤᠨ ᠬᠡᠷᠡᠭᠯᠡᠭᠡ ᠪᠠ ᠳᠡᠯᠭᠡᠷᠡᠬᠦ ᠬᠠᠨᠳᠤᠰᠢ ᠵᠢ ᠬᠥᠲᠥᠯᠥᠨ ᠵᠢᠯᠣᠭᠣᠳᠬᠤ ᠵᠢ ᠪᠦᠷᠢᠯᠳᠦᠭᠦᠯᠦᠨ᠎ᠡ᠃
ᠵᠢᠭᠤᠯᠴᠢᠯᠠᠯ᠎ᠤᠨ ᠲᠠᠸᠠᠷ᠎ᠢ ᠶᠡᠬᠡᠪᠡᠷ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢᠨ ᠳᠡᠰ ᠳᠡᠪᠰᠢᠬᠦ ᠵᠢ ᠳᠠᠶ᠋ᠢᠴᠢᠯᠠᠬᠤ᠂ ᠰᠣᠶᠣᠯ ᠪᠠ ᠵᠢᠭᠤᠯᠴᠢᠯᠠᠯ᠎ᠤᠨ ᠠᠵᠤ ᠠᠬᠤᠢ ᠵᠢᠨ ᠨᠡᠮᠡᠭᠳᠡᠯ᠎ᠢ ᠠᠬᠢᠭᠤᠯᠬᠤ ᠴᠢᠬᠤᠯᠠ ᠪᠠᠶ᠋ᠢᠯᠳᠤᠬᠤ ᠪᠣᠳᠣᠯᠭ᠎ᠠ ᠪᠣᠯᠤᠨ᠎ᠠ᠂ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠪᠣᠯ ᠵᠢᠭᠤᠯᠴᠢᠯᠠᠯ᠎ᠤᠨ ᠲᠠᠸᠠᠷ᠎ᠤᠨ ᠵᠢᠷᠤᠭ ᠲᠥᠯᠥᠪᠯᠡᠭᠡ᠂ ᠦᠢ᠍ᠯᠡᠳᠪᠦᠷᠢᠯᠡᠯ ᠪᠠ ᠪᠣᠷᠣᠯᠠᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ》᠎ᠢ ᠪᠥᠬᠥ ᠤᠯᠤᠰ᠎ᠲᠤ ᠵᠣᠬᠢᠬᠤ ᠨᠥᠯᠥᠭᠡᠯᠡᠬᠦ ᠬᠦᠴᠦᠨ᠎ᠲᠠᠢ᠂ ᠪᠥᠬᠥ ᠣᠷᠣᠨ᠎ᠳᠤ ᠬᠠᠮᠤᠭ᠎ᠤᠨ ᠡᠷᠬᠡ ᠬᠦᠨᠳᠦᠳᠦ ᠴᠢᠨᠠᠷᠲᠠᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠠᠵᠢᠯᠯᠠᠭ᠎ᠠ ᠪᠣᠯᠭ᠋ᠠᠨ ᠴᠤᠭᠴᠠᠯᠠᠬᠤ᠎ᠪᠠᠷ ᠬᠦᠴᠦᠯᠡᠨ ᠴᠢᠷᠮᠠᠶ᠋ᠢᠨ᠎ᠠ᠃ ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠶ᠋ᠢᠭᠡᠮᠯᠢᠭ ᠲᠣᠰ ᠤᠳᠠᠭ᠋ᠠᠨ᠎ᠤ ᠤᠷᠤᠯᠳᠤᠭ᠋ᠠᠨ᠎ᠢ ᠨᠢᠭᠡᠨᠲᠡ 《2019 ᠣᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠲᠠᠸᠠᠷ᠎ᠤᠨ ᠪᠦᠲᠦᠭᠡᠯᠴᠢ ᠲᠥᠰᠦᠪᠯᠡᠯ᠎ᠤᠨ ᠤᠷᠤᠯᠳᠤᠭ᠋ᠠᠨ᠎ᠤ ᠥᠪᠥᠷ ᠮᠣᠩᠭᠣᠯ᠎ᠤᠨ ᠭᠣᠤᠯ ᠰᠡᠳᠦᠪᠲᠦ ᠤᠷᠤᠯᠳᠤᠭ᠋ᠠᠨ》᠎ᠳᠤ ᠣᠷᠣᠭᠤᠯᠵᠤ᠂ ᠪᠠᠰᠠ ᠪᠥᠬᠥ ᠤᠯᠤᠰ᠎ᠤᠨ ᠲᠡᠷᠢᠭᠦᠨ ᠵᠡᠷᠭᠡ ᠵᠢᠨ ᠲᠤᠰᠬᠠᠶ ᠮᠡᠷᠭᠡᠵᠢᠯᠲᠡᠨ᠎ᠢ ᠤᠷᠢᠵᠤ ᠬᠢᠨᠠᠨ ᠰᠢᠯᠭ᠋ᠠᠷᠠᠭᠤᠯᠬᠤ᠎ᠪᠠᠷ ᠪᠣᠶ᠂ ᠡᠨᠡ᠎ᠨᠢ ᠤᠷᠤᠯᠳᠤᠭ᠋ᠠᠨ᠎ᠤ ᠱᠠᠩᠨᠠᠯ ᠬᠦᠷᠲᠡᠭᠰᠡᠨ ᠪᠦᠲᠦᠭᠡᠯ᠎ᠤᠨ ᠨᠡᠷᠡᠲᠦ ᠲᠡᠮᠳᠡᠭ᠎ᠤᠨ ᠬᠡᠮᠵᠢᠶ᠎ᠡ ᠪᠠ ᠨᠥᠯᠥᠭᠡᠯᠡᠬᠦ ᠬᠦᠴᠦᠨ᠎ᠢ ᠲᠦᠢ᠍ᠯ᠎ᠤᠨ ᠶᠡᠬᠡ᠎ᠪᠠᠷ ᠳᠡᠭᠡᠭᠰᠢᠯᠡᠭᠦᠯᠬᠦ ᠪᠣᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠬᠦᠬᠡᠬᠤᠲᠠ ᠵᠢᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠶᠡᠬᠡ ᠤᠷᠤᠯᠳᠤᠭ᠋ᠠᠨ ᠪᠣᠯᠤᠭᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠡᠨᠡ ᠤᠳᠠᠭ᠋ᠠᠨ᠎ᠤ ᠶᠡᠬᠡ ᠤᠷᠤᠯᠳᠤᠭ᠋ᠠᠨ᠎ᠤ ᠦᠷ᠎ᠡ ᠪᠦᠲᠦᠮᠵᠢ᠎ᠳᠤ ᠶᠠᠮᠠᠷ ᠬᠦᠰᠡᠯ ᠡᠷᠡᠮᠡᠯᠵᠡᠯ᠎ᠲᠠᠢ ᠪᠣᠶ?
ᠡᠤ ᠱᠤᠤ ᠵᠢᠶᠦ᠋ᠨ᠄ ᠮᠠᠨ᠎ᠤ ᠣᠷᠣᠨ᠎ᠤ ᠵᠢᠭᠤᠯᠴᠢᠯᠠᠯ᠎ᠤᠨ ᠲᠠᠸᠠᠷ᠎ᠢ ᠣᠨᠴᠠᠯᠢᠬ᠍ᠵᠢᠭᠤᠯᠬᠤ᠂ ᠰᠣᠳᠣᠨ ᠪᠣᠯᠭ᠋ᠠᠬᠤ᠂ ᠬᠡᠯᠬᠢᠶᠡᠵᠢᠭᠦᠯᠬᠦ ᠴᠢᠭᠯᠡᠯ ᠲᠡᠢ᠌ᠰᠢ ᠬᠥᠭᠵᠢᠭᠦᠯᠬᠦ ᠵᠢ ᠠᠬᠢᠭᠤᠯᠬᠤ ᠪᠣᠯ ᠮᠠᠨ᠎ᠤ ᠦᠷᠬᠦᠯᠵᠢᠲᠡ ᠵᠢᠨ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠪᠣᠯᠤᠨ᠎ᠠ᠃ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠳᠤ ᠮᠠᠨ᠎ᠤ ᠬᠠᠮᠤᠭ᠎ᠠᠴᠠ ᠢᠯᠡᠭᠦᠤ ᠬᠦᠰᠡᠨ ᠬᠦᠯᠢᠶᠡᠵᠦ ᠪᠠᠢ᠌ᠭ᠎ᠠ ᠦᠷ᠎ᠡ ᠪᠦᠲᠦᠮᠵᠢ ᠪᠤᠯ᠄ ᠨᠢᠭᠡ᠎ᠳᠤ ᠤᠮᠠᠷᠠᠲᠤ ᠵᠢᠨ ᠲᠠᠯ᠎ᠠ ᠨᠤᠲᠤᠭ᠎ᠤᠨ ᠴᠥᠭᠡᠨ ᠲᠣᠭ᠋ᠠᠲᠤ ᠦᠨᠳᠦᠰᠦᠲᠡᠨ᠎ᠤ ᠰᠣᠶᠣᠯ ᠢᠯᠠᠩᠭᠤᠶ᠎ᠠ ᠮᠣᠩᠭᠣᠯ ᠦᠨᠳᠦᠰᠦᠲᠡᠨ᠎ᠤ ᠰᠣᠶᠣᠯ᠎ᠤᠨ ᠣᠨᠴᠠᠯᠢᠭ᠎ᠢ ᠬᠠᠷᠠᠭᠤᠯᠤᠭᠰᠠᠨ ᠬᠡᠷᠡᠭᠯᠡᠭᠡᠨ᠎ᠤ ᠴᠢᠨᠠᠷᠲᠠᠶ ᠵᠢᠭᠤᠯᠴᠢᠯᠠᠯ᠎ᠤᠨ ᠲᠠᠸᠠᠷ᠎ᠢ ᠨᠠᠩ ᠣᠯᠠᠨ ᠴᠤᠭᠯᠠᠭᠤᠯᠬᠤ; ᠬᠣᠶᠠᠷ᠎ᠲᠤ᠂ ᠭᠠᠳᠠᠷ ᠣᠷᠣᠨ᠎ᠤ ᠵᠢᠭᠤᠯᠴᠢᠯᠠᠭᠰᠠᠳ᠎ᠤᠨ ᠪᠠᠬᠠᠷᠬᠠᠯ᠎ᠢ ᠲᠠᠲᠠᠭᠰᠠᠨ᠂ ᠮᠠᠨ᠎ᠤ ᠣᠷᠣᠨ᠎ᠤ ᠣᠨᠴᠠᠯᠢᠭ᠎ᠲᠠᠢ᠂ ᠦᠨ᠎ᠡ ᠬᠠᠩᠰᠢ᠎ᠨᠢ ᠵᠦᠶ ᠵᠣᠬᠢᠰᠲᠠᠶ᠂ ᠶᠠᠰᠤ ᠴᠢᠨᠠᠷ᠎ᠨᠢ ᠨᠠᠶ᠋ᠢᠳᠠᠪᠤᠷᠢᠲᠠᠶ᠂ ᠪᠤᠭᠤᠳᠠᠯ᠎ᠲᠠᠢ ᠢᠳᠡᠭᠡᠨ᠂ ᠤᠮᠳᠠᠭ᠋ᠠᠨ ᠵᠡᠷᠭᠡ ᠵᠢ ᠨᠠᠩ ᠣᠯᠠᠨ ᠴᠤᠭᠯᠠᠭᠤᠯᠬᠤ; ᠭᠤᠷᠪᠠ᠎ᠳᠤ᠂ ᠪᠦᠲᠦᠭᠡᠯᠴᠢ ᠰᠡᠳᠬᠢᠮᠵᠢ᠎ᠨᠢ ᠥᠪᠡᠷᠮᠢᠴᠡ ᠣᠨᠴᠠᠯᠢᠭ᠎ᠲᠠᠢ᠂ ᠵᠢᠷᠤᠭ ᠲᠥᠯᠥᠪᠯᠡᠭᠡ᠎ᠨᠢ ᠰᠢᠨ᠎ᠡ ᠰᠣᠷᠭᠣᠭ᠂ ᠰᠣᠶᠣᠯ᠎ᠤᠨ ᠲᠥᠷᠥᠭᠳᠡᠯ᠎ᠨᠢ ᠲᠤᠪᠤᠢ᠌ᠮ᠎ᠠ᠂ ᠬᠤᠪᠢᠷᠠᠭᠤᠯᠵᠤ ᠪᠣᠯᠬᠤ ᠨᠠᠩ ᠣᠯᠠᠨ ᠵᠢᠷᠤᠭ ᠲᠥᠯᠥᠪᠯᠡᠭᠡᠨ᠎ᠤ ᠪᠦᠲᠦᠭᠡᠯ᠎ᠢ ᠴᠤᠭᠯᠠᠭᠤᠯᠬᠤ ᠵᠡᠷᠭᠡ ᠪᠤᠯᠤᠨ᠎ᠠ᠃ ᠤᠷᠤᠯᠳᠤᠭ᠋ᠠᠨ᠎ᠨᠢ ᠮᠠᠨ᠎ᠤ ᠣᠷᠣᠨ᠎ᠤ ᠵᠤᠭ᠋ᠠᠴᠠᠯ᠎ᠤᠨ ᠲᠠᠸᠠᠷ᠎ᠤᠨ ᠨᠡᠭᠡᠭᠡᠯᠲᠡ ᠵᠢᠨ ᠵᠦᠭᠯᠡᠭᠦᠷ᠂ ᠨᠠᠷᠠᠲᠤ ᠲᠥᠷᠥᠯ ᠲᠡᠮᠳᠡᠭ᠎ᠢ ᠪᠣᠶ᠋ᠢᠵᠢᠭᠤᠯᠬᠤ ᠰᠢᠨ᠎ᠡ ᠠᠷᠭ᠎ᠠ ᠵᠠᠮ᠂ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠰᠣᠯᠢᠯᠴᠠᠭ᠎ᠠ ᠰᠤᠷᠤᠯᠴᠠᠯᠭ᠎ᠠ ᠵᠢᠨ ᠰᠢᠨ᠎ᠡ ᠲᠠᠪᠴᠠᠩ ᠪᠣᠯᠬᠤ ᠵᠢᠨ ᠬᠠᠮᠲᠤ᠂ ᠤᠷᠤᠯᠳᠤᠭ᠋ᠠᠨ᠎ᠢ ᠣᠨᠴᠠᠯᠢᠭ ᠵᠶ᠋ᠠᠷ ᠲᠤᠪᠤᠢ᠌ᠮ᠎ᠠ᠂ ᠳᠠᠶ᠋ᠢᠴᠢᠯᠠᠨ ᠳᠠᠭ᠋ᠠᠭᠤᠯᠬᠤ ᠴᠢᠨᠠᠷ ᠵᠶ᠋ᠠᠷ ᠴᠢᠩᠭ᠎ᠠ ᠨᠠᠷᠠᠲᠤ ᠲᠠᠪᠴᠠᠩ ᠪᠣᠯᠭ᠋ᠠᠨ ᠡᠷᠬᠢᠯᠡᠬᠦ ᠵᠢ ᠬᠦᠰᠡᠵᠦ ᠪᠠᠶ᠋ᠢᠨ᠎ᠠ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠬᠢᠲᠠᠳ ᠬᠡᠯᠡᠨ᠎ᠤ ᠷᠠᠳᠢᠣ᠋ ᠵᠢᠨ ᠰᠤᠷᠪᠤᠯᠵᠢᠯᠠᠭᠴᠢ᠄ ᠤᠷᠤᠯᠳᠤᠭ᠋ᠠᠨ᠎ᠤ ᠪᠦᠲᠦᠭᠡᠯ ᠡᠯᠰᠡᠬᠦ᠂ ᠬᠢᠨᠠᠨ ᠲᠣᠭᠲᠠᠭ᠋ᠠᠬᠤ ᠵᠣᠬᠢᠶᠠᠨ ᠪᠠᠢ᠌ᠭᠤᠯᠤᠯᠲᠠ ᠵᠢ ᠬᠡᠷᠬᠢᠨ ᠲᠤᠬᠢᠷᠠᠭᠤᠯᠤᠭᠰᠠᠨ ᠪᠣᠶ?
ᠴᠧᠨ ᠪᠢᠨ᠄ ᠠᠩᠬᠠᠳᠤᠭ᠋ᠠᠷ ᠬᠤᠭᠤᠴᠠᠭ᠋ᠠᠨ᠎ᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠳᠤ ᠡᠯᠰᠡᠬᠦ᠎ᠪᠠᠷ ᠲᠦᠯᠦᠪᠯᠡᠵᠦ ᠪᠠᠢ᠌ᠭ᠎ᠠ ᠪᠦᠲᠦᠭᠡᠯ᠎ᠳᠤ ᠰᠣᠶᠣᠯ᠎ᠤᠨ ᠪᠦᠲᠦᠭᠡᠯᠴᠢ ᠵᠢᠭᠤᠯᠴᠢᠯᠠᠯ᠎ᠤᠨ ᠲᠠᠸᠠᠷ᠎ᠤᠨ ᠪᠣᠳᠠᠲᠤ ᠶᠠᠭᠤᠮ᠎ᠠ ᠵᠢᠨ ᠪᠦᠲᠦᠭᠡᠯ ᠪᠠ ᠵᠢᠷᠤᠭ ᠲᠥᠯᠥᠪᠯᠡᠭᠡ ᠵᠢᠨ ᠪᠦᠲᠦᠭᠡᠯ ᠪᠠᠭᠲᠠᠨ᠎ᠠ᠃ ᠪᠣᠳᠠᠲᠤ ᠶᠠᠭᠤᠮ᠎ᠠ ᠵᠢᠨ ᠪᠦᠲᠦᠭᠡᠯ᠎ᠢ ᠪᠥᠬᠥ ᠣᠷᠣᠨ᠎ᠤ ᠬᠡᠪᠴᠢᠶᠡᠨ᠎ᠠᠴᠠ ᠡᠯᠰᠡᠵᠦ᠂ ᠵᠢᠷᠤᠭ ᠲᠥᠯᠥᠪᠯᠡᠭᠡ ᠵᠢᠨ ᠪᠦᠲᠦᠭᠡᠯ᠎ᠢ ᠪᠥᠬᠥ ᠤᠯᠤᠰ᠎ᠤᠨ ᠬᠡᠪᠴᠢᠶᠡᠨ᠎ᠳᠤ ᠡᠯᠰᠡᠨ᠎ᠡ᠃ ᠠᠯᠲᠠᠨ ᠱᠠᠩᠨᠠᠯ 20 ᠵᠢ ᠲᠣᠬᠢᠷᠠᠭᠤᠯᠵᠤ᠂ ᠡᠭᠦᠨ᠎ᠳᠤ ᠪᠦᠲᠦᠭᠡᠯᠴᠢ ᠵᠢᠷᠤᠭ ᠲᠥᠯᠥᠪᠯᠡᠭᠡ ᠵᠢᠨ ᠪᠦᠲᠦᠭᠡᠯ 10᠂ ᠪᠣᠳᠠᠲᠤ ᠶᠠᠭᠤᠮ᠎ᠠ ᠵᠢᠨ ᠪᠦᠲᠦᠭᠡᠯ 10 ᠲᠤᠬᠢᠷᠠᠭᠤᠯᠵᠤ᠂ ᠱᠠᠩᠨᠠᠯ ᠪᠦᠷᠢ᠎ᠳᠤ 1 ᠲᠦᠮᠡᠨ ᠲᠥᠭᠥᠷᠢᠭ ᠵᠶ᠋ᠠᠷ ᠱᠠᠩᠨᠠᠨ ᠬᠦᠬᠢᠭᠦᠯᠦᠨ᠎ᠡ᠃ ᠮᠥᠩᠭᠥᠨ ᠱᠠᠩᠨᠠᠯ 52 ᠪᠠᠶ᠋ᠢᠵᠤ᠂ ᠡᠭᠦᠨ᠎ᠳᠤ ᠪᠦᠲᠦᠭᠡᠯᠴᠢ ᠵᠢᠷᠤᠭ ᠲᠥᠯᠥᠪᠯᠡᠭᠡ ᠵᠢᠨ ᠪᠦᠲᠦᠭᠡᠯ 20᠂ ᠪᠣᠳᠠᠲᠤ ᠶᠠᠭᠤᠮ᠎ᠠ ᠵᠢᠨ ᠪᠦᠲᠦᠭᠡᠯ 32 ᠪᠠᠢ᠌ᠵᠤ᠂ ᠱᠠᠩᠨᠠᠯ ᠪᠦᠷᠢ 5000 ᠲᠥᠭᠥᠷᠢᠭ ᠵᠶ᠋ᠠᠷ ᠱᠠᠩᠨᠠᠨ ᠬᠦᠬᠢᠭᠦᠯᠦᠨ᠎ᠡ᠃ ᠬᠦᠷᠡᠯ ᠱᠠᠩᠨᠠᠯ 20 ᠪᠠᠶ᠋ᠢᠵᠤ᠂ ᠡᠭᠦᠨ᠎ᠳᠤ ᠪᠦᠲᠦᠭᠡᠯᠴᠢ ᠵᠢᠷᠤᠭ ᠲᠥᠯᠥᠪᠯᠡᠭᠡ ᠵᠢᠨ ᠪᠦᠲᠦᠭᠡᠯ 20 ᠪᠠᠶ᠋ᠢᠵᠤ᠂ ᠲᠤᠰ ᠪᠦᠷᠢ 3000 ᠲᠥᠭᠥᠷᠢᠭ ᠵᠶ᠋ᠠᠷ ᠱᠠᠩᠨᠠᠨ ᠬᠦᠬᠢᠭᠦᠯᠦᠨ᠎ᠡ᠃
ᠵᠣᠬᠢᠶᠠᠯ ᠪᠦᠲᠦᠭᠡᠯ ᠡᠯᠰᠡᠬᠦ ᠠᠵᠢᠯ᠎ᠳᠤ᠂ ᠪᠣᠳᠠᠲᠤ ᠶᠠᠭᠤᠮ᠎ᠠ ᠵᠢᠨ ᠪᠦᠲᠦᠭᠡᠯ᠎ᠢ ᠲᠦᠷᠦᠭᠦᠦ ᠠᠯᠬᠤᠮ ᠰᠣᠩᠭᠣᠵᠤ ᠡᠯᠰᠡᠬᠦ ᠪᠠ ᠮᠡᠳᠡᠭᠦᠯᠦᠨ ᠬᠦᠷᠭᠡᠬᠦ ᠵᠢ ᠡᠯ᠎ᠡ ᠠᠶ᠋ᠢᠮᠠᠭ ᠬᠣᠲᠠ᠎ᠠᠴᠠ ᠬᠠᠷᠢᠭᠤᠴᠠᠵᠤ᠂ ᠵᠢᠷᠤᠭ ᠲᠥᠯᠥᠪᠯᠡᠭᠡ ᠵᠢᠨ ᠪᠦᠲᠦᠭᠡᠯ ᠡᠯᠰᠡᠬᠦ ᠵᠢ ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠶ᠋ᠢᠭᠡᠮᠯᠢᠭ᠎ᠤᠨ ᠵᠢᠭᠤᠯᠴᠢᠯᠠᠯ᠎ᠤᠨ ᠲᠠᠸᠠᠷ ᠪᠠ ᠲᠤᠨᠤᠭᠯᠠᠯ᠎ᠤᠨ ᠬᠤᠪᠢᠶᠠᠷᠢ ᠬᠤᠷᠠᠯ᠎ᠳᠤ ᠨᠠᠶ᠋ᠢᠳᠠᠵᠤ ᠲᠦᠷᠦᠭᠦᠦ ᠠᠯᠬᠤᠮ ᠰᠣᠩᠭᠣᠵᠤ ᠡᠯᠰᠡᠬᠦ ᠪᠠ ᠮᠡᠳᠡᠭᠦᠯᠦᠨ ᠬᠦᠷᠭᠡᠨ᠎ᠡ᠃
ᠤᠷᠤᠯᠳᠤᠭ᠋ᠠᠨ᠎ᠤ ᠬᠢᠨᠠᠨ ᠲᠣᠭᠲᠠᠭ᠋ᠠᠬᠤ ᠵᠢᠨ ᠭᠣᠣᠯᠴᠢ ᠴᠢᠨᠠᠷ᠎ᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠤᠰᠬᠠᠢ ᠮᠡᠷᠭᠡᠵᠢᠯᠲᠡᠨ ᠤᠷᠢᠬᠤ ᠪᠠ ᠬᠢᠨᠠᠨ ᠲᠣᠭᠲᠠᠭ᠋ᠠᠬᠤ᠎ᠳᠤ ᠣᠷᠣᠯᠴᠠᠬᠤ ᠦᠭᠡᠢ᠃ ᠰᠢᠯᠭ᠋ᠠᠷᠠᠭᠤᠯᠤᠨ ᠲᠣᠭᠲᠠᠭ᠋ᠠᠬᠤ ᠵᠣᠬᠢᠶᠠᠨ ᠪᠠᠶ᠋ᠢᠭᠤᠯᠤᠯᠲᠠ᠎ᠨᠢ ᠭᠤᠷᠪᠠᠳᠠᠬᠢ ᠡᠲᠡᠭᠡᠳ᠎ᠢ ᠤᠷᠢᠵᠤ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠨᠡᠶ᠋ᠢᠭᠡᠮᠯᠢᠭ᠎ᠠᠴᠠ ᠬᠠᠷᠢᠭᠤᠴᠠᠨ ᠪᠥᠬᠥ ᠤᠯᠤᠰ᠎ᠠᠴᠠ ᠨᠡᠷᠡᠲᠦ ᠲᠤᠰᠬᠠᠶ ᠮᠡᠷᠭᠡᠵᠢᠯᠲᠡᠨ 10 ᠬᠥᠮᠦᠨ᠂ ᠣᠷᠣᠨ᠎ᠤ ᠳᠣᠲᠣᠷᠠᠬᠢ ᠲᠤᠰᠬᠠᠶ ᠮᠡᠷᠭᠡᠵᠢᠯᠲᠡᠨ 3 ᠬᠥᠮᠦᠨ᠎ᠢ ᠤᠷᠢᠨ ᠰᠢᠯᠭ᠋ᠠᠷᠠᠭᠤᠯᠤᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠦᠷᠢᠯᠳᠦᠭᠦᠯᠵᠦ᠂ ᠠᠩᠬᠠᠨ᠎ᠤ ᠰᠢᠯᠭ᠋ᠠᠷᠠᠭᠤᠯᠤᠯᠲᠠ᠂ ᠳᠠᠬᠢᠨ ᠰᠢᠯᠭ᠋ᠠᠷᠠᠭᠤᠯᠤᠯᠲᠠ᠂ ᠡᠴᠦᠰ᠎ᠤᠨ ᠰᠢᠯᠭ᠋ᠠᠷᠠᠭᠤᠯᠤᠯᠲᠠ ᠵᠡᠷᠭᠡ 3 ᠱᠠᠲᠤ᠎ᠪᠠᠷ ᠳᠠᠮᠵᠢᠭᠤᠯᠤᠨ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ ᠤᠷᠤᠯᠳᠤᠭ᠋ᠠᠨ᠎ᠤ ᠱᠠᠩᠨᠠᠯ ᠣᠯᠤᠭᠰᠠᠨ ᠪᠦᠲᠦᠭᠡᠯ᠎ᠤᠨ ᠨᠢᠭᠡᠴᠢ ᠪᠠ ᠬᠤᠪᠢ ᠬᠥᠮᠥᠨ᠎ᠳᠤ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠳᠠᠷᠠᠭ᠎ᠠ᠎ᠪᠠᠷ ᠶᠠᠮᠠᠷ ᠳᠡᠮᠵᠢᠯᠭᠡ ᠦᠵᠡᠭᠦᠯᠬᠦ ᠪᠣᠶ?
ᠦ᠋ ᠱᠤᠤ ᠵᠢᠶᠦ᠋ᠨ᠄ ᠱᠠᠩᠨᠠᠯ ᠣᠯᠤᠭᠰᠠᠨ ᠪᠦᠲᠦᠭᠡᠯ᠎ᠳᠤ ᠰᠢᠭᠤᠳ ᠪᠠᠯᠠ ᠮᠥᠩᠭᠥ ᠵᠢᠨ ᠱᠠᠩᠨᠠᠯ ᠣᠯᠭᠣᠬᠤ᠎ᠠᠴᠠ ᠭᠠᠳᠠᠨ᠎ᠠ᠂ ᠪᠢᠳᠡ ᠵᠠᠯᠭ᠋ᠠᠭ᠋ᠠᠳ ᠭᠣᠤᠯᠳᠠᠭᠤ ᠳᠣᠤᠷᠠᠬᠢ ᠮᠡᠲᠦ ᠳᠡᠮᠵᠢᠯᠭᠡ ᠦᠵᠡᠭᠦᠯᠦᠨ᠎ᠡ᠄ ᠨᠢᠭᠡ᠎ᠳᠤ᠂ ᠲᠡᠷᠡ ᠳᠠᠷᠤᠶᠳᠤᠨᠢ ᠤᠬᠠᠭᠤᠯᠤᠨ ᠮᠡᠳᠡᠭᠦᠯᠦᠨ᠎ᠡ᠃ ᠱᠠᠩᠨᠠᠯ ᠣᠯᠭᠣᠬᠤ ᠶᠣᠰᠣᠯᠠᠯ᠎ᠢ ᠵᠣᠬᠢᠶᠠᠨ ᠪᠠᠢ᠌ᠭᠤᠯᠵᠤ᠂ ᠱᠠᠩᠨᠠᠯ ᠬᠦᠷᠲᠡᠭᠰᠡᠨ ᠪᠦᠲᠦᠭᠡᠯ᠎ᠢ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠲᠤᠰᠬᠠᠶ ᠨᠢᠭᠤᠷ᠎ᠲᠤ ᠨᠡᠢ᠌ᠲᠡᠯᠡᠨ᠎ᠡ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠰᠦᠯᠵᠢᠶ᠎ᠡ᠂ ᠤᠯᠤᠰ᠎ᠤᠨ ᠳᠣᠲᠣᠭ᠋ᠠᠳᠤ ᠵᠢᠨ ᠨᠡᠷᠡᠲᠦ ᠰᠦᠯᠵᠢᠶ᠎ᠡ᠎ᠳᠤ ᠤᠬᠠᠭᠤᠯᠭ᠎ᠠ ᠬᠢᠨ᠎ᠡ᠃ ᠬᠣᠶᠠᠷ᠎ᠲᠤ᠂ ᠵᠢᠭᠤᠯᠴᠢᠯᠠᠯ᠎ᠤᠨ ᠲᠠᠸᠠᠷ᠎ᠤᠨ ᠨᠡᠷᠡᠲᠦ ᠲᠡᠮᠳᠡᠭ᠎ᠢ ᠪᠣᠶ᠋ᠢᠵᠢᠭᠤᠯᠬᠤ ᠲᠥᠯᠥᠪᠯᠡᠭᠡ ᠵᠢ ᠬᠡᠷᠡᠭᠵᠢᠭᠦᠯᠵᠦ᠂ ᠵᠠᠬ᠎ᠠ ᠳᠡᠯᠭᠡᠭᠦᠷ᠎ᠤᠨ ᠮᠥᠷᠳᠡᠯᠲᠡ ᠵᠢ ᠦᠷᠭᠦᠯᠵᠢᠯᠡᠨ ᠬᠢᠵᠦ᠂ ᠵᠠᠬ᠎ᠠ ᠳᠡᠯᠭᠡᠭᠦᠷ᠎ᠲᠤ ᠮᠡᠳᠡᠷᠡᠭᠳᠡᠭᠰᠡᠨ ᠥᠨᠳᠥᠷ ᠱᠠᠩᠨᠠᠯ ᠬᠦᠷᠲᠡᠭᠰᠡᠨ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠲᠠᠸᠠᠷ᠎ᠤᠨ ᠨᠡᠷᠡᠲᠦ ᠲᠡᠮᠳᠡᠭ᠎ᠢ ᠴᠣᠭᠴᠠᠯᠠᠬᠤ ᠲᠥᠯᠥᠪᠯᠡᠭᠡ᠎ᠳᠤ ᠣᠷᠣᠭᠤᠯᠤᠨ᠎ᠠ᠃ ᠭᠤᠷᠪᠠ᠎ᠳᠤ᠂ ᠱᠠᠩᠨᠠᠯ ᠤᠯᠤᠭᠰᠠᠨ ᠠᠵᠤ ᠠᠬᠤᠢ᠌ᠯᠠᠯ᠎ᠢ ᠪᠦᠬᠦ ᠤᠯᠤᠰ᠎ᠤᠨ ᠴᠢᠨᠠᠷᠲᠠᠶ ᠵᠢᠭᠤᠯᠴᠢᠯᠠᠯ᠎ᠤᠨ ᠲᠠᠸᠠᠷ᠎ᠤᠨ ᠦᠵᠡᠰᠬᠦᠯᠡᠩ᠎ᠤᠨ ᠴᠤᠭᠯᠠᠭ᠋ᠠᠨ᠎ᠳᠤ ᠣᠷᠣᠯᠴᠠᠬᠤ᠎ᠳᠤ ᠳᠡᠮᠵᠢᠯᠭᠡ ᠬᠠᠩᠭ᠋ᠠᠨ᠎ᠠ᠃ ᠵᠢᠱ᠌ᠢᠶᠡᠯᠡᠪᠡᠯ ᠦᠨ᠎ᠡ ᠲᠥᠯᠥᠪᠦᠷᠢ ᠦᠭᠡᠢ᠎ᠪᠠᠷ ᠳᠡᠯᠭᠡᠨ ᠦᠵᠡᠭᠦᠯᠬᠦ ᠪᠠᠢ᠌ᠷᠢ ᠬᠠᠩᠭ᠋ᠠᠬᠤ ᠵᠡᠷᠭᠡ᠃ ᠳᠥᠷᠪᠡ᠎ᠳᠤ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠲᠥᠷᠥᠯ ᠵᠦᠢ᠍ᠯ᠎ᠤᠨ ᠪᠡᠯᠡ ᠮᠥᠩᠭᠥ ᠵᠢᠨ ᠳᠡᠮᠵᠢᠯᠭᠡ ᠣᠯᠭᠣᠨ᠎ᠠ᠃