
ᠨᠡᠶ᠋ᠢᠲᠡᠯᠡᠬᠦ ᠬᠤᠷᠠᠯ᠎ᠤᠨ ᠲᠠᠯᠠᠪᠠᠢ
6 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ᠎ᠤᠨ ᠳᠠᠷᠤᠭ᠎ᠠ ᠾᠧ ᡁᠢ ᠯᠢᠶᠠᠩ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠤᠨ ᠵᠢᠭᠣᠯᠴᠢᠯᠡᠯ ᠬᠣᠯᠪᠣᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠢ᠌ᠳᠠᠯ ᠪᠣᠯᠤᠨ ᠲᠣᠰ ᠬᠤᠭᠤᠴᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠤ ᠶᠡᠷᠦᠩᠬᠡᠶ ᠪᠠᠶ᠋ᠢᠳᠠᠯ᠎ᠢ ᠲᠠᠨᠢᠯᠴᠠᠭᠤᠯᠵᠤ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶᠠᠨ᠎ᠤ ᠪᠠᠢ᠌ᠩᠭᠣ ᠵᠢᠨ ᠬᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠸᠠᠩ ᠳ᠋ᠧᠩ ᠬᠤᠸᠠ ᠰᠣᠶᠣᠯ ᠵᠢᠭᠣᠯᠴᠢᠯᠡᠯ᠎ᠤᠨ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ᠎ᠤ ᠪᠣᠳᠠᠲᠠᠶ ᠪᠠᠶ᠋ᠢᠳᠠᠯ᠎ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠣᠭᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷᠡᠬᠢ ᠶᠠᠷᠢᠶ᠎ᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠠᠷᠤᠭ᠎ᠠ ᠾᠧ ᡁᠢ ᠯᠢᠶᠠᠩ
(2019᠎ᠤᠨ 6 ᠰᠠᠷ᠎ᠠ ᠵᠢᠨ 3᠎ᠤ ᠡᠳᠦᠷ)
ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ ᠡ᠂ ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠤᠤ ?
ᠳᠣᠮᠳᠠᠳᠦ ᠤᠷᠤᠰ ᠮᠣᠩᠭᠣᠯ ᠭᠣᠷᠪᠠᠨ ᠣᠯᠣᠰ᠎ᠤᠨ ᠲᠡᠷᠢᠭᠦᠨ ᠨᠡᠷ᠎ᠤᠨ ᠳᠦᠷᠪᠡᠳᠡᠬᠢ ᠣᠳᠠᠭ᠋ᠠᠨ᠎ᠤ ᠠᠭᠤᠯᠵᠠᠯᠲᠠ ᠵᠢᠨ ᠦᠷ᠎ᠡ ᠪᠦᠲᠦᠭᠡᠯ᠎ᠢ ᠢᠳᠡᠪᠬᠢᠲᠡᠢ ᠨᠠᠢ᠌ᠳᠠᠪᠦᠷᠢᠵᠢᠭᠤᠯᠬᠣ᠂ ᠣᠷᠣᠰ ᠮᠣᠩᠭᠣᠯ ᠬᠣᠶᠠᠷ ᠤᠯᠤᠰ᠎ᠯᠤᠭ᠎ᠠ ᠵᠢᠨ ᠵᠢᠭᠣᠯᠴᠢᠯᠡᠯ᠎ᠤᠨ ᠪᠣᠳᠠᠲᠠᠶ ᠬᠠᠮᠲᠤᠷᠠᠯᠴᠠᠭ᠎ᠠ ᠵᠢ ᠴᠢᠩᠭ᠋ᠠᠳᠬᠠᠬᠤ ᠵᠢᠨ ᠲᠥᠯᠥᠭᠡ᠂ 2019 ᠣᠨ᠎ᠤ 6 ᠰᠠᠷ᠎ᠠ ᠵᠢᠨ 23᠎ᠤ ᠡᠳᠦᠷ᠎ᠠᠴᠠ 6 ᠰᠠᠷ᠎ᠠ ᠵᠢᠨ 27᠎ᠤ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠣᠯᠴᠢᠯᠡᠯ᠎ᠤᠨ ᠲᠢᠩᠬᠢᠮ᠎ᠠᠴᠠ ᠭᠣᠤᠯᠯᠠᠨ ᠡᠷᠬᠢᠯᠡᠭᠰᠡᠨ 《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠣᠯᠴᠢᠯᠡᠯ᠎ᠤᠨ ᠦᠵᠡᠰᠬᠦᠯᠡᠩ᠎ᠤᠨ ᠴᠤᠭᠯᠠᠭ᠋ᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ ᠬᠣᠲᠠ᠎ᠳᠤ ᠡᠷᠬᠢᠯᠡᠬᠦ ᠪᠣᠯᠤᠨ᠎ᠠ᠃
ᠲᠣᠰ ᠤᠳᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ᠎ᠤ ᠭᠣᠤᠯ ᠰᠡᠳᠦᠪ ᠪᠣᠯ 《ᠲᠦᠮᠡᠨ ᠭᠠᠵᠠᠷ᠎ᠤᠨ ᠴᠠᠢ ᠵᠢᠨ ᠵᠠᠮ》 ᠪᠣᠯᠤᠨ᠎ᠠ᠂ ᠡᠨᠡ ᠪᠣᠯ ᠨᠢᠭᠡ ᠵᠤᠷᠪᠤᠰ ᠳᠣᠮᠳᠠᠳᠦ ᠣᠷᠣᠰ ᠮᠣᠩᠭᠣᠯ᠎ᠢ ᠲᠣᠭᠣᠯᠣᠨ 1.3 ᠲᠦᠮᠡᠨ ᠺᠢᠯᠣᠮᠧᠲᠷ ᠦᠷᠭᠦᠯᠵᠢᠯᠡᠵᠦ᠂ ᠠᠩᠭᠢᠯᠣᠮ᠎ᠠ ᠰᠠᠢ᠌ᠬᠠᠨ ᠦᠨᠦᠷ ᠠᠮᠳᠠ᠎ᠪᠠᠷ ᠵᠶ᠋ᠠᠨ ᠬᠥᠮᠦᠨ᠎ᠢ ᠰᠣᠭᠲᠣᠷᠠᠭᠤᠯᠤᠮ᠎ᠠ ᠴᠠᠢ ᠪᠠ ᠭᠦᠨ ᠵᠤᠵᠠᠭ᠋ᠠᠨ ᠴᠠᠢ ᠵᠢᠨ ᠰᠣᠶᠣᠯ ᠠᠭᠣᠯᠣᠭᠳᠠᠬᠣᠨ ᠵᠶ᠋ᠠᠷ ᠠᠴᠢᠶᠠᠯᠠᠪᠤᠷᠢ ᠪᠣᠯᠭ᠋ᠠᠵᠤ᠂ ᠳᠤᠮᠳᠠᠳᠤ ᠵᠢᠨ ᠪᠣᠯᠪᠠᠰᠤᠨ᠂ ᠮᠣᠩᠭᠣᠯ ᠰᠣᠶᠣᠯ ᠪᠣᠯᠤᠨ ᠣᠷᠣᠰ᠎ᠤᠨ ᠵᠠᠩ ᠠᠭ᠋ᠠᠯᠢ ᠵᠢ ᠲᠥᠪᠯᠡᠷᠡᠭᠦᠯᠦᠭᠰᠡᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭ᠋ᠠᠨ᠎ᠤ ᠴᠢᠬᠣᠯᠠ ᠵᠠᠮ ᠪᠣᠯᠤᠨ᠎ᠠ᠂ ᠮᠦᠨ ᠴᠤ᠌ ᠳᠤᠮᠳᠠᠳᠤ ᠣᠷᠣᠰ ᠮᠣᠩᠭᠣᠯ ᠭᠤᠷᠪᠠᠨ ᠤᠯᠤᠰ ᠭᠠᠷ ᠬᠣᠯᠪᠣᠨ ᠡᠬᠢᠯᠡᠭᠦᠯᠦᠭᠰᠡᠨ ᠣᠯᠠᠨ ᠣᠯᠣᠰ᠎ᠤᠨ ᠵᠢᠭᠣᠯᠴᠢᠯᠡᠯ᠎ᠤᠨ ᠨᠡᠷᠡᠳᠦ ᠲᠡᠮᠳᠡᠭ ᠶᠣᠮ᠂ ᠲᠡᠭᠡᠭᠡᠳ ᠭᠣᠷᠪᠠᠨ ᠵᠢᠯ᠎ᠤᠨ ᠬᠦᠭᠵᠢᠯᠳᠡ ᠵᠢᠨ ᠶᠠᠪᠣᠴᠠ ᠵᠢ ᠦᠩᠭᠡᠷᠡᠭᠦᠯᠦᠭᠡᠳ ᠢᠯᠡᠳᠲᠡ ᠲᠣᠳᠣᠷᠬᠠᠢ ᠠᠮᠵᠢᠯᠲᠠ᠎ᠳᠤ ᠬᠦᠷᠦᠯ᠎ᠡ ᠭᠡᠵᠣ ᠬᠡᠯᠡᠵᠣ ᠪᠣᠯᠬᠣ ᠶᠣᠮ᠃
ᠪᠢᠳᠠ 《ᠲᠦᠮᠡᠨ ᠭᠠᠵᠠᠷ᠎ᠤᠨ ᠴᠠᠢ ᠵᠢᠨ ᠵᠠᠮ》 ᠣᠯᠠᠨ ᠣᠯᠣᠰ᠎ᠤᠨ ᠵᠢᠭᠣᠯᠴᠢᠯᠡᠯ᠎ᠤᠨ ᠨᠡᠷᠡᠳᠦ ᠲᠡᠮᠳᠡᠭ᠎ᠢ ᠨᠢᠭᠡᠨᠳᠡ ᠲᠣᠭᠳᠠᠭ᠋ᠠᠪᠠ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠨᠠᠷᠠᠲᠤ ᠲᠥᠷᠥᠯ ᠲᠡᠮᠳᠡᠭᠲᠦ ᠵᠢᠨ ᠪᠦᠲᠦᠭᠡᠨ ᠪᠠᠢ᠌ᠭᠣᠯᠣᠯᠲᠠ ᠬᠢᠭᠡᠳ 《ᠨᠢᠭᠡ ᠪᠦᠰᠡ ᠨᠢᠭᠡ ᠵᠠᠮ》᠂ ᠧᠦ᠋ᠷᠣᠫᠠ ᠠᠽᠢᠶ᠎ᠠ ᠵᠢᠨ ᠳᠠᠷᠳᠠᠩ ᠵᠠᠮ ᠪᠣᠯᠤᠨ 《ᠲᠠᠯ᠎ᠠ ᠨᠤᠲᠤᠭ᠎ᠤᠨ ᠵᠠᠮ》᠎ᠤᠨ ᠪᠠᠶ᠋ᠢᠯᠳᠤᠬᠤ ᠪᠣᠳᠣᠯᠭ᠎ᠠ᠎ᠲᠠᠢ ᠳᠡᠭᠡᠳᠦ ᠬᠡᠮᠵᠢᠶ᠎ᠡ᠎ᠪᠠᠷ ᠨᠡᠢ᠌ᠴᠡᠭᠦᠯᠵᠦ᠂ ᠭᠤᠷᠪᠠᠨ ᠤᠯᠤᠰ᠎ᠤᠨ ᠵᠢᠭᠣᠯᠴᠢᠯᠡᠯ᠎ᠢ ᠬᠠᠮᠲᠤ᠎ᠪᠠᠷ ᠠᠬᠢᠭᠤᠯᠤᠭᠰᠠᠨ᠎ᠤ ᠭᠣᠤᠯᠳᠠᠯᠭ᠎ᠠ᠂ ᠰᠣᠶᠣᠯ ᠵᠢᠭᠣᠯᠴᠢᠯᠡᠯ᠎ᠤᠨ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠵᠢᠨ ᠦᠯᠢᠭᠡᠷ ᠵᠢᠱ᠌ᠢᠶ᠎ᠡ ᠪᠣᠯᠪᠠ᠃
ᠪᠢᠳᠡ ᠪᠦᠷᠢᠨ ᠲᠡᠭᠦᠯᠳᠡᠷ ᠰᠢᠰᠲ᠋ᠧᠮ᠎ᠲᠠᠢ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠨᠠᠷᠠᠲᠤ ᠲᠡᠮᠳᠡᠭ ᠵᠢᠴᠢ ᠪᠦᠲᠦᠭᠡᠭᠳᠡᠬᠦᠨ᠎ᠤ ᠰᠢᠰᠲ᠋ᠧᠮ᠎ᠢ ᠪᠠᠶ᠋ᠢᠭᠤᠯᠪᠠ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠬᠣᠯᠪᠣᠭ᠎ᠠ ᠪᠠ ᠨᠡᠷᠡᠲᠦ ᠲᠡᠮᠳᠡᠭ᠎ᠤᠨ ᠢᠯᠡᠷᠬᠡᠢ᠌ᠯᠡᠯ ᠱᠣᠰᠢᠭ᠎ᠠ ᠵᠢ ᠲᠦᠯᠦᠪᠯᠡᠪᠡ ᠂ ᠬᠢᠲᠠᠳ᠂ ᠠᠩᠭ᠍ᠯᠢ᠂ ᠣᠷᠣᠰ᠂ ᠮᠣᠩᠭᠣᠯ ᠳᠥᠷᠪᠡᠨ ᠵᠦᠢ᠍ᠯ᠎ᠤᠨ ᠦᠰᠦᠭ᠎ᠤᠨ ᠤᠬᠠᠭᠤᠯᠭ᠎ᠠ ᠵᠢᠨ ᠹᠢᠯᠢᠮ ᠵᠤᠬᠢᠶᠡᠪᠡ ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠤᠯᠴᠢᠯᠠᠯ᠎ᠤᠨ ᠱᠤᠭᠤᠮ᠎ᠤᠨ ᠡᠪᠬᠡᠮᠡᠯ ᠬᠠᠭᠤᠳᠠᠰᠤ ᠪᠠ ᠵᠢᠭᠤᠯᠴᠢᠯᠠᠯ᠎ᠤᠨ ᠵᠢᠷᠤᠭᠲᠤ ᠳᠡᠪᠲᠡᠷ᠎ᠢ ᠬᠡᠪᠯᠡᠨ ᠭᠠᠷᠭ᠋ᠠᠪᠠ ᠂ 7 ᠵᠤᠷᠪᠤᠰ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠭᠠᠷᠭ᠋ᠠᠪᠠ ᠃ ᠬᠥᠬᠡᠬᠣᠲᠠ᠂ ᠤᠯᠠᠭ᠋ᠠᠨᠪᠠᠭ᠋ᠠᠲᠤᠷ᠎ᠲᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠲᠡᠤᠬᠡ ᠵᠢᠨ ᠨᠡᠷᠡᠳᠦ ᠲᠡᠮᠳᠡᠭ᠎ᠤᠨ ᠦᠯᠡᠳᠡᠭᠳᠡᠯ᠎ᠤᠨ ᠬᠥᠰᠢᠶ᠎ᠡ ᠵᠢ ᠪᠠᠢ᠌ᠭᠣᠯᠵᠤ᠂ ᠬᠣᠢ᠌ᠳᠦ ᠪᠠᠢ᠌ᠭ᠋ᠠᠯ ᠤᠨ ᠬᠢᠯᠢ ᠬᠢᠵᠠᠭ᠋ᠠᠷ ᠣᠷᠣᠨ᠎ᠳᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠲᠡᠤᠬᠡ ᠵᠢᠨ ᠨᠡᠷᠡᠳᠦ ᠲᠡᠮᠳᠡᠭ᠎ᠤᠨ ᠦᠯᠡᠳᠡᠭᠳᠡᠯ᠎ᠤᠨ ᠬᠥᠰᠢᠶ᠎ᠡ ᠵᠢ ᠪᠠᠶ᠋ᠢᠭᠤᠯᠬᠤ ᠵᠢ ᠠᠬᠢᠭᠤᠯᠤᠨ᠎ᠠ᠃
ᠪᠢᠳᠡ ᠪᠦᠲᠦᠭᠡᠯᠴᠢ ᠰᠡᠳᠬᠢᠮᠵᠢ᠎ᠲᠠᠢ᠂ ᠰᠢᠨ᠎ᠡ ᠡᠭᠦᠳᠡᠯᠲᠡ᠎ᠲᠠᠢ᠂ ᠪᠠᠶᠠᠯᠢᠭ ᠰᠠᠶ᠋ᠢᠬᠠᠨ ᠢᠵᠢ ᠪᠦᠷᠢᠳᠦᠭᠦᠯᠦᠭᠰᠡᠨ ᠰᠢᠷᠢᠰ ᠠᠵᠢᠯᠯᠠᠭ᠎ᠠ ᠵᠢ ᠡᠭᠦᠰᠭᠡᠨ ᠶᠠᠪᠣᠭᠳᠠᠭᠣᠯᠪᠠ᠃ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠤᠨ ᠦᠪᠡᠷ ᠵᠶ᠋ᠠᠨ ᠲᠡᠷᠭᠡ ᠵᠢᠯᠣᠭᠣᠳᠣᠨ ᠠᠶᠠᠯᠠᠬᠤ ᠪᠠ 《ᠲᠦᠮᠡᠨ ᠭᠠᠵᠠᠷ᠎ᠤᠨ ᠴᠠᠢ ᠵᠢᠨ ᠵᠠᠮ》᠎ᠲᠠᠢ ᠲᠠᠨᠢᠯᠴᠠᠬᠤ ᠠᠶᠠᠯᠠᠯ᠎ᠢ ᠰᠡᠳᠦᠨ ᠡᠬᠢᠯᠡᠭᠦᠯᠵᠤ᠂ ᠲᠠᠯ᠎ᠠ ᠨᠣᠳᠣᠭ᠎ᠤᠨ ᠠᠶᠠᠯᠠᠯ᠂ ᠬᠣᠪᠢᠰᠬᠠᠯ᠎ᠳᠦ ᠳᠣᠷᠠᠳᠬᠠᠯ᠎ᠤᠨ ᠠᠶᠠᠯᠠᠯ᠂ ᠬᠠᠶ᠋ᠢᠨ ᠰᠦᠪᠡᠭᠴᠢᠯᠡᠬᠦ ᠠᠶᠠᠯᠠᠯ ᠵᠡᠷᠭᠡ ᠵᠢᠭᠤᠯᠴᠢᠯᠠᠯ᠎ᠤᠨ ᠰᠢᠷᠢᠰ ᠪᠦᠲᠦᠭᠡᠭᠳᠡᠬᠦᠨ ᠪᠠ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠵᠢ ᠨᠡᠭᠡᠭᠡᠨ ᠬᠦᠭᠵᠢᠭᠦᠯᠪᠡ᠃ ᠡᠭᠦᠨ ᠵᠶ᠋ᠠᠷ ᠲᠠᠪᠴᠠᠩ ᠪᠣᠯᠭ᠋ᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ ᠦᠪᠡᠷ ᠵᠶ᠋ᠠᠨ ᠲᠡᠷᠭᠡ ᠵᠢᠯᠣᠭᠣᠳᠣᠨ ᠠᠶᠠᠯᠠᠬᠣ ᠨᠦᠬᠦᠷᠰᠡᠭ ᠵᠢᠭᠤᠯᠴᠢᠯᠠᠯ᠂ 《ᠬᠥᠯᠥᠨ ᠪᠣᠶ᠋ᠢᠷ — ᠤᠯᠠᠭ᠋ᠠᠨ ᠡᠭᠦᠳᠡ》 ᠵᠢᠨ ᠠᠮᠲᠠᠲᠤ ᠢᠳᠡᠭᠡᠨ᠎ᠤ ᠠᠮᠲᠠᠷᠬᠠᠯ᠎ᠳᠦ ᠠᠶᠠᠯᠠᠯ᠂ 《ᠬᠥᠬᠡᠬᠣᠲᠠ — ᠢᠷᠺᠦ᠋ᠼᠺ》᠎ᠤᠨ ᠵᠢᠭᠤᠯᠴᠢᠯᠠᠯ᠎ᠤᠨ ᠨᠢᠰᠬᠡᠯ ᠳᠠᠭ᠋ᠠᠭ᠋ᠠᠴᠢᠯᠠᠭᠣᠯᠬᠤ᠂ 《ᠮᠠᠨᠵᠤᠤᠷ — ᠰᠢᠪᠸᠷᠢᠶ᠎ᠠ ᠨᠡᠷᠡᠮᠵᠢᠳᠦ》 ᠪᠣᠯᠤᠨ 《ᠡᠷᠢᠶᠡᠨ ᠬᠣᠲᠠ ᠨᠡᠷᠡᠮᠵᠢᠲᠦ》 ᠵᠡᠷᠭᠡ ᠵᠢᠭᠤᠯᠴᠢᠯᠠᠯ᠎ᠤᠨ ᠲᠤᠰᠬᠠᠶ ᠴᠤᠪᠤᠭ᠎ᠠ ᠭᠠᠯᠲᠦ ᠲᠡᠷᠭᠡ᠂ 《ᠡᠩᠬᠡ ᠲᠠᠶ᠋ᠢᠪᠤᠩ · ᠨᠥᠬᠥᠷᠯᠡᠯ · ᠵᠠᠯᠠᠭᠤᠴᠤᠳ ᠪᠠᠭ᠋ᠠᠴᠤᠳ᠎ᠤᠨ ᠵᠢᠭᠤᠯᠴᠢᠯᠠᠯ᠎ᠤᠨ ᠵᠤᠰᠠᠯᠠᠩ》 ᠵᠡᠷᠭᠡ ᠠᠵᠢᠯᠯᠠᠭ᠎ᠠ᠎ᠪᠠᠷ ᠬᠠᠪᠰᠤᠷᠤᠮᠵᠢ ᠪᠣᠯᠭ᠋ᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠤᠯᠴᠢᠯᠠᠯ᠎ᠤᠨ ᠥᠷᠨᠢᠯᠲᠡ ᠵᠢ ᠪᠣᠶ ᠪᠣᠯᠭ᠋ᠠᠪᠠ᠃
ᠮᠠᠨ᠎ᠤ ᠡᠩᠨᠡᠭᠡ ᠲᠠᠰᠤᠷᠠᠯᠲᠠ ᠦᠭᠡᠢ ᠬᠥᠭᠵᠢᠨ ᠪᠤᠵᠠᠭ᠋ᠠᠶ᠋ᠢᠷᠠᠪᠠ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠤᠨ ᠵᠢᠭᠣᠯᠴᠢᠯᠡᠯ᠎ᠤᠨ ᠬᠣᠯᠪᠣᠭ᠎ᠠ ᠵᠢᠨ ᠪᠦᠷᠢᠯᠳᠦᠬᠦᠨ ᠬᠠᠮᠤᠭ᠎ᠤᠨ ᠠᠩᠬᠠᠨ᠎ᠤ 12 ᠪᠠᠶ᠋ᠢᠭᠰᠠᠨ᠎ᠠᠴᠠ᠎ᠪᠠᠨ ᠣᠳᠣ ᠵᠢᠨ 16 ᠪᠣᠯᠵᠤ᠂ ᠡᠨᠡ ᠵᠢᠯ ᠪᠠᠰᠠ ᠣᠷᠣᠰ᠎ᠤᠨ ᠰᠢᠨ᠎ᠡ ᠰᠢᠪᠸᠷᠢᠶ᠎ᠠ ᠵᠧᠤ᠂ ᠰᠤᠸᠯᠳ᠋ᠷᠣᠹᠰᠺ ᠵᠧᠤ᠂ ᠮᠣᠩᠭᠣᠯ ᠤᠯᠤᠰ ᠤᠨ ᠡᠮᠦᠨᠡᠲᠦ ᠭᠣᠪᠢ ᠠᠢ᠌ᠮᠠᠭ᠂ ᠰᠦᠬᠡᠪᠠᠭ᠋ᠠᠲᠤᠷ ᠠᠢ᠌ᠮᠠᠭ ᠬᠣᠯᠪᠣᠭ᠎ᠠ᠎ᠳᠤ ᠣᠷᠣᠯᠴᠠᠬᠤ ᠪᠣᠯᠤᠨ᠎ᠠ᠃ ᠴᠠᠭ᠋ᠠᠨ ᠣᠷᠣᠰ᠎ᠤᠨ ᠭᠤᠮᠤᠷᠢ ᠵᠧᠤ᠎ᠨᠢ ᠬᠣᠯᠪᠣᠭ᠋ᠠᠨ᠎ᠤ ᠠᠵᠢᠭᠯᠠᠭᠴᠢ ᠭᠠᠵᠠᠷ ᠣᠷᠣᠨ ᠪᠣᠯᠬᠤ᠎ᠪᠠᠷ ᠲᠥᠯᠥᠪᠯᠡᠵᠦ ᠪᠠᠢ᠌ᠨ᠎ᠠ᠃ ᠡᠨᠡ᠎ᠨᠢ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠣᠯᠴᠢᠯᠡᠯᠳᠤ ᠡᠯᠪᠡᠭ ᠪᠠᠶᠠᠨ ᠡᠬᠢ ᠪᠠᠶᠠᠯᠢᠭ ᠪᠣᠯᠤᠨ ᠪᠦᠲᠦᠭᠡᠭᠳᠡᠬᠦᠨ᠎ᠢ ᠠᠪᠴᠢᠷᠠᠬᠤ ᠪᠣᠯᠤᠨ᠎ᠠ᠃
ᠮᠠᠨ᠎ᠤ ᠤᠬᠠᠭᠤᠯᠭ᠎ᠠ ᠪᠣᠷᠣᠯᠠᠭᠤᠯᠭ᠎ᠠ ᠵᠢᠨ ᠡᠷᠴᠢᠮ ᠲᠠᠰᠤᠷᠠᠯᠲᠠ ᠦᠭᠡᠢ ᠴᠢᠩᠭ᠋ᠠᠷᠠᠵᠤ᠂ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠠᠯᠬᠤᠮ ᠠᠯᠬᠤᠮ ᠵᠶ᠋ᠠᠷ ᠳᠡᠭᠡᠭᠰᠢᠯᠡᠪᠡ᠃ 2017 ᠣᠨ᠎ᠳᠤ᠂ ᠬᠣᠯᠪᠣᠭ᠋ᠠᠨᠠᠴᠠ ᠳ᠋ᠸᠨ᠋ᠮᠡᠷᠺᠠ᠂ ᠰᠸᠸᠳ᠋ᠸᠸᠨ ᠬᠣᠶᠠᠷ ᠣᠯᠣᠰ ᠲᠤ
ᠲᠣᠰ ᠲᠣᠰ ᠬᠣᠶᠠᠷ ᠲᠠᠯᠠᠪᠤᠷ ᠲᠤᠰᠬᠠᠶ ᠰᠡᠳᠦᠪᠲᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ; 2018 ᠣᠨ᠎ᠳᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ ᠵᠶ᠋ᠠᠷ ᠭᠣᠤᠯ ᠰᠡᠳᠦᠪ ᠪᠣᠯᠭ᠋ᠠᠵᠤ᠂ ᠺᠠᠨᠠᠳᠠ ᠵᠢᠨ ᠮᠤᠨᠳ᠋ᠷᠸᠯ ᠤᠨ ᠣᠯᠠᠨ ᠤᠯᠤᠰ ᠤᠨ ᠵᠢᠭᠤᠯᠴᠢᠯᠠᠯ᠎ᠤᠨ ᠦᠵᠡᠰᠬᠦᠯᠡᠩ᠎ᠳᠤ ᠣᠷᠣᠯᠴᠠᠪᠠ᠃
ᠳᠡᠭᠡᠷᠡᠬᠢ ᠦᠷ᠎ᠡ ᠪᠦᠲᠦᠭᠡᠯ᠎ᠨᠢ ᠭᠤᠷᠪᠠᠨ ᠤᠯᠤᠰ᠎ᠤᠨ ᠵᠢᠭᠣᠯᠴᠢᠯᠡᠯ᠎ᠤᠨ ᠰᠠᠯᠠᠭ᠎ᠠ ᠮᠥᠴᠢᠷ᠎ᠤᠨ ᠬᠠᠮᠳᠣᠷᠠᠯ᠎ᠤᠨ ᠬᠦᠴᠤᠨ᠎ᠠᠴᠠ ᠰᠠᠯᠵᠤ ᠴᠢᠳᠠᠬᠤ ᠦᠭᠡᠢ ᠪᠥᠭᠡᠳ ᠡᠨᠳᠡ ᠰᠠᠭᠤᠭ᠎ᠠ ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠤᠬᠠᠭᠤᠯᠭ᠎ᠠ ᠮᠡᠳᠡᠭᠡᠯᠡᠯ᠎ᠠᠴᠠ ᠴᠤ᠌ ᠰᠠᠯᠵᠤ ᠴᠢᠳᠠᠬᠤ ᠦᠭᠡᠢ ᠶᠤᠮ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠠᠶ᠋ᠢᠵᠠ ᠨᠠᠷ᠎ᠤᠨ ᠮᠠᠨ᠎ᠤ ᠣᠷᠣᠨ᠎ᠤ ᠰᠣᠶᠣᠯ ᠵᠢᠭᠣᠯᠴᠢᠯᠡᠯ᠎ᠤᠨ ᠦᠢ᠍ᠯᠡᠰ᠎ᠲᠤ ᠠᠩᠬᠠᠷᠤᠯ ᠲᠠᠯᠪᠢᠵᠤ ᠪᠠᠢ᠌ᠭ᠎ᠠ᠎ᠳᠤ ᠡᠨᠳᠡ ᠪᠢ ᠣᠨᠴᠠᠭ᠋ᠠᠢ᠌ᠯᠠᠨ ᠲᠠᠯᠠᠷᠬᠠᠵᠤ ᠪᠠᠶ᠋ᠢᠨ᠎ᠠ᠃
《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠣᠯᠴᠢᠯᠡᠯ᠎ᠤᠨ ᠦᠵᠡᠰᠬᠦᠯᠡᠩ ᠪᠣᠯ ᠪᠢᠳᠡᠨ᠎ᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠣᠯᠴᠢᠯᠡᠯ᠎ᠤᠨ ᠲᠥᠷᠥᠯ ᠲᠡᠮᠳᠡᠭᠴᠢᠯᠡᠭᠰᠡᠨ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠦᠵᠡᠰᠬᠦᠯᠡᠩ ᠵᠶ᠋ᠠᠷ ᠳᠠᠮᠵᠢᠨ ᠳᠡᠯᠭᠡᠨ ᠦᠵᠡᠭᠦᠯᠵᠦ᠂ ᠣᠯᠠᠨ ᠨᠡᠢ᠌ᠲᠡ᠎ᠳᠤ ᠥᠪᠥᠷ ᠮᠣᠩᠭᠣᠯ᠎ᠤᠨ ᠬᠢᠯᠢ ᠠᠯᠤᠰᠯᠠᠭᠰᠠᠨ ᠵᠢᠭᠣᠯᠴᠢᠯᠡᠯ᠎ᠤᠨ ᠬᠡᠪ ᠨᠠᠮᠪᠠ ᠵᠢ ᠢᠯᠡᠷᠡᠭᠦᠯᠬᠦ ᠵᠢᠨ ᠲᠥᠯᠥᠭᠡ ᠶᠤᠮ᠃ ᠲᠣᠰ ᠣᠳᠠᠭ᠋ᠠᠨ᠎ᠤ ᠦᠵᠡᠰᠬᠦᠯᠡᠩ᠎ᠳᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠳᠦᠷᠢ ᠲᠥᠷᠬᠦ ᠵᠢᠨ ᠦᠵᠡᠭᠦᠯᠦᠯᠭᠡ ᠵᠢᠨ ᠲᠢᠩᠬᠢᠮ᠂ ᠵᠢᠭᠣᠯᠴᠢᠯᠡᠯ᠎ᠤᠨ ᠰᠣᠶᠣᠯ᠎ᠤᠨ ᠡᠭᠦᠳᠦᠨ ᠪᠦᠲᠦᠭᠡᠯᠲᠡ ᠵᠢᠴᠢ ᠪᠦᠲᠦᠭᠡᠭᠳᠡᠬᠦᠨ᠎ᠤ ᠦᠵᠡᠭᠦᠯᠦᠯᠭᠡ ᠵᠢᠨ ᠲᠢᠩᠬᠢᠮ᠂ ᠬᠡᠤᠬᠡᠳ᠎ᠤᠨ ᠴᠡᠴᠡᠷᠯᠢᠭ᠂ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠦᠵᠡᠭᠦᠯᠦᠯᠭᠡ ᠵᠢᠨ ᠲᠢᠩᠬᠢᠮ ᠵᠡᠷᠭᠡ ᠳᠥᠷᠪᠡᠨ ᠶᠡᠬᠡ ᠶᠡᠷᠦᠩᠬᠡᠶ᠋ᠢᠯᠡᠭᠰᠡᠨ ᠦᠵᠡᠭᠦᠯᠦᠯᠭᠡ ᠵᠢᠨ ᠲᠢᠩᠬᠢᠮ ᠪᠠᠭᠲᠠᠨ᠎ᠠ᠃ ᠡᠭᠦᠨ᠎ᠳᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠳᠦᠷᠢ ᠲᠥᠷᠬᠦ ᠵᠢᠨ ᠦᠵᠡᠭᠦᠯᠦᠯᠭᠡ ᠵᠢᠨ ᠲᠢᠩᠬᠢᠮ᠎ᠨᠢ ᠲᠢᠶᠠᠨ ᠲᠠᠨ᠂ ᠺᠧᠷᠮᠡᠯᠢ ᠣᠷᠳᠣᠨ᠂ ᠮᠣᠩᠭᠣᠯ ᠭᠡᠷ ᠵᠡᠷᠭᠡ ᠳᠤᠮᠳᠠᠳᠤ ᠣᠷᠣᠰ ᠮᠣᠩᠭᠣᠯ ᠭᠤᠷᠪᠠᠨ ᠤᠯᠤᠰ ᠤᠨ ᠣᠨᠴᠠᠯᠢᠭᠳᠤ ᠰᠣᠳᠣᠨ ᠪᠠᠷᠢᠯᠭ᠎ᠠ᠎ᠪᠠᠷ ᠵᠢᠷᠤᠭ ᠲᠥᠯᠥᠪᠯᠡᠭᠡ ᠵᠢᠨ ᠵᠶ᠋ᠠᠨ ᠰᠠᠭᠤᠷᠢ ᠪᠣᠯᠭ᠋ᠠᠵᠤ᠂ ᠭᠣᠤᠯ ᠦᠵᠡᠭᠦᠯᠦᠯᠭᠡ ᠵᠢᠨ ᠲᠣᠭᠣᠷᠢᠭ᠎ᠢ ᠵᠢᠷᠤᠵᠤ ᠲᠥᠯᠥᠪᠯᠡᠨ ᠪᠠᠢ᠌ᠭᠣᠯᠵᠣ᠂ ᠲᠤᠬᠠᠶ ᠵᠢᠨ ᠲᠠᠯᠠᠪᠠᠢ᠎ᠳᠤ ᠡᠯ᠎ᠡ ᠤᠯᠤᠰ ᠤᠨ ᠪᠠᠷᠢᠯᠭ᠎ᠠ ᠵᠢᠨ ᠬᠠᠶ᠋ᠢᠴᠢᠯᠠᠮᠠᠯ ᠵᠢᠷᠤᠭ᠂ ᠸᠢᠳᠢᠣ᠋ ᠵᠢᠷᠤᠭ᠂ ᠬᠠᠷᠢᠯᠴᠠᠨ ᠦᠢ᠍ᠯᠡᠳᠦᠯᠴᠡᠬᠦ ᠲᠥᠬᠥᠭᠡᠷᠦᠮᠵᠢ᠎ᠪᠠᠷ ᠦᠨᠳᠦᠰᠦᠲᠡᠨ᠎ᠤ ᠡᠯᠧᠮᠧᠨ᠋ᠲ ᠪᠣᠯᠤᠨ ᠰᠢᠨᠵᠢᠯᠡᠬᠦ ᠤᠬᠠᠭ᠋ᠠᠨ᠎ᠤ ᠮᠡᠷᠭᠡᠵᠢᠯ᠎ᠤᠨ ᠡᠯᠧᠮᠧᠨ᠋ᠲ᠎ᠢ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠳᠣᠮᠳᠠᠳᠣ ᠣᠷᠣᠰ ᠮᠣᠩᠭᠣᠯ ᠭᠤᠷᠪᠠᠨ ᠤᠯᠤᠰ ᠪᠣᠯᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠳᠠᠭ᠋ᠠᠣᠳᠤᠬᠢ ᠭᠤᠸ᠎ᠠ ᠰᠠᠶ᠋ᠢᠬᠠᠨ ᠦᠵᠡᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠦᠨ᠎ᠡ; ᠵᠢᠭᠤᠯᠴᠢᠯᠠᠯ᠎ᠤᠨ ᠰᠣᠶᠣᠯ᠎ᠤᠨ ᠡᠭᠦᠳᠦᠨ ᠪᠦᠲᠦᠭᠡᠯᠲᠡ ᠵᠢᠴᠢ ᠦᠢ᠍ᠯᠡᠳᠭᠦᠨ᠎ᠤ ᠦᠵᠡᠭᠦᠯᠦᠯᠭᠡ ᠵᠢᠨ ᠲᠢᠩᠬᠢᠮ᠎ᠨᠢ ᠥᠪᠥᠷ ᠮᠣᠩᠭᠣᠯ᠎ᠤᠨ ᠤᠯᠠᠮᠵᠢᠯᠠᠯᠲᠤ ᠡᠯᠧᠮᠧᠨ᠋ᠲ᠂ ᠤᠯᠠᠮᠵᠢᠯᠠᠯᠲᠤ ᠡᠳ᠋ ᠪᠣᠳᠠᠰ ᠵᠶ᠋ᠠᠷ ᠵᠢᠷᠤᠭ ᠲᠥᠯᠥᠪᠯᠡᠭᠡ ᠵᠢᠨ ᠵᠶ᠋ᠠᠨ ᠲᠦᠰᠢᠭ ᠪᠣᠯᠭ᠋ᠠᠵᠤ᠂ ᠵᠠᠰᠠᠭ ᠪᠠ ᠠᠵᠤ ᠠᠬᠤᠶ᠋ᠢᠯᠠᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠲᠠᠪᠴᠠᠩ᠎ᠢ ᠪᠣᠢ ᠪᠣᠯᠭ᠋ᠠᠵᠤ᠂ ᠦᠵᠡᠭᠦᠯᠦᠯᠭᠡ ᠵᠢᠨ ᠲᠢᠩᠬᠢᠮ᠎ᠳᠤ᠎ᠪᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶ᠋ᠢᠮᠠᠭ ᠬᠣᠲᠠ ᠵᠢᠨ ᠥᠩᠭᠡ ᠦᠵᠡᠮᠵᠢ ᠵᠢ ᠲᠥᠪᠯᠡᠷᠡᠭᠦᠯᠦᠨ ᠳᠡᠯᠭᠡᠨ ᠦᠵᠡᠭᠦᠯᠵᠦ᠂ ᠬᠣᠲᠠ ᠵᠢᠨ ᠥᠩᠭᠡ ᠦᠵᠡᠮᠵᠢ᠂ ᠰᠣᠶᠣᠯ ᠢᠷᠭᠡᠨᠰᠢᠯ᠎ᠤᠨ ᠲᠡᠤᠬᠡ᠂ ᠵᠢᠭᠤᠯᠴᠢᠯᠠᠯ᠎ᠤᠨ ᠦᠢ᠍ᠯᠡᠳᠭᠦᠨ᠂ ᠰᠣᠶᠣᠯ᠎ᠤᠨ ᠡᠭᠦᠳᠦᠨ ᠪᠦᠲᠦᠭᠡᠯᠲᠡ ᠵᠢᠨ ᠦᠢ᠍ᠯᠡᠳᠭᠦᠨ᠂ ᠵᠣᠴᠢᠳ᠎ᠤᠨ ᠪᠠᠭᠤᠳᠠᠯ᠂ ᠠᠷᠠᠳ᠎ᠤᠨ ᠡᠷᠬᠢᠯᠡᠭᠰᠡᠨ ᠪᠠᠭᠤᠳᠠᠯ ᠵᠢᠴᠢ ᠰᠣᠶᠣᠯ᠎ᠤᠨ ᠡᠭᠦᠳᠦᠨ ᠪᠦᠲᠦᠭᠡᠯᠲᠡ ᠵᠢᠨ ᠵᠢᠭᠤᠯᠴᠢᠯᠠᠯ᠎ᠤᠨ ᠲᠠᠸᠠᠷ᠎ᠢ ᠭᠣᠤᠯᠳᠠᠯᠭ᠎ᠠ᠎ᠲᠠᠢ ᠳᠡᠯᠭᠡᠨ ᠦᠵᠡᠭᠦᠯᠦᠨ᠎ᠡ᠃ ᠬᠡᠤᠬᠡᠳ᠎ᠤᠨ ᠴᠡᠩᠭᠡᠯᠳᠤ ᠲᠢᠩᠬᠢᠮ᠎ᠨᠢ᠂ ᠳᠣᠮᠳᠠᠳᠤ ᠣᠷᠣᠰ ᠮᠣᠩᠭᠣᠯ ᠭᠤᠷᠪᠠᠨ ᠤᠯᠤᠰ ᠤᠨ ᠰᠣᠶᠣᠯ᠎ᠤᠨ ᠡᠯᠧᠮᠧᠨ᠋ᠲ᠎ᠢ ᠶᠡᠷᠦᠩᠬᠡᠢ᠌ᠯᠡᠨ ᠠᠭᠣᠰᠬᠠᠵᠣ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠬᠢᠨ᠎ᠡ᠂ ᠭᠣᠤᠯᠳᠠᠭᠤ ᠰᠤᠷᠤᠯᠴᠠᠯᠭ᠎ᠠ ᠵᠢᠨ ᠬᠠᠷᠢᠯᠴᠠᠨ ᠬᠥᠳᠡᠯᠦᠯᠴᠡᠬᠦ ᠲᠣᠭᠣᠷᠢᠭ᠂ ᠬᠡᠤᠬᠡᠳ᠎ᠤᠨ ᠵᠤᠭ᠎ᠠ ᠴᠡᠩᠭᠡᠯ᠎ᠤᠨ ᠲᠣᠭᠣᠷᠢᠭ᠂ ᠠᠮᠠᠷᠠᠯᠲᠠ ᠵᠢᠨ ᠲᠣᠭᠣᠷᠢᠭ ᠪᠠ ᠬᠠᠮᠲᠤ ᠵᠢᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠬᠦ ᠲᠣᠭᠣᠷᠢᠭ ᠵᠡᠷᠭᠡ ᠳᠥᠷᠪᠡᠨ ᠶᠡᠬᠡ ᠲᠣᠭᠣᠷᠢᠭ᠎ᠢ ᠪᠠᠭᠲᠠᠭ᠋ᠠᠵᠤ᠂ ᠰᠣᠨᠢᠷᠬᠠᠯᠲᠤ ᠴᠢᠨᠠᠷ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠢᠨᠠᠷ ᠬᠠᠷᠢᠯᠴᠠᠨ ᠠᠭᠤᠰᠤᠯᠴᠠᠬᠤ ᠵᠢ ᠨᠢᠭᠡ ᠴᠣᠭᠴᠠ ᠪᠣᠯᠭ᠋ᠠᠨ᠎ᠠ᠃ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠦᠵᠡᠭᠦᠯᠦᠯᠭᠡ ᠵᠢᠨ ᠲᠢᠩᠬᠢᠮ᠎ᠨᠢ ᠪᠡᠭᠡᠵᠢᠩ ᠪᠣᠯᠤᠨ ᠤᠯᠠᠭ᠋ᠠᠨᠴᠠᠪ ᠭᠡᠬᠦ ᠲᠣᠰ ᠲᠣᠰ ᠬᠣᠶᠠᠷ ᠣᠨᠴᠠᠯᠢᠭᠲᠣ ᠵᠢᠷᠣᠭᠯᠠᠯᠲᠠᠢ ᠦᠵᠡᠭᠦᠯᠦᠯᠭᠡ ᠵᠢᠨ ᠪᠠᠶ᠋ᠢᠷᠢ ᠵᠢ ᠵᠢᠷᠤᠵᠤ ᠲᠥᠯᠥᠪᠯᠡᠨ᠂ ᠪᠡᠭᠡᠵᠢᠩ᠎ᠨᠢ ᠤᠯᠠᠭ᠋ᠠᠨ ᠲᠣᠭᠣᠰᠬ᠎ᠠ ᠨᠣᠭᠣᠭ᠋ᠠᠨ ᠸᠠᠭ᠋ᠠᠷ᠂ ᠰᠠᠷᠠᠪᠴᠢᠳᠦ ᠠᠰᠠᠷ ᠲᠠᠭᠲᠤ ᠲᠠᠢ᠂ ᠣᠷᠳᠣᠨ᠎ᠤ ᠬᠡᠷᠡᠮ᠎ᠤᠨ ᠭᠦᠨ ᠬᠦᠷᠢᠶ᠎ᠡ ᠵᠡᠷᠭᠡ ᠵᠢ ᠳᠣᠪᠣᠶ᠋ᠢᠯᠭ᠋ᠠᠵᠤ᠂ ᠤᠯᠠᠭ᠋ᠠᠨᠴᠠᠪ ᠬᠣᠲᠠ᠎ᠨᠢ ᠪᠣᠯ ᠬᠤᠪᠴᠠᠰᠤ ᠵᠠᠰᠠᠯ᠎ᠤᠨ ᠰᠣᠶᠣᠯ᠂ ᠪᠣᠳᠠᠰ᠎ᠤᠨ ᠪᠤᠰᠤ ᠰᠣᠶᠣᠯ᠎ᠤᠨ ᠣᠨᠴᠠᠯᠢᠭ᠎ᠢ ᠳᠣᠪᠣᠶ᠋ᠢᠯᠭ᠋ᠠᠵᠤ᠂ ᠲᠣᠰ ᠲᠣᠰ᠎ᠤᠨ ᠭᠦᠨ ᠳᠠᠯᠳᠠᠷᠬᠠᠭ ᠰᠣᠨᠢᠷᠬᠠᠯᠲᠠᠢ ᠦᠵᠡᠭᠦᠯᠦᠯᠭᠡ ᠵᠢᠨ ᠤᠢ᠌ᠯᠠᠭ᠋ᠠᠭᠳᠠᠬᠣᠨᠢ ᠳᠣᠪᠣᠶ᠋ᠢᠯᠭ᠋ᠠᠪᠠ᠃ ᠦᠵᠡᠭᠦᠯᠦᠯᠭᠡ ᠵᠢᠨ ᠲᠢᠩᠬᠢᠮ᠎ᠳᠤ᠎ᠪᠠᠨ ᠭᠣᠤᠯᠳᠠᠭᠤ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ ᠵᠶ᠋ᠠᠷ ᠵᠶ᠋ᠠᠨ ᠬᠠᠪᠰᠤᠷᠤᠨ ᠲᠡᠳᠬᠦᠭᠰᠡᠨ ᠴᠢᠬᠤᠯᠠ ᠶᠡᠬᠡ ᠲᠥᠷᠥᠯ ᠵᠦᠢ᠍ᠯ᠎ᠤᠨ ᠦᠷ᠎ᠡ ᠪᠦᠲᠦᠭᠡᠯ᠂ ᠪᠡᠭᠡᠵᠢᠩ ᠬᠢᠭᠡᠳ ᠤᠯᠠᠭ᠋ᠠᠨᠴᠠᠪ᠎ᠤᠨ ᠵᠢᠭᠤᠯᠴᠢᠯᠠᠯ᠎ᠤᠨ ᠡᠬᠢ ᠪᠠᠶᠠᠯᠢᠭ᠂ ᠵᠢᠭᠤᠯᠴᠢᠯᠠᠯ᠎ᠤᠨ ᠪᠦᠲᠦᠭᠡᠭᠳᠡᠬᠦᠨ ᠬᠢᠭᠡᠳ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠵᠢ ᠳᠡᠯᠭᠡᠨ ᠦᠵᠡᠭᠦᠯᠦᠨ᠎ᠡ᠃ ᠲᠣᠰ ᠬᠤᠭᠤᠴᠠᠭ᠋ᠠᠨ᠎ᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠣᠯᠴᠢᠯᠡᠯ᠎ᠤᠨ ᠦᠵᠡᠰᠬᠦᠯᠡᠩ᠎ᠤᠨ ᠴᠤᠭᠯᠠᠭ᠋ᠠᠨ᠎ᠨᠢ ᠭᠤᠷᠪᠠᠨ ᠶᠡᠬᠡ ᠭᠢᠯᠠᠰ ᠴᠡᠭ᠎ᠲᠠᠢ ᠪᠠᠶ᠋ᠢᠵᠤ᠂ ᠬᠦᠨᠳᠦ ᠪᠠᠢ᠌ᠷᠢ ᠰᠠᠭᠣᠷᠢ᠎ᠲᠠᠢ — 《ᠲᠦᠮᠡᠨ ᠭᠠᠵᠠᠷ᠎ᠤᠨ ᠴᠠᠢ ᠵᠢᠨ ᠵᠠᠮ》 ᠵᠶ᠋ᠠᠷ ᠭᠣᠤᠯ ᠰᠡᠳᠦᠪ ᠪᠣᠯᠭ᠋ᠠᠭᠰᠠᠨ ᠵᠢᠭᠣᠯᠴᠢᠯᠡᠯ᠎ᠤᠨ ᠦᠵᠡᠰᠬᠦᠯᠡᠩ᠎ᠤᠨ ᠴᠤᠭᠯᠠᠭ᠋ᠠᠨ ᠪᠣᠯᠤᠨ᠎ᠠ᠃ ᠦᠵᠡᠰᠬᠦᠯᠡᠩ ᠳᠤ ᠣᠷᠣᠯᠴᠠᠭᠰᠠᠨ ᠦᠶ ᠣᠯᠠᠨ ᠬᠤᠳᠠᠯᠳᠤᠭ᠋ᠠᠴᠢᠨ᠂ ᠬᠤᠳᠠᠯᠳᠤᠨ ᠠᠪᠣᠭᠴᠢᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ᠎ᠤᠨ ᠮᠦᠽᠧᠶ᠎ᠳᠤ ᠴᠤᠭᠯᠠᠷᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠭᠣᠢ᠌ᠳᠠ ᠰᠠᠶ᠋ᠢᠬᠠᠨ ᠦᠪᠡᠳᠡᠭᠰᠢ ᠪᠠᠶ᠋ᠢᠳᠠᠯ᠎ᠢ ᠬᠠᠮᠲᠤ᠎ᠪᠠᠷ ᠳᠡᠯᠭᠡᠨ ᠦᠵᠡᠭᠦᠯᠵᠦ᠂ ᠰᠣᠨᠢᠷᠬᠠᠭᠣᠯᠵᠣ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭ᠎ᠤᠨ ᠴᠠᠭ ᠦᠶ᠎ᠡ ᠵᠢᠨ ᠪᠦᠲᠦᠭᠡᠯ᠎ᠢ ᠡᠭᠦᠳᠦᠨ ᠪᠦᠲᠦᠭᠡᠬᠦ ᠪᠣᠯᠤᠨ᠎ᠠ᠃ ᠰᠢᠨ᠎ᠡ ᠲᠥᠷᠥᠭᠳᠡᠯ᠎ᠲᠠᠢ — 《 ᠪᠣᠳᠠᠳᠦ ᠬᠥᠮᠦᠨ ᠪᠣᠯᠣᠨ ᠴᠡᠭᠡᠨ ᠳᠡᠯᠭᠡᠴᠡ ᠵᠢᠨ ᠬᠠᠷᠢᠯᠴᠠᠨ ᠦᠢ᠍ᠯᠡᠳᠦᠯᠴᠡᠬᠦ》᠎ᠨᠢ ᠦᠵᠡᠰᠬᠦᠯᠡᠩ᠎ᠳᠤ ᠣᠷᠣᠯᠴᠠᠭᠰᠠᠳ᠎ᠲᠤ ᠰᠢᠨ᠎ᠡ ᠨᠢᠭᠡᠨ ᠤᠢ᠌ᠯᠠᠭ᠋ᠠᠯᠲᠠ ᠵᠢ ᠲᠦᠷᠦᠭᠳᠡᠭᠦᠯᠦᠨ᠎ᠡ ᠃ 《ᠬᠦᠮᠣᠨ ᠪᠡ ᠳᠡᠯᠭᠡᠴᠡ ᠵᠢᠨ ᠬᠠᠷᠢᠯᠴᠠᠨ ᠦᠢ᠍ᠯᠡᠳᠦᠯᠴᠡᠬᠦ》 ᠬᠢᠭᠡᠳ 《ᠪᠡᠶᠡᠴᠢ ᠮᠡᠳᠡᠷᠡᠮᠵᠢ ᠵᠢᠨ ᠮᠡᠷᠭᠡᠵᠢᠯ》᠎ᠳᠤ ᠲᠦᠰᠢᠭᠯᠡᠵᠣ ᠪᠠᠢ᠌ᠭ᠋ᠠᠳ ᠬᠠᠷᠢᠯᠴᠠᠨ ᠮᠡᠳᠡᠷᠯᠴᠡᠬᠦ ᠲᠣᠭᠣᠷᠢᠭ᠎ᠢ ᠪᠠᠢ᠌ᠷᠢᠰᠢᠭᠣᠯᠵᠤ᠂ ᠵᠢᠭᠣᠯᠴᠢᠯᠠᠭᠴᠢᠳ ᠲᠣᠭᠯᠠᠭ᠋ᠠᠮ᠎ᠳᠤ ᠣᠷᠣᠯᠴᠠᠬᠣ᠎ᠪᠠᠷ ᠳᠠᠮᠵᠢᠭᠣᠯᠣᠨ ᠳᠣᠮᠳᠠᠳᠣ ᠣᠷᠣᠰ ᠮᠣᠩᠭᠣᠯ ᠭᠣᠷᠪᠠᠨ ᠣᠯᠣᠰ᠎ᠤᠨ ᠣᠳᠣᠮᠰᠢᠯ᠎ᠳᠦ ᠬᠣᠪᠴᠠᠰᠣ ᠵᠠᠰᠠᠯ᠎ᠢ ᠡᠮᠣᠰᠴᠤ ᠰᠣᠨᠢᠷᠬᠠᠨ᠂ ᠳᠡᠭᠦᠨᠴᠢᠯᠡᠨ ᠭᠠᠵᠠᠷ ᠭᠠᠵᠠᠷ᠎ᠤᠨ ᠬᠡᠯᠡ ᠶᠠᠷᠢᠶ᠎ᠠ᠎ᠪᠠᠷ ᠬᠠᠷᠢᠯᠴᠠᠨ ᠶᠠᠷᠢᠯᠴᠠᠵᠣ᠂ ᠡᠯ᠎ᠡ ᠣᠯᠣᠰ᠎ᠤᠨ ᠰᠣᠶᠣᠯ᠎ᠲᠠᠢ ᠪᠡᠶᠡᠴᠢᠯᠡᠨ ᠤᠢ᠌ᠯᠠᠭ᠋ᠠᠯᠴᠠᠵᠣ ᠪᠣᠯᠣᠨ᠎ᠠ᠃ ᠬᠦᠨᠳᠦ ᠴᠢᠬᠣᠯᠠ ᠤᠳᠬ᠎ᠠ ᠠᠭᠣᠯᠭ᠎ᠠ᠎ᠲᠠᠢ — ᠣᠷᠣᠰ ᠮᠣᠩᠭᠣᠯ᠎ᠢ ᠬᠣᠯᠪᠣᠵᠤ᠂ ᠳᠣᠮᠳᠠᠳᠣ ᠣᠷᠣᠰ ᠮᠣᠩᠭᠣᠯ᠎ᠤᠨ ᠰᠣᠶᠣᠯ ᠵᠢᠭᠣᠯᠴᠢᠯᠡᠯ᠎ᠤᠨ ᠬᠥᠭᠵᠢᠯᠲᠡ ᠵᠢᠨ ᠶᠡᠬᠡ ᠪᠣᠳᠣᠯᠭ᠎ᠠ ᠵᠢ ᠬᠠᠮᠳᠦ᠎ᠪᠠᠷ ᠵᠥᠪᠳᠡᠨᠡ᠃ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠯᠢᠯᠴᠠᠭ᠋ᠠᠨ᠎ᠤ ᠲᠣᠭᠲᠠᠴᠠ ᠪᠠ ᠵᠢᠭᠤᠯᠴᠢᠯᠠᠯ᠎ᠤᠨ ᠬᠠᠮᠲᠤᠷᠠᠯᠴᠠᠭ᠎ᠠ᠎ᠪᠠᠷ ᠴᠢᠬᠤᠯᠠ ᠠᠴᠢᠶᠠᠯᠠᠪᠤᠷᠢ ᠪᠣᠯᠭ᠋ᠠᠵᠤ᠂ ᠨᠠᠩ ᠥᠨᠳᠥᠷ ᠨᠠᠩ ᠥᠷᠭᠡᠨ ᠠᠭᠤᠳᠠᠮ ᠵᠢᠭᠤᠯᠴᠢᠯᠠᠯ᠎ᠤᠨ ᠬᠠᠮᠲᠤᠷᠠᠯᠴᠠᠭ᠋ᠠᠨ᠎ᠤ ᠲᠠᠪᠴᠠᠩ ᠢ ᠪᠠᠶ᠋ᠢᠭᠤᠯᠵᠤ᠂ ᠥᠪᠥᠷ ᠮᠣᠩᠭᠣᠯ᠎ᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ᠎ᠤᠨ ᠵᠢᠭᠤᠯᠴᠢᠯᠠᠯ᠎ᠤᠨ ᠦᠢ᠍ᠯᠡᠳᠭᠦᠨ᠎ᠢ ᠬᠠᠮᠲᠤ᠎ᠪᠠᠷ ᠳᠡᠯᠭᠡᠷᠡᠭᠦᠯᠵᠦ᠂ ᠵᠢᠭᠤᠯᠴᠢᠯᠠᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ ᠪᠣᠭᠣᠳᠠᠯᠯᠠᠬᠤ᠂ ᠳᠦᠷᠢ ᠲᠥᠷᠬᠦ ᠵᠢᠨ ᠤᠬᠠᠭᠤᠯᠭ᠎ᠠ ᠪᠠ ᠬᠠᠮᠲᠤᠷᠠᠨ ᠡᠵᠡᠩᠨᠡᠨ ᠪᠣᠷᠣᠯᠠᠭᠣᠯᠬᠣ ᠬᠣᠯᠪᠣᠭ᠋ᠠᠨ᠎ᠤ ᠪᠦᠷᠢᠯᠳᠦᠬᠦᠨ᠎ᠤ ᠬᠣᠭᠣᠷᠣᠨᠳᠣᠬᠢ ᠣᠷᠣᠨ ᠪᠦᠰᠡ ᠵᠢᠨ ᠬᠠᠮᠲᠤᠷᠠᠯᠴᠠᠭ᠎ᠠ ᠵᠢ ᠲᠦᠯᠬᠢᠨ ᠠᠬᠢᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠨᠢ ᠮᠠᠨ᠎ᠤ ᠤᠯᠤᠰ ᠤᠨ ᠣᠮᠠᠷᠠᠰᠢ ᠨᠡᠭᠡᠭᠡᠯᠲᠡ ᠬᠢᠬᠦ ᠪᠣᠭᠣᠮᠲᠠ ᠪᠣᠯᠤᠭᠰᠠᠨ᠎ᠤ ᠬᠤᠪᠢ᠎ᠳᠤ᠂ ᠣᠷᠣᠰ ᠮᠣᠩᠭᠣᠯ ᠰᠠᠭ᠋ᠠᠬᠠᠯᠳᠠ ᠵᠢᠨ ᠳᠠᠪᠠᠭᠤᠯᠢᠭ ᠲᠠᠯ᠎ᠠ ᠢᠯᠡᠷᠬᠡᠢ᠂ ᠦᠨᠳᠦᠰᠦᠲᠡᠨ᠎ᠤ ᠰᠣᠶᠣᠯ᠎ᠨᠢ ᠴᠦ᠍ ᠥᠪᠡᠷᠮᠢᠴᠡ ᠢᠯᠡ ᠳᠣᠳᠣ ᠣᠨᠴᠠᠯᠢᠭ᠎ᠲᠠᠢ ᠪᠠᠢ᠌ᠨ᠎ᠠ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠬᠠᠮᠢᠶ᠎ᠠ ᠪᠦᠬᠦᠢ ᠠᠵᠢᠯ ᠨᠢᠭᠡᠨᠲᠡ ᠡᠬᠢᠯᠡᠪᠡ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠪᠠ ᠦᠨᠳᠦᠰᠦᠲᠡᠨ᠎ᠤ ᠦᠪᠡᠷᠮᠢᠴᠡ ᠰᠣᠶᠣᠯ᠎ᠢ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠪᠥᠬᠥ ᠤᠯᠤᠰ ᠴᠢᠨᠠᠭᠰᠢᠯᠠᠪᠠᠯ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ᠎ᠳᠤ ᠮᠠᠨ᠎ᠤ ᠥᠨᠥᠳᠥᠷ᠎ᠤᠨ ᠡᠨᠳᠡ ᠰᠠᠭᠤᠵᠤ ᠪᠠᠢ᠌ᠭ᠎ᠠ ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠲᠦᠰᠢᠭᠯᠡᠬᠦ᠎ᠨᠢ ᠮᠠᠰᠢ ᠬᠡᠷᠡᠭᠲᠡᠶ ᠪᠠᠢ᠌ᠨ᠎ᠠ᠃ ᠵᠠᠭᠤᠴᠢᠯᠠᠭᠤᠷ᠎ᠤᠨ ᠨᠠᠶ᠋ᠢᠵᠠ ᠨᠠᠷ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠣᠯᠴᠢᠯᠡᠯ᠎ᠢ ᠬᠠᠯᠠᠭᠤᠨ ᠵᠶ᠋ᠠᠷ ᠠᠩᠬᠠᠷᠴᠤ᠂ ᠢᠳᠡᠪᠬᠢᠲᠡᠢ ᠳᠠᠮᠵᠢᠵᠤ᠂ ᠥᠷᠭᠡᠨ ᠵᠶ᠋ᠠᠷ ᠤᠬᠠᠭᠤᠯᠬᠤ ᠵᠢ ᠪᠢᠳᠡ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ᠃ ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ ᠤᠨ ᠣᠷᠣᠯᠴᠠᠭᠰᠠᠨ ᠪᠠ ᠴᠢᠷᠮᠠᠶ᠋ᠢᠭᠰᠠᠨ ᠵᠶ᠋ᠠᠷ ᠪᠢᠳᠡ ᠯᠠᠪᠲᠠᠶ ᠨᠢᠭᠡᠨ ᠳᠣᠮᠳᠠᠳᠣ ᠣᠷᠣᠰ ᠮᠣᠩᠭᠣᠯ ᠤᠯᠤᠰ᠎ᠢ ᠠᠯᠤᠰᠯᠠᠭᠰᠠᠨ ᠭᠤᠷᠪᠠᠨ ᠤᠯᠤᠰ ᠤᠨ ᠬᠥᠭᠵᠢᠯᠲᠡ ᠵᠢᠨ ᠵᠠᠮ᠎ᠢ ᠨᠡᠭᠡᠭᠡᠵᠣ ᠴᠢᠳᠠᠨ᠎ᠠ ᠭᠡᠳᠡᠭ ᠲᠤ ᠢᠲᠡᠭᠡᠵᠦ ᠪᠠᠶ᠋ᠢᠨ᠎ᠠ ᠃
ᠲᠠ ᠣᠯᠠᠨ᠎ᠳᠤ ᠲᠠᠯᠠᠷᠬᠠᠯ᠎ᠠ!
《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠣᠯᠴᠢᠯᠡᠯ᠎ᠤᠨ ᠦᠵᠡᠰᠭᠦᠯᠡᠩ᠎ᠤᠨ ᠴᠣᠭᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷᠡᠬᠢ ᠶᠠᠷᠢᠶ᠎ᠠ
ᠤᠯᠠᠭ᠋ᠠᠨᠴᠠᠪ ᠬᠣᠲᠠ ᠵᠢᠨ ᠨᠠᠮ ᠤᠨ ᠬᠣᠷᠢᠶ᠎ᠠ ᠵᠢᠨ ᠪᠠᠢ᠌ᠩᠭᠣ ᠵᠢᠨ ᠬᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ ᠸᠠᠩ ᠳ᠋ᠧᠩ ᠬᠤᠸᠠ
(2019 ᠣᠨ᠎ᠤ 6 ᠰᠠᠷ᠎ᠠ ᠵᠢᠨ 3᠎ᠤ ᠡᠳᠦᠷ)
ᠬᠦᠨᠳᠦᠲᠦ ᠾᠧ ᡁᠢ ᠯᠢᠶᠠᠩ ᠲᠢᠩᠬᠢᠮ᠎ᠤᠨ ᠳᠠᠷᠤᠭ᠎ᠠ᠂ ᠢᠤᠢ ᡁᠢ ᠭᠦᠸᠧ ᠲᠢᠩᠭᠢᠮ᠎ᠤᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠡᠲᠡᠭᠡᠳ᠎ᠤᠨ ᠨᠥᠬᠥᠳ᠂ ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠤᠤ ?
ᠲᠢᠩᠬᠢᠮ᠎ᠤᠨ ᠳᠠᠷᠤᠭ᠎ᠠ ᠾᠧ ᡁᠢ ᠯᠢᠶᠠᠩ 2019᠎ᠤᠨ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠦᠵᠡᠰᠬᠦᠯᠡᠩ᠎ᠤᠨ ᠴᠤᠭᠯᠠᠭ᠋ᠠᠨ᠎ᠤ ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠵᠠᠶ᠃ ᠳᠣᠤᠷ᠎ᠠ ᠪᠢ ᠤᠯᠠᠭ᠋ᠠᠨᠴᠠᠪ ᠬᠣᠲᠠ ᠵᠢᠨ ᠬᠠᠮᠢᠶ᠎ᠠ ᠪᠦᠬᠦᠢ ᠪᠠᠶ᠋ᠢᠳᠠᠯ᠎ᠢ ᠳᠥᠭᠥᠮ ᠲᠠᠨᠢᠯᠴᠠᠭᠤᠯᠤᠶ᠎ᠠ᠃
ᠤᠯᠠᠭ᠋ᠠᠨᠴᠠᠪ ᠬᠣᠲᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠰᠯᠡᠯ ᠪᠡᠭᠡᠵᠢᠩ᠎ᠠᠴᠠ ᠬᠠᠮᠤᠭ᠎ᠤᠨ ᠤᠢ᠌ᠷ᠎ᠠ ᠲᠠᠯ᠎ᠠ ᠨᠤᠲᠤᠭ᠎ᠤᠨ ᠬᠣᠲᠠ ᠪᠣᠯᠤᠨ᠎ᠠ᠂ ᠪᠠᠰᠠ ᠴᠤ᠌ ᠳᠤᠮᠳᠠᠳᠤ ᠧᠦ᠋ᠷᠣᠫᠠ ᠵᠢᠱ᠌ᠢᠶᠡᠨ᠎ᠤ ᠭᠠᠯᠲᠤ ᠲᠡᠷᠭᠡ ᠵᠢᠨ ᠤᠯᠤᠰ ᠤᠨ ᠳᠣᠲᠣᠭ᠋ᠠᠳᠤ ᠵᠢᠨ ᠴᠣᠷ᠎ᠤᠨ ᠭᠠᠭᠴᠠ ᠮᠤᠵᠢ ᠵᠢᠨ ᠲᠥᠪ ᠪᠤᠰᠤ ᠵᠠᠩᠭᠢᠯᠠᠭ᠎ᠠ ᠵᠢᠨ ᠬᠣᠲᠠ ᠪᠣᠯᠤᠨ᠎ᠠ᠂ ᠤᠯᠤᠰ᠎ᠤᠨ ᠴᠡᠴᠡᠷᠯᠢᠭᠵᠢᠭᠦᠯᠦᠭᠰᠡᠨ ᠬᠣᠲᠠ᠂ ᠤᠯᠤᠰ ᠤᠨ ᠡᠷᠡᠭᠦᠯ ᠬᠠᠮᠠᠭ᠋ᠠᠯᠠᠯ᠎ᠤᠨ ᠬᠣᠲᠠ᠂ ᠪᠦᠬᠦ ᠤᠯᠤᠰ ᠤᠨ ᠢᠳᠡᠭᠡᠨ᠎ᠤ ᠠᠮᠤᠷ ᠲᠦᠪᠰᠢᠨ᠎ᠤ ᠠᠷᠪᠠᠨ ᠰᠢᠯᠢᠳᠡᠭ ᠬᠣᠲᠠ᠂ ᠳᠤᠮᠳᠠᠳᠤ ᠤᠯᠤᠰ ᠤᠨ ᠵᠣᠯ ᠵᠢᠷᠭ᠋ᠠᠯᠲᠤ ᠲᠥᠷᠥᠭᠳᠡᠯ᠎ᠲᠠᠢ ᠬᠣᠲᠠ ᠪᠣᠯᠤᠨ᠎ᠠ᠃ ᠳᠤᠮᠳᠠᠳᠤ ᠤᠯᠤᠰ ᠤᠨ ᠲᠥᠮᠥᠰᠥ ᠵᠢᠨ ᠬᠣᠲᠠ᠂ ᠳᠤᠮᠳᠠᠳᠤ ᠤᠯᠤᠰ᠎ᠤᠨ 《ᠨᠣᠬᠠᠶ ᠵᠢᠨ ᠬᠣᠰᠢᠭᠤ》 ᠵᠢᠨ ᠬᠣᠲᠠ᠂ ᠲᠠᠯ᠎ᠠ ᠨᠤᠲᠤᠭ᠎ᠤᠨ ᠡᠭᠦᠯᠡᠨ ᠬᠥᠨᠳᠡᠶ᠂ ᠰᠠᠯᠬᠢᠨ ᠴᠠᠬᠢᠯᠭ᠋ᠠᠨ᠎ᠤ ᠬᠣᠲᠠ᠂ ᠳᠤᠮᠳᠠᠳᠤ ᠤᠯᠤᠰ ᠤᠨ ᠲᠠᠯ᠎ᠠ ᠨᠤᠲᠤᠭ᠎ᠤᠨ ᠵᠤᠰᠠᠯᠠᠩ᠎ᠤᠨ ᠬᠣᠲᠠ᠂ ᠳᠤᠮᠳᠠᠳᠤ ᠤᠯᠤᠰ ᠤᠨ ᠬᠠᠮᠤᠭ᠎ᠤᠨ ᠭᠤᠶᠤ ᠪᠡᠶ᠎ᠡ ᠰᠤᠪᠢᠯᠠᠯᠲᠠ ᠰᠡᠯᠡᠭᠦᠴᠡᠯ ᠵᠤᠭ᠋ᠠᠴᠠᠯ᠎ᠤᠨ ᠬᠣᠲᠠ᠂ 《ᠲᠠᠯ᠎ᠠ ᠨᠤᠲᠤᠭ᠎ᠤᠨ ᠠᠷᠠᠰᠣ ᠰᠢᠷᠢ ᠵᠢᠨ ᠬᠣᠲᠠ》᠂ 《ᠬᠤᠪᠢᠯᠭ᠋ᠠᠨ ᠣᠷᠣᠨ᠎ᠤ ᠭᠡᠷ ᠣᠷᠣᠨ》 ᠵᠡᠷᠭᠡ ᠣᠯᠠᠨ ᠠᠷᠪᠢᠨ ᠨᠡᠷ᠎ᠡ ᠵᠢᠨ ᠬᠠᠭᠤᠳᠠᠰᠤ᠎ᠲᠠᠢ᠂ ᠡᠭᠦᠨ᠎ᠳᠤ ᠨᠣᠭᠣᠭ᠋ᠠᠨ ᠥᠩᠭᠡ ᠪᠣᠯ ᠤᠯᠠᠭ᠋ᠠᠨᠴᠠᠪ᠎ᠤᠨ ᠦᠵᠡᠰᠬᠦᠯᠡᠩᠲᠦ ᠰᠠᠢ᠍ᠬᠠᠨ ᠨᠡᠷ᠎ᠡ ᠵᠢᠨ ᠬᠠᠭᠤᠳᠠᠰᠤ ᠪᠠᠶ᠋ᠢᠵᠤ᠂ ᠠᠮᠢ ᠠᠬᠤᠢ ᠵᠢᠨ ᠵᠢᠭᠣᠯᠴᠢᠯᠡᠯ᠎ᠤᠨ ᠦᠢ᠍ᠯᠡᠰ᠂ ᠲᠠᠷᠢᠶᠠᠯᠠᠩ ᠮᠠᠯ ᠠᠵᠤ ᠠᠬᠤᠢ ᠵᠢᠨ ᠴᠡᠪᠡᠷ ᠡᠨᠧᠷᠭᠢ ᠵᠢᠨ ᠠᠵᠤ ᠦᠢ᠍ᠯᠡᠰ ᠦᠷᠭᠦᠯᠵᠢᠯᠡᠨ ᠬᠥᠭᠵᠢᠪᠡ ᠃ ᠨᠡᠭᠡᠭᠡᠯᠲᠡ ᠬᠢᠬᠦ ᠪᠣᠯ ᠤᠯᠠᠭ᠋ᠠᠨᠴᠠᠪ᠎ᠤᠨ ᠬᠥᠭᠵᠢᠯᠲᠡ ᠵᠢᠨ ᠬᠥᠳᠡᠯᠭᠡᠬᠦ ᠬᠦᠴᠦᠨ ᠮᠥᠨ᠂ 《ᠪᠡᠭᠡᠵᠢᠩ᠎ᠠᠴᠠ ᠪᠠᠷᠠᠭᠤᠨᠰᠢ ᠨᠢᠭᠡ ᠠᠯᠬᠣᠪᠠᠯ ᠳᠠᠷᠤᠶ ᠤᠯᠠᠭ᠋ᠠᠨᠴᠠᠪ᠎ᠲᠤ ᠣᠷᠣᠴᠢᠬᠠᠨ᠎ᠠ ᠭᠡᠵᠣ ᠬᠡᠯᠡᠵᠣ ᠪᠣᠯᠤᠨ᠎ᠠ》᠂ ᠣᠷᠣᠨ ᠪᠦᠰᠡ ᠵᠢᠨ ᠳᠠᠪᠠᠭᠣᠯᠢᠭ᠂ ᠳᠦᠭᠦᠮ ᠳᠦᠳᠡ ᠵᠠᠮ ᠬᠠᠷᠢᠯᠴᠠᠭ᠎ᠠ᠎ᠨᠢ ᠨᠡᠭᠡᠭᠡᠯᠲᠡ ᠬᠢᠬᠦ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠴᠡᠶ᠃ ᠬᠢᠯᠢ ᠵᠢᠨ ᠳᠣᠲᠣᠷᠠᠬᠢ 6 ᠵᠤᠷᠪᠤᠰ ᠲᠡᠮᠦᠷ ᠵᠠᠮ᠂ 3 ᠵᠤᠷᠪᠤᠰ ᠬᠣᠷᠳᠣᠨᠤ ᠵᠠᠮ ᠵᠢᠴᠢ ᠤᠯᠤᠰ ᠪᠠ ᠮᠤᠵᠢ ᠵᠢᠨ ᠭᠣᠤᠯ ᠵᠠᠮ ᠣᠯᠠᠨ ᠴᠢᠭᠯᠡᠯ ᠵᠶ᠋ᠠᠷ ᠰᠦᠯᠵᠢᠯᠳᠦᠵᠦ᠂ ᠬᠢᠯᠢ᠎ᠪᠠᠷ ᠥᠩᠭᠡᠷᠡᠵᠦ ᠭᠠᠷᠤᠭᠰᠠᠨ ᠪᠡᠭᠡᠵᠢᠩ — ᠬᠥᠯᠥᠨ ᠪᠣᠶ᠋ᠢᠷ ᠬᠣᠲᠠ ᠵᠢᠨ ᠳᠡᠭᠡᠳᠦ ᠬᠤᠷᠳᠤᠴᠠᠲᠤ ᠲᠡᠮᠦᠷ ᠵᠠᠮ ᠵᠢᠯ᠎ᠤᠨ ᠡᠴᠦᠰ᠎ᠲᠤ ᠪᠥᠬᠥ ᠱᠤᠭᠤᠮ ᠵᠶ᠋ᠠᠷ ᠨᠡᠪᠲᠡᠷᠡᠵᠦ᠂ ᠤᠯᠠᠭ᠋ᠠᠨᠴᠠᠪ᠎ᠠᠴᠠ ᠮᠣᠷᠳᠠᠭ᠋ᠠᠳ 70 ᠮᠢᠨᠦ᠋ᠲ ᠳᠠᠪᠬᠢᠪᠡᠯ ᠰᠢ ᡁᠢ ᠮᠧᠨ ᠦᠷᠲᠡᠭᠡᠨ᠎ᠳᠤ ᠬᠦᠷᠴᠦ᠂ ᠨᠡᠶ᠋ᠢᠰᠯᠡᠯ᠎ᠤᠨ 1 ᠴᠠᠭ᠎ᠤᠨ ᠠᠵᠤ ᠠᠬᠤᠢ ᠵᠢᠨ ᠲᠣᠭᠣᠷᠢᠭ᠎ᠲᠤ ᠠᠭᠤᠰᠤᠯᠴᠠᠨ᠎ᠠ᠃ ᠵᠢᠨᠢᠩ᠎ᠠᠴᠠ ᠴᠢᠪᠠᠭ᠎ᠠ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠢ ᠡᠨᠡ ᠵᠢᠯ ᠡᠬᠢᠯᠡᠨ ᠪᠦᠲᠦᠭᠡᠨ ᠪᠠᠶ᠋ᠢᠭᠤᠯᠵᠤ᠂ ᠤᠳᠠᠯ ᠦᠭᠡᠢ ᠥᠪᠥᠷ ᠮᠣᠩᠭᠣᠯ᠎ᠤᠨ ᠳᠤᠮᠳᠠ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠳᠡᠭᠡᠳᠦ ᠬᠤᠷᠳᠤᠴᠠᠲᠤ ᠲᠡᠮᠦᠷ ᠵᠠᠮ᠎ᠢ ᠬᠣᠯᠪᠣᠬᠤ ᠴᠢᠬᠤᠯᠠ ᠵᠠᠩᠭᠢᠯᠠᠭ᠎ᠠ ᠪᠣᠯᠬᠤ ᠪᠣᠯᠤᠨ᠎ᠠ᠃ ᠤᠯᠠᠭ᠋ᠠᠨᠴᠠᠪ᠎ᠤᠨ ᠨᠢᠰᠬᠡᠯ᠎ᠤᠨ ᠪᠠᠭᠤᠳᠠᠯ ᠣᠳᠣᠬᠠᠨ᠎ᠳᠤ ᠶᠠᠭ ᠠᠭ᠋ᠠᠷ᠎ᠤᠨ ᠠᠶᠠᠯᠠᠯ᠎ᠤᠨ ᠪᠣᠭᠣᠮᠲᠠ ᠪᠣᠯᠬᠣ᠎ᠪᠠᠷ ᠭᠤᠶᠤᠴᠢᠯᠠᠨ ᠮᠡᠳᠡᠭᠦᠯᠦᠭᠡᠳ᠂ ᠣᠯᠠᠨ ᠤᠯᠤᠰ ᠤᠨ ᠪᠠᠷᠠᠭ᠎ᠠ ᠲᠡᠭᠡᠭᠡᠪᠦᠷᠢᠯᠡᠬᠦ ᠨᠢᠰᠬᠡᠯ᠎ᠤᠨ ᠪᠠᠭᠤᠳᠠᠯ᠎ᠢ ᠪᠠᠶ᠋ᠢᠭᠤᠯᠵᠤ ᠪᠠᠢ᠌ᠨ᠎ᠠ᠃ ᠵᠡᠭᠦᠨᠰᠢ᠂ ᠪᠠᠷᠠᠭᠤᠨᠰᠢ᠂ ᠡᠮᠦᠨᠡᠰᠢ᠂ ᠤᠮᠠᠷᠠᠰᠢ ᠲᠦᠷᠪᠡᠨ ᠵᠦᠭ᠎ᠲᠤ ᠰᠠᠭ᠋ᠠᠳ ᠦᠭᠡᠢ ᠨᠡᠪᠲᠡᠷᠡᠬᠦ᠂ ᠪᠡᠭᠡᠵᠢᠩ᠎ᠠᠴᠠ ᠣᠢ᠌ᠷᠠᠬᠠᠨ ᠪᠠᠢ᠌ᠳᠠᠭ ᠭᠠᠵᠠᠷ ᠣᠷᠣᠨ᠎ᠤ ᠳᠠᠪᠠᠭᠤᠯᠢᠭ ᠨᠦᠬᠦᠴᠡᠯ᠎ᠨᠢ ᠣᠳᠣ ᠶᠠᠭ ᠠᠯᠬᠤᠮ ᠠᠯᠬᠤᠮ ᠵᠶ᠋ᠠᠷ ᠪᠣᠳᠠᠲᠠᠶ ᠬᠥᠭᠵᠢᠯᠲᠡ ᠵᠢᠨ ᠳᠠᠪᠠᠭᠤᠯᠢᠭ ᠪᠣᠯᠵᠤ ᠬᠣᠪᠢᠷᠠᠵᠣ ᠪᠠᠶ᠋ᠢᠨ᠎ᠠ᠃ ᠥᠨᠥᠳᠥᠷ᠎ᠤᠨ ᠤᠯᠠᠭ᠋ᠠᠨᠴᠠᠪ ᠬᠣᠲᠠ᠎ᠳᠤ᠂ ᠲᠣᠮᠣ ᠡᠳ᠋ ᠪᠠᠷᠠᠭ᠎ᠠ ᠵᠢᠨ ᠭᠦᠢ᠍ᠯᠭᠡᠭᠡᠨ᠎ᠤ ᠠᠵᠤ ᠦᠢ᠍ᠯᠡᠰ ᠡᠷᠴᠢᠮᠲᠡᠶ ᠶᠠᠪᠤᠭᠳᠠᠵᠤ᠂ ᠲᠣᠮᠣ ᠳ᠋ᠠᠶ᠋ᠢᠲ᠋ᠠ ᠵᠢᠨ ᠠᠵᠤ ᠦᠢ᠍ᠯᠡᠰ ᠴᠡᠴᠡᠭᠯᠡᠨ ᠬᠥᠭᠵᠢᠵᠦ᠂ ᠲᠣᠮᠣ ᠵᠢᠭᠣᠯᠴᠢᠯᠡᠯ᠎ᠤᠨ ᠠᠵᠤ ᠦᠢ᠍ᠯᠡᠰ ᠥᠷᠨᠢᠨ ᠬᠥᠭᠵᠢᠵᠦ᠂ ᠶᠡᠷᠦᠩᠬᠡᠶ ᠱᠦᠵᠢ ᠰᠢ ᠵᠢᠨ ᠫᠢᠩ᠎ᠤᠨ ᠵᠢᠭ᠋ᠠᠨ ᠵᠢᠯᠣᠭᠣᠳᠤᠭᠰᠠᠨ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠵᠠᠮ ᠵᠶ᠋ᠠᠷ ᠲᠣᠮᠣ ᠠᠯᠬᠤᠮ ᠵᠶ᠋ᠠᠷ ᠤᠷᠤᠭᠰᠢᠯᠠᠵᠤ ᠪᠠᠶ᠋ᠢᠨ᠎ᠠ᠃ ᠲᠡᠤᠬᠡᠨ᠎ᠠᠴᠠ ᠠᠪᠴᠤ ᠬᠡᠯᠡᠪᠡᠯ᠂ ᠴᠠᠢ ᠵᠢᠨ ᠠᠷᠠᠯᠵᠢᠶᠠᠨ᠎ᠤ ᠭᠤᠷᠪᠠᠨ ᠴᠢᠬᠤᠯᠠ ᠵᠠᠮ ᠪᠣᠯᠬᠤ ᠵᠠᠩᠴᠢᠭᠦᠤ — ᠬᠦᠷᠢᠶ᠎ᠡ ᠶᠡᠬᠡ ᠵᠠᠮ᠂ ᠮᠣᠩᠭᠣᠯ᠎ᠳᠤ ᠵᠢᠭᠣᠯᠴᠢᠯᠠᠬᠣ ᠠᠷᠢᠯᠵᠢᠶ᠎ᠠ ᠬᠤᠳᠠᠯᠳᠤᠭ᠋ᠠᠨ᠎ᠤ ᠵᠠᠮ ᠪᠠ ᠳ᠋ᠠ ᠱᠧᠩ ᠺᠦᠶ ᠬᠤᠳᠠᠯᠳᠤᠭ᠋ᠠᠨ᠎ᠤ ᠵᠠᠮ᠎ᠨᠢ ᠴᠥᠮ ᠤᠯᠠᠭ᠋ᠠᠨᠴᠠᠪ᠎ᠤᠨ ᠬᠢᠯᠢ᠎ᠪᠠᠷ ᠥᠩᠭᠡᠷᠡᠳᠡᠭ᠃ ᠵᠢᠱ᠌ᠢᠶᠡᠯᠡᠪᠡᠯ ᠠᠯᠳᠠᠷᠲᠤ ᠵᠠᠩᠴᠢᠭᠦᠤ — ᠬᠦᠷᠢᠶ᠎ᠡ ᠶᠡᠬᠡ ᠵᠠᠮ᠎ᠤᠨ ᠴᠢᠬᠤᠯᠠ ᠤᠯᠠᠭ᠎ᠠ ᠥᠷᠲᠡᠭᠡ ᠵᠢᠨ ᠵᠠᠮᠪᠤ ᠰᠦᠮ᠎ᠡ᠎ᠨᠢ ᠤᠯᠠᠭ᠋ᠠᠨᠴᠠᠪ᠎ᠤᠨ ᠬᠣᠸᠠ ᠳ᠋ᠸ ᠰᠢᠶᠠᠨ᠎ᠳᠤ ᠪᠠᠢ᠌ᠳᠠᠭ᠃ ᠮᠣᠩᠭᠣᠯ᠎ᠳᠤ ᠵᠢᠭᠣᠯᠴᠢᠯᠠᠬᠣ ᠠᠷᠢᠯᠵᠢᠶ᠎ᠠ ᠬᠤᠳᠠᠯᠳᠤᠭ᠋ᠠᠨ᠎ᠤ ᠵᠠᠮ᠎ᠳᠤ ᠤᠯᠠᠭ᠋ᠠᠨᠴᠠᠪ᠎ᠤᠨ ᠴᠢᠬᠤᠯᠠ ᠥᠷᠲᠡᠭᠡ᠎ᠳᠤ ᠹᠸᠩᠵᠸᠨ ᠬᠣᠲᠠ ᠵᠢᠨ ᠯᠦᠩ ᠱᠧᠩ ᠵᠤᠸᠠᠩ ᠪᠣᠯᠤᠨ ᠴᠠᠬᠠᠷ ᠪᠠᠷᠠᠭᠤᠨ ᠭᠠᠷᠤᠨ ᠬᠣᠶ᠋ᠢᠲᠤ ᠬᠣᠰᠢᠭᠤᠨ᠎ᠤ ᠲᠡᠮᠦᠷᠲᠡᠶ᠎ᠳᠤ ᠪᠠᠢ᠌ᠳᠠᠭ᠃ ᠯᠢᠶᠠᠩᠴᠧᠩ ᠰᠢᠶᠠᠨ᠎ᠤ ᠱᠠ ᠬᠡᠤ ᠺᠸᠤ ᠪᠣᠯ ᠳ᠋ᠠ ᠱᠧᠩ ᠺᠦᠶ ᠬᠤᠳᠠᠯᠳᠤᠭ᠋ᠠᠨ᠎ᠤ ᠵᠠᠮ᠎ᠤᠨ ᠴᠢᠬᠤᠯᠠ ᠥᠷᠲᠡᠭᠡ ᠪᠣᠯᠤᠨ᠎ᠠ᠃ ᠳᠠᠷᠠᠭ᠋ᠠᠯᠠᠪᠠᠯ᠂ ᠤᠯᠠᠭ᠋ᠠᠨᠴᠠᠪ ᠬᠣᠲᠠ ᠵᠢᠨ ᠬᠢᠯᠢ ᠳᠣᠲᠣᠷ᠎ᠠ ᠶᠤᠸᠠᠨ ᠤᠯᠤᠰ᠎ᠤᠨ ᠦᠶ᠎ᠡ᠎ᠠᠴᠠ ᠴᠢᠩ ᠤᠯᠤᠰ ᠤᠨ ᠦᠶ᠎ᠡ ᠬᠦᠷᠲᠡᠯᠡᠬᠢ ᠮᠠᠰᠢ ᠪᠠᠶᠠᠯᠢᠭ ᠡᠷᠲᠡᠨ᠎ᠤ ᠵᠠᠮ᠂ ᠤᠯᠠᠭ᠎ᠠ ᠥᠷᠲᠡᠭᠡᠨ᠎ᠤ ᠪᠠᠭᠤᠷᠢ ᠨᠤᠭᠤᠳ ᠪᠣᠶ᠂ ᠡᠳᠡᠭᠡᠷ ᠪᠠᠭᠤᠷᠢ᠎ᠨᠢ ᠭᠣᠤᠯᠳᠠᠭᠤ ᠹᠸᠩᠵᠸᠨ᠂ ᠯᠢᠶᠠᠩᠴᠧᠩ᠂ ᠬᠣᠸᠠ ᠳ᠋ᠸ ᠂ ᠱᠠᠩᠳᠤ᠂ ᠬᠣᠶ᠋ᠢᠲᠤ ᠬᠣᠰᠢᠭᠤ᠂ ᠳᠣᠮᠳᠠᠳᠦ ᠬᠣᠰᠢᠭᠣ᠂ ᠳᠥᠷᠪᠡᠳ ᠬᠣᠰᠢᠭᠤ ᠵᠡᠷᠭᠡ ᠭᠠᠵᠠᠷ᠎ᠤᠳ ᠵᠶ᠋ᠠᠷ ᠲᠠᠷᠬᠠᠵᠤ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠪᠣᠳᠠᠰ᠎ᠤᠨ ᠪᠣᠰᠣ ᠰᠣᠶᠣᠯ᠎ᠤᠨ ᠥᠪ ᠵᠶ᠋ᠠᠷ ᠭᠤᠶᠤᠴᠢᠯᠠᠬᠤ ᠵᠢᠨ ᠴᠢᠬᠤᠯᠠ ᠲᠤᠯᠭ᠋ᠠᠭᠤᠷᠢ ᠪᠣᠯᠤᠨ᠎ᠠ᠃ ᠡᠭᠦᠨ᠎ᠤ ᠬᠠᠮᠲᠤ᠂ ᠴᠠᠬᠠᠷ᠎ᠤᠨ ᠬᠤᠷᠢᠮ᠎ᠤᠨ ᠶᠣᠰᠣᠯᠠᠯ᠂ ᠵᠡᠭᠦᠨ ᠵᠠᠮ᠎ᠤᠨ ᠡᠯ ᠷᠸᠨ᠎ᠲᠠᠢ᠂ ᠬᠣᠸᠠ ᠳ᠋ᠧ ᠵᠢᠨ ᠴᠠᠭ᠋ᠠᠰᠤᠨ ᠬᠠᠶ᠋ᠢᠴᠢᠯᠠᠮᠠᠯ᠂ ᠹᠸᠩᠵᠧᠨᠤ ᠯᠦᠩ ᠵᠤᠸᠠᠩ᠎ᠤᠨ ᠶᠧᠪᠡᠩ᠂ ᠵᠦᠸᠧᠽᠢ ᠱᠠᠨ᠎ᠤ ᠤᠲᠤᠮᠠᠯ ᠳᠠᠬᠢᠶ᠎ᠠ ᠵᠡᠷᠭᠡ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠠᠷᠠᠯᠵᠢᠶ᠎ᠠ᠎ᠲᠠᠢ ᠨᠢᠭᠲᠠ ᠬᠣᠯᠪᠣᠭ᠎ᠠ᠎ᠲᠠᠢ ᠠᠷᠠᠳ᠎ᠤᠨ ᠵᠠᠩ ᠵᠠᠩᠰᠢᠯ ᠪᠣᠯᠤᠨ ᠠᠷᠠᠳ᠎ᠤᠨ ᠭᠠᠷ ᠤᠷᠠᠯᠠᠯ᠎ᠤᠨ ᠰᠣᠶᠣᠯ ᠮᠠᠨ᠎ᠤ ᠬᠣᠲᠠ᠎ᠳᠤ ᠮᠠᠰᠢ ᠰᠠᠶ᠋ᠢᠨ ᠤᠯᠠᠮᠵᠢᠯᠠᠭᠳᠠᠨ ᠪᠠᠳᠠᠷᠠᠭᠤᠯᠤᠭᠳᠠᠭᠰᠠᠨ ᠶᠣᠮ᠂ ᠮᠦᠨ ᠴᠤ᠌ ᠮᠠᠨ᠎ᠤ ᠬᠣᠲᠠ ᠵᠢᠨ ᠢᠷᠡᠭᠡᠳᠦᠢ᠎ᠳᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠣᠯᠠᠨ ᠤᠯᠤᠰ ᠤᠨ ᠨᠠᠷᠠᠲᠤ ᠲᠥᠷᠥᠯ ᠲᠡᠮᠳᠡᠭᠲᠦ ᠵᠢᠭᠣᠯᠴᠢᠯᠡᠯ᠎ᠢ ᠪᠠᠢ᠌ᠭᠣᠯᠬᠣ ᠵᠢᠨ ᠭᠦᠨ ᠵᠣᠵᠠᠭ᠋ᠠᠨ ᠡᠬᠢ ᠪᠠᠶᠠᠯᠢᠭ ᠪᠣᠯᠤᠨ᠎ᠠ᠃ ᠡᠷᠬᠢᠯᠡᠭᠰᠡᠨ ᠭᠠᠵᠠᠷ᠎ᠤᠨ ᠵᠶ᠋ᠠᠨ ᠣᠨᠴᠠᠯᠢᠭ᠎ᠢ ᠲᠣᠪᠣᠢ᠌ᠯᠭ᠋ᠠᠬᠣ ᠵᠢᠨ ᠲᠥᠯᠥᠭᠡ ᠲᠣᠰ ᠤᠳᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ ᠳᠡᠭᠡᠷ᠎ᠡ ᠮᠠᠨ᠎ᠤ ᠬᠣᠲᠠ ᠵᠢᠨ ᠲᠥᠯᠥᠭᠡᠯᠡᠬᠦ ᠴᠢᠨᠠᠷᠲᠠᠶ ᠰᠣᠶᠣᠯ ᠵᠢᠭᠣᠯᠴᠢᠯᠡᠯ᠎ᠤᠨ ᠡᠬᠢ ᠪᠠᠶᠠᠯᠢᠭ ᠪᠣᠯᠤᠨ ᠪᠦᠲᠦᠭᠡᠭᠳᠡᠬᠦᠨ ᠵᠶ᠋ᠠᠨ ᠳᠡᠯᠭᠡᠨ ᠦᠵᠡᠭᠦᠯᠬᠦ ᠪᠣᠯᠤᠨ᠎ᠠ᠃
ᠣᠳᠣᠬᠠᠨ᠎ᠳᠤ᠂ ᠮᠠᠨ᠎ᠤ ᠬᠣᠲᠠ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠤᠯᠤᠰ᠂ ᠭᠠᠵᠠᠷ ᠣᠷᠣᠨ᠎ᠤ ᠠᠵᠤ ᠠᠬᠤᠶ ᠠᠷᠠᠯᠵᠢᠶ᠎ᠠ ᠪᠣᠯᠤᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠡᠷᠭᠡ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠦᠭᠰᠠᠨ ᠰᠠᠭᠤᠷᠢᠨ ᠳᠡᠭᠡᠷ᠎ᠡ᠂ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠦᠵᠡᠮᠵᠢ ᠵᠢᠨ ᠣᠷᠣᠨ᠎ᠲᠠᠢ ᠬᠠᠷᠢᠯᠴᠠᠭ᠎ᠠ ᠬᠣᠯᠪᠣᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠣᠯᠠᠨ ᠵᠶ᠋ᠠᠷ ᠵᠶ᠋ᠠᠨ ᠭᠠᠷ ᠬᠣᠯᠪᠣᠯᠴᠠᠨ ᠴᠠᠢ ᠵᠢᠨ ᠵᠢᠭᠣᠯᠴᠢᠯᠡᠯ᠎ᠤᠨ ᠠᠭᠤᠰᠤᠯᠴᠠᠭᠰᠠᠨ ᠤᠨᠴᠠᠯᠢᠬᠳᠤ ᠵᠢᠭᠣᠯᠴᠢᠯᠡᠯ᠎ᠤᠨ ᠰᠣᠶᠣᠯ᠎ᠢ ᠬᠥᠭᠵᠢᠭᠦᠯᠵᠦ᠂ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠣᠯᠴᠢᠯᠡᠯ᠎ᠤᠨ ᠨᠠᠷᠠᠲᠤ ᠲᠡᠮᠳᠡᠭ᠎ᠢ ᠬᠠᠮᠲᠤ᠎ᠪᠠᠷ ᠴᠣᠭᠴᠠᠯᠠᠪᠠ᠃ ᠡᠯ᠎ᠡ ᠲᠥᠷᠥᠯ᠎ᠤᠨ ᠦᠵᠡᠰᠬᠦᠯᠡᠩ᠎ᠤᠨ ᠴᠤᠭᠯᠠᠭ᠋ᠠᠨ᠂ ᠲᠠᠨᠢᠯᠴᠠᠭᠤᠯᠭ᠎ᠠ ᠵᠢᠨ ᠬᠤᠷᠠᠯ ᠵᠡᠷᠭᠡ ᠵᠢ ᠡᠷᠬᠢᠯᠡᠬᠦ ᠪᠠ ᠣᠷᠣᠯᠴᠠᠬᠤ᠎ᠪᠠᠷ ᠳᠠᠮᠵᠢᠨ᠂ ᠮᠠᠨ᠎ᠤ ᠬᠣᠲᠠ ᠪᠣᠯᠤᠨ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠤᠯᠤᠰ ᠪᠣᠯᠤᠨ ᠭᠠᠵᠠᠷ ᠣᠷᠣᠨ᠎ᠤ ᠬᠠᠷᠢᠯᠴᠠᠭ᠎ᠠ ᠤᠯᠠᠮ᠎ᠠᠴᠠ ᠤᠯᠠᠮ ᠨᠢᠭᠲᠠ ᠪᠣᠯᠪᠠ; ᠡᠭᠦᠨ᠎ᠤ ᠬᠠᠮᠲᠤ ᠤᠢ᠌ᠷ᠎ᠡ ᠵᠢᠨ ᠵᠢᠯ᠎ᠤᠳ᠎ᠲᠤ ᠮᠠᠨ᠎ᠤ ᠬᠣᠲᠠ ᠪᠠᠰᠠ ᠳᠤᠮᠳᠠᠳᠤ ᠤᠯᠤᠰ᠎ᠤᠨ ᠰᠢᠨ᠎ᠡ ᠶᠠ ᠪᠦᠦ ᠯᠦ᠍ ᠬᠤᠳᠠᠯᠳᠤᠭ᠋ᠠᠨ᠎ᠤ ᠬᠣᠲᠠ ᠵᠢ ᠪᠠᠶ᠋ᠢᠭᠤᠯᠵᠤ᠂ ᠡᠨᠡ ᠵᠢᠯ᠎ᠢ ᠪᠠᠭᠲᠠᠭ᠋ᠠᠨ ᠦᠷᠭᠦᠵᠢᠯᠡᠭᠰᠡᠨ ᠭᠤᠷᠪᠠᠨ ᠬᠣᠭᠣᠴᠠᠭ᠋ᠠᠨ᠎ᠤ ᠳᠣᠮᠳᠠᠳᠦ ᠣᠷᠣᠰ ᠮᠣᠩᠭᠣᠯ᠎ᠤᠨ ᠠᠮᠲᠠᠲᠤ ᠢᠳᠡᠭᠡᠨ᠎ᠤ ᠰᠣᠶᠣᠯ᠎ᠤᠨ ᠨᠠᠶ᠋ᠢᠷ᠎ᠢ ᠡᠷᠬᠢᠯᠡᠬᠦ ᠪᠣᠯᠤᠨ᠎ᠠ; ᠮᠠᠨ᠎ᠤ ᠬᠣᠲᠠ ᠶᠠᠭ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠦᠵᠡᠰᠬᠦᠯᠡᠩ᠎ᠤᠨ ᠴᠤᠭᠯᠠᠭ᠋ᠠᠨ ᠵᠡᠷᠭᠡ ᠡᠯ᠎ᠡ ᠵᠦᠢ᠍ᠯ᠎ᠤᠨ ᠭᠠᠳᠠᠭ᠋ᠠᠳᠤ ᠰᠣᠯᠢᠯᠴᠠᠭ᠋ᠠᠨ᠎ᠤ ᠴᠢᠬᠤᠯᠠ ᠲᠠᠪᠴᠠᠩ ᠢ ᠠᠰᠢᠭᠯᠠᠨ᠂ ᠥᠪᠥᠷ ᠮᠣᠩᠭᠣᠯ᠎ᠤᠨ ᠣᠯᠠᠨ ᠤᠯᠤᠰ ᠤᠨ ᠵᠢᠭᠤᠯᠴᠢᠯᠡᠯ᠎ᠤᠨ ᠦᠢ᠍ᠯᠡᠴᠢᠯᠡᠭᠡᠨ᠎ᠤ ᠲᠥᠪ ᠪᠠ ᠣᠯᠠᠨ ᠤᠯᠤᠰ ᠤᠨ ᠵᠢᠭᠣᠯᠴᠢᠯᠡᠯ᠎ᠤᠨ ᠡᠷᠭᠢᠯᠲᠡ ᠵᠢᠨ ᠥᠷᠲᠡᠭᠡ ᠵᠢ ᠪᠠᠢ᠌ᠭᠣᠯᠵᠣ᠂ ᠤᠯᠠᠭ᠋ᠠᠨᠴᠠᠪ᠎ᠤᠨ ᠰᠣᠶᠣᠯ ᠵᠢᠭᠣᠯᠴᠢᠯᠡᠯ᠎ᠤᠨ ᠦᠢ᠍ᠯᠡᠰ᠎ᠤᠨ ᠭᠠᠳᠠᠭ᠋ᠠᠳᠤ ᠨᠡᠭᠡᠭᠡᠯᠲᠡ ᠵᠢᠨ ᠬᠥᠭᠵᠢᠯᠲᠡ ᠵᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ᠃ ᠶᠡᠷᠦᠩᠬᠡᠶ᠋ᠢᠯᠡᠪᠡᠯ᠂ ᠲᠡᠤᠬᠡ ᠵᠢᠨ ᠠᠴᠢ ᠬᠣᠯᠪᠣᠭᠳᠠᠯ ᠪᠠ ᠶᠡᠬᠡ ᠲᠠᠯ᠎ᠠ᠎ᠠᠴᠠ ᠠᠪᠴᠤ ᠬᠡᠯᠡᠪᠡᠯ᠂ ᠤᠯᠠᠭ᠋ᠠᠨᠴᠠᠪ ᠪᠣᠯ ᠡᠢ᠌ᠮᠣᠷᠬᠦᠤ ᠴᠢᠬᠤᠯᠠ ᠠᠵᠢᠯᠯᠠᠭ᠎ᠠ ᠵᠢ ᠳᠠᠭ᠋ᠠᠭ᠋ᠠᠨ ᠡᠷᠬᠢᠯᠡᠬᠦ᠎ᠳᠤ ᠨᠡᠯᠢᠶᠡᠳ ᠲᠣᠬᠢᠷᠡᠮᠵᠢᠲᠡᠢ ᠭᠠᠵᠠᠷ ᠣᠷᠣᠨ ᠮᠥᠨ᠂ ᠬᠠᠷᠢᠨ ᠶᠠᠭ ᠰᠠᠢ᠌ᠬᠠᠨ ᠴᠡᠴᠡᠭᠯᠡᠨ ᠬᠦᠭᠵᠢᠭᠦᠢ ᠤᠯᠠᠭ᠋ᠠᠨᠴᠠᠪ ᠬᠣᠲᠠ᠎ᠳᠤ ᠡᠢ᠌ᠮᠣᠷᠬᠦᠤ ᠣᠯᠠᠨ ᠤᠯᠤᠰᠴᠢᠯᠠᠭᠰᠠᠨ ᠲᠠᠪᠴᠠᠩ᠎ᠤᠨ ᠳᠡᠮᠵᠢᠯᠭᠡ ᠲᠤᠯᠭ᠋ᠠᠮ ᠱᠠᠭ᠋ᠠᠷᠳᠠᠭᠳᠠᠵᠣ ᠪᠠᠢ᠌ᠬᠣ ᠪᠥᠭᠡᠳ ᠪᠠᠰᠠ ᠡᠨᠡ ᠬᠦ᠌ ᠲᠠᠪᠴᠠᠩ ᠢ ᠬᠤᠪᠢ ᠳᠠᠬᠢᠨ ᠨᠠᠨᠳᠢᠩᠨᠠᠬᠤ ᠴᠢᠬᠤᠯᠠᠲᠠᠶ ᠪᠠᠶ᠋ᠢᠨ᠎ᠠ᠃ ᠲᠣᠰ ᠤᠳᠠᠭ᠋ᠠᠨ᠎ᠤ ᠠᠵᠢᠯᠯᠠᠭ᠎ᠠ ᠵᠢ ᠳᠠᠭ᠋ᠠᠭ᠋ᠠᠨ ᠡᠷᠬᠢᠯᠡᠬᠦ᠎ᠪᠠᠷ ᠳᠠᠮᠵᠢᠨ᠂ ᠤᠯᠠᠭ᠋ᠠᠨᠴᠠᠪ ᠬᠣᠲᠠ ᠵᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ᠎ᠢ ᠥᠷᠭᠡᠳᠬᠡᠪᠡ; ᠡᠭᠦᠨ᠎ᠤ ᠬᠠᠮᠲᠤ᠂ ᠮᠠᠨ᠎ᠤ ᠬᠣᠲᠠ ᠵᠢᠨ ᠰᠣᠶᠣᠯ ᠵᠢᠭᠣᠯᠴᠢᠯᠡᠯ᠎ᠤᠨ ᠠᠵᠤ ᠦᠢ᠍ᠯᠡᠰ᠎ᠢ ᠳᠠᠢ᠌ᠴᠢᠯᠠᠨ ᠨᠠᠪᠴᠢᠭᠦᠯᠬᠦ ᠪᠣᠯᠤᠨ᠎ᠠ᠃ ᠤᠯᠤᠰ ᠤᠨ ᠰᠣᠶᠣᠯ ᠵᠢᠭᠣᠯᠴᠢᠯᠡᠯ᠎ᠤᠨ ᠭᠦᠨᠵᠡᠭᠡᠶ ᠠᠭᠤᠰᠤᠯᠴᠠᠬᠤ ᠶᠡᠬᠡ ᠬᠠᠨᠳᠤᠰᠢ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠡ ᠵᠢᠭᠣᠯᠴᠢᠯᠡᠯ᠎ᠤᠨ ᠲᠢᠩᠬᠢᠮ᠎ᠤᠨ ᠬᠦᠴᠤᠲᠡᠢ ᠳᠡᠮᠵᠢᠯᠭᠡ᠂ ᠤᠯᠠᠭ᠋ᠠᠨᠴᠠᠪ ᠬᠣᠲᠠ ᠵᠢᠨ ᠦᠨᠢᠷ ᠵᠣᠵᠠᠭ᠋ᠠᠨ ᠡᠬᠢ ᠪᠠᠶᠠᠯᠢᠭ ᠪᠠ ᠥᠷᠭᠡᠨ ᠠᠭᠤᠳᠠᠮ ᠨᠤᠲᠤᠭ ᠳᠡᠪᠢᠰᠬᠡᠷ ᠪᠠᠢ᠌ᠭ᠎ᠠ ᠪᠣᠯᠬᠣᠷ ᠂ ᠤᠯᠠᠭ᠋ᠠᠨᠴᠠᠪ ᠬᠣᠲᠠ᠎ᠪᠠᠷ ᠲᠥᠯᠥᠭᠡᠯᠡᠭᠦᠯᠦᠭᠰᠡᠨ ᠪᠦᠬᠦ ᠣᠷᠣᠨ᠎ᠤ ᠰᠣᠶᠣᠯ ᠵᠢᠭᠣᠯᠴᠢᠯᠡᠯ᠎ᠤᠨ ᠠᠵᠤ ᠦᠢ᠍ᠯᠡᠰ ᠯᠠᠪᠲᠠᠶ ᠭᠣᠢ᠌ᠳᠠ ᠰᠠᠢ᠌ᠬᠠᠨ ᠴᠡᠴᠡᠭ ᠳᠡᠯᠭᠡᠷᠡᠵᠦ᠂ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠡᠯᠪᠡᠭ ᠪᠠᠶᠠᠯᠢᠭ ᠦᠷ᠎ᠡ ᠪᠦᠲᠦᠭᠡᠯ᠎ᠢ ᠣᠯᠬᠤ ᠳᠤ ᠪᠢᠳᠡ ᠢᠲᠡᠭᠡᠵᠦ ᠪᠠᠶ᠋ᠢᠨ᠎ᠠ᠃
ᠲᠣᠰ ᠤᠳᠠᠭ᠋ᠠᠨ᠎ᠤ ᠠᠵᠢᠯᠯᠠᠭ᠎ᠠ᠎ᠳᠤ᠂ ᠤᠯᠠᠭ᠋ᠠᠨᠴᠠᠪ ᠬᠣᠲᠠ ᠭᠣᠤᠯᠳᠠᠭᠤ ᠳᠤᠮᠳᠠᠳᠤ ᠮᠣᠩᠭᠣᠯ ᠣᠷᠣᠰ᠎ᠤᠨ ᠣᠯᠠᠨ ᠤᠯᠤᠰ᠎ᠤᠨ ᠮᠠᠰᠢᠨ ᠲᠡᠷᠭᠡᠨ᠎ᠤ ᠪᠣᠣᠭᠢᠶ᠎ᠠ ᠤᠷᠤᠯᠳᠤᠭ᠋ᠠᠨ᠎ᠤ ᠠᠮᠣᠷ ᠲᠦᠪᠰᠢᠨ᠎ᠤ ᠬᠠᠮᠠᠭ᠋ᠠᠯᠠᠯᠲᠠ ᠵᠢᠨ ᠢᠵᠢ ᠪᠦᠷᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠠᠵᠢᠯ ᠵᠢᠴᠢ ᠬᠤᠷᠠᠯ᠎ᠤᠨ ᠶᠠᠪᠤᠳᠠᠯ᠂ ᠬᠦᠯᠢᠶᠡᠨ ᠠᠪᠬᠤ᠂ ᠰᠢᠨᠵᠢᠯᠡᠨ ᠪᠠᠶ᠋ᠢᠴᠠᠭ᠋ᠠᠬᠤ᠂ ᠤᠬᠠᠭᠤᠯᠬᠤ ᠵᠡᠷᠭᠡ ᠵᠢ ᠵᠣᠯᠭ᠋ᠠᠯᠳᠤᠭᠤᠯᠤᠨ ᠬᠠᠮᠵᠢᠯᠴᠠᠬᠤ ᠡᠭᠦᠷᠭᠡ ᠵᠢ ᠡᠭᠦᠷᠭᠡᠯᠡᠨ᠎ᠡ᠃ ᠮᠠᠨ᠎ᠤ ᠬᠣᠲᠠ ᠲᠣᠰ ᠤᠳᠠᠭ᠋ᠠᠨ᠎ᠤ ᠠᠵᠢᠯᠯᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠣᠤᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠮᠠᠩᠯᠠᠶ᠋ᠢᠯᠠᠵᠤ᠂ ᠣᠯᠠᠨ ᠤᠳᠠᠭ᠎ᠠ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠭᠰᠡᠨ ᠪᠥᠭᠡᠳ ᠡᠯ᠎ᠡ ᠬᠠᠮᠢᠶ᠎ᠠ ᠪᠦᠬᠦᠢ ᠬᠣᠲᠠ ᠵᠢᠨ ᠤᠳᠤᠷᠢᠳᠤᠯᠭ᠎ᠠ᠎ᠪᠠᠷ ᠲᠦᠷᠦᠭᠦᠯᠡᠭᠦᠯᠦᠭᠰᠡᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠠᠵᠢᠯᠲᠠᠨ ᠵᠶ᠋ᠠᠷ ᠪᠦᠷᠢᠯᠳᠦᠭᠰᠡᠨ ᠶᠡᠷᠦᠩᠬᠡᠶ᠋ᠢᠯᠡᠨ ᠨᠢᠭᠡᠳᠦᠯᠲᠡᠶ ᠲᠥᠯᠥᠪᠯᠡᠬᠦ ᠳᠤᠭᠤᠶ᠋ᠢᠯᠠᠩ᠂ ᠬᠤᠷᠠᠯ᠎ᠤᠨ ᠶᠠᠪᠤᠳᠠᠯ᠎ᠤᠨ ᠶᠠᠷᠢᠶᠠᠨ᠎ᠤ ᠲᠠᠪᠴᠠᠩ᠎ᠤᠨ ᠳᠤᠭᠤᠶ᠋ᠢᠯᠠᠩ᠂ 《ᠥᠪᠥᠷ ᠮᠣᠩᠭᠣᠯ᠎ᠤᠨ ᠦᠨᠦᠷ ᠠᠮᠲᠠᠳᠦ》 ᠪᠦᠳᠦᠭᠡᠭᠳᠡᠭᠦᠨ᠎ᠤ ᠶᠠᠰᠤ ᠴᠢᠨᠠᠷ᠎ᠤᠨ ᠬᠢᠨᠠᠨ ᠰᠢᠯᠭ᠋ᠠᠬᠣ ᠳᠤᠭᠤᠶ᠋ᠢᠯᠠᠩ᠂ ᠦᠵᠡᠰᠬᠦᠯᠡᠩ᠎ᠤᠨ ᠳᠤᠭᠤᠶ᠋ᠢᠯᠠᠩ᠂ ᠳᠤᠮᠳᠠᠳᠤ ᠮᠣᠩᠭᠣᠯ ᠣᠷᠣᠰ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠠᠵᠢᠯᠯᠠᠭ᠎ᠠ ᠵᠢᠨ ᠳᠤᠭᠤᠶ᠋ᠢᠯᠠᠩ ᠵᠡᠷᠭᠡ 11 ᠲᠤᠰᠬᠠᠶ ᠠᠵᠢᠯ᠎ᠤᠨ ᠳᠣᠭᠣᠢ᠌ᠯᠠᠩᠢ ᠪᠠᠶ᠋ᠢᠭᠤᠯᠵᠤ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠪᠡ; ᠲᠡᠷᠡᠴᠢᠯᠡᠨ ᠠᠵᠢᠯᠯᠠᠭ᠎ᠠ ᠵᠢ ᠳᠠᠭ᠋ᠠᠭ᠋ᠠᠨ ᠭᠦᠢ᠍ᠴᠡᠳᠭᠡᠬᠦ ᠲᠠᠯ᠎ᠠ ᠵᠢᠨ ᠳᠤᠮᠳᠠᠳᠤ ᠤᠯᠤᠰ ᠤᠨ ᠵᠠᠯᠠᠭᠤᠴᠤᠳ᠎ᠤᠨ ᠠᠶᠠᠯᠠᠯ ᠵᠢᠭᠣᠯᠴᠢᠯᠡᠯ᠎ᠤᠨ ᠬᠣᠯᠪᠣᠭ᠋ᠠᠲᠤ ᠰᠠᠯᠠᠭ᠋ᠠᠨ᠎ᠤ ᠺᠣᠮᠫᠠᠨᠢ᠎ᠲᠠᠢ ᠥᠨᠳᠥᠷ ᠦᠷ᠎ᠡ ᠪᠦᠲᠦᠮᠵᠢᠲᠡᠶ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠪᠠ᠃ ᠣᠳᠣᠬᠠᠨ᠎ᠳᠤ ᠡᠯ᠎ᠡ ᠬᠣᠯᠪᠣᠭᠳᠠᠯ ᠪᠦᠬᠦᠢ ᠠᠵᠢᠯᠯᠠᠬᠤ ᠳᠤᠭᠤᠶ᠋ᠢᠯᠠᠩ ᠶᠠᠭ ᠪᠥᠬᠥ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠪᠠᠴᠢᠮ ᠶᠠᠭ᠋ᠠᠷᠠᠯᠲᠠᠶ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠰᠢᠭᠤᠳ ᠵᠢᠯᠣᠭᠣᠳᠣᠯᠭ᠎ᠠ ᠳᠣᠤᠷ᠎ᠠ᠂ ᠤᠯᠠᠭ᠋ᠠᠨᠴᠠᠪ ᠬᠣᠲᠠ ᠲᠣᠰ ᠤᠳᠠᠭ᠋ᠠᠨ᠎ᠤ ᠠᠵᠢᠯᠯᠠᠭ᠎ᠠ ᠵᠢ ᠳᠠᠭ᠋ᠠᠭ᠋ᠠᠨ ᠭᠦᠢ᠍ᠴᠡᠳᠭᠡᠵᠣ ᠬᠠᠮᠵᠢᠯᠴᠠᠨ ᠬᠢᠬᠦ ᠡᠷᠡᠰ ᠵᠣᠷᠢᠭᠲᠠᠢ᠂ ᠨᠥᠬᠥᠴᠡᠯ᠎ᠲᠠᠢ᠂ ᠴᠢᠳᠠᠪᠤᠷᠢ᠎ᠲᠠᠢ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠬᠦ ᠳᠤ ᠬᠦᠴᠤᠨ ᠴᠢᠳᠠᠯ ᠵᠶ᠋ᠠᠨ ᠡᠷᠭᠦᠨ᠎ᠡ᠃
ᠤᠷᠤᠨ ᠪᠦᠰᠡ ᠵᠢᠨ ᠳᠠᠪᠠᠭᠣᠯᠢᠭ ᠂ ᠳᠥᠭᠥᠮ ᠳᠥᠲᠡ ᠵᠠᠮ ᠬᠠᠷᠢᠯᠴᠠᠭ᠎ᠠ᠂ ᠰᠡᠷᠢᠭᠦᠨ ᠲᠠᠭ᠋ᠠᠯᠠᠮᠵᠢᠳᠡᠢ ᠴᠠᠭ ᠣᠯᠠᠷᠢᠯ᠂ ᠰᠢᠨ᠎ᠡ ᠰᠣᠷᠭᠣᠭ ᠠᠭ᠋ᠠᠷ ᠠᠮᠢᠰᠬᠤᠯ᠂ ᠦᠵᠡᠰᠬᠦᠯᠡᠩᠲᠦ ᠰᠠᠶ᠋ᠢᠬᠠᠨ ᠲᠠᠯ᠎ᠠ ᠨᠤᠲᠤᠭ᠂ ᠥᠨᠢᠷ ᠥᠳᠬᠡᠨ ᠠᠷᠠᠳ᠎ᠤᠨ ᠵᠠᠩ ᠵᠠᠩᠰᠢᠯ᠂ ᠣᠷᠭ᠋ᠠᠨᠢᠭ ᠲᠡᠵᠢᠭᠡᠯᠲᠦ ᠣᠷᠣᠨ ᠨᠤᠲᠤᠭ᠎ᠤᠨ ᠠᠮᠲᠠᠲᠤ ᠢᠳᠡᠭᠡᠨ᠂ ᠴᠠᠭ᠎ᠤᠨ ᠥᠩᠭᠡ ᠵᠢ ᠳᠠᠭ᠋ᠠᠵᠣ ᠴᠢᠳᠠᠬᠣᠢ᠌ᠴᠠ ᠠᠰᠢᠭ ᠣᠯᠵᠠᠪᠣᠷᠢ᠎ᠲᠠᠢ ᠣᠨᠴᠠᠯᠢᠭᠲᠤ ᠠᠷᠠᠰᠤ ᠰᠢᠷᠢ ᠵᠢᠨ ᠪᠦᠳᠦᠭᠡᠭᠳᠡᠭᠦᠨ ᠵᠡᠷᠭᠡ᠎ᠨᠢ ᠴᠥᠮ ᠡᠯ᠎ᠡ ᠭᠠᠵᠠᠷ᠎ᠤᠨ ᠨᠠᠶ᠋ᠢᠵᠠ ᠨᠠᠷ᠎ᠢ ᠤᠯᠠᠭ᠋ᠠᠨᠴᠠᠪ᠎ᠲᠤ ᠤᠷᠢᠵᠤ ᠠᠪᠴᠢᠷᠠᠬᠤ ᠵᠢᠨ ᠰᠢᠯᠲᠠᠭ᠋ᠠᠨ ᠪᠣᠯᠤᠨ᠎ᠠ; ᠪᠡᠭᠡᠵᠢᠩ ᠬᠣᠲᠠ᠎ᠠᠴᠠ ᠪᠠᠷᠠᠭᠤᠨᠰᠢ ᠨᠢᠭᠡ ᠯᠡ ᠠᠯᠬᠣᠪᠠᠯ ᠳᠠᠷᠤᠶ ᠠᠮᠢ ᠠᠬᠤᠢ ᠵᠢᠨ ᠲᠠᠯ᠎ᠠ ᠨᠤᠲᠤᠭ᠂ ᠵᠤᠰᠠᠯᠠᠩ᠎ᠤᠨ ᠬᠣᠲᠠ ᠤᠯᠠᠭ᠋ᠠᠨᠴᠠᠪ ᠪᠣᠯᠤᠨ᠎ᠠ! ᠬᠤᠷᠠᠯ᠎ᠤᠨ ᠡᠮᠦᠨ᠎ᠡ ᠴᠣ᠌ ᠪᠠᠢ᠌ᠭ᠂ ᠬᠤᠷᠠᠯ᠎ᠤᠨ ᠳᠤᠮᠳᠠ ᠴᠤ᠌ ᠪᠠᠢ᠌ᠭ᠂ ᠬᠣᠷᠠᠯ᠎ᠤᠨ ᠳᠠᠷᠠᠭ᠎ᠠ ᠴᠤ᠌ ᠭᠡᠰᠡᠨ ᠥᠬᠡᠶ᠂ ᠵᠠᠭᠤᠴᠢᠯᠠᠭᠤᠷ᠎ᠤᠨ ᠨᠠᠶ᠋ᠢᠵᠠ ᠨᠠᠷ ᠮᠠᠨᠢ ᠬᠦᠷᠦᠯᠴᠡᠨ ᠢᠷᠡᠵᠦ ᠮᠡᠳᠡᠭᠡᠯᠡᠨ ᠤᠬᠠᠭᠤᠯᠵᠤ᠂ ᠵᠢᠭᠣᠯᠴᠢᠯᠡᠨ ᠰᠠᠭ᠋ᠠᠲᠠᠬᠣ ᠵᠢ ᠮᠠᠨ᠎ᠤ ᠤᠯᠠᠭ᠋ᠠᠨᠴᠠᠪ ᠬᠣᠲᠠ ᠵᠢᠨ᠎ᠬᠢᠨ ᠪᠠᠶᠠᠷᠯᠠᠨ ᠤᠭᠲᠤᠨ᠎ᠠ!
ᠲᠣᠰ ᠤᠳᠠᠭ᠋ᠠᠨ᠎ᠤ ᠠᠵᠢᠯᠯᠠᠭ᠎ᠠ ᠵᠢᠨ ᠲᠡᠭᠦᠰ ᠠᠮᠵᠢᠯᠲᠠ ᠣᠯᠬᠤ ᠵᠢ ᠵᠥᠩᠨᠡᠶ᠎ᠡ! ᠣᠯᠠᠨ᠎ᠳᠤ ᠲᠠᠯᠠᠷᠬᠠᠯ᠎ᠠ᠃
《ᠲᠦᠮᠡᠨ ᠭᠠᠵᠠᠷ᠎ᠤᠨ ᠴᠠᠢ ᠵᠢᠨ ᠵᠠᠮ》 ᠰᠣᠶᠣᠯ ᠵᠢᠭᠤᠯᠴᠢᠯᠠᠯ᠎ᠤᠨ ᠦᠵᠡᠰᠬᠦᠯᠡᠩ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠹᠧᠩ ᠬᠤᠸᠠᠩ ᠰᠦᠯᠵᠢᠶᠡᠨ᠎ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶ᠋ᠢᠨ ᠪᠠᠶ᠋ᠢᠵᠠᠭ᠋ᠠᠨ᠎ᠠ ᠤᠤ ? ᠲᠣᠰ ᠤᠳᠠᠭ᠋ᠠᠨ᠎ᠤ 《ᠲᠦᠮᠡᠨ ᠭᠠᠵᠠᠷ᠎ᠤᠨ ᠴᠠᠢ ᠵᠢᠨ ᠵᠠᠮ》 ᠵᠢᠭᠤᠯᠴᠢᠯᠠᠯ᠎ᠤᠨ ᠦᠵᠡᠰᠬᠦᠯᠡᠩ ᠤᠨ ᠴᠣᠭᠯᠠᠭ᠋ᠠᠨ᠎ᠳᠤ ᠬᠣᠲᠠ ᠵᠢᠨ ᠠᠷᠠᠳ ᠬᠡᠷᠬᠢᠨ ᠣᠷᠣᠯᠴᠠᠬᠣ ᠪᠣᠢ?
ᠸᠧᠶ ᡁᠢ ᠭᠦᠸᠧ᠄ ᠲᠣᠰ ᠬᠤᠭᠤᠴᠠᠭ᠋ᠠᠨ᠎ᠤ ᠦᠵᠡᠰᠬᠦᠯᠡᠩ᠎ᠤᠨ ᠴᠤᠭᠯᠠᠭ᠋ᠠᠨ 5 ᠡᠳᠦᠷ ᠶᠠᠪᠤᠭᠳᠠᠨ᠎ᠠ᠂ ᠪᠦᠭᠦᠳᠡ ᠰᠦᠢ᠍ᠳᠭᠡᠯ ᠬᠤᠷᠢᠶᠠᠬᠤ ᠦᠭᠡᠢ᠎ᠪᠠᠷ ᠣᠯᠠᠨ ᠨᠡᠶ᠋ᠢᠲᠡ᠎ᠳᠤ ᠨᠡᠭᠡᠭᠡᠵᠦ᠂ ᠬᠣᠲᠠ ᠵᠢᠨ ᠠᠷᠠᠳ ᠮᠠᠨ᠎ᠤ ᠠᠯᠪᠠᠨ ᠰᠦᠯᠵᠢᠶ᠎ᠡ — ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠠᠯᠪᠠᠨ ᠸᠢᠴᠠᠲ — ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠮᠡᠳᠡᠭᠡ ᠵᠠᠩᠭᠢ ᠳᠡᠭᠡᠷ᠎ᠡ ᠨᠡᠶ᠋ᠢᠲᠡᠯᠡᠭᠰᠡᠨ ᠮᠡᠳᠡᠭᠡ ᠵᠢ ᠦᠨᠳᠦᠰᠦᠯᠡᠨ᠂ ᠦᠵᠡᠰᠬᠦᠯᠡᠩ᠎ᠤᠨ ᠴᠤᠭᠯᠠᠭ᠋ᠠᠨ᠎ᠳᠤ ᠲᠥᠯᠥᠪᠯᠡᠭᠡ᠎ᠲᠠᠢ᠎ᠪᠠᠷ ᠣᠷᠣᠯᠴᠠᠵᠤ ᠪᠣᠯᠤᠨ᠎ᠠ᠃
ᠤᠯᠠᠭ᠋ᠠᠨᠴᠠᠪ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠤᠳᠤᠷᠢᠳᠤᠯᠭ᠎ᠠ ᠨᠠᠷ ᠰᠠᠶ᠋ᠢᠨ ᠪᠠᠶ᠋ᠢᠵᠠᠭ᠋ᠠᠨ᠎ᠠ ᠤᠤ ? 《ᠲᠦᠮᠡᠨ ᠭᠠᠵᠠᠷ᠎ᠤᠨ ᠴᠠᠢ ᠵᠢᠨ ᠵᠠᠮ》᠎ᠤᠨ ᠵᠢᠭᠤᠯᠴᠢᠯᠠᠯ᠎ᠤᠨ ᠦᠵᠡᠰᠬᠦᠯᠡᠩ᠎ᠤᠨ ᠴᠤᠭᠯᠠᠭ᠋ᠠᠨ᠎ᠤ ᠬᠡᠪᠴᠢᠶ᠎ᠡ ᠪᠣᠯᠤᠨ ᠪᠡᠯᠡᠳᠬᠡᠯ᠎ᠤᠨ ᠪᠠᠢ᠌ᠳᠠᠯ ᠶᠠᠮᠠᠷ ᠵᠡᠷᠭᠡ ᠪᠠᠢ᠌ᠨ᠎ᠠ ᠪᠣᠶ?
ᠢᠤᠢ ᡁᠢ ᠭᠦᠸᠧ᠄ ᠲᠣᠰ ᠬᠤᠭᠤᠴᠠᠭ᠋ᠠᠨ᠎ᠤ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠰᠣᠶᠣᠯ ᠵᠢᠭᠤᠯᠴᠢᠯᠠᠯ᠎ᠤᠨ ᠦᠵᠡᠰᠬᠦᠯᠡᠩ ᠤᠨ ᠴᠤᠭᠯᠠᠭ᠋ᠠᠨ᠎ᠢ ᠲᠦᠷᠪᠡᠳᠦᠭᠡᠷ ᠣᠳᠠᠭ᠋ᠠᠨ᠎ᠤ ᠳᠣᠮᠳᠠᠳᠦ ᠣᠷᠣᠰ ᠮᠤᠩᠭᠤᠯ ᠭᠣᠷᠪᠠᠨ ᠣᠯᠣᠰ᠎ᠤᠨ ᠵᠢᠭᠤᠯᠴᠢᠯᠠᠯ᠎ᠤᠨ ᠶᠠᠮᠤᠨ᠎ᠤ ᠰᠠᠶ᠋ᠢᠳ ᠨᠠᠷ᠎ᠤᠨ ᠬᠣᠷᠠᠯ᠎ᠲᠠᠢ ᠵᠡᠷᠭᠡ᠎ᠪᠠᠷ ᠡᠷᠬᠢᠯᠡᠵᠦ᠂ ᠰᠠᠢ᠌ᠳ ᠨᠠᠷ᠎ᠤᠨ ᠬᠤᠷᠠᠯ᠎ᠤᠨ ᠬᠤᠭᠤᠴᠠᠭ᠋ᠠᠨ᠎ᠳᠤ ᠢᠵᠢ ᠪᠦᠷᠢᠳᠦᠭᠦᠯᠦᠨ ᠡᠷᠬᠢᠯᠡᠭᠰᠡᠨ ᠨᠢᠭᠡ ᠵᠦᠢ᠍ᠯ᠎ᠤᠨ ᠠᠵᠢᠯᠯᠠᠭ᠎ᠠ ᠪᠣᠯᠤᠨ᠎ᠠ᠃ ᠲᠣᠰ ᠤᠳᠠᠭ᠋ᠠᠨ᠎ᠤ ᠦᠵᠡᠰᠬᠦᠯᠡᠩ ᠤᠨ ᠴᠤᠭᠯᠠᠭ᠋ᠠᠨ᠎ᠢ ᠡᠷᠬᠢᠯᠡᠭᠰᠡᠨ᠎ᠨᠢ ᠮᠦᠨ ᠴᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠣᠯᠴᠢᠯᠡᠯ᠎ᠤᠨ ᠠᠭᠤᠰᠤᠯᠴᠠᠯ᠂ ᠰᠢᠨ᠎ᠡ ᠵᠢ ᠡᠭᠦᠳᠦᠨ ᠬᠦᠭᠵᠢᠭᠦᠯᠬᠦ ᠵᠢ ᠠᠬᠢᠭᠤᠯᠬᠤ ᠴᠢᠬᠤᠯᠠ ᠲᠠᠪᠴᠠᠩ ᠪᠣᠯᠤᠨ᠎ᠠ᠃ ᠠᠬᠣᠢ ᠳᠠᠯᠠᠪᠠᠢ᠎ᠨᠢ ᠤᠯᠠᠭ᠋ᠠᠨᠴᠠᠪ ᠬᠣᠲᠠ ᠵᠢᠨ ᠮᠦᠽᠧᠶ ᠵᠢᠨ ᠬᠣᠶᠠᠳᠤᠭ᠋ᠠᠷ ᠳᠠᠪᠬᠤᠷᠯᠢᠭ᠎ᠲᠤ ᠪᠠᠶ᠋ᠢᠵᠤ᠂ 3000 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠦᠵᠡᠭᠦᠯᠦᠯᠭᠡ ᠵᠢᠨ ᠲᠠᠯᠠᠪᠠᠢ ᠵᠢ ᠲᠥᠯᠥᠪᠵᠢᠭᠦᠯᠦᠨ᠂ 30 ᠭᠠᠷᠤᠶ ᠣᠨᠴᠠᠭ᠋ᠠᠢ ᠤᠭᠰᠠᠷᠠᠭᠰᠠᠨ ᠦᠵᠡᠭᠦᠯᠦᠯᠭᠡ ᠵᠢᠨ ᠪᠠᠶ᠋ᠢᠷᠢ᠂ ᠪᠠᠷᠢᠮᠵᠢᠶᠠᠲᠤ ᠦᠵᠡᠭᠦᠯᠦᠯᠭᠡ ᠵᠢᠨ ᠪᠠᠶ᠋ᠢᠷᠢ ᠡᠳᠦᠶ ᠲᠡᠳᠦᠶ ᠲᠣᠬᠢᠷᠠᠭᠤᠯᠵᠤ᠂ ᠬᠠᠮᠲᠤᠳᠤᠨᠢ 5000 ᠬᠥᠮᠦᠨ ᠦᠵᠡᠰᠬᠦᠯᠡᠩ᠎ᠤᠨ ᠴᠤᠭᠯᠠᠭ᠋ᠠᠨ᠎ᠤ ᠠᠬᠤᠶ ᠲᠠᠯᠠᠪᠠᠢ᠎ᠳᠤ ᠲᠣᠭᠣᠷᠢᠨ ᠦᠵᠡᠵᠣ᠂ ᠰᠢᠨᠵᠢᠯᠡᠨ ᠪᠠᠶ᠋ᠢᠴᠠᠭ᠋ᠠᠵᠤ ᠪᠣᠯᠤᠨ᠎ᠠ᠃ ᠣᠳᠣᠬᠠᠨ᠎ᠳᠤ᠂ ᠦᠵᠡᠰᠬᠦᠯᠡᠩ᠎ᠤᠨ ᠴᠤᠭᠯᠠᠭ᠋ᠠᠨ᠎ᠤ ᠡᠯ᠎ᠡ ᠵᠦᠢ᠍ᠯ᠎ᠤᠨ ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ᠂ ᠦᠵᠡᠰᠬᠦᠯᠡᠩ᠎ᠤᠨ ᠲᠢᠩᠬᠢᠮ᠎ᠤᠨ ᠳᠣᠲᠣᠭ᠋ᠠᠳᠤ ᠵᠢᠨ ᠴᠢᠮᠡᠭᠯᠡᠯ ᠦᠨᠳᠦᠰᠦᠨ᠎ᠳᠤ᠎ᠪᠠᠨ ᠳᠠᠭᠤᠰᠴᠤ᠂ ᠣᠳᠣ ᠶᠠᠭ ᠦᠵᠡᠭᠦᠯᠦᠯᠭᠡ᠎ᠪᠠᠨ ᠳᠡᠯᠭᠡᠨ ᠪᠠᠢ᠌ᠷᠢᠰᠢᠭᠣᠯᠬᠣ ᠠᠵᠢᠯ᠎ᠢ ᠬᠢᠵᠦ ᠪᠣᠶ; ᠳᠡᠯᠭᠡᠨ ᠦᠵᠡᠭᠦᠯᠦᠯᠭᠡ ᠵᠢᠨ ᠡᠯᠰᠡᠯᠲᠡ ᠵᠢᠨ ᠠᠵᠢᠯ ᠨᠢᠭᠡᠨᠲᠡ ᠬᠠᠮᠤᠭ ᠡᠴᠦᠰ᠎ᠤᠨ ᠨᠤᠲᠠᠯᠠᠯᠲᠠ ᠵᠢᠨ ᠱᠠᠲᠤᠨ᠎ᠳᠤ ᠣᠷᠣᠪᠠ᠂ 5 ᠰᠠᠷ᠎ᠠ ᠵᠢᠨ 30᠎ᠤ ᠡᠳᠦᠷ ᠬᠦᠷᠲᠡᠯ᠎ᠡ᠂ ᠣᠷᠣᠰ᠂ ᠮᠣᠩᠭᠣᠯ ᠵᠡᠷᠭᠡ ᠠᠷᠪᠠ ᠭᠠᠷᠤᠶ ᠭᠣᠤᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠦᠵᠡᠭᠦᠯᠦᠯᠭᠡ ᠵᠢᠨ ᠬᠣᠳᠠᠯᠳᠣᠭ᠋ᠠᠴᠢᠳ ᠬᠤᠷᠠᠯ᠎ᠳᠤ ᠣᠷᠣᠯᠴᠠᠬᠤ᠎ᠪᠠᠷ ᠲᠣᠭᠲᠠᠵᠠᠶ᠃ ᠤᠯᠤᠰ ᠤᠨ ᠳᠣᠲᠣᠭ᠋ᠠᠳᠤ ᠵᠢᠨ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠮᠣᠵᠢ ᠣᠷᠣᠨ ᠪᠣᠯᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠠᠢ᠌ᠮᠠᠭ ᠬᠣᠲᠠ ᠵᠢᠨ ᠦᠵᠡᠰᠬᠦᠯᠡᠩ᠎ᠳᠤ ᠣᠷᠣᠯᠴᠠᠬᠤ ᠠᠵᠤ ᠠᠬᠣᠢ᠌ᠯᠠᠯ᠂ ᠪᠡᠭᠡᠵᠢᠩ ᠬᠣᠲᠠ ᠵᠢᠨ ᠭᠣᠤᠯᠳᠠᠯᠭ᠎ᠠ᠎ᠲᠠᠢ ᠵᠢᠭᠤᠯᠴᠢᠯᠠᠯ᠎ᠤᠨ ᠠᠵᠤ ᠠᠬᠣᠢ᠌ᠯᠠᠯ᠎ᠤᠨ ᠲᠥᠯᠥᠭᠡᠯᠡᠭᠴᠢᠳ ᠴᠦ᠍ ᠶᠠᠭ ᠬᠠᠷᠢᠯᠴᠠᠵᠣ ᠪᠠᠢ᠌ᠭ᠎ᠠ᠂ ᠵᠢᠱ᠌ᠢᠯᠲᠡ᠎ᠪᠠᠷ 6 ᠰᠠᠷ᠎ᠠ ᠵᠢᠨ ᠡᠬᠢ᠎ᠪᠠᠷ ᠦᠵᠡᠰᠬᠦᠯᠡᠩ᠎ᠳᠤ ᠣᠷᠣᠯᠴᠠᠬᠤ ᠠᠵᠤ ᠠᠬᠣᠢ᠌ᠯᠠᠯ᠎ᠤᠨ ᠨᠡᠷᠡᠰ᠎ᠢ ᠲᠣᠭᠲᠠᠭ᠋ᠠᠬᠣ ᠪᠣᠯᠤᠨ᠎ᠠ᠃ ᠠᠬᠣᠢ ᠲᠠᠯᠠᠪᠠᠢ ᠵᠢᠨ ᠨᠡᠶ᠋ᠢᠲᠡ ᠳᠥᠷᠪᠡᠨ ᠦᠵᠡᠭᠦᠯᠦᠯᠭᠡ ᠵᠢᠨ ᠲᠢᠩᠬᠢᠮ᠎ᠳᠤ ᠪᠢᠳᠠ 《ᠲᠦᠮᠡᠨ ᠭᠠᠵᠠᠷ᠎ᠤᠨ ᠴᠠᠢ ᠵᠢᠨ ᠵᠠᠮ》 ᠳᠠᠭ᠋ᠠᠤ ᠵᠢᠨ ᠤᠯᠤᠰ ᠣᠷᠣᠨ᠎ᠤ ᠡᠯᠪᠡᠭ ᠪᠠᠶᠠᠯᠢᠭ ᠵᠢᠭᠤᠯᠴᠢᠯᠠᠯ᠎ᠤᠨ ᠵᠠᠮ ᠱᠤᠭᠤᠮ᠂ ᠵᠢᠭᠤᠯᠴᠢᠯᠠᠯ᠎ᠤᠨ ᠪᠦᠳᠦᠭᠡᠭᠳᠡᠭᠦᠨ ᠵᠢᠴᠢ ᠰᠣᠶᠣᠯ᠎ᠤᠨ ᠡᠭᠦᠳᠦᠯᠲᠡ ᠵᠢᠨ ᠪᠦᠳᠦᠭᠡᠭᠳᠡᠭᠦᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠳᠦᠭᠡᠭᠳᠡᠭᠦᠨ ᠵᠡᠷᠭᠡ ᠭᠢᠭᠡᠳ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠬᠠᠮᠲᠤᠷᠠᠯᠴᠠᠭ᠎ᠠ ᠬᠥᠭᠵᠢᠯᠲᠡ ᠵᠢᠨ ᠵᠠᠷᠢᠮ ᠠᠮᠵᠢᠯᠲᠠ ᠪᠦᠲᠦᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠬᠦ ᠪᠣᠯᠤᠨ᠎ᠠ᠂ ᠠᠭᠣᠯᠭ᠎ᠠ ᠵᠢᠨ ᠳᠠᠯ᠎ᠠ᠎ᠪᠠᠷ ᠮᠠᠰᠢ ᠭᠣᠶᠣ ᠮᠠᠰᠢ ᠪᠠᠶᠠᠯᠢᠭ ᠪᠣᠯᠬᠣ᠎ᠨᠢ ᠶᠠᠷᠢᠶᠠᠨ ᠦᠭᠡᠢ ᠶᠤᠮ᠃ ᠬᠠᠷᠢᠭᠤᠯᠵᠤ ᠳᠠᠭᠣᠰᠪᠠ᠃