ᠬᠤᠷᠠᠯ᠎ᠤᠨ ᠲᠠᠯᠠᠪᠠᠢ
7 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠮᠣᠩᠭᠣᠯ ᠤᠯᠤᠰ᠎ᠲᠤ 《ᠶᠡᠬᠡ ᠯᠢᠶᠣᠤ ᠤᠯᠤᠰ᠎ᠤᠨ ᠬᠢᠳᠠᠨ — ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠭᠦᠯᠡᠨᠭ》 ᠵᠢᠴᠢ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠭᠰᠠᠨ ᠪᠠᠢ᠌ᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠴᠧᠨ ᠶᠦᠩ ᡁᠢ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠬᠠᠭᠤᠴᠢ ᠰᠤᠳᠤᠯᠬᠤ ᠭᠠᠵᠠᠷ᠎ᠤᠨ ᠳᠠᠷᠤᠭ᠎ᠠ ᠴᠧᠨ ᠶᠠ ᠭᠤᠸᠠᠩ᠂ ᠮᠦᠽᠧᠶ ᠵᠢᠨ ᠭᠠᠵᠠᠷ᠎ᠤᠨ ᠳᠠᠷᠤᠭ᠎ᠠ ᠾᠧᠦ ᠵᠢᠶᠦ᠋ᠨ ᠬᠤᠷᠠᠯ᠎ᠳᠤ ᠣᠷᠤᠯᠴᠠᠭ᠋ᠠᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠮᠣᠩᠭᠣᠯ ᠤᠯᠤᠰ᠎ᠲᠤ ᠡᠷᠬᠢᠯᠡᠭᠰᠡᠨ 《ᠶᠡᠬᠡ ᠯᠢᠶᠣᠤ ᠤᠯᠤᠰ᠎ᠤᠨ ᠬᠢᠳᠠᠨ — ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ》 ᠵᠢᠴᠢ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠭᠰᠠᠨ ᠪᠠᠢ᠌ᠳᠠᠯ᠎ᠤᠨ ᠲᠤᠬᠠᠢ ᠰᠣᠨᠢᠨ ᠮᠡᠳᠡᠭᠡ ᠨᠡᠶ᠋ᠢᠲᠡᠯᠡᠬᠦ ᠬᠤᠷᠠᠯ ᠲᠡᠭᠡᠷ᠎ᠡ ᠲᠠᠯᠪᠢᠭᠰᠠᠨ ᠶᠠᠷᠢᠶ᠎ᠠ
ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠴᠧᠨ ᠶᠦᠩ ᡁᠢ
(2019 ᠣᠨ᠎ᠤ 7 ᠳ᠋ᠤᠭ᠋ᠠᠷ ᠰᠠᠷ᠎ᠠ ᠵᠢᠨ 29᠎ᠤ ᠡᠳᠦᠷ)
ᠰᠣᠨᠢᠨ ᠮᠡᠳᠡᠭᠡᠯᠡᠯᠤᠨᠬᠢᠨᠤ ᠨᠠᠶ᠋ᠢᠵᠠ ᠨᠠᠷ ᠡ᠄
ᠣᠯᠠᠨ ᠵᠶ᠋ᠠᠷ ᠵᠶ᠋ᠠᠨ ᠰᠠᠶ᠋ᠢᠨ ᠪᠠᠶ᠋ᠢᠵᠠᠭ᠋ᠠᠨ᠎ᠠ ᠤᠤ?
ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠡᠮᠦᠨ᠎ᠡ᠎ᠠᠴᠠ᠂ ᠲᠠ ᠪᠦᠬᠦᠨ᠎ᠤ ᠲᠣᠰ ᠤᠳᠠᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠬᠦᠷᠦᠯᠴᠡᠨ ᠢᠷᠡᠭᠰᠡᠨ᠎ᠢ ᠪᠠᠶᠠᠷᠯᠠᠨ ᠤᠭᠲᠤᠵᠤ ᠪᠠᠢ᠌ᠨ᠎ᠠ᠂ ᠲᠠ ᠪᠦᠬᠦᠨ᠎ᠤ ᠣᠯᠠᠨ ᠵᠢᠯ᠎ᠤᠨ ᠲᠤᠷᠰᠢᠳᠠ ᠥᠪᠥᠷ ᠮᠣᠩᠭᠣᠯ᠎ᠤᠨ ᠰᠣᠶᠣᠯ ᠦᠵᠡᠰᠬᠦᠯᠡᠩ᠎ᠤᠨ ᠦᠢ᠍ᠯᠡᠰ᠎ᠲᠤ ᠠᠩᠬᠠᠷᠤᠯ ᠲᠠᠯᠪᠢᠵᠤ ᠪᠠᠢ᠌ᠭ᠎ᠠ᠎ᠳᠤ ᠲᠠᠯᠠᠷᠬᠠᠵᠤ ᠪᠠᠶ᠋ᠢᠨ᠎ᠠ᠃
ᠳᠣᠤᠷ᠎ᠠ᠂ ᠪᠢ ᠲᠠ ᠨᠠᠷ᠎ᠲᠤ ᠶᠡᠬᠡ ᠯᠢᠶᠣᠤ ᠤᠯᠤᠰ᠎ᠤᠨ ᠬᠢᠳᠠᠨ — ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ᠎ᠢ ᠮᠣᠩᠭᠣᠯ ᠤᠯᠤᠰ᠎ᠲᠤ ᠡᠷᠬᠢᠯᠡᠭᠰᠡᠨ ᠪᠠᠢ᠌ᠳᠠᠯ ᠪᠣᠯᠤᠨ ᠡᠨᠡ ᠵᠢᠯ᠎ᠤᠨ ᠮᠠᠨ᠎ᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠵᠶ᠋ᠡᠨ ᠲᠠᠨᠢᠯᠴᠠᠭᠤᠯᠤᠶ᠎ᠠ᠃
ᠨᠢᠭᠡ᠂ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ᠎ᠢ ᠮᠣᠩᠭᠣᠯ ᠤᠯᠤᠰ᠎ᠲᠤ ᠡᠷᠬᠢᠯᠡᠭᠰᠡᠨ ᠪᠠᠢ᠌ᠳᠠᠯ
ᠰᠣᠶᠣᠯ᠎ᠨᠢ ᠰᠣᠯᠢᠯᠴᠠᠬᠤ᠎ᠪᠠᠷ ᠳᠠᠮᠵᠢᠨ ᠲᠠᠨᠭ᠌ᠰᠤᠭ ᠪᠣᠯᠵᠤ᠂ ᠪᠣᠯᠪᠠᠰᠤᠨ᠎ᠨᠢ ᠬᠠᠷᠢᠯᠴᠠᠨ ᠰᠢᠨᠵᠢᠯᠡᠬᠦ᠎ᠪᠠᠷ ᠳᠠᠮᠵᠢᠨ ᠪᠠᠶᠠᠯᠢᠭᠵᠢᠳᠠᠭ᠃ ᠳᠤᠮᠳᠠᠳᠤ ᠤᠯᠤᠰ ᠪᠣᠯᠤᠨ ᠮᠣᠩᠭᠣᠯ ᠤᠯᠤᠰ ᠪᠣᠯ ᠨᠦᠬᠦᠷᠰᠡᠭ ᠨᠠᠢ᠌ᠷᠠᠮᠳᠠᠭᠣ ᠬᠥᠷᠰᠢ ᠤᠯᠤᠰ ᠮᠥᠨ᠂ ᠬᠣᠶᠠᠷ ᠤᠯᠤᠰ ᠬᠣᠭᠣᠷᠣᠨᠳᠣ᠎ᠪᠠᠨ ᠲᠡᠤᠬᠡ ᠰᠣᠶᠣᠯ᠎ᠤᠨ ᠤᠭ ᠰᠤᠷᠪᠤᠯᠵᠢ ᠵᠢᠨ ᠨᠢᠭᠲᠠ ᠬᠠᠷᠢᠴᠠᠭ᠎ᠠ᠎ᠲᠠᠢ ᠪᠠᠢ᠌ᠳᠠᠭ᠂ ᠡᠨᠡ᠎ᠨᠢ ᠳᠤᠮᠳᠠᠳᠤ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠦᠷᠢᠶᠡᠨ ᠳᠤ᠎ᠬᠢ ᠬᠠᠮᠲᠤᠷᠠᠯᠴᠠᠭ᠎ᠠ ᠵᠢᠨ ᠴᠢᠬᠤᠯᠠ ᠴᠢᠨᠠᠷ ᠪᠣᠯᠤᠨ ᠪᠣᠯᠤᠮᠵᠢ ᠵᠢ ᠲᠣᠭᠲᠠᠭ᠋ᠠᠵᠠᠶ᠃ ᠳᠤᠮᠳᠠᠳᠤ ᠮᠣᠩᠭᠣᠯ ᠬᠣᠶᠠᠷ ᠤᠯᠤᠰ᠎ᠤᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠬᠦ ᠵᠢᠨ ᠲᠥᠯᠥᠭᠡ ᠠᠯᠢ ᠡᠷᠲᠡ 2005 ᠣᠨ᠎ᠳᠤ᠂ ᠪᠢᠳᠡ ᠮᠣᠩᠭᠣᠯ ᠤᠯᠤᠰ᠎ᠤᠨ ᠨᠡᠭᠦᠳᠡᠯ ᠰᠣᠶᠣᠯ᠎ᠤᠨ ᠰᠤᠳᠤᠯᠭ᠋ᠠᠨ᠎ᠤ ᠣᠯᠠᠨ ᠤᠯᠤᠰ᠎ᠤᠨ ᠲᠡᠭᠡᠳᠦ ᠰᠤᠷᠭ᠋ᠠᠭᠤᠯᠢ᠂ ᠮᠣᠩᠭᠣᠯ ᠤᠯᠤᠰ᠎ᠤᠨ ᠤᠯᠤᠰ᠎ᠤᠨ ᠮᠦᠽᠧᠶ᠎ᠲᠠᠢ 《ᠮᠣᠩᠭᠣᠯ ᠤᠯᠤᠰ᠎ᠤᠨ ᠬᠢᠯᠢ ᠳᠣᠲᠣᠷᠠᠬᠢ ᠡᠷᠲᠡᠨ᠎ᠤ ᠨᠡᠭᠦᠳᠡᠯᠴᠢᠨ ᠦᠨᠳᠦᠰᠦᠲᠡᠨ᠎ᠤ ᠰᠣᠶᠣᠯ᠎ᠤᠨ ᠦᠯᠡᠳᠡᠭᠳᠡᠯ ᠬᠠᠭᠤᠴᠢ ᠰᠤᠳᠤᠯᠤᠯ᠎ᠢ ᠪᠠᠢ᠌ᠴᠠᠭ᠋ᠠᠬᠤ᠂ ᠬᠠᠶ᠋ᠢᠨ ᠰᠢᠨᠵᠢᠯᠡᠬᠦ᠂ ᠠᠭᠤᠳᠠᠯᠤᠨ ᠨᠢᠭᠲᠠᠯᠠᠬᠤ᠎ᠪᠠᠷ ᠬᠠᠮᠲᠤᠷᠠᠬᠤ ᠠᠵᠢᠯ᠎ᠤᠨ ᠰᠠᠨᠠᠮᠵᠢ ᠪᠢᠴᠢᠭ》᠎ᠢ ᠲᠣᠭᠲᠠᠭ᠋ᠠᠵᠤ᠂ ᠬᠠᠮᠲᠤᠷᠠᠯᠴᠠᠭ᠋ᠠᠨ᠎ᠤ ᠰᠤᠳᠤᠯᠭ᠋ᠠᠨ᠎ᠤ ᠠᠵᠢᠯ ᠢ ᠵᠢᠩᠬᠢᠨᠢ᠎ᠪᠠᠷ ᠡᠬᠢᠯᠡᠭᠦᠯᠪᠡ᠃ 13 ᠵᠢᠯ᠎ᠤᠨ ᠲᠤᠷᠰᠢ᠂ ᠳᠤᠮᠳᠠᠳᠤ ᠮᠣᠩᠭᠣᠯ ᠬᠣᠶᠠᠷ ᠤᠯᠤᠰ᠎ᠤᠨ ᠬᠠᠮᠲᠤᠷᠠᠭᠰᠠᠨ ᠬᠠᠭᠤᠴᠢ ᠰᠤᠳᠤᠯᠤᠯ᠎ᠤᠨ ᠠᠩᠭᠢ ᠶᠡᠬᠡ ᠬᠡᠮᠵᠢᠶᠡᠨ᠎ᠤ ᠠᠵᠢᠯ ᠬᠢᠵᠠᠢ᠂ ᠬᠡᠷᠡᠮ᠎ᠤᠨ ᠲᠠᠯ᠎ᠠ ᠵᠢᠨ ᠬᠣᠲᠠ ᠵᠢᠨ ᠪᠠᠭᠤᠷᠢ ᠵᠡᠷᠭᠡ ᠣᠯᠠᠨ ᠵᠦᠢ᠍ᠯ᠎ᠤᠨ ᠨᠡᠭᠡᠭᠡᠨ ᠮᠠᠯᠲᠠᠬᠤ ᠠᠵᠢᠯ᠎ᠢ ᠪᠡᠶᠡᠯᠡᠭᠦᠯᠵᠦ᠂ 《ᠲᠠᠯ᠎ᠠ ᠨᠤᠲᠤᠭ᠎ᠤᠨ ᠨᠡᠭᠦᠳᠡᠯᠴᠢᠨ ᠦᠨᠳᠦᠰᠦᠲᠡᠨ ᠬᠢᠭᠡᠳ ᠲᠣᠷᠭ᠋ᠠᠨ᠎ᠤ ᠵᠠᠮ》 ᠵᠡᠷᠭᠡ ᠰᠢᠷᠢᠰ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠪᠡ᠂ 2015 ᠣᠨ᠎ᠤ 8 ᠳ᠋ᠤᠭ᠋ᠠᠷ ᠰᠠᠷ᠎ᠠ᠎ᠳᠤ᠂ ᠮᠣᠩᠭᠣᠯ ᠤᠯᠤᠰ᠎ᠤᠨ ᠤᠯᠤᠰ᠎ᠤᠨ ᠮᠦᠽᠧᠶ᠎ᠳᠤ 《ᠲᠠᠯ᠎ᠠ ᠨᠤᠲᠤᠭ᠎ᠤᠨ ᠨᠡᠭᠦᠳᠡᠯᠴᠢᠨ ᠦᠨᠳᠦᠰᠦᠲᠡᠨ ᠬᠢᠭᠡᠳ ᠲᠣᠷᠭ᠋ᠠᠨ᠎ᠤ ᠵᠠᠮ ᠵᠢᠴᠢ ᠳᠤᠮᠳᠠᠳᠤ ᠮᠣᠩᠭᠣᠯ᠎ᠤᠨ ᠬᠠᠮᠲᠤᠷᠠᠭᠰᠠᠨ ᠬᠠᠭᠤᠴᠢ ᠰᠤᠳᠤᠯᠭ᠋ᠠᠨ᠎ᠤ ᠠᠷᠪᠠᠨ ᠵᠢᠯ᠎ᠤᠨ ᠦᠷ᠎ᠡ ᠪᠦᠲᠦᠭᠡᠯ᠎ᠤᠨ ᠦᠵᠡᠭᠦᠯᠦᠯᠭᠡ》 ᠵᠢ ᠡᠷᠬᠢᠯᠡᠨ᠂ 150 ᠭᠠᠷᠤᠶ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠳᠡᠯᠭᠡᠨ ᠦᠵᠡᠭᠦᠯᠵᠡᠶ᠃ 2019 ᠣᠨ᠎ᠤ 6 ᠳ᠋ᠤᠭ᠋ᠠᠷ ᠰᠠᠷ᠎ᠠ ᠵᠢᠨ 27᠎ᠤ ᠡᠳᠦᠷ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠮᠣᠩᠭᠣᠯ ᠤᠯᠤᠰ᠎ᠤᠨ ᠰᠤᠷᠭ᠋ᠠᠨ ᠬᠥᠮᠦᠵᠢᠯ ᠰᠣᠶᠣᠯ ᠰᠢᠨᠵᠢᠯᠡᠬᠦ ᠤᠬᠠᠭ᠋ᠠᠨ ᠪᠡᠶ᠎ᠡ ᠵᠢᠨ ᠲᠠᠮᠢᠷ᠎ᠤᠨ ᠶᠠᠮᠤᠨ᠂ ᠤᠯᠠᠭ᠋ᠠᠨᠪᠠᠭ᠋ᠠᠲᠤᠷ᠎ᠤᠨ ᠳᠤᠮᠳᠠᠳᠤ ᠤᠯᠤᠰ᠎ᠤᠨ ᠰᠣᠶᠣᠯ᠎ᠤᠨ ᠲᠥᠪ᠂ ᠮᠣᠩᠭᠣᠯ ᠤᠯᠤᠰ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠰᠣᠶᠣᠯ ᠪᠠ ᠤᠷᠠᠯᠢᠭ᠎ᠤᠨ ᠲᠣᠪᠴᠢᠶ᠎ᠠ ᠭᠣᠤᠯᠯᠠᠨ ᠡᠷᠬᠢᠯᠡᠵᠦ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠮᠦᠽᠧᠶ ᠬᠢᠭᠡᠳ ᠮᠣᠩᠭᠣᠯ ᠤᠯᠤᠰ᠎ᠤᠨ ᠤᠯᠤᠰ᠎ᠤᠨ ᠮᠦᠽᠧᠶ ᠲᠠᠭ᠋ᠠᠭ᠋ᠠᠵᠤ ᠬᠢᠭᠰᠡᠨ 《ᠶᠡᠬᠡ ᠯᠢᠶᠣᠤ ᠤᠯᠤᠰ᠎ᠤᠨ ᠬᠢᠳᠠᠨ — ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ》 ᠮᠣᠩᠭᠣᠯ ᠤᠯᠤᠰ᠎ᠤᠨ ᠮᠦᠽᠧᠶ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃
ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦ᠋ ᠰᠢᠶᠣᠤ ᠯᠢᠨ᠂ ᠮᠣᠩᠭᠣᠯ ᠤᠯᠤᠰ᠎ᠤᠨ ᠰᠤᠷᠭ᠋ᠠᠨ ᠬᠥᠮᠦᠵᠢᠯ ᠰᠣᠶᠣᠯ ᠰᠢᠨᠵᠢᠯᠡᠬᠦ ᠤᠬᠠᠭ᠋ᠠᠨ ᠪᠡᠶ᠎ᠡ ᠵᠢᠨ ᠲᠠᠮᠢᠷ᠎ᠤᠨ ᠶᠠᠮᠤᠨ᠎ᠤ ᠳᠡᠳ᠋ ᠲᠠᠷᠤᠭ᠎ᠠ ᠭ᠋᠊ · ᠭᠠᠨᠭ᠌ᠪᠠᠶᠠᠷ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠮᠣᠩᠭᠣᠯ ᠤᠯᠤᠰ᠎ᠲᠤ ᠰᠠᠭᠤᠭ᠎ᠠ ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶ᠋ᠢᠳ ᠰᠢᠩ ᠬᠠᠢ ᠮᠢᠩ᠂ ᠮᠣᠩᠭᠣᠯ ᠤᠯᠤᠰ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠰᠣᠶᠣᠯ ᠪᠠ ᠤᠷᠠᠯᠢᠭ᠎ᠤᠨ ᠲᠣᠪᠴᠢᠶᠠᠨ᠎ᠤ ᠳᠠᠷᠤᠭ᠎ᠠ ᠭ᠋᠊ · ᠡᠨᠭᠬᠡᠪᠠᠲᠤ᠂ ᠳᠤᠮᠳᠠᠳᠤ ᠤᠯᠤᠰ᠎ᠤᠨ ᠮᠣᠩᠭᠣᠯ ᠤᠯᠤᠰ᠎ᠲᠤ ᠰᠠᠭᠤᠭ᠎ᠠ ᠡᠯᠴᠢᠨ ᠰᠠᠢ᠌ᠳ᠎ᠤᠨ ᠶᠠᠮᠤᠨ᠎ᠤ ᠰᠣᠶᠣᠯ᠎ᠤᠨ ᠵᠦᠪᠯᠡᠭᠴᠢ ᠯᠢ ᠸᠧᠶ᠂ ᠮᠣᠩᠭᠣᠯ ᠤᠯᠤᠰ᠎ᠤᠨ ᠰᠤᠷᠭ᠋ᠠᠨ ᠬᠥᠮᠦᠵᠢᠯ ᠰᠣᠶᠣᠯ ᠰᠢᠨᠵᠢᠯᠡᠬᠦ ᠤᠬᠠᠭ᠋ᠠᠨ ᠪᠡᠶ᠎ᠡ ᠵᠢᠨ ᠲᠠᠮᠢᠷ᠎ᠤᠨ ᠶᠠᠮᠤᠨ᠎ᠤ ᠲᠥᠷᠦ ᠵᠢᠨ ᠪᠣᠳᠣᠯᠭ᠎ᠠ ᠵᠢ ᠵᠣᠬᠢᠴᠠᠭᠤᠯᠬᠤ ᠲᠣᠪᠴᠢᠶᠠᠨ᠎ᠤ ᠳᠠᠷᠤᠭ᠎ᠠ ᠰᠡᠷᠭᠦᠯᠡᠩ ᠵᠡᠷᠭᠡ ᠤᠳᠤᠷᠢᠳᠤᠯᠭ᠎ᠠ ᠨᠠᠷ ᠦᠵᠡᠰᠬᠦᠯᠡᠩ᠎ᠤᠨ ᠡᠬᠢᠯᠡᠯᠲᠡ ᠵᠢᠨ ᠶᠣᠰᠣᠯᠠᠯ᠎ᠳᠤ ᠰᠠᠭᠤᠯᠴᠠᠭᠰᠠᠨᠤ ᠬᠠᠮᠲᠤ ᠳᠣᠤᠵᠠ ᠬᠠᠶ᠋ᠢᠴᠢᠯᠠᠬᠤ ᠶᠣᠰᠣᠯᠠᠯ᠎ᠳᠤ ᠣᠷᠤᠯᠴᠠᠪᠠ᠂ ᠳᠤᠮᠳᠠᠳᠤ ᠮᠣᠩᠭᠣᠯ ᠬᠣᠶᠠᠷ ᠲᠠᠯ᠎ᠠ ᠵᠢᠨ ᠮᠦᠽᠧᠶ ᠵᠢᠨ ᠳᠠᠷᠤᠭ᠎ᠠ ᠲᠣᠰ ᠲᠣᠰ ᠪᠠᠶᠠᠷ᠎ᠤᠨ ᠦᠭᠡ ᠬᠡᠯᠡᠵᠡᠶ᠃ ᠬᠣᠶᠠᠷ ᠲᠠᠯ᠎ᠠ ᠵᠢᠨ ᠦᠵᠡᠰᠬᠦᠯᠡᠩ᠎ᠳᠤ ᠣᠷᠣᠯᠴᠠᠭᠰᠠᠨ ᠨᠢᠭᠡᠴᠢ ᠵᠢᠨ ᠲᠥᠯᠥᠭᠡᠯᠡᠭᠴᠢ᠂ ᠤᠯᠠᠭ᠋ᠠᠨᠪᠠᠭ᠋ᠠᠲᠤᠷ᠎ᠤᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠤᠨ ᠬᠠᠷᠢᠭᠤᠴᠠᠯᠭ᠋ᠠᠲᠠᠨ᠂ ᠮᠣᠩᠭᠣᠯ ᠤᠯᠤᠰ᠎ᠤᠨ ᠰᠣᠶᠣᠯ᠎ᠤᠨ ᠨᠠᠢ᠌ᠷ᠎ᠤᠨ ᠲᠥᠯᠥᠭᠡᠯᠡᠭᠴᠢ ᠨᠡᠶ᠋ᠢᠲᠡ 100 ᠭᠠᠷᠤᠶ ᠬᠥᠮᠦᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠦᠵᠡᠰᠬᠦᠯᠡᠩ 2019 ᠣᠨ᠎ᠤ 9 ᠳ᠋ᠦ᠍ᠭᠡᠷ ᠰᠠᠷ᠎ᠠ ᠵᠢᠨ 6᠎ᠤ ᠡᠳᠦᠷ ᠪᠣᠯᠲᠠᠯ᠎ᠠ ᠦᠷᠭᠦᠯᠵᠢᠯᠡᠨ᠎ᠡ᠃
ᠲᠣᠰ ᠤᠳᠠᠭ᠋ᠠᠨ᠎ᠤ ᠦᠵᠡᠰᠬᠦᠯᠡᠩ ᠪᠣᠯ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠣᠤᠷ᠎ᠠ᠂ ᠳᠤᠮᠳᠠᠳᠤ ᠮᠣᠩᠭᠣᠯ᠎ᠤᠨ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭᠰᠠᠨ 70 ᠵᠢᠯ᠎ᠤᠨ ᠤᠢ ᠵᠢ ᠳᠤᠷᠠᠰᠬᠠᠬᠤ ᠠᠵᠢᠯᠯᠠᠭ᠎ᠠ ᠵᠢᠨ ᠴᠢᠬᠤᠯᠠ ᠠᠭᠤᠯᠭ᠎ᠠ ᠵᠢᠨ ᠨᠢᠭᠡ ᠪᠣᠯᠵᠤ ᠶᠠᠪᠤᠭᠳᠠᠭᠰᠠᠨ ᠶᠤᠮ᠂ ᠡᠨᠡ᠎ᠨᠢ ᠮᠥᠨ ᠴᠦ᠍ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠤᠨ ᠮᠣᠩᠭᠣᠯ ᠤᠯᠤᠰ᠎ᠤᠨ ᠠᠩᠬ᠎ᠠ ᠤᠳᠠᠭ᠎ᠠ ᠬᠠᠮᠲᠤᠷᠠᠨ ᠡᠷᠬᠢᠯᠡᠭᠰᠡᠨ ᠲᠣᠮᠣ ᠬᠡᠯᠪᠡᠷᠢ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠰᠬᠦᠯᠡᠩ ᠪᠣᠯᠤᠨ᠎ᠠ᠃ ᠲᠣᠰ ᠦᠵᠡᠰᠬᠦᠯᠡᠩ ᠳᠤᠮᠳᠠᠳᠤ ᠤᠯᠤᠰ᠎ᠤᠨ ᠥᠪᠥᠷ ᠮᠣᠩᠭᠣᠯ ᠣᠷᠣᠨ᠎ᠤ ᠯᠢᠶᠣᠤ ᠤᠯᠤᠰ᠎ᠤᠨ ᠦᠶ᠎ᠡ ᠵᠢᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠡᠯᠪᠡᠭ ᠪᠠᠶᠠᠯᠢᠭ ᠦᠷ᠎ᠡ ᠪᠦᠲᠦᠭᠡᠯ᠎ᠤᠨ ᠰᠠᠭᠤᠷᠢᠨ ᠲᠡᠭᠡᠷ᠎ᠡ 70 ᠭᠠᠷᠤᠶ ᠢᠵᠢ (450 ᠭᠠᠷᠤᠶ ᠵᠦᠢ᠍ᠯ) ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠢ ᠰᠣᠩᠭᠣᠨ ᠭᠠᠷᠭ᠋ᠠᠵᠠᠶ᠂ ᠡᠭᠦᠨ᠎ᠳᠤ ᠬᠢᠳᠠᠨ ᠦᠨᠳᠦᠰᠦᠲᠡᠨ᠎ᠤ ᠦᠨᠳᠦᠰᠦᠲᠡᠨ᠎ᠤ ᠡᠭᠦᠰᠦᠯ᠂ ᠦᠢ᠍ᠯᠡᠳᠪᠦᠷᠢᠯᠡᠯ ᠠᠮᠢᠳᠤᠷᠠᠯ᠂ ᠱᠠᠰᠢᠨ ᠰᠢᠲᠦᠯᠭᠡ᠂ ᠰᠣᠶᠣᠯ ᠵᠠᠩ ᠳᠠᠳᠬᠠᠯ ᠵᠡᠷᠭᠡ ᠲᠠᠯ᠎ᠠ ᠵᠢ ᠲᠤᠰᠬᠠᠭᠰᠠᠨ ᠬᠤᠪᠤᠷ ᠦᠨᠡᠲᠦ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠪᠠᠭᠲᠠᠭ᠋ᠠᠵᠠᠢ᠂ ᠦᠵᠡᠰᠭᠦᠯᠡᠨᠭ᠎ᠢ 《ᠮᠣᠷᠢᠨ ᠨᠢᠷᠤᠭᠤᠨ ᠳᠡᠭᠡᠷᠡᠬᠢ ᠦᠨᠳᠦᠰᠦᠲᠡᠨ》᠂ 《ᠲᠠᠯ᠎ᠠ ᠨᠤᠲᠤᠭ᠎ᠤᠨ ᠦᠨᠳᠦᠰᠦᠲᠡᠨ᠎ᠤ ᠠᠮᠢᠳᠤᠷᠠᠯ᠎ᠤᠨ ᠠᠷᠭ᠎ᠠ ᠬᠡᠯᠪᠡᠷᠢ》᠂ 《ᠬᠢᠳᠠᠨ ᠬᠥᠮᠦᠨ᠎ᠤ ᠱᠠᠰᠢᠨ ᠰᠤᠷᠲᠠᠬᠤᠨ ᠪᠠ ᠠᠮᠢᠳᠤᠷᠠᠬᠤ ᠦᠬᠦᠬᠦ ᠲᠤᠬᠠᠢ ᠦᠵᠡᠯᠲᠡ》 ᠭᠡᠬᠦ ᠭᠤᠷᠪᠠᠨ ᠶᠡᠬᠡ ᠬᠡᠰᠡᠭ᠎ᠲᠤ ᠬᠤᠪᠢᠶᠠᠨ᠂ ᠡᠷᠲᠡᠨ ᠡᠳᠦᠭᠡ ᠵᠢᠨ ᠴᠠᠭ ᠵᠠᠢ ᠵᠢᠨ ᠨᠦᠬᠡᠨ ᠵᠠᠮ᠎ᠢ ᠵᠠᠰᠠᠵᠤ ᠭᠠᠷᠭ᠋ᠠᠭ᠋ᠠᠳ᠂ ᠬᠢᠳᠠᠨ ᠬᠥᠮᠦᠨ᠎ᠤ ᠠᠮᠢᠳᠤᠷᠠᠯ᠎ᠤᠨ ᠳᠦᠷᠢ ᠲᠥᠷᠬᠦ ᠵᠢ ᠦᠨᠡᠨ ᠪᠣᠳᠠᠲᠠᠶ ᠲᠠᠬᠢᠨ ᠢᠯᠡᠷᠡᠭᠦᠯᠵᠡᠢ᠃ ᠭᠤᠷᠪᠠᠨ ᠬᠡᠰᠡᠭ᠎ᠤᠨ ᠪᠦᠲᠦᠴᠡ᠎ᠨᠢ ᠪᠦᠬᠦᠯᠢ ᠴᠣᠭᠴᠠ᠎ᠠᠴᠠ ᠬᠡᠰᠡᠭ ᠲᠠᠯ᠎ᠠ ᠬᠦᠷᠲᠡᠯ᠎ᠡ᠂ ᠪᠣᠳᠠᠰ᠎ᠠᠴᠠ ᠣᠶᠤᠨ ᠰᠠᠨᠠᠭ᠎ᠠ ᠬᠦᠷᠲᠡᠯ᠎ᠡ᠂ ᠱᠠᠲᠤ ᠱᠠᠲᠤ᠎ᠪᠠᠷ ᠭᠦᠨᠵᠡᠭᠡᠶ᠋ᠢᠷᠡᠵᠦ᠂ ᠥᠷᠭᠡᠨ ᠣᠯᠠᠨ ᠦᠵᠡᠭᠴᠢᠳ᠎ᠲᠤ ᠬᠢᠳᠠᠨ ᠦᠨᠳᠦᠰᠦᠲᠡᠨ᠎ᠤ ᠪᠠᠶᠠᠯᠢᠭ ᠰᠠᠶ᠋ᠢᠬᠠᠨ ᠲᠡᠤᠬᠡ ᠰᠣᠶᠣᠯ᠎ᠢ ᠰᠣᠨᠢᠷᠬᠠᠭᠤᠯᠵᠤ ᠣᠢ᠌ᠯᠠᠭ᠋ᠠᠭᠤᠯᠪᠠ᠃
ᠲᠣᠰ ᠤᠳᠠᠭ᠎ᠠ ᠵᠢᠨ ᠦᠵᠡᠰᠬᠦᠯᠡᠩ ᠵᠶ᠋ᠠᠷ ᠳᠠᠮᠵᠢᠨ ᠮᠣᠩᠭᠣᠯ ᠤᠯᠤᠰ᠎ᠤᠨ ᠥᠷᠭᠡᠨ ᠣᠯᠠᠨ ᠦᠵᠡᠭᠴᠢᠳ᠎ᠲᠤ ᠬᠢᠳᠠᠨ᠎ᠤ ᠰᠣᠶᠣᠯ᠎ᠤᠨ ᠪᠠᠶᠠᠯᠢᠭ ᠰᠠᠢ᠌ᠬᠠᠨ᠎ᠢ ᠦᠨᠡᠨ ᠪᠣᠳᠠᠲᠠᠶ᠎ᠪᠠᠷ ᠰᠣᠨᠢᠷᠬᠠᠭᠤᠯᠬᠤ ᠵᠢᠨ ᠬᠠᠮᠲᠤ ᠳᠤᠮᠳᠠᠳᠤ ᠮᠣᠩᠭᠣᠯ ᠬᠣᠶᠠᠷ ᠤᠯᠤᠰ᠎ᠤᠨ ᠪᠣᠯᠪᠠᠰᠤᠨ᠎ᠤ ᠬᠠᠷᠢᠯᠴᠠᠨ ᠰᠢᠨᠵᠢᠯᠡᠬᠦ ᠵᠢ ᠠᠬᠢᠭᠤᠯᠵᠤ᠂ ᠬᠣᠶᠠᠷ ᠤᠯᠤᠰ᠎ᠤᠨ ᠨᠥᠬᠥᠷᠰᠡᠭ ᠡᠶᠡᠯᠳᠡᠭ ᠬᠥᠷᠰᠢ ᠵᠢᠨ ᠬᠠᠷᠢᠴᠠᠭ᠎ᠠ ᠵᠢ ᠪᠡᠬᠢᠵᠢᠭᠦᠯᠦᠨ᠂ ᠰᠣᠶᠣᠯ᠎ᠤᠨ ᠰᠣᠯᠢᠯᠴᠠᠭ᠎ᠠ ᠵᠢ ᠲᠦᠯᠬᠢᠨ ᠤᠷᠤᠭᠰᠢᠯᠠᠭᠤᠯᠵᠤ᠂ ᠲᠠᠯ᠎ᠠ ᠨᠤᠲᠤᠭ᠎ᠤᠨ ᠲᠣᠷᠭ᠋ᠠᠨ᠎ᠤ ᠵᠠᠮ᠎ᠤᠨ ᠦᠯᠢᠭᠡᠷ᠎ᠢ ᠰᠠᠢ᠌ᠬᠠᠨ ᠶᠠᠷᠢᠬᠤ ᠵᠢ ᠬᠦᠰᠡᠵᠦ ᠪᠠᠶ᠋ᠢᠨ᠎ᠠ᠃ ᠲᠣᠰ ᠤᠳᠠᠭ᠋ᠠᠨ᠎ᠤ ᠦᠵᠡᠰᠬᠦᠯᠡᠩ ᠪᠣᠯ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠲᠣᠮᠣ ᠬᠡᠯᠪᠡᠷᠢ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠳᠡᠯᠭᠡᠨ ᠦᠵᠡᠭᠦᠯᠦᠯᠭᠡ ᠵᠢᠨ ᠮᠣᠩᠭᠣᠯ ᠤᠯᠤᠰ᠎ᠲᠤ᠎ᠬᠢ ᠠᠨᠭ᠌ᠬ᠎ᠠ᠎ᠳᠠᠬᠢ ᠦᠵᠡᠰᠬᠦᠯᠡᠩ ᠮᠦᠨ᠃ ᠡᠨᠡ᠎ᠨᠢ ᠬᠣᠶᠠᠷ ᠤᠯᠤᠰ᠎ᠤᠨ ᠰᠣᠶᠣᠯ᠎ᠤᠨ ᠰᠣᠯᠢᠯᠴᠠᠭ᠎ᠠ ᠵᠢ ᠠᠬᠢᠭᠤᠯᠬᠤ᠂ ᠲᠠᠯ᠎ᠠ ᠨᠤᠲᠤᠭ᠎ᠤᠨ ᠲᠣᠷᠭ᠋ᠠᠨ᠎ᠤ ᠵᠠᠮ᠎ᠤᠨ ᠰᠣᠶᠣᠯ᠎ᠤᠨ ᠠᠭᠤᠯᠤᠭᠳᠠᠬᠤᠨ᠎ᠢ ᠥᠷᠭᠡᠳᠬᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠦᠵᠡᠰᠬᠦᠯᠡᠩ ᠡᠬᠢᠯᠡᠬᠦ ᠶᠣᠰᠣᠯᠠᠯ ᠳᠡᠭᠡᠷ᠎ᠡ᠂ ᠰᠢᠨᠬᠤᠸᠠ ᠬᠣᠷᠢᠶ᠎ᠠ᠂ ᠮᠣᠩᠭᠣᠯ ᠤᠯᠤᠰ᠎ᠤᠨ ᠤᠯᠤᠰ᠎ᠤᠨ ᠲᠧᠯᠸᠢᠰ ᠬᠣᠷᠢᠶ᠎ᠠ᠂ ᠮᠣᠩᠭᠣᠯ ᠤᠯᠤᠰ᠎ᠤᠨ ᠣᠭᠲᠠᠷᠭᠤᠶ ᠵᠢᠨ ᠣᠳᠣᠨ ᠲᠧᠯᠸᠢᠰ ᠬᠣᠷᠢᠶ᠎ᠠ᠂ ᠮᠣᠩᠭᠣᠯ ᠤᠯᠤᠰ᠎ᠤᠨ ᠰᠣᠨᠢᠨ ᠮᠡᠳᠡᠭᠡᠨ᠎ᠤ ᠰᠦᠯᠵᠢᠶ᠎ᠡ᠂ ᠤᠯᠠᠭ᠋ᠠᠨᠪᠠᠭ᠋ᠠᠲᠤᠷ᠎ᠤᠨ ᠣᠯᠠᠨ ᠤᠯᠤᠰ᠎ᠤᠨ ᠷᠠᠳᠢᠣ᠋ ᠬᠣᠷᠢᠶ᠎ᠠ ᠵᠡᠷᠭᠡ 20 ᠭᠠᠷᠤᠶ ᠵᠠᠭᠤᠴᠢᠯᠠᠭᠤᠷ᠎ᠤᠨ᠎ᠬᠢᠨ ᠦᠵᠡᠰᠬᠦᠯᠡᠩ᠎ᠤᠨ ᠡᠬᠢᠯᠡᠯᠲᠡ ᠵᠢᠨ ᠶᠣᠰᠣᠯᠠᠯ ᠪᠣᠯᠤᠨ ᠦᠵᠡᠰᠬᠦᠯᠡᠩ᠎ᠤᠨ ᠠᠭᠤᠯᠭ᠎ᠠ ᠵᠢ ᠬᠤᠢ᠌ᠨ᠎ᠠ ᠬᠤᠢ᠌ᠨ᠎ᠠ᠎ᠠᠴᠠ᠎ᠪᠠᠨ ᠮᠡᠳᠡᠭᠡᠯᠡᠭᠰᠡᠨ ᠪᠠ ᠰᠢᠯᠵᠢᠭᠦᠯᠦᠨ ᠨᠡᠢ᠌ᠲᠡᠯᠡᠭᠡᠳ ᠮᠣᠩᠭᠣᠯ ᠤᠯᠤᠰ᠎ᠤᠨ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠰᠠᠢ᠌ᠨ ᠵᠶ᠋ᠡᠷ ᠦᠨᠡᠯᠡᠭᠳᠡᠵᠦ᠂ ᠲᠡᠯᠡᠬᠡᠢ ᠨᠡᠢ᠌ᠲᠡ ᠵᠢᠨ ᠰᠠᠶ᠋ᠢᠨ ᠦᠷ᠎ᠡ ᠠᠰᠢᠭ᠎ᠢ ᠣᠯᠵᠠᠶ᠃
ᠲᠣᠰ ᠤᠳᠠᠭ᠋ᠠᠨ᠎ᠤ ᠦᠵᠡᠰᠬᠦᠯᠡᠩ᠎ᠨᠢ ᠮᠣᠩᠭᠣᠯ ᠤᠯᠤᠰ᠎ᠤᠨ ᠦᠶ ᠣᠯᠠᠨ ᠦᠵᠡᠭᠴᠢᠳ ᠪᠠ ᠪᠤᠰᠤᠳ ᠤᠯᠤᠰ᠎ᠤᠨ ᠵᠢᠭᠤᠯᠴᠢᠯᠠᠭᠴᠢᠳ᠎ᠤᠨ ᠪᠠᠬᠠᠷᠬᠠᠯ᠎ᠢ ᠲᠠᠲᠠᠵᠠᠢ᠂ ᠤᠳᠤ ᠪᠣᠯᠲᠠᠯ᠎ᠠ 10 ᠲᠦᠮᠡ ᠰᠢᠬᠠᠮ ᠬᠥᠮᠥᠨ ᠤᠳᠠᠭ᠎ᠠ ᠦᠵᠡᠰᠬᠦᠯᠡᠩ᠎ᠢ ᠰᠣᠨᠢᠷᠬᠠᠯ᠎ᠠ᠂ ᠡᠭᠦᠨ᠎ᠳᠤ ᠣᠷᠣᠰ᠂ ᠠᠮᠧᠷᠢᠺᠠ᠂ ᠠᠩᠭ᠍ᠯᠢ᠂ ᠺᠣᠷᠢᠶᠠ᠂ ᠶᠠᠫᠣᠨ᠂ ᠹᠷᠠᠨᠼᠢ᠂ ᠭᠧᠷᠮᠠᠨ ᠵᠡᠷᠭᠡ 20 ᠭᠠᠷᠤᠶ ᠤᠯᠤᠰ ᠪᠠ ᠭᠠᠵᠠᠷ ᠣᠷᠣᠨ᠎ᠤ ᠦᠵᠡᠭᠴᠢᠳ ᠪᠠᠢ᠌ᠨ᠎ᠠ᠃ ᠡᠯ᠎ᠡ ᠭᠠᠵᠠᠷ᠎ᠤᠨ ᠦᠵᠡᠭᠴᠢᠳ ᠡᠨᠡ ᠤᠳᠠᠭ᠋ᠠᠨ᠎ᠤ ᠦᠵᠡᠰᠬᠦᠯᠡᠩ᠎ᠤᠨ ᠠᠭᠤᠯᠭ᠎ᠠ᠂ ᠳᠡᠯᠭᠡᠨ ᠦᠵᠡᠭᠦᠯᠬᠦ ᠠᠷᠭ᠎ᠠ ᠪᠠᠷᠢᠯ᠎ᠳᠤ ᠲᠡᠭᠡᠳᠦ ᠬᠡᠮᠵᠢᠶᠡᠨ᠎ᠤ ᠦᠨᠡᠯᠡᠯᠲᠡ ᠥᠭᠴᠡᠶ᠃
ᠮᠣᠩᠭᠣᠯ ᠤᠯᠤᠰ᠎ᠤᠨ ᠤᠯᠤᠰ᠎ᠤᠨ ᠮᠦᠽᠧᠶ ᠵᠢᠨ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠤ᠎ᠪᠠᠨ᠂ ᠲᠣᠰ ᠤᠳᠠᠭ᠋ᠠᠨ᠎ᠤ ᠦᠵᠡᠰᠬᠦᠯᠡᠩ᠎ᠨᠢ ᠮᠣᠩᠭᠣᠯ ᠤᠯᠤᠰ᠎ᠤᠨ ᠠᠷᠠᠳ ᠢᠷᠭᠡᠳ ᠡᠷᠲᠡᠨ᠎ᠤ ᠬᠢᠳᠠᠨ᠎ᠤ ᠰᠣᠶᠣᠯ ᠪᠠ ᠳᠤᠮᠳᠠᠳᠤ ᠤᠯᠤᠰ᠎ᠤᠨ ᠡᠷᠲᠡᠨ᠎ᠤ ᠪᠣᠯᠪᠠᠰᠤᠨ᠎ᠢ ᠣᠢ᠌ᠯᠠᠭ᠋ᠠᠵᠤ ᠮᠡᠳᠡᠷᠡᠬᠦ᠎ᠳᠤᠨᠢ ᠴᠤᠩᠬᠤᠪᠴᠢ ᠬᠠᠩᠭ᠋ᠠᠭᠰᠠᠨ ᠪᠥᠭᠡᠳ ᠪᠠᠰᠠ ᠳᠤᠮᠳᠠᠳᠤ ᠮᠣᠩᠭᠣᠯ ᠬᠣᠶᠠᠷ ᠤᠯᠤᠰ᠎ᠤᠨ ᠬᠥᠮᠥᠨ ᠰᠣᠶᠣᠯ᠎ᠤᠨ ᠰᠣᠯᠢᠯᠴᠠᠭ᠎ᠠ ᠪᠠ ᠠᠷᠠᠳ᠎ᠤᠨ ᠬᠣᠭᠣᠷᠣᠨᠳᠣᠬᠢ ᠨᠥᠬᠥᠷᠰᠡᠭ ᠶᠠᠪᠤᠯᠴᠠᠭ᠎ᠠ ᠵᠢ ᠨᠡᠮᠡᠭᠳᠡᠭᠦᠯᠬᠦ᠎ᠳᠤ ᠨᠢᠭᠡᠨ ᠰᠢᠨ᠎ᠡ ᠬᠥᠭᠥᠷᠭᠡ ᠲᠠᠯᠪᠢᠭᠰᠠᠨ ᠪᠠᠢ᠌ᠨ᠎ᠠ ᠭᠡᠵᠡᠶ᠃
ᠮᠣᠩᠭᠣᠯ ᠤᠯᠤᠰ᠎ᠤᠨ ᠣᠯᠠᠨ ᠲᠦᠮᠡᠨ᠎ᠳᠤ ᠲᠣᠰ ᠤᠳᠠᠭ᠋ᠠᠨ᠎ᠤ ᠦᠵᠡᠰᠬᠦᠯᠡᠩ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠣᠯᠳᠠᠭᠰᠠᠨ ᠠᠬᠤᠶ ᠪᠠᠢ᠌ᠳᠠᠯ ᠪᠣᠯᠤᠨ ᠰᠣᠶᠣᠯ᠎ᠤᠨ ᠠᠭᠤᠯᠤᠭᠳᠠᠬᠤᠨ᠎ᠢ ᠨᠠᠩ ᠭᠦᠨᠵᠡᠭᠡᠶ ᠣᠢ᠌ᠯᠠᠭ᠋ᠠᠭᠣᠯᠬᠣ ᠵᠢᠨ ᠲᠥᠯᠥᠭᠡ᠂ ᠦᠵᠡᠰᠬᠦᠯᠡᠩ᠎ᠤᠨ ᠡᠬᠢᠯᠡᠯᠲᠡ ᠵᠢᠨ ᠶᠣᠰᠣᠯᠠᠯ ᠲᠡᠭᠦᠰᠦᠭᠰᠡᠨ᠎ᠤ ᠳᠠᠷᠠᠭ᠎ᠠ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠰᠬᠠᠶ ᠮᠡᠷᠭᠡᠵᠢᠯᠲᠡᠨ ᠲᠤᠬᠠᠶ ᠵᠢᠨ ᠲᠠᠯᠠᠪᠠᠢ᠎ᠳᠤ 《ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠬᠠᠭᠤᠴᠢ ᠰᠤᠳᠤᠯᠭ᠋ᠠᠨ᠎ᠳᠤ᠎ᠬᠢ ᠴᠢᠬᠤᠯᠠ ᠢᠯᠡᠷᠡᠭᠦᠯᠦᠯᠲᠡ》 ᠪᠣᠯᠤᠨ 《ᠯᠢᠶᠣᠤ ᠤᠯᠤᠰ᠎ᠤᠨ ᠦᠶ᠎ᠡ ᠵᠢᠨ ᠣᠩᠭᠣᠨ᠎ᠤ ᠬᠠᠨᠠᠨ ᠵᠢᠷᠤᠭ᠎ᠤᠨ ᠰᠤᠳᠤᠯᠤᠯ》 ᠭᠡᠬᠦ ᠬᠣᠶᠠᠷ ᠲᠠᠯᠠᠪᠠᠢ ᠲᠠᠶ᠋ᠢᠯᠤᠮᠵᠢ ᠬᠢᠵᠡᠶ᠃ ᠲᠠᠶ᠋ᠢᠯᠤᠮᠵᠢ᠎ᠨᠢ ᠦᠵᠡᠰᠬᠦᠯᠡᠩ᠎ᠤᠨ ᠠᠬᠤᠶ ᠲᠠᠯᠠᠪᠠᠢ᠎ᠳᠤ ᠶᠠᠪᠤᠭᠳᠠᠵᠤ᠂ ᠶᠠᠷᠢᠶᠠᠨ᠎ᠤ ᠠᠭᠤᠯᠭ᠎ᠠ᠎ᠨᠢ ᠲᠤᠬᠠᠶ ᠵᠢᠨ ᠲᠠᠯᠠᠪᠠᠢ ᠵᠢᠨ ᠦᠵᠡᠭᠦᠯᠦᠯᠭᠡ ᠵᠢᠨ ᠪᠣᠳᠠᠰ᠎ᠲᠠᠢ ᠪᠦᠷᠢᠮᠦᠰᠦᠨ ᠤᠶᠠᠯᠳᠤᠨ᠂ ᠠᠯᠤᠰ ᠬᠤᠯᠠ ᠵᠢᠨ ᠳᠠᠭᠤ ᠬᠣᠭᠣᠯᠠᠶ ᠠᠪᠤᠯᠴᠠᠵᠠᠢ᠂ ᠲᠤᠬᠠᠶ ᠵᠢᠨ ᠲᠠᠯᠠᠪᠠᠢ ᠵᠢᠨ ᠦᠵᠡᠭᠴᠢᠳ ᠢᠳᠡᠪᠬᠢᠲᠡᠶ᠎ᠪᠠᠷ ᠠᠰᠠᠭᠤᠯᠲᠠ ᠠᠰᠠᠭᠤᠵᠤ᠂ ᠮᠣᠩᠭᠣᠯ ᠤᠯᠤᠰ᠎ᠤᠨ ᠦᠵᠡᠭᠴᠢᠳ᠎ᠤᠨ ᠬᠢᠳᠠᠨ — ᠯᠢᠶᠣᠤ ᠤᠯᠤᠰ᠎ᠤᠨ ᠰᠣᠶᠣᠯ᠎ᠤᠨ ᠲᠤᠬᠠᠶ ᠲᠠᠨᠢᠯᠲᠠ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠪᠡ᠃
ᠳᠤᠮᠳᠠᠳᠤ ᠮᠣᠩᠭᠣᠯ ᠬᠣᠶᠠᠷ ᠤᠯᠤᠰ ᠠᠭᠤᠯᠠ ᠤᠰᠤ᠎ᠪᠠᠷ ᠵᠶ᠋ᠠᠨ ᠵᠠᠯᠭ᠋ᠠᠯᠳᠤᠵᠤ᠂ ᠬᠥᠷᠰᠢ ᠵᠡᠷᠭᠡᠯᠡᠳᠡᠭᠡ ᠪᠠᠰᠠ ᠳᠣᠲᠣᠨᠣ᠂ ᠨᠢᠭᠲᠠ ᠬᠠᠷᠢᠯᠴᠠᠭ᠎ᠠ ᠪᠠ ᠨᠥᠬᠥᠷᠰᠡᠭ ᠶᠠᠪᠤᠯᠴᠠᠭ᠎ᠠ᠎ᠲᠠᠢ ᠪᠠᠢ᠌ᠳᠠᠭ᠃ ᠣᠢ᠌ᠷ᠎ᠠ ᠵᠢᠨ ᠵᠢᠯ᠎ᠤᠳ᠎ᠲᠤ᠂ ᠬᠣᠶᠠᠷ ᠤᠯᠤᠰ᠎ᠤᠨ ᠰᠣᠶᠣᠯ᠎ᠤᠨ ᠲᠠᠯ᠎ᠠ᠎ᠪᠠᠷ᠎ᠬᠢ ᠬᠠᠮᠲᠤᠷᠠᠯᠴᠠᠭ᠎ᠠ ᠡᠳᠦᠷ ᠢᠷᠡᠬᠦᠶ᠎ᠡ ᠴᠢᠩᠭ᠋ᠠᠷᠠᠵᠤ᠂ ᠰᠣᠶᠣᠯ᠎ᠤᠨ ᠥᠪ᠎ᠢ ᠬᠠᠮᠠᠭ᠋ᠠᠯᠠᠬᠤ᠂ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠪᠠ ᠨᠢᠭᠲᠠᠯᠠᠨ ᠰᠢᠨᠵᠢᠯᠡᠬᠦ ᠵᠡᠷᠭᠡ ᠲᠠᠯ᠎ᠠ᠎ᠪᠠᠷ᠎ᠬᠢ ᠬᠠᠮᠲᠤᠷᠠᠯᠴᠠᠭ᠎ᠠ ᠨᠡᠯᠢᠶᠡᠳ ᠶᠡᠬᠡ ᠠᠮᠵᠢᠯᠲᠠ ᠣᠯᠵᠠᠶ᠃ ᠲᠣᠰ ᠤᠳᠠᠭ᠋ᠠᠨ᠎ᠤ ᠦᠵᠡᠰᠬᠦᠯᠡᠩ᠎ᠢ ᠡᠷᠬᠢᠯᠡᠭᠰᠡᠨ᠎ᠨᠢ ᠳᠤᠮᠳᠠᠳᠤ ᠮᠣᠩᠭᠣᠯ ᠬᠣᠶᠠᠷ ᠤᠯᠤᠰ᠎ᠤᠨ ᠮᠦᠽᠧᠶ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠰᠬᠦᠯᠡᠩ᠎ᠤᠨ ᠲᠠᠯ᠎ᠠ᠎ᠪᠠᠷ᠎ᠬᠢ ᠠᠩᠬᠠᠨ᠎ᠤ ᠬᠠᠮᠲᠤᠷᠠᠯᠴᠠᠭ᠎ᠠ ᠶᠤᠮ᠂ ᠪᠢᠳᠡᠨ᠎ᠤ ᠠᠳᠠᠯᠢ ᠪᠤᠰᠤ ᠭᠠᠵᠠᠷ ᠣᠷᠣᠨ᠎ᠤ ᠪᠣᠯᠪᠠᠰᠤᠨ᠎ᠤ ᠬᠣᠭᠣᠷᠣᠨᠳᠣᠬᠢ ᠬᠠᠮᠲᠦᠷᠠᠯ᠎ᠤᠨ ᠬᠠᠷᠢᠴᠠᠭ᠎ᠠ ᠵᠢ ᠭᠦᠨᠵᠡᠭᠡᠶ ᠣᠢ᠌ᠯᠠᠭ᠋ᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠳᠠᠭ᠋ᠠᠯᠠᠭᠳᠠᠴᠠ ᠡᠯᠪᠡᠭ ᠪᠠᠶᠠᠯᠢᠭ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠮᠣ ᠮᠣᠵᠢ ᠣᠷᠣᠨ ᠪᠣᠯᠬᠤ ᠶᠤᠮ᠂ ᠲᠡᠭᠡᠬᠦ᠎ᠳᠤ᠎ᠪᠠᠨ ᠬᠢᠳᠠᠨ᠎ᠤ ᠯᠢᠶᠣᠤ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠂ ᠮᠣᠩᠭᠣᠯ᠎ᠤᠨ ᠶᠤᠸᠠᠨ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠨᠢ ᠬᠠᠮᠤᠭ᠎ᠤᠨ ᠲᠣᠳᠤᠷᠬᠠᠢ ᠰᠣᠶᠣᠯ᠎ᠤᠨ ᠣᠨᠴᠠᠯᠢᠭ᠎ᠲᠠᠢ ᠪᠠᠢ᠌ᠳᠠᠭ᠃ ᠣᠳᠣᠬᠠᠨ᠎ᠳᠤ ᠪᠢᠳᠡᠨ᠎ᠳᠤ ᠤᠯᠤᠰ᠎ᠤᠨ ᠲᠡᠰ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ 141 ᠪᠠᠶ᠋ᠢᠵᠤ᠂ 1125464 ᠬᠤᠪᠢ (ᠢᠵᠢ) ᠮᠦᠽᠸᠢ᠎ᠳᠤ ᠬᠠᠳᠠᠭ᠋ᠠᠯᠠᠭᠳᠠᠭᠠ ᠲᠡᠤᠬᠡ ᠵᠢᠨ ᠳᠤᠷᠠᠰᠬᠠᠯᠲᠤ ᠵᠦᠢ᠍ᠯ ᠪᠣᠶ᠂ ᠡᠭᠦᠨ᠎ᠳᠤ ᠤᠯᠤᠰ᠎ᠤᠨ ᠨᠢᠭᠡᠳᠦᠭᠡᠷ ᠲᠡᠰ᠎ᠤᠨ ᠲᠡᠤᠬᠡ ᠵᠢᠨ ᠳᠤᠷᠠᠰᠬᠠᠯᠲᠤ ᠵᠦᠢ᠍ᠯ 2152 ᠬᠤᠪᠢ (ᠢᠵᠢ) ᠪᠣᠶ᠂ ᠡᠳᠡᠭᠡᠷ᠎ᠨᠢ ᠥᠪᠥᠷ ᠮᠣᠩᠭᠣᠯ᠎ᠤᠨ ᠡᠯ᠎ᠡ ᠲᠡᠤᠬᠡᠨ ᠴᠠᠭ ᠦᠶ᠎ᠡ ᠵᠢᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠵᠢ ᠲᠥᠯᠥᠭᠡᠯᠡᠵᠦ ᠪᠠᠢ᠌ᠨ᠎ᠠ᠃ ᠥᠪᠥᠷ ᠮᠣᠩᠭᠣᠯ᠎ᠤᠨ ᠣᠨᠴᠠ ᠳᠠᠪᠠᠭᠤᠯᠢᠭ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ ᠪᠣᠯᠤᠨ ᠣᠷᠤᠨ᠎ᠤ ᠪᠠᠢ᠌ᠷᠢᠰᠢᠯ᠎ᠤᠨ ᠳᠠᠪᠠᠭᠤᠯᠢᠭ ᠲᠠᠯ᠎ᠠ ᠵᠢ ᠠᠰᠢᠭᠯᠠᠨ᠂ ᠤᠯᠤᠰ ᠬᠢᠭᠡᠳ ᠭᠠᠵᠠᠷ ᠣᠷᠣᠨ᠎ᠤ ᠬᠣᠭᠣᠷᠣᠨᠳᠣᠬᠢ ᠮᠦᠽᠧᠶ ᠵᠢᠨ ᠰᠣᠯᠢᠯᠴᠠᠭ᠎ᠠ ᠵᠢ ᠥᠷᠨᠢᠭᠦᠯᠬᠦ᠎ᠨᠢ ᠨᠢᠭᠡ᠎ᠳᠤ᠂ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠶᠡᠬᠡ ᠲᠠᠯ᠎ᠠ᠎ᠳᠤ ᠦᠢ᠍ᠯᠡᠴᠢᠯᠡᠵᠦ᠂ ᠳᠤᠮᠳᠠᠳᠤ ᠵᠢᠨ ᠰᠣᠶᠣᠯ᠎ᠤᠨ ᠭᠠᠳᠠᠭᠰᠢ ᠭᠠᠷᠬᠤ ᠵᠢ ᠠᠬᠢᠭᠤᠯᠤᠨ᠂ ᠥᠪᠥᠷ ᠮᠣᠩᠭᠣᠯ᠎ᠤᠨ ᠭᠠᠳᠠᠭ᠋ᠠᠳᠤ᠎ᠲᠠᠢ ᠴᠢᠯᠦᠭᠡᠲᠡᠢ ᠶᠠᠪᠤᠯᠴᠠᠬᠤ ᠪᠣᠯᠤᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ᠎ᠳᠤ ᠨᠠᠩ ᠠᠰᠢᠭᠲᠠᠢ ᠪᠠᠶ᠋ᠢᠵᠤ᠂ ᠥᠪᠥᠷ ᠮᠣᠩᠭᠣᠯ᠎ᠤᠨ ᠣᠯᠠᠨ ᠤᠯᠤᠰ᠎ᠲᠤ᠎ᠬᠢ ᠨᠥᠯᠥᠭᠡᠯᠡᠬᠦ ᠬᠦᠴᠦᠨ ᠪᠣᠯᠤᠨ ᠠᠯᠳᠠᠷᠰᠢᠯ᠎ᠢ ᠲᠡᠭᠡᠭᠰᠢᠯᠡᠭᠦᠯᠵᠦ ᠲᠡᠢ᠌ᠯᠦᠨ᠎ᠡ᠃ ᠬᠣᠶᠠᠷ᠎ᠲᠤ᠂ ᠰᠣᠶᠣᠯ᠎ᠤᠨ ᠢᠲᠡᠭᠡᠯ᠂ ᠰᠣᠶᠣᠯ᠎ᠤᠨ ᠤᠬᠠᠮᠰᠠᠷ᠎ᠢ ᠪᠣᠶ ᠪᠣᠯᠭ᠋ᠠᠵᠤ᠂ ᠥᠪᠥᠷ ᠮᠣᠩᠭᠣᠯ᠎ᠤᠨ ᠰᠣᠶᠣᠯ᠎ᠤᠨ ᠲᠠᠲᠠᠬᠤ ᠬᠦᠴᠦᠨ ᠪᠠ ᠠᠭᠤᠯᠤᠭᠳᠠᠬᠤᠨ᠎ᠢ ᠢᠯᠡᠷᠡᠭᠦᠯᠬᠦ᠎ᠳᠤ ᠠᠰᠢᠭᠲᠠᠢ᠃ ᠭᠤᠷᠪᠠ᠎ᠳᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠠᠰᠢᠭᠯᠠᠬᠤ ᠠᠷᠭ᠎ᠠ ᠵᠠᠮ᠎ᠢ ᠦᠷᠭᠡᠳᠭᠡᠬᠦ᠎ᠳᠤ ᠠᠰᠢᠭᠲᠠᠢ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠭᠦᠢ᠍ᠴᠡᠳ 《ᠠᠮᠢᠯᠠᠭᠤᠯᠵᠤ》᠂ ᠰᠣᠶᠣᠯ᠎ᠤᠨ ᠤᠬᠠᠭᠤᠯᠭ᠎ᠠ ᠬᠥᠮᠦᠵᠢᠯ᠎ᠢ ᠳᠡᠯᠭᠡᠷᠡᠭᠦᠯᠬᠦ ᠲᠠᠯ᠎ᠠ᠎ᠪᠠᠷ ᠨᠠᠩ ᠠᠮᠢᠳᠤᠯᠢᠭ᠂ ᠨᠠᠩ ᠴᠢᠬᠤᠯᠠ ᠦᠢ᠍ᠯᠡᠳᠦᠯ᠎ᠢ ᠪᠠᠳᠠᠷᠠᠭᠤᠯᠤᠨ᠎ᠠ᠃
ᠣᠳᠣᠬᠠᠨ᠎ᠳᠤ᠂ ᠲᠤᠮᠳᠠᠳᠤ ᠮᠤᠨᠭ᠌ᠭᠤᠯ ᠣᠷᠣᠰ ᠭᠠᠷ ᠬᠦᠲᠦᠯᠦᠯᠴᠡᠨ ᠠᠵᠤ ᠠᠬᠤᠢ ᠵᠢᠨ ᠪᠠᠶ᠋ᠢᠯᠳᠤᠬᠤ ᠪᠣᠳᠣᠯᠭ᠎ᠠ ᠵᠢᠨ ᠬᠣᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠭᠤᠷᠪᠠᠨ ᠲᠠᠯ᠎ᠠ ᠵᠢᠨ ᠬᠠᠮᠲᠤᠷᠠᠯᠴᠠᠭ᠋ᠠᠨ᠎ᠤ ᠣᠷᠣᠨ ᠵᠠᠶ ᠵᠢ ᠪᠦᠬᠦ ᠲᠠᠯ᠎ᠠ᠎ᠪᠠᠷ ᠥᠷᠭᠡᠳᠬᠡᠵᠦ᠂ ᠬᠠᠮᠲᠤ᠎ᠪᠠᠷ ᠬᠥᠭᠵᠢᠬᠦ ᠰᠢᠨ᠎ᠡ ᠲᠠᠪᠴᠠᠩ᠎ᠢ ᠪᠠᠢ᠌ᠭᠤᠯᠵᠤ ᠪᠠᠢ᠌ᠨ᠎ᠠ᠂ ᠣᠨᠴᠠᠭ᠋ᠠᠢ᠌ᠯᠠᠨ ᠳᠤᠮᠳᠠᠳᠤ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠳᠤᠷᠠᠳᠤᠭᠰᠠᠨ᠎ᠨᠢ ᠲᠠᠯ᠎ᠠ ᠨᠤᠲᠤᠭ᠎ᠤᠨ ᠲᠣᠷᠭ᠋ᠠᠨ᠎ᠤ ᠵᠠᠮ᠎ᠤᠨ ᠰᠣᠶᠣᠯ᠎ᠤᠨ ᠠᠭᠤᠯᠤᠭᠳᠠᠬᠤᠨ᠎ᠢ ᠠᠭᠤᠳᠠᠯᠤᠨ ᠢᠯᠡᠷᠡᠭᠦᠯᠬᠦ ᠪᠠ ᠳᠡᠭᠡᠭᠰᠢᠯᠡᠭᠦᠯᠬᠦ ᠵᠢ ᠨᠠᠩ ᠴᠢᠬᠤᠯᠠ ᠪᠣᠯᠭ᠋ᠠᠵᠠᠶ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠣᠷᠣᠰ᠎ᠲᠤ ᠥᠪᠥᠷ ᠮᠣᠩᠭᠣᠯ᠎ᠤᠨ ᠲᠣᠮᠣ ᠬᠡᠯᠪᠡᠷᠢ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠰᠬᠦᠯᠡᠩ᠎ᠢ ᠡᠷᠬᠢᠯᠡᠵᠦ᠂ ᠥᠪᠥᠷ ᠮᠣᠩᠭᠣᠯ ᠬᠢᠭᠡᠳ ᠬᠦᠷᠰᠢ ᠲᠤᠭᠤᠷᠢᠨ ᠤᠯᠤᠰ ᠣᠷᠣᠨ᠎ᠤ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠡᠷᠴᠢᠮ ᠵᠶ᠋ᠠᠨ ᠴᠢᠨᠭ᠌ᠭ᠋ᠠᠷᠠᠭᠤᠯᠬᠤ ᠶᠤᠮ᠂ ᠬᠠᠭᠣᠴᠢ ᠰᠤᠳᠤᠯᠤᠯ᠂ ᠮᠦᠽᠧᠶ ᠵᠢᠨ ᠰᠣᠯᠢᠯᠴᠠᠭ᠎ᠠ᠂ ᠰᠣᠶᠣᠯ᠎ᠤᠨ ᠠᠵᠢᠯᠯᠠᠭ᠎ᠠ ᠵᠢ ᠡᠷᠬᠢᠯᠡᠬᠦ ᠵᠡᠷᠭᠡ ᠲᠠᠯ᠎ᠠ᠎ᠪᠠᠷ ᠰᠢᠨ᠎ᠡ ᠬᠠᠮᠲᠤᠷᠠᠯᠴᠠᠭ᠎ᠠ ᠪᠠ ᠬᠥᠭᠵᠢᠯᠲᠡ ᠵᠢ ᠡᠷᠢᠯᠬᠢᠯᠡᠨ᠎ᠡ᠃
ᠬᠣᠶᠠᠷ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠥᠷᠨᠢᠭᠦᠯᠦᠭᠰᠡᠨ ᠪᠠᠢ᠌ᠳᠠᠯ
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠥᠭᠡᠷᠡᠴᠢᠯᠡᠯᠲᠡ ᠵᠢ ᠴᠢᠩᠭ᠋ᠠᠳᠬᠠᠬᠤ ᠲᠤᠬᠠᠶ ᠰᠠᠨᠠᠯ᠎ᠤᠳ》᠂ 《ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠵᠢᠨ ᠠᠵᠢᠯ (2018 — 2022)᠎ᠢ ᠬᠢᠬᠦ ᠲᠤᠬᠠᠶ ᠰᠠᠨᠠᠯ》᠎ᠤᠨ ᠲᠥᠬᠥᠷ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠲᠦᠯᠬᠢᠨ ᠠᠬᠢᠭᠤᠯᠵᠠᠢ᠃ ᠬᠣᠶᠠᠷ 《ᠰᠠᠨᠠᠯ》᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠥᠭᠡᠷᠡᠴᠢᠯᠡᠯᠲᠡ ᠵᠢ ᠬᠡᠷᠡᠭᠵᠢᠭᠦᠯᠬᠦ ᠰᠠᠨᠠᠯ》᠎ᠢ ᠲᠤᠭᠤᠷᠪᠢᠵᠤ ᠲᠠᠭᠤᠰᠬᠠᠯ᠎ᠠ᠂ ᠰᠠᠨᠠᠯ ᠬᠤᠷᠢᠶᠠᠵᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ 8 ᠳ᠋ᠤᠭ᠋ᠠᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠮᠡᠳᠡᠭᠦᠯᠬᠦ᠎ᠪᠠᠷ ᠪᠠᠶ᠋ᠢᠨ᠎ᠠ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠠᠵᠢᠯᠯᠠᠭ᠎ᠠ ᠵᠢᠨ ᠲᠥᠰᠦᠯ (2018 — 2022) (ᠡᠬᠡ ᠨᠣᠣᠷᠠᠭ)》᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠥᠷᠭᠡᠨ ᠵᠶ᠋ᠠᠷ ᠬᠤᠷᠢᠶᠠᠭᠰᠠᠨ ᠰᠠᠭᠤᠷᠢᠨ ᠳᠡᠭᠡᠷ᠎ᠡ᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠲᠤ ᠳᠡᠪᠰᠢᠭᠦᠯᠦᠭᠰᠡᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠲᠦᠷᠦᠭᠦᠯᠡᠨ ᠨᠡᠶ᠋ᠢᠲᠡᠯᠡᠵᠦ ᠨᠠᠶ᠋ᠢᠳᠠᠪᠤᠷᠢᠵᠢᠭᠤᠯᠤᠨ᠎ᠠ᠃
(ᠬᠣᠶᠠᠷ) ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠦᠨ᠎ᠡ ᠥᠷᠲᠡᠭ᠎ᠢ ᠤᠯᠠᠮᠵᠢᠯᠠᠨ ᠳᠡᠯᠭᠡᠷᠡᠭᠦᠯᠬᠦ ᠠᠵᠢᠯ᠎ᠢ ᠴᠢᠨᠭ᠌ᠭ᠋ᠠᠳᠬᠠᠵᠠᠢ᠃ ᠥᠪᠥᠷ ᠮᠣᠩᠭᠣᠯ᠎ᠤᠨ ᠮᠦᠽᠧᠶ᠎ᠪᠠᠷ ᠲᠦᠷᠦᠭᠦᠯᠡᠭᠦᠯᠦᠨ᠂ ᠪᠦᠬᠦ ᠣᠷᠣᠨ᠎ᠤ ᠦᠨᠳᠦᠰᠦᠨ ᠱᠠᠲᠤᠨ᠎ᠤ ᠮᠦᠽᠧᠶ ᠵᠢ ᠳᠠᠶ᠋ᠢᠴᠢᠯᠠᠵᠤ᠂ 《ᠦᠨᠳᠦᠰᠦᠲᠡᠨ᠎ᠤ ᠰᠣᠶᠣᠯ᠎ᠢ ᠤᠯᠠᠮᠵᠢᠯᠠᠨ ᠳᠡᠯᠭᠡᠷᠡᠭᠦᠯᠬᠦ᠂ ᠡᠬᠡ ᠣᠷᠣᠨᠴᠢ ᠦᠵᠡᠯ᠎ᠤᠨ ᠬᠥᠮᠦᠵᠢᠯ ᠪᠣᠯᠤᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ》 ᠭᠡᠬᠦ ᠭᠤᠷᠪᠠᠨ ᠶᠡᠬᠡ ᠡᠭᠦᠷᠭᠡ ᠵᠢᠨ ᠲᠣᠭᠣᠷᠢᠨ᠎ᠳᠤ ᠠᠵᠢᠯ ᠵᠶ᠋ᠠᠨ ᠥᠷᠨᠢᠭᠦᠯᠦᠨ᠎ᠡ᠃ ᠣᠳᠣᠬᠠᠨ᠎ᠳᠤ᠂ ᠥᠪᠥᠷ ᠮᠣᠩᠭᠣᠯ᠎ᠤᠨ ᠮᠦᠽᠧᠶ᠎ᠨᠢ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠵᠦ᠂ 7 ᠳ᠋ᠤᠭ᠋ᠠᠷ ᠰᠠᠷ᠎ᠠ ᠵᠢᠨ 28᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠮᠦᠽᠧᠶ 2019 ᠣᠨ ᠳᠤ 7 ᠰᠠᠷ᠎ᠠ ᠵᠢᠨ ᠬᠤᠭᠤᠴᠠᠭ᠋ᠠᠨ᠎ᠤ ᠬᠣᠭᠣᠷᠣᠨᠳᠣ᠂ ᠨᠢᠭᠡᠨᠲᠡ 127.77 ᠲᠦᠮᠡᠨ ᠬᠥᠮᠦᠨ ᠤᠳᠠᠭ᠎ᠠ ᠦᠵᠡᠭᠴᠢᠳ᠎ᠢ ᠬᠦᠯᠢᠶᠡᠨ ᠠᠪᠴᠤ᠂ ᠡᠯ᠎ᠡ ᠲᠥᠷᠥᠯ᠎ᠤᠨ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢᠨ ᠲᠠᠯᠠᠪᠤᠷ 272 ᠤᠳᠠᠭ᠎ᠠ ᠡᠷᠬᠢᠯᠡᠵᠡᠢ᠃ ᠡᠭᠦᠨ᠎ᠤ ᠬᠠᠮᠲᠤ᠂ ᠥᠪᠥᠷ ᠮᠣᠩᠭᠣᠯ᠎ᠤᠨ ᠮᠦᠽᠧᠶ ᠪᠠᠰᠠ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠨᠢᠭᠲᠠ ᠬᠠᠮᠲᠤᠷᠠᠯᠴᠠᠵᠤ᠂ ᠮᠦᠽᠧᠶ ᠵᠢᠨ ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠢᠳᠡᠪᠬᠢᠲᠡᠢ ᠰᠦᠪᠡᠭᠴᠢᠯᠡᠨ ᠥᠷᠨᠢᠭᠦᠯᠵᠦ᠂ ᠮᠠᠰᠢ ᠰᠠᠶ᠋ᠢᠨ ᠦᠷ᠎ᠡ ᠪᠦᠲᠦᠮᠵᠢ ᠣᠯᠵᠠᠶ᠃ 《ᠵᠠᠯᠠᠭᠤᠴᠤᠳ ᠪᠠᠭ᠋ᠠᠴᠤᠳ᠎ᠤᠨ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠎ᠤᠨ ᠬᠥᠮᠥᠷᠭᠡ》 ᠵᠢ ᠨᠠᠶ᠋ᠢᠷᠠᠭᠤᠯᠤᠨ᠂ ᠶᠢᠰᠦᠨ ᠶᠡᠬᠡ ᠲᠥᠷᠥᠯ 123 ᠵᠦᠢ᠍ᠯ᠎ᠢ ᠬᠡᠪᠯᠡᠭᠦᠯᠵᠡᠢ᠃ ᠥᠪᠥᠷ ᠮᠣᠩᠭᠣᠯ᠎ᠤᠨ ᠮᠦᠽᠧᠶ ᠵᠢᠨ 《ᠪᠠᠶᠠᠷ ᠪᠠᠶᠠᠰᠬᠤᠯᠠᠩᠲᠤ ᠬᠢᠴᠢᠶᠡᠯ᠎ᠤᠨ ᠲᠠᠩᠬᠢᠮ》 ᠮᠡᠳᠡᠯᠭᠡ ᠵᠢᠨ ᠤᠷᠤᠯᠳᠤᠭ᠋ᠠᠨ ᠪᠠ ᠰᠤᠷᠤᠭᠴᠢ ᠵᠢᠨ ᠶᠡᠷᠦᠩᠬᠡᠶ᠋ᠢᠯᠡᠭᠰᠡᠨ ᠦᠢ᠍ᠯᠡᠳᠦᠯᠭᠡ ᠵᠢᠨ ᠬᠢᠴᠢᠶᠡᠯ 《ᠠᠩᠬᠠᠳᠤᠭ᠋ᠠᠷ ᠬᠤᠭᠤᠴᠠᠭ᠋ᠠᠨ᠎ᠤ 〈ᠳᠤᠮᠳᠠᠳᠤ ᠤᠯᠤᠰ᠎ᠤᠨ ᠮᠦᠽᠧᠶ ᠵᠢᠨ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠎ᠤᠨ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ〉᠎ᠠᠴᠠ ᠰᠢᠯᠭ᠋ᠠᠷᠠᠭᠤᠯᠤᠭᠰᠠᠨ ᠰᠢᠯᠢᠳᠡᠭ ᠵᠢᠱ᠌ᠢᠶ᠎ᠡ》 ᠳᠤ ᠰᠤᠨᠭ᠌ᠭᠤᠭᠳᠠᠨ ᠣᠷᠤᠵᠤ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠠᠴᠠ ᠪᠥᠬᠥ ᠤᠯᠤᠰ᠎ᠤᠨ ᠮᠦᠽᠧᠶ ᠵᠢᠨ ᠰᠦᠢ᠍ᠳᠭᠡᠯ ᠬᠤᠷᠢᠶᠠᠬᠤ ᠦᠭᠡᠢ 《ᠨᠠᠰᠤᠨ᠎ᠳᠤ ᠥᠯᠥ ᠬᠦᠷᠦᠭᠰᠡᠳ᠎ᠤᠨ ᠬᠠᠮᠤᠭ᠎ᠤᠨ ᠰᠠᠶ᠋ᠢᠨ ᠰᠤᠷᠭ᠋ᠠᠨ ᠬᠥᠮᠦᠵᠢᠯ》᠎ᠤᠨ ᠲᠥᠷᠥᠯ ᠵᠦᠢ᠍ᠯ ᠵᠶ᠋ᠠᠷ ᠦᠨᠡᠯᠡᠭᠳᠡᠪᠡ᠃ ᠥᠪᠥᠷ ᠮᠣᠩᠭᠣᠯ᠎ᠤᠨ ᠮᠦᠽᠧᠶ ᠵᠢᠨ ᠲᠣᠭ᠋ᠠᠴᠢᠯᠠᠭᠰᠠᠨ ᠨᠡᠭᠦᠳᠡᠯ ᠮᠦᠽᠧᠶ ᠵᠢᠨ ᠦᠵᠡᠭᠦᠯᠦᠯᠭᠡ ᠵᠢᠨ ᠲᠡᠷᠭᠡ᠎ᠨᠢ ᠪᠦᠬᠦ ᠣᠷᠣᠨ᠎ᠳᠤ 400 ᠭᠠᠷᠤᠶ ᠲᠠᠯᠠᠪᠠᠢ ᠲᠣᠭᠣᠷᠢᠨ ᠦᠵᠡᠭᠦᠯᠵᠦ᠂ ᠨᠡᠢ᠍ᠢ᠍ᠲᠡ 3 ᠺᠢᠯᠣᠮᠧᠲᠷ ᠠᠶᠠᠯᠠᠵᠤ᠂ 20 ᠲᠦᠮᠡ ᠢᠯᠡᠭᠦᠦ ᠦᠵᠡᠭᠴᠢᠳ᠎ᠲᠤ ᠠᠰᠢᠭ ᠬᠦᠷᠲᠡᠭᠡᠪᠡ᠃
(ᠭᠤᠷᠪᠠ) ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠴᠢᠨᠭ᠌ᠭ᠋ᠠᠳᠬᠠᠵᠠᠢ᠃ ᠤᠯᠠᠭ᠋ᠠᠨᠬᠦᠤ ᠵᠢᠨ ᠳᠤᠷᠠᠰᠬᠠᠯ᠎ᠤᠨ ᠣᠷᠳᠣᠨ᠂ ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠰᠠᠭᠤᠷᠢᠨ ᠭᠠᠵᠠᠷ᠎ᠤᠨ ᠳᠤᠷᠠᠰᠬᠠᠯ᠎ᠤᠨ ᠣᠷᠳᠣᠨ᠂ ᠬᠢᠩᠭ᠋ᠠᠨ ᠠᠶ᠋ᠢᠮᠠᠭ᠎ᠤᠨ 《ᠨᠢᠭᠡ ᠣᠷᠳᠣᠨ ᠭᠤᠷᠪᠠᠨ ᠪᠠᠭᠤᠷᠢ》᠂ ᠣᠲᠣᠭ᠎ᠤᠨ ᠡᠮᠦᠨᠡᠲᠦ ᠬᠤᠰᠢᠭᠤ ᠵᠢᠨ ᠶᠠᠨ ᠠᠨ᠎ᠤ ᠦᠨᠳᠦᠰᠦᠲᠡᠨ᠎ᠤ ᠲᠡᠭᠡᠳᠦ ᠰᠤᠷᠭ᠋ᠠᠭᠤᠯᠢ ᠵᠢᠨ ᠴᠸᠩᠴᠤᠸᠠᠨ ᠳᠤᠷᠠᠰᠬᠠᠯ᠎ᠤᠨ ᠣᠷᠳᠣᠨ ᠵᠡᠷᠭᠡ ᠴᠢᠬᠤᠯᠠ ᠳᠤᠷᠠᠰᠬᠠᠯ᠎ᠤᠨ ᠣᠷᠳᠣᠨ ᠵᠶ᠋ᠠᠷ ᠭᠣᠤᠯ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠳᠤᠮᠳᠠ᠂ ᠵᠡᠭᠦᠨ᠂ ᠪᠠᠷᠠᠭᠤᠨ ᠣᠷᠣᠨ᠎ᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠠᠰᠢᠭᠯᠠᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠤᠭᠰᠠᠨ᠎ᠨᠢ ᠪᠦᠬᠦ ᠣᠷᠣᠨ᠎ᠤ ᠬᠤᠪᠢᠰᠬᠠᠯ᠎ᠤᠨ ᠳᠤᠷᠠᠰᠬᠠᠯᠲᠤ ᠵᠦᠢ᠍ᠯ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠲᠠᠢ᠌ᠴᠢᠯᠠᠵᠠᠢ᠃ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ ᠵᠢᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ ᠦᠨᠳᠦᠰᠦᠨ᠎ᠳᠤ᠎ᠪᠠᠨ ᠠᠵᠢᠯ ᠳᠠᠭᠤᠰᠴᠠᠶ᠃ ᠪᠦᠷᠢᠳᠬᠡᠯ᠎ᠳᠤ ᠦᠨᠳᠦᠰᠦᠯᠡᠪᠡᠯ᠂ ᠪᠦᠬᠦ ᠣᠷᠣᠨ᠎ᠤ ᠤᠯᠤᠰ᠎ᠤᠨ ᠥᠮᠴᠢᠯᠡᠯ᠎ᠤᠨ ᠰᠢᠯᠵᠢᠭᠦᠯᠵᠦ ᠪᠣᠯᠬᠤ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠢ ᠬᠣᠷᠢᠶᠠᠨ ᠬᠠᠳᠠᠭ᠋ᠠᠯᠠᠬᠤ ᠨᠢᠭᠡᠴᠢ 52 ᠪᠠᠢ᠌ᠭᠤᠯᠭ᠎ᠠ᠂ ᠰᠢᠯᠵᠢᠭᠦᠯᠵᠦ ᠪᠣᠯᠬᠤ ᠬᠤᠪᠢᠰᠬᠠᠯ᠎ᠤᠨ ᠳᠤᠷᠠᠰᠬᠠᠯᠲᠤ ᠵᠦᠢ᠍ᠯᠡᠰ 12403 ᠵᠦᠢ᠍ᠯ (ᠢᠵᠢ) ᠪᠠᠶ᠋ᠢᠨ᠎ᠠ᠃
(ᠲᠦᠷᠪᠡ) ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠡᠢ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠶ᠋ᠢᠷᠢᠯᠠᠭᠤᠯᠤᠯᠲᠠ ᠪᠣᠯᠤᠨ ᠱᠠᠯᠠᠪᠳᠠᠭᠤᠯᠤᠨ ᠪᠠᠢ᠌ᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠦᠬᠦ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠵᠤ᠂ ᠪᠦᠬᠦ ᠣᠷᠣᠨ᠎ᠤ ᠮᠦᠽᠧᠶ ᠪᠣᠯᠤᠨ ᠴᠢᠯᠦᠭᠡᠲᠡᠢ ᠨᠡᠭᠡᠭᠡᠬᠦ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠢᠭᠡᠴᠢ ᠵᠢᠨ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠠᠵᠢᠯ᠎ᠢ ᠪᠠᠶ᠋ᠢᠷᠢᠯᠠᠭᠤᠯᠪᠠ᠃ ᠪᠦᠬᠦ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠤᠰᠬᠠᠶ ᠵᠦᠢ᠍ᠯ ᠵᠶ᠋ᠠᠷ ᠰᠢᠮᠳᠠᠭᠤᠯᠤᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠢᠭᠡᠨᠲᠡ ᠪᠦᠬᠦ ᠣᠷᠣᠨ᠎ᠤ 11 ᠠᠶ᠋ᠢᠮᠠᠭ ᠬᠣᠲᠠ ᠵᠢᠨ 26 ᠬᠣᠰᠢᠭᠤ ᠰᠢᠶᠠᠨ ᠲᠣᠭᠣᠷᠢᠭ᠎ᠤᠨ 63 ᠤᠯᠤᠰ᠎ᠤᠨ ᠠᠮᠤᠷ᠎ᠢ ᠬᠠᠮᠠᠭ᠋ᠠᠯᠠᠬᠤ ᠨᠢᠭᠡᠴᠢ᠂ ᠲᠣᠭᠣᠷᠢᠭ᠎ᠤᠨ ᠠᠮᠤᠷ᠎ᠢ ᠬᠠᠮᠠᠭ᠋ᠠᠯᠠᠬᠤ 40 ᠨᠢᠭᠡᠴᠢ᠂ 59 ᠮᠦᠽᠧᠶ ᠵᠢ ᠰᠢᠮᠳᠠᠭᠤᠯᠤᠨ ᠪᠠᠶ᠋ᠢᠴᠠᠭ᠋ᠠᠬᠤ ᠵᠢ ᠪᠡᠶᠡᠯᠡᠭᠦᠯᠪᠡ᠃ ᠡᠯ᠎ᠡ ᠱᠠᠲᠤᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠨᠢᠭᠡᠴᠢ ᠵᠢᠨ ᠬᠠᠮᠠᠭ᠋ᠠᠯᠠᠯᠲᠠ ᠵᠢᠨ ᠬᠡᠪᠴᠢᠶ᠎ᠡ ᠪᠠ ᠪᠦᠲᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠬᠤ ᠣᠷᠣᠨ ᠪᠦᠰᠡ ᠵᠢᠨ ᠳᠣᠲᠣᠷᠠᠬᠢ ᠲᠣᠭᠲᠠᠭ᠋ᠠᠯ᠎ᠠᠴᠠ ᠵᠥᠷᠢᠴᠡᠨ ᠣᠩᠭᠣᠨ ᠪᠠᠶ᠋ᠢᠭᠤᠯᠤᠭᠰᠠᠨ ᠪᠠᠶ᠋ᠢᠳᠠᠯ᠎ᠢ ᠲᠤᠰᠬᠠᠶ ᠵᠦᠢ᠍ᠯ ᠵᠶ᠋ᠠᠷ ᠣᠢ᠌ᠯᠠᠭ᠋ᠠᠨ ᠵᠢᠭᠰᠠᠭ᠋ᠠᠬᠤ ᠠᠵᠢᠯᠯᠠᠭ᠎ᠠ ᠵᠢ ᠥᠷᠨᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠨ ᠳᠤᠷ᠎ᠠ᠎ᠪᠠᠷ ᠵᠶ᠋ᠠᠨ 《ᠣᠷᠣᠨ ᠰᠠᠭᠤᠴᠠ ᠵᠢᠨ ᠮᠠᠶᠢᠭ》᠎ᠤᠨ ᠴᠢᠨᠳᠠᠷ ᠲᠠᠯᠪᠢᠬᠤ ᠪᠠᠷᠢᠯᠭ᠎ᠠ ᠵᠢ ᠨᠡᠶ᠋ᠢᠲᠡ 75 ᠭᠠᠵᠠᠷ᠂ ᠬᠠᠤᠯᠢ ᠲᠣᠭᠲᠠᠭ᠋ᠠᠯ᠎ᠠᠴᠠ ᠵᠥᠷᠢᠴᠡᠨ ᠬᠤᠪᠢ᠎ᠪᠠᠷ ᠵᠶ᠋ᠠᠨ ᠪᠠᠶ᠋ᠢᠭᠤᠯᠤᠭᠰᠠᠨ ᠠᠮᠢᠳᠤ ᠬᠥᠮᠦᠨ᠎ᠤ ᠣᠩᠭᠣᠨ᠎ᠢ 50 ᠰᠠᠭᠤᠷᠢ᠂ ᠬᠠᠤᠯᠢ ᠳᠦᠷᠢᠮ ᠲᠣᠭᠲᠠᠭ᠋ᠠᠯ᠎ᠠᠴᠠ ᠵᠥᠷᠢᠴᠡᠨ ᠬᠤᠪᠢ᠎ᠪᠠᠷ ᠵᠶ᠋ᠠᠨ ᠪᠠᠶ᠋ᠢᠭᠤᠯᠤᠭᠰᠠᠨ ᠬᠠᠲᠠᠭᠤᠷᠠᠭᠤᠯᠤᠭᠰᠠᠨ ᠶᠡᠬᠡ ᠣᠩᠭᠣᠨ᠎ᠢ ᠨᠡᠢ᠍ᠢ᠍ᠲᠡ 128 ᠰᠠᠭᠤᠷᠢ ᠵᠢ ᠪᠠᠶ᠋ᠢᠴᠠᠭ᠋ᠠᠨ ᠵᠢᠭᠰᠠᠭ᠋ᠠᠪᠠ᠃ ᠠᠮᠤᠷ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠲᠠᠢ ᠬᠠᠮᠵᠢᠯᠴᠠᠨ ᠬᠡᠷᠡᠭ᠎ᠲᠤ ᠬᠣᠯᠪᠣᠭᠳᠠᠭᠰᠠᠨ ᠲᠡᠤᠬᠡ ᠵᠢᠨ ᠳᠤᠷᠠᠰᠬᠠᠯᠲᠤ ᠵᠦᠢ᠍ᠯ᠎ᠢ 8 ᠤᠳᠠᠭ᠎ᠠ ᠰᠢᠯᠭ᠋ᠠᠨ ᠲᠣᠭᠲᠠᠭ᠋ᠠᠵᠤ᠂ ᠬᠡᠷᠡᠭ᠎ᠲᠤ ᠬᠣᠯᠪᠣᠭᠳᠠᠭᠰᠠᠨ 5160 ᠭᠠᠷᠤᠶ ᠲᠡᠤᠬᠡ ᠵᠢᠨ ᠳᠤᠷᠠᠰᠬᠠᠯᠲᠤ ᠵᠦᠢ᠍ᠯ (ᠢᠵᠢ)᠎ᠢ ᠰᠢᠯᠭ᠋ᠠᠨ ᠲᠣᠭᠲᠠᠭ᠋ᠠᠵᠠᠶ᠃
(ᠲᠠᠪᠤ) ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠪᠠ ᠠᠰᠢᠭᠯᠠᠬᠤ ᠠᠵᠢᠯ᠎ᠢ ᠴᠢᠨᠭ᠌ᠭ᠋ᠠᠳᠬᠠᠪᠠ᠃ ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠫᠠᠷᠲ᠋ᠢᠽᠠᠨ ᠰᠠᠭᠤᠷᠢᠨ ᠭᠠᠵᠠᠷ᠎ᠤᠨ ᠬᠠᠭᠤᠴᠢᠨ ᠪᠠᠭᠤᠷᠢ ᠵᠡᠷᠭᠡ 36 ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢ ᠨᠠᠢ᠍ᠮᠠᠳᠤᠭ᠋ᠠᠷ ᠪᠦᠯᠦᠭ᠎ᠤᠨ ᠪᠦᠬᠦ ᠤᠯᠤᠰ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠪᠠᠷ ᠮᠡᠳᠡᠭᠦᠯᠬᠦ ᠠᠵᠢᠯ᠎ᠢ ᠪᠡᠶᠡᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠮᠠᠭ᠋ᠠᠯᠠᠬᠤ ᠬᠦᠷᠢᠶ᠎ᠡ ᠬᠡᠪᠴᠢᠶ᠎ᠡ ᠪᠣᠯᠤᠨ ᠪᠦᠲᠦᠭᠡᠨ ᠪᠠᠶ᠋ᠢᠭᠤᠯᠤᠯᠲᠠ ᠵᠢᠨ ᠡᠵᠡᠮᠳᠡᠬᠦ ᠣᠷᠣᠨ ᠪᠦᠰᠡ᠎ᠪᠠᠨ ᠨᠡᠶ᠋ᠢᠲᠡᠯᠡᠬᠦ ᠵᠢ ᠠᠬᠢᠭᠤᠯᠪᠠ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠦᠷᠦᠯ ᠵᠦᠢ᠍ᠯ᠎ᠤᠨ ᠵᠠᠷᠤᠳᠠᠯ᠎ᠢ ᠮᠡᠳᠡᠭᠦᠯᠬᠦ ᠠᠵᠢᠯ᠎ᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠯᠤᠰ᠎ᠤᠨ ᠭᠣᠣᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠦᠷᠦᠯ ᠵᠦᠢ᠍ᠯ᠎ᠤᠨ ᠵᠠᠷᠤᠳᠠᠯ 17448 ᠲᠦᠮᠡᠨ ᠲᠥᠭᠥᠷᠢᠭ᠎ᠢ ᠨᠠᠢ᠌ᠳᠠᠪᠤᠷᠢᠵᠢᠭᠤᠯᠬᠤ᠎ᠪᠠᠷ ᠭᠤᠶᠤᠴᠢᠯᠠᠪᠠ᠃ ᠲᠦᠮᠡᠨ ᠭᠠᠵᠠᠷ᠎ᠤᠨ ᠴᠠᠢ ᠵᠢᠨ ᠵᠠᠮ᠎ᠢ ᠰᠣᠶᠣᠯ᠎ᠤᠨ ᠥᠪ ᠵᠶ᠋ᠠᠷ ᠮᠡᠳᠡᠭᠦᠯᠬᠦ ᠠᠵᠢᠯ᠎ᠢ ᠶᠡᠬᠡᠪᠡᠷ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠬᠠᠭᠤᠴᠢ ᠰᠤᠳᠤᠯᠭ᠋ᠠᠨ᠎ᠤ ᠠᠵᠢᠯ᠎ᠳᠤ ᠢᠳᠡᠪᠬᠢᠲᠡᠢ ᠬᠠᠮᠵᠢᠯᠴᠠᠵᠤ᠂ ᠵᠢᠨᠢᠨᠭ ᠳ᠋ᠠᠲ᠋ᠦ᠋ᠨᠭᠤᠨ ᠶᠡᠬᠡ ᠲᠡᠭᠡᠳᠦ ᠬᠤᠷᠳᠤ ᠵᠢᠨ ᠲᠡᠮᠦᠷ ᠵᠠᠮ᠂ ᠰᠢᠯᠢ ᠵᠢᠨ ᠭᠣᠤᠯ ᠠᠶ᠋ᠢᠮᠠᠭ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠪᠠᠶ᠋ᠢᠴᠠᠭ᠋ᠠᠯᠲᠠ ᠵᠢᠨ ᠠᠵᠢᠯ᠎ᠤᠨ 33 ᠲᠥᠷᠥᠯ᠎ᠢ ᠨᠢᠭᠡᠨᠲᠡ ᠪᠡᠶᠡᠯᠡᠭᠦᠯᠪᠡ᠃
ᠪᠦᠬᠦ ᠣᠷᠣᠨ᠎ᠤ ᠣᠨᠴᠠᠯᠢᠭ᠎ᠲᠠᠢ ᠮᠦᠽᠧᠶ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠮᠦᠽᠧᠶ ᠵᠢᠨ ᠬᠣᠭᠣᠷᠣᠨᠳᠣᠬᠢ ᠬᠣᠯᠪᠣᠭ᠎ᠠ ᠵᠢ ᠪᠠᠶ᠋ᠢᠭᠤᠯᠤᠨ᠂ ᠮᠦᠽᠧᠶ ᠵᠢᠨ ᠬᠠᠳᠠᠭ᠋ᠠᠯᠠᠭᠳᠠᠴᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠪᠦᠬᠦ ᠣᠷᠣᠨ᠎ᠳᠤ ᠮᠦᠽᠧᠶ ᠵᠢᠨ ᠲᠣᠭᠣᠷᠢᠨ ᠦᠵᠡᠭᠦᠯᠬᠦ ᠠᠵᠢᠯᠯᠠᠭ᠎ᠠ ᠵᠢ ᠥᠷᠨᠢᠭᠦᠯᠪᠡ᠃ ᠪᠦᠬᠦ ᠣᠷᠣᠨ᠎ᠤ ᠡᠯ᠎ᠡ ᠱᠠᠲᠤᠨ᠎ᠤ ᠮᠦᠽᠧᠶ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠤᠭᠲᠤᠬᠤ ᠵᠢᠨ ᠲᠥᠯᠥᠭᠡ᠂ ᠦᠵᠡᠰᠬᠦᠯᠡᠩ ᠵᠢᠴᠢ ᠰᠤᠷᠭ᠋ᠠᠨ ᠬᠥᠮᠦᠵᠢᠯ᠎ᠤᠨ ᠠᠵᠢᠯᠯᠠᠭ᠎ᠠ ᠵᠢᠨ 170 ᠭᠠᠷᠤᠶ ᠵᠦᠢ᠍ᠯ᠎ᠢ ᠤᠬᠠᠭ᠋ᠠᠯᠠᠨ ᠭᠠᠷᠭ᠋ᠠᠵᠠᠢ᠂ ᠥᠪᠥᠷ ᠮᠣᠩᠭᠣᠯ᠎ᠤᠨ ᠮᠦᠽᠧᠶ 《ᠣᠨ ᠰᠠᠷ᠎ᠠ ᠤᠶᠠᠨᠭ᠌ᠭᠠ ᠳᠠᠭᠤᠤ ᠮᠡᠲᠦ ᠬᠣᠷᠢᠨ ᠵᠢᠯ᠎ᠤᠨ ᠤᠯᠠ ᠮᠦᠷ — ᠥᠪᠥᠷ ᠮᠣᠩᠭᠣᠯ᠎ᠤᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠯᠲᠠ ᠵᠢᠨ ᠬᠣᠷᠢᠨ ᠵᠢᠯ᠎ᠤᠨ ᠣᠨᠴᠠᠭ᠋ᠠᠢ ᠦᠵᠡᠰᠬᠦᠯᠡᠩ》᠎ᠢ ᠭᠠᠷᠭ᠋ᠠᠪᠠ᠃ ᠮᠦᠽᠧᠶ ᠵᠢᠨ ᠳᠡᠯᠭᠡᠨ ᠦᠵᠡᠭᠦᠯᠬᠦ ᠠᠵᠢᠯ ᠤᠯᠠᠮ ᠨᠢᠭᠡ ᠠᠯᠬᠤᠮ ᠳᠡᠭᠡᠭᠰᠢᠯᠡᠵᠦ᠂ ᠥᠪᠥᠷ ᠮᠣᠩᠭᠣᠯ᠎ᠤᠨ ᠮᠦᠽᠧᠶ ᠵᠢᠨ 《ᠶᠡᠬᠡ ᠯᠢᠶᠣᠤ ᠤᠯᠤᠰ᠎ᠤᠨ ᠬᠢᠳᠠᠨ》᠂ 《ᠲᠡᠭᠷᠢᠯᠢᠭ ᠮᠣᠩᠭᠣᠯ》 ᠦᠵᠡᠰᠬᠦᠯᠡᠩ᠎ᠨᠢ ᠲᠤᠰ ᠲᠤᠰ ᠠᠷᠪᠠᠨ ᠲᠠᠪᠤᠳᠤᠭ᠋ᠠᠷ ᠬᠤᠭᠤᠴᠠᠭ᠎ᠠ (2017 ᠣᠨ) ᠪᠣᠯᠤᠨ ᠠᠷᠪᠠᠨ ᠵᠢᠷᠭᠤᠳᠤᠭ᠋ᠠᠷ ᠬᠤᠭᠤᠴᠠᠭ᠎ᠠ (2018 ᠣᠨ) ᠵᠢᠨ ᠪᠥᠬᠥ ᠤᠯᠤᠰ᠎ᠤᠨ ᠮᠦᠽᠧᠶ ᠵᠢᠨ ᠠᠷᠪᠠᠨ ᠶᠡᠬᠡ ᠦᠵᠡᠭᠦᠯᠦᠯᠭᠡ ᠵᠢᠨ ᠰᠣᠳᠣᠨ ᠪᠦᠲᠦᠭᠡᠯ᠎ᠤᠨ ᠱᠠᠩᠨᠠᠯ᠎ᠢ ᠬᠦᠷᠲᠡᠪᠡ᠃
(ᠵᠢᠷᠭᠤᠭ᠎ᠠ) ᠮᠦᠽᠧᠶ ᠵᠢᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 4500 ᠭᠠᠷᠤᠶ ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠥᠪᠥᠷ ᠮᠣᠩᠭᠣᠯ᠎ᠤᠨ ᠮᠦᠽᠧᠶ᠂ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠳᠤᠷᠠᠰᠬᠠᠯ᠎ᠤᠨ ᠣᠷᠳᠣᠨ᠎ᠤ ᠲᠣᠭ᠋ᠠᠴᠢᠯᠠᠭᠰᠠᠨ ᠦᠵᠡᠭᠦᠯᠦᠯᠭᠡ ᠵᠢᠨ ᠲᠢᠩᠬᠢᠮ ᠪᠣᠯᠤᠨ ᠰᠦᠯᠵᠢᠶᠡᠨ ᠳᠡᠭᠡᠷᠡᠬᠢ ᠲᠣᠭ᠋ᠠᠴᠢᠯᠠᠭᠰᠠᠨ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠳᠠᠭᠤᠰᠬᠠᠪᠠ᠃ ᠪᠦᠬᠦ ᠣᠷᠣᠨ᠎ᠤ ᠡᠯ᠎ᠡ ᠱᠠᠲᠤᠨ᠎ᠤ ᠮᠦᠽᠧᠶ᠎ᠨᠢ ᠮᠦᠽᠸᠢ ᠵᠢᠨ ᠬᠠᠳᠠᠭ᠋ᠠᠯᠠᠭᠳᠠᠴᠠ ᠵᠢᠨ ᠰᠣᠶᠣᠯ᠎ᠤᠨ ᠡᠬᠢ ᠪᠠᠶᠠᠯᠢᠭ᠎ᠲᠤ ᠲᠦᠰᠢᠭᠯᠡᠨ᠂ ᠰᠣᠶᠣᠯ᠎ᠤᠨ ᠪᠦᠲᠦᠭᠡᠯᠴᠢ ᠲᠥᠰᠦᠪᠯᠡᠯ᠎ᠤᠨ ᠦᠢ᠍ᠯᠡᠳᠭᠦᠨ᠎ᠤ ᠨᠡᠭᠡᠭᠡᠯᠲᠡ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠠᠢ᠃ ᠥᠪᠥᠷ ᠮᠣᠩᠭᠣᠯ᠎ᠤᠨ ᠮᠦᠽᠧᠶ ᠵᠢᠨ ᠨᠡᠭᠡᠭᠡᠨ ᠬᠥᠭᠵᠢᠭᠦᠯᠦᠭᠰᠡᠨ 《ᠲᠠᠯ᠎ᠠ ᠨᠤᠲᠤᠭ᠎ᠤᠨ ᠴᠠᠢ ᠵᠢᠨ ᠵᠠᠮ᠎ᠤᠨ ᠰᠢᠷᠢᠰ ᠪᠦᠲᠦᠭᠡᠭᠳᠡᠬᠦᠨ》᠎ᠨᠢ 《2019 ᠣᠨ᠎ᠤ ᠳᠤᠮᠳᠠᠳᠤ ᠤᠯᠤᠰ᠎ᠤᠨ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ᠎ᠤ ᠠᠯᠲᠠᠨ ᠱᠠᠩᠨᠠᠯ》᠎ᠢ ᠢᠷᠠᠭᠤ ᠠᠯᠳᠠᠷᠲᠠᠢ᠎ᠪᠠᠷ ᠬᠦᠷᠲᠡᠪᠡ᠃
ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠪᠤᠳᠤᠯᠬᠢᠯᠠᠯ
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠨ ᠦᠭᠡᠷᠡᠴᠢᠯᠡᠬᠦ ᠵᠢ ᠴᠢᠩᠭ᠋ᠠᠳᠬᠠᠬᠤ ᠲᠤᠬᠠᠶ ᠰᠠᠨᠠᠯ᠎ᠤᠳ》᠂ 《ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠢᠨᠵᠧᠨᠧᠷᠢᠩ (2018 — 2022)᠎ᠢ ᠬᠡᠷᠡᠭᠵᠢᠭᠦᠯᠬᠦ ᠲᠤᠬᠠᠶ ᠰᠠᠨᠠᠯ》᠎ᠤᠨ ᠲᠥᠬᠥᠷ ᠲᠥᠷᠥ ᠵᠢᠨ ᠪᠣᠳᠣᠯᠭ᠎ᠠ ᠵᠢ ᠨᠡᠶ᠋ᠢᠲᠡᠯᠡᠬᠦ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠲᠠᠢ ᠢᠳᠡᠪᠬᠢᠯᠡᠨ ᠵᠣᠬᠢᠴᠠᠭᠤᠯᠵᠤ᠂ ᠳᠣᠤᠷ᠎ᠠ ᠬᠠᠭ᠋ᠠᠰ ᠵᠢᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠨ ᠦᠭᠡᠷᠡᠴᠢᠯᠡᠬᠦ ᠵᠢ ᠬᠡᠷᠡᠭᠵᠢᠭᠦᠯᠬᠦ ᠰᠠᠨᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠠᠵᠢᠯᠯᠠᠭ᠎ᠠ ᠵᠢᠨ ᠲᠥᠰᠦᠯ (2018 — 2022)》᠎ᠢ ᠨᠡᠶ᠋ᠢᠲᠡᠯᠡᠬᠦ᠎ᠪᠠᠷ ᠴᠢᠷᠮᠠᠶ᠋ᠢᠨ᠎ᠠ᠃
(ᠬᠣᠶᠠᠷ) ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠯᠳᠠ ᠪᠠ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ ᠪᠥᠬᠥ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠠᠵᠢᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠲᠤᠰᠬᠠᠶ ᠰᠢᠮᠳᠠᠭᠤᠯᠤᠨ ᠪᠠᠶ᠋ᠢᠴᠠᠭ᠋ᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠭᠣᠤᠯᠳᠠᠯᠭ᠎ᠠ᠎ᠲᠠᠢ ᠠᠰᠠᠭᠤᠳᠠᠯ᠎ᠢ ᠨᠡᠷᠡᠯᠡᠨ ᠵᠢᠭ᠋ᠠᠵᠤ ᠰᠢᠮᠳᠠᠭᠤᠯᠤᠨ ᠰᠢᠢ᠍ᠳᠪᠦᠷᠢᠯᠡᠬᠦ ᠬᠡᠷᠡᠭᠲᠡᠶ᠃ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠩᠨᠡᠭᠡ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃
(ᠭᠤᠷᠪᠠ) ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠠᠬᠢᠭᠤᠯᠤᠨ᠎ᠠ᠃ ᠲᠦᠮᠡᠨ ᠭᠠᠵᠠᠷ᠎ᠤᠨ ᠴᠠᠢ ᠵᠢᠨ ᠵᠠᠮ᠂ ᠯᠢᠶᠣᠤ ᠤᠯᠤᠰ᠎ᠤᠨ ᠲᠡᠭᠡᠲᠦ ᠨᠡᠢ᠌ᠰᠯᠡᠯ ᠪᠣᠯᠤᠨ ᠳᠡᠭᠡᠳᠦᠰ᠎ᠤᠨ ᠣᠩᠭᠣᠨ᠎ᠤ ᠪᠠᠭᠤᠷᠢ᠂ ᠤᠯᠠᠭ᠋ᠠᠨᠬᠠᠳᠠ ᠵᠢᠨ ᠬᠠᠭᠤᠴᠢᠳ᠂ ᠮᠤᠨᠢ ᠠᠭᠤᠯᠠ ᠵᠢᠨ ᠬᠠᠳᠠᠨ ᠰᠡᠶ᠋ᠢᠯᠦᠮᠡᠯᠢ ᠰᠣᠶᠣᠯ᠎ᠤᠨ ᠥᠪ ᠵᠶ᠋ᠠᠷ ᠮᠡᠳᠡᠭᠦᠯᠬᠦ ᠰᠠᠭᠤᠷᠢ ᠴᠢᠨᠠᠷᠲᠠᠶ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠢᠨᠵᠧᠨᠧᠷᠢᠩ᠎ᠢ ᠦᠷᠭᠦᠯᠵᠢᠯᠡᠨ ᠥᠷᠨᠢᠭᠦᠯᠵᠦ᠂ ᠡᠷᠲᠡᠨ᠎ᠤ ᠪᠠᠷᠢᠯᠭ᠎ᠠ᠂ ᠡᠷᠲᠡᠨ᠎ᠤ ᠪᠠᠭᠤᠷᠢ᠂ ᠡᠷᠲᠡᠨ᠎ᠤ ᠪᠤᠯᠠᠰᠢ᠂ ᠣᠷᠴᠢᠨ ᠤᠳᠤ ᠦᠶ᠎ᠡ ᠵᠢᠨ ᠪᠠᠷᠢᠯᠭ᠎ᠠ ᠵᠡᠷᠭᠡ ᠵᠢ ᠠᠪᠤᠷᠠᠬᠤ ᠪᠠ ᠬᠠᠮᠠᠭ᠋ᠠᠯᠠᠵᠤ ᠰᠡᠯᠪᠢᠨ ᠵᠠᠰᠠᠬᠤ ᠢᠨᠵᠧᠨᠧᠷᠢᠩ᠎ᠢ ᠲᠦᠯᠬᠢᠨ ᠠᠬᠢᠭᠤᠯᠤᠨ᠎ᠠ᠃ ᠪᠦᠬᠦ ᠣᠷᠣᠨ᠎ᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠳᠠᠬᠢᠨ ᠪᠠᠶ᠋ᠢᠴᠠᠭ᠋ᠠᠵᠤ᠂ ᠪᠦᠬᠦ ᠣᠷᠣᠨ᠎ᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠡᠷᠡᠰ᠎ᠤᠨ ᠵᠢᠭᠰᠠᠭ᠋ᠠᠯᠲᠠ ᠵᠢ ᠨᠥᠬᠥᠪᠥᠷᠢᠯᠡᠨ ᠲᠡᠭᠦᠯᠳᠡᠷᠵᠢᠭᠦᠯᠵᠦ᠂ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠳ᠋ᠠᠶ᠋ᠢᠲ᠋ᠠ ᠬᠥᠮᠥᠷᠭᠡ ᠵᠢᠨ ᠪᠠᠶ᠋ᠢᠭᠤᠯᠤᠯᠲᠠ ᠵᠢ ᠪᠡᠶᠡᠯᠡᠭᠦᠯᠦᠨ᠎ᠡ᠃
(ᠲᠦᠷᠪᠡ) ᠮᠦᠽᠧᠶ ᠵᠢᠨ ᠬᠠᠮᠢᠶᠠᠷᠤᠯᠲᠠ ᠪᠣᠯᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ᠂ ᠮᠦᠽᠧᠶ ᠵᠢᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ᠎ᠢ ᠬᠢᠨᠠᠮᠠᠭ᠋ᠠᠶ ᠰᠠᠶ᠋ᠢᠲᠤᠷ ᠠᠳᠬᠤᠬᠤ ᠬᠡᠷᠡᠭᠲᠡᠶ᠃ ᠪᠦᠬᠦ ᠣᠷᠣᠨ᠎ᠤ ᠣᠨᠴᠠᠯᠢᠭᠲᠤ ᠮᠦᠽᠧᠶ ᠵᠢᠨ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠶ᠋ᠢᠭᠤᠯᠵᠤ ᠪᠠᠢ᠌ᠭ᠎ᠠ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠶ᠂ ᠬᠢᠳᠠᠨ ᠯᠢᠶᠣᠤ ᠵᠢᠨ ᠮᠦᠽᠧᠶ᠂ ᠬᠥᠯᠥᠨ ᠪᠣᠢ᠍ᠢ᠍ᠷ᠎ᠤᠨ ᠲᠡᠤᠬᠡ ᠵᠢᠨ ᠮᠦᠽᠧᠶ ᠵᠢᠨ ᠪᠦᠲᠦᠭᠡᠨ ᠪᠠᠶ᠋ᠢᠭᠤᠯᠤᠯᠲᠠ᠎ᠳᠤ ᠲᠤᠬᠠᠶ᠋ᠢᠯᠠᠭᠰᠠᠨ ᠠᠵᠢᠯ᠎ᠤᠨ ᠵᠢᠯᠣᠭᠣᠳᠤᠯᠭ᠎ᠠ ᠬᠢᠨ᠎ᠡ᠃
(ᠲᠠᠪᠤ) ᠭᠠᠳᠠᠭ᠋ᠠᠳᠤ᠎ᠳᠤ ᠬᠠᠨᠳᠤᠭᠤᠯᠤᠭᠰᠠᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠶ ᠥᠷᠨᠢᠭᠦᠯᠬᠦ ᠬᠡᠷᠡᠭᠲᠡᠶ᠃ ᠲᠠᠯ᠎ᠠ ᠨᠤᠲᠤᠭ᠎ᠤᠨ ᠲᠣᠷᠭ᠋ᠠᠨ ᠵᠠᠮ ᠳᠠᠭ᠋ᠠᠤ ᠵᠢᠨ ᠤᠯᠤᠰ ᠣᠷᠣᠨ᠎ᠤ ᠥᠪᠥᠷ ᠮᠣᠩᠭᠣᠯ᠎ᠤᠨ ᠲᠡᠤᠬᠡ ᠵᠢᠨ ᠲ᠋ᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠬᠦ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠳᠤᠮᠳᠠᠳᠤ ᠮᠣᠩᠭᠣᠯ ᠬᠤᠶᠠᠷ ᠤᠯᠤᠰ᠎ᠤᠨ ᠬᠠᠮᠲᠤᠷᠠᠯᠴᠠᠭᠰᠠᠨ 《ᠲᠠᠯ᠎ᠠ ᠨᠤᠲᠤᠭ᠎ᠤᠨ ᠲ᠋ᠣᠷᠭ᠋ᠠᠨ ᠵᠠᠮ᠎ᠤᠨ ᠰᠣᠶᠣᠯ᠎ᠤᠨ ᠥᠪ᠎ᠤᠨ ᠲᠣᠭ᠋ᠠᠴᠢᠯᠠᠭᠰᠠᠨ ᠢᠨᠵᠧᠨᠧᠷᠢᠩ᠎ᠤᠨ ᠲ᠋ᠥᠷᠥᠯ ᠵᠦᠢ᠍ᠯ》᠎ᠢ ᠦᠷᠭᠦᠯᠵᠢᠯᠡᠨ ᠠᠬᠢᠭᠤᠯᠤᠨ᠎ᠠ; ᠳᠤᠮᠳᠠᠳᠤ ᠮᠣᠩᠭᠣᠯ ᠬᠤᠶᠠᠷ ᠤᠯᠤᠰ᠎ᠤᠨ ᠬᠠᠮᠲᠤᠷᠠᠭᠰᠠᠨ ᠪᠠᠶ᠋ᠢᠴᠠᠭ᠋ᠠᠨ ᠰᠤᠳᠤᠯᠤᠯᠲᠠ ᠬᠢᠬᠦ ᠪᠠ ᠨᠡᠭᠡᠭᠡᠨ ᠮᠠᠯᠲᠠᠬᠤ ᠲᠥᠷᠥᠯ ᠵᠦᠢ᠍ᠯ᠎ᠢ ᠦᠷᠭᠦᠯᠵᠢᠯᠡᠨ ᠥᠷᠨᠢᠭᠦᠯᠦᠨ᠎ᠡ; ᠮᠣᠩᠭᠣᠯ ᠤᠯᠤᠰ᠎ᠤᠨ ᠬᠢᠯᠢ ᠳᠣᠲᠣᠷᠠᠬᠢ 《ᠲᠦᠮᠡᠨ ᠭᠠᠵᠠᠷ᠎ᠤᠨ ᠴᠠᠢ ᠵᠢᠨ ᠵᠠᠮ》 ᠱᠤᠭᠤᠮ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠥᠷᠨᠢᠭᠦᠯᠦᠨ᠎ᠡ᠃
ᠮᠢᠨᠦ ᠲᠠᠨᠢᠯᠴᠠᠭᠤᠯᠭ᠎ᠠ ᠡᠨᠳᠡ ᠬᠥᠷᠥᠶ᠎ᠡ᠂ ᠲᠠ ᠪᠦᠬᠦᠨ᠎ᠳᠤ ᠪᠠᠶᠠᠷᠯᠠᠯ᠎ᠠ!
ᠮᠣᠩᠭᠣᠯ ᠤᠯᠤᠰ᠎ᠲᠤ 《ᠶᠡᠬᠡ ᠯᠢᠶᠣᠤ ᠤᠯᠤᠰ᠎ᠤᠨ ᠬᠢᠳᠠᠨ — ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ》᠎ᠢ ᠡᠷᠬᠢᠯᠡᠭᠰᠡᠨ ᠪᠠ ᠥᠪᠥᠷ ᠮᠣᠩᠭᠣᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠭᠰᠠᠨ ᠪᠠᠢ᠌ᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠳᠤᠮᠳᠠᠳᠤ ᠤᠯᠤᠰ᠎ᠤᠨ ᠠᠵᠤ ᠠᠬᠤᠢ ᠵᠢᠨ ᠰᠣᠨᠢᠨ᠎ᠤ ᠰᠤᠷᠪᠤᠯᠵᠢᠯᠠᠭᠴᠢ᠄ ᠮᠣᠩᠭᠣᠯ ᠤᠯᠤᠰ᠎ᠲᠤ ᠡᠷᠬᠢᠯᠡᠭᠰᠡᠨ 《ᠳᠤᠮᠳᠠᠳᠤ ᠤᠯᠤᠰ · ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ》᠎ᠤᠨ ᠭᠣᠤᠯ ᠳᠡᠯᠭᠡᠨ ᠦᠵᠡᠭᠦᠯᠬᠦ ᠲᠡᠤᠬᠡ ᠵᠢᠨ ᠳᠤᠷᠠᠰᠬᠠᠯᠲᠤ ᠵᠦᠢ᠍ᠯ᠎ᠨᠢ ᠶᠠᠭᠤ ᠪᠣᠶ?
ᠾᠧᠦ ᠵᠢᠶᠦ᠋ᠨ᠄ ᠮᠣᠩᠭᠣᠯ ᠤᠯᠤᠰ᠎ᠤᠨ ᠤᠯᠤᠰ᠎ᠤᠨ ᠮᠦᠽᠧᠶ᠎ᠳᠤ ᠡᠷᠬᠢᠯᠡᠭᠰᠡᠨ 《ᠳᠤᠮᠳᠠᠳᠤ ᠤᠯᠤᠰ · ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ》᠎ᠨᠢ ᠥᠪᠥᠷ ᠮᠣᠩᠭᠣᠯ᠎ᠤᠨ ᠭᠠᠵᠠᠷ ᠣᠷᠣᠨ᠎ᠤ ᠡᠯᠪᠡᠭ ᠪᠠᠶᠠᠯᠢᠭ ᠯᠢᠶᠣᠤ ᠤᠯᠤᠰ᠎ᠤᠨ ᠦᠶ᠎ᠡ ᠵᠢᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ ᠪᠠ ᠵᠠᠷᠢᠮ ᠴᠢᠬᠤᠯᠠ ᠶᠡᠬᠡ ᠬᠠᠭᠤᠴᠢ ᠵᠢᠨ ᠢᠯᠡᠷᠡᠭᠦᠯᠦᠯᠲᠡ᠎ᠳᠤ ᠰᠠᠭᠤᠷᠢᠯᠠᠨ ᠬᠢᠭᠰᠡᠨ ᠶᠤᠮ᠃ ᠪᠢᠲᠡᠨ ᠰᠤᠩᠭᠤᠭᠰᠠᠨ 70 ᠭᠠᠷᠤᠶ ᠢᠵᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ ᠳᠣᠲᠣᠷ᠎ᠠ ᠤᠯᠤᠰ᠎ᠤᠨ ᠨᠢᠭᠡᠳᠦᠭᠡᠷ ᠲᠡᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ 11 ᠢᠵᠢ ᠪᠤᠢ᠃ 《ᠬᠠᠰ ᠴᠠᠷᠪᠠᠭᠤ》᠂ 《ᠬᠠᠰ ᠪᠠᠷᠢᠭᠤᠯ᠎ᠲᠠᠢ ᠮᠦᠩᠭᠦᠨ ᠰᠢᠪᠦᠭᠡ ᠵᠢᠴᠢ ᠰᠢᠪᠦᠭᠡᠨ ᠬᠤᠢ》᠂ 《ᠠᠯᠳᠠᠨ ᠭᠤᠷᠬᠢ ᠮᠦᠩᠭᠦᠨ ᠰᠠᠭ᠋ᠠᠯᠲᠤᠷᠭᠠᠲᠠᠢ ᠬᠤᠳᠠᠷᠭ᠎ᠠ》᠂ 《ᠯᠤᠤ ᠲᠤᠭᠯᠠᠭᠤᠯᠤᠭᠰᠠᠨ ᠰᠤᠪᠤᠳ᠎ᠤᠨ ᠬᠡ᠎ᠲᠠᠢ ᠠᠯᠳᠠᠳᠠᠮᠠᠯ ᠮᠤᠷᠢᠨ᠎ᠤ ᠬᠡᠷᠡᠭᠰᠡᠯ》᠂ 《ᠴᠠᠭ᠋ᠠᠨ ᠱᠠᠭ᠋ᠠᠵᠠᠩ ᠢᠷᠮᠡᠭᠲᠦ ᠪᠣᠷᠲᠣᠭᠣ》᠂ 《ᠯᠤᠤ ᠲᠤᠭᠯᠠᠭᠤᠯᠤᠭᠰᠠᠨ ᠠᠯᠲᠠᠨ ᠬᠤᠸᠠᠷ᠎ᠲᠠᠢ ᠮᠥᠩᠭᠥᠨ ᠬᠠᠶ᠋ᠢᠷᠴᠠᠭ》᠂ 《ᠠᠯᠲᠠ᠎ᠪᠠᠷ ᠬᠡᠬᠡᠯᠡᠭᠰᠡᠨ ᠴᠡᠴᠡᠭᠲᠦ ᠮᠥᠩᠭᠥᠨ ᠰᠢᠯᠤᠰᠤᠨ ᠰᠠᠪᠠ》᠂ 《ᠠᠯᠲᠠᠨ ᠮᠠᠨᠳᠠᠷᠠᠸ᠎ᠠ ᠴᠡᠴᠡᠭ᠎ᠤᠨ ᠬᠡ ᠤᠭ᠋ᠠᠯᠵᠠ᠎ᠲᠠᠢ ᠮᠥᠩᠭᠥᠨ ᠫᠠᠶ᠋ᠢᠰᠠ ᠵᠢᠨ ᠵᠠᠰᠠᠯ》᠂ 《ᠭᠦᠩᠵᠤ ᠵᠢᠨ ᠠᠯᠲᠠᠨ ᠪᠠᠭ》᠂ 《ᠭᠥᠩᠵᠤ ᠵᠢᠨ ᠠᠯᠲᠠᠨ ᠬᠤᠸᠠᠷᠲᠤ ᠮᠥᠩᠭᠥᠨ ᠭᠤᠲᠤᠯ 》᠂ 《ᠭᠦᠩᠵᠤ ᠵᠢᠨ ᠠᠯᠲᠠᠨ ᠬᠤᠸᠠᠷᠲᠤ ᠮᠥᠩᠭᠥᠨ ᠳᠡᠷᠡ》 ᠵᠡᠷᠭᠡ ᠪᠦᠲᠦᠭᠡᠯ ᠪᠠᠭᠳᠠᠨ᠎ᠠ᠃ ᠡᠳᠡᠭᠡᠷ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠣᠯᠠᠩᠬᠢ᠎ᠨᠢ ᠥᠪᠥᠷ ᠮᠣᠩᠭᠣᠯ᠎ᠤᠨ ᠭᠠᠵᠠᠷ ᠤᠷᠤᠨ᠎ᠤ ᠯᠢᠶᠣᠤ ᠤᠯᠤᠰ᠎ᠤᠨ ᠦᠶ᠎ᠡ ᠵᠢᠨ ᠴᠢᠬᠤᠯᠠ ᠪᠠᠭᠤᠷᠢ ᠵᠢᠴᠢ ᠤᠩᠭᠤᠨ᠎ᠠᠴᠠ ᠤᠯᠳᠠᠭᠰᠠᠨ ᠶᠤᠮ᠂ ᠡᠭᠦᠨ᠎ᠳᠤ 《ᠯᠢᠶᠣᠤ ᠤᠯᠤᠰ᠎ᠤᠨ ᠲᠡᠭᠡᠲᠦ ᠨᠡᠢ᠌ᠰᠯᠡᠯ᠎ᠤᠨ ᠪᠠᠭᠤᠷᠢ》᠂ 《ᠴᠧᠨ ᠤᠯᠤᠰ᠎ᠤᠨ ᠭᠥᠩᠵᠦ ᠵᠢᠨ ᠣᠩᠭᠣᠨ》᠂ 《ᠪᠣᠣᠱ᠌ᠠᠨᠤ ᠯᠢᠶᠣᠤ ᠤᠯᠤᠰ᠎ᠤᠨ ᠣᠩᠭᠣᠨ》᠂ 《ᠶᠧᠯᠸᠢ ᠢᠦᠢ ᠵᠢᠨ ᠣᠩᠭᠣᠨ》᠂ 《ᠲᠤᠭᠤᠯᠵᠢ ᠵᠢᠨ ᠠᠭᠤᠯᠠ ᠵᠢᠨ ᠣᠩᠭᠣᠨ》 ᠵᠡᠷᠭᠡ ᠲᠡᠯᠡᠬᠡᠢ ᠵᠢ ᠲᠤᠩᠰᠤᠯᠭ᠋ᠠᠭᠰᠠᠨ ᠴᠢᠬᠤᠯᠠ ᠢᠯᠡᠷᠡᠭᠦᠯᠦᠯᠲᠡ ᠴᠦ᠍ ᠪᠠᠭᠳᠠᠵᠤ ᠪᠠᠢ᠌ᠨ᠎ᠠ᠃ ᠮᠠᠯᠲᠠᠵᠤ ᠭᠠᠷᠭ᠋ᠠᠭᠰᠠᠨ ᠲᠡᠤᠬᠡ ᠵᠢᠨ ᠳᠤᠷᠠᠰᠬᠠᠯᠲᠤ ᠵᠦᠢ᠍ᠯᠡᠰ᠎ᠨᠢ ᠴᠥᠮ ᠣᠬᠢ ᠰᠢᠯᠢᠳᠡᠭ ᠡᠳ᠋᠂ ᠳᠦᠷᠰᠦ ᠪᠦᠲᠦᠭᠡᠯᠲᠡ᠎ᠨᠢ ᠨᠠᠷᠢᠯᠢᠭ᠂ ᠴᠢᠨᠠᠷ ᠰᠠᠶ᠋ᠢᠲᠠᠶ᠂ ᠲᠥᠷᠥᠯ ᠵᠦᠢ᠍ᠯ᠎ᠨᠢ ᠪᠠᠶᠠᠯᠢᠭ᠂ ᠰᠣᠶᠣᠯ᠎ᠤᠨ ᠮᠡᠳᠡᠭᠡ ᠵᠠᠩᠭᠢ ᠵᠢᠨ ᠬᠡᠮᠵᠢᠶ᠎ᠡ᠎ᠨᠢ ᠴᠦ᠍ ᠪᠠᠶᠠᠯᠢᠭ᠂ ᠲᠥᠯᠥᠭᠡᠯᠡᠬᠦ ᠴᠢᠨᠠᠷᠲᠠᠶ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠨᠡᠯᠢᠶᠡᠳ ᠶᠡᠬᠡ ᠨᠥᠯᠥᠭᠡᠯᠡᠬᠦ ᠬᠦᠴᠦᠨ᠎ᠲᠠᠢ᠂ ᠯᠢᠶᠣᠤ ᠤᠯᠤᠰ᠎ᠤᠨ ᠦᠶ᠎ᠡ ᠵᠢᠨ ᠭᠠᠷ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠮᠡᠷᠭᠡᠵᠢᠯ᠎ᠤᠨ ᠬᠡᠳᠦᠢ᠌ᠳᠦᠭᠰᠡᠨ ᠬᠢᠷᠢ ᠬᠡᠮᠵᠢᠶ᠎ᠡ ᠵᠢ ᠦᠨᠡᠨ ᠪᠣᠳᠠᠲᠠᠶ᠎ᠪᠠᠷ ᠢᠯᠡᠷᠡᠭᠦᠯᠵᠦ ᠴᠢᠳᠠᠳᠠᠭ᠃ ᠯᠢᠶᠣᠤ ᠤᠯᠤᠰ ᠤᠨ ᠬᠢᠳᠠᠨ ᠦᠨᠳᠦᠰᠦᠲᠡᠨ᠎ᠤ ᠣᠯᠠᠨ ᠡᠰᠢᠲᠦ ᠰᠣᠶᠣᠯ᠎ᠤᠨ ᠳᠦᠷᠰᠦ ᠪᠠᠶ᠋ᠢᠳᠠᠯ᠎ᠢ ᠲᠥᠯᠥᠭᠡᠯᠡᠵᠦ ᠴᠢᠳᠠᠬᠤ᠎ᠨᠢ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠰᠣᠶᠣᠯ᠎ᠤᠨ ᠣᠯᠠᠨ ᠡᠰᠢᠲᠦ ᠨᠢᠭᠡ ᠴᠣᠭᠴᠠᠵᠢᠭᠰᠠᠨ ᠪᠠᠶ᠋ᠢᠷᠢᠰᠢᠯ᠎ᠤᠨ ᠪᠦᠷᠢᠯᠳᠦᠨ ᠬᠦᠭᠵᠢᠭᠰᠡᠨ ᠲᠡᠤᠬᠡᠨ ᠭᠡᠷᠡᠴᠢ ᠮᠥᠨ᠃ ᠡᠨᠡ ᠪᠣᠯ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠯᠢᠶᠣᠤ ᠤᠯᠤᠰ᠎ᠤᠨ ᠦᠶ᠎ᠡ ᠵᠢᠨ ᠰᠣᠳᠣᠨ ᠲᠡᠤᠬᠡ ᠵᠢᠨ ᠳᠤᠷᠠᠰᠬᠠᠯᠲᠤ ᠵᠦᠢ᠍ᠯᠡᠰ ᠠᠩᠬ᠎ᠠ ᠤᠳᠠᠭ᠎ᠠ ᠮᠣᠩᠭᠣᠯ ᠤᠯᠤᠰ᠎ᠲᠤ ᠲᠡᠯᠭᠡᠭᠳᠡᠵᠦ ᠪᠠᠢ᠌ᠭ᠎ᠠ ᠶᠠᠪᠤᠳᠠᠯ ᠪᠠᠢ᠌ᠵᠤ᠂ ᠮᠣᠩᠭᠣᠯ ᠤᠯᠤᠰ᠎ᠤᠨ ᠦᠵᠡᠭᠴᠢᠳ᠎ᠤᠨ ᠰᠣᠨᠢᠷᠬᠠᠯ᠎ᠢ ᠶᠡᠬᠡᠳᠡ ᠲᠠᠲᠠᠵᠠᠶ᠃
ᠥᠪᠥᠷ ᠮᠣᠩᠭᠣᠯ᠎ᠤᠨ ᠬᠤᠳᠠᠯᠳᠤᠭ᠋ᠠᠨ᠎ᠤ ᠰᠣᠨᠢᠨ᠎ᠤ ᠰᠤᠷᠪᠤᠯᠵᠢᠯᠠᠭᠴᠢ᠄ ᠥᠪᠥᠷ ᠮᠣᠩᠭᠣᠯ᠎ᠳᠤ ᠶᠠᠮᠠᠷ ᠶᠠᠮᠠᠷ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ ᠪᠠᠢ᠌ᠬᠤ ᠪᠣᠶ? ᠬᠠᠮᠠᠭ᠋ᠠᠯᠠᠵᠤ ᠠᠰᠢᠭᠯᠠᠬᠤ ᠠᠵᠢᠯ᠎ᠳᠤ ᠶᠠᠮᠠᠷ ᠠᠷᠭ᠎ᠠ ᠬᠡᠮᠵᠢᠶ᠎ᠡ ᠠᠪᠴᠤ ᠪᠠᠢ᠌ᠬᠤ ᠪᠣᠶ?
ᠴᠧᠨ ᠶᠠ ᠭᠤᠸᠠᠩ᠄ ᠨᠢᠭᠡ᠂ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢᠨ ᠴᠢᠬᠤᠯᠠ ᠠᠴᠢ ᠬᠣᠯᠪᠣᠭᠳᠠᠯ
ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ ᠭᠡᠳᠡᠭ᠎ᠨᠢ ᠭᠣᠤᠯᠳᠠᠭᠤ 1921 ᠣᠨ᠎ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶ᠋ᠢᠭᠤᠯᠤᠭᠳᠠᠬᠤ ᠵᠢᠨ ᠤᠷᠢᠳ ᠬᠣᠵᠢᠳ 1949 ᠤᠨ᠎ᠳᠤ ᠰᠢᠨ᠎ᠡ ᠳᠤᠮᠳᠠᠳᠤ ᠤᠯᠤᠰ ᠮᠡᠨᠳᠦᠯᠡᠭᠰᠡᠨ ᠡᠨᠡ ᠬᠦ᠌ ᠲᠡᠤᠬᠡᠨ ᠠᠬᠢᠴᠠ᠎ᠳᠤ ᠪᠦᠷᠢᠯᠳᠦᠵᠦ ᠬᠠᠳᠠᠭ᠋ᠠᠯᠠᠭᠳᠠᠭᠰᠠᠨ ᠡᠯ᠎ᠡ ᠲᠥᠷᠥᠯ᠎ᠤᠨ ᠬᠤᠪᠢᠰᠬᠠᠯ᠎ᠤᠨ ᠬᠥᠳᠡᠯᠭᠡᠭᠡᠨ᠂ ᠴᠢᠬᠤᠯᠠ ᠶᠡᠬᠡ ᠬᠤᠪᠢᠰᠬᠠᠯ᠎ᠤᠨ ᠲᠡᠤᠬᠡ ᠵᠢᠨ ᠬᠡᠷᠡᠭ ᠶᠠᠪᠤᠳᠠᠯ ᠪᠤᠶᠤ ᠦᠷᠡᠭᠳᠡᠭᠰᠡᠨ ᠪᠠᠭ᠋ᠠᠲᠤᠷᠴᠤᠳ᠎ᠲᠠᠢ ᠬᠣᠯᠪᠣᠭᠳᠠᠬᠤ ᠴᠢᠬᠤᠯᠠ ᠲᠡᠤᠬᠡ ᠵᠢᠨ ᠳᠤᠷᠠᠰᠬᠠᠯ᠂ ᠪᠣᠳᠠᠲᠤ ᠪᠣᠳᠠᠰ᠂ ᠲᠥᠯᠥᠭᠡᠯᠡᠬᠦ ᠴᠢᠨᠠᠷᠲᠠᠶ ᠪᠠᠷᠢᠯᠭ᠎ᠠ ᠵᠡᠷᠭᠡ ᠵᠢ ᠪᠠᠭᠲᠠᠭ᠋ᠠᠭᠰᠠᠨ ᠴᠢᠬᠤᠯᠠ ᠪᠣᠳᠠᠲᠤ ᠪᠣᠳᠠᠰ᠎ᠤᠨ ᠭᠡᠷᠡᠴᠢᠯᠡᠯ᠎ᠢ ᠵᠢᠭ᠋ᠠᠵᠤ ᠪᠠᠶ᠋ᠢᠨ᠎ᠠ᠃ ᠲᠡᠷᠡ ᠪᠣᠯ ᠬᠤᠪᠢᠰᠬᠠᠯᠲᠤ ᠰᠣᠶᠣᠯ᠎ᠤᠨ ᠪᠣᠳᠠᠰ᠎ᠤᠨ ᠠᠴᠢᠶᠠᠯᠠᠪᠤᠷᠢ ᠮᠥᠨ᠂ ᠲᠡᠭᠦᠨ᠎ᠳᠤ ᠳᠤᠮᠳᠠᠳᠤ ᠵᠢᠨ ᠦᠨᠳᠦᠰᠦᠲᠡᠨ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠳ᠎ᠤᠨ ᠣᠶᠤᠨ ᠰᠠᠨᠠᠭ᠋ᠠᠨ᠎ᠤ ᠦᠨ᠎ᠡ ᠥᠷᠲᠡᠭ ᠪᠠ ᠬᠤᠪᠢᠰᠬᠠᠯ᠎ᠤᠨ ᠰᠢᠯᠢᠳᠡᠭ ᠤᠯᠠᠮᠵᠢᠯᠠᠯ ᠠᠭᠤᠯᠤᠭᠳᠠᠵᠤ ᠪᠠᠢ᠌ᠳᠠᠭ ᠪᠣᠯᠬᠣᠷ ᠴᠢᠬᠤᠯᠠ ᠳᠤᠷᠠᠰᠬᠠᠬᠤ ᠠᠴᠢ ᠬᠣᠯᠪᠣᠭᠳᠠᠯ᠂ ᠰᠤᠷᠭ᠋ᠠᠨ ᠬᠥᠮᠦᠵᠢᠭᠦᠯᠬᠦ ᠠᠴᠢ ᠬᠣᠯᠪᠣᠭᠳᠠᠯ ᠵᠢᠴᠢ ᠲᠡᠦᠬᠡ ᠵᠢᠨ ᠦᠨ᠎ᠡ ᠥᠷᠲᠡᠭ᠎ᠲᠠᠢ ᠶᠤᠮ᠃
ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ ᠪᠣᠯ ᠬᠤᠪᠢᠰᠬᠠᠯᠲᠤ ᠰᠣᠶᠣᠯ᠎ᠤᠨ ᠴᠢᠬᠤᠯᠠ ᠪᠣᠳᠠᠰ᠎ᠤᠨ ᠠᠴᠢᠶᠠᠯᠠᠪᠤᠷᠢ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠷᠠᠭᠤ ᠠᠯᠳᠠᠷᠲᠤ ᠲᠡᠤᠬᠡ ᠵᠢ ᠪᠠᠭᠲᠠᠭ᠋ᠠᠵᠤ᠂ ᠣᠷᠴᠢᠨ ᠦᠶ᠎ᠡ᠎ᠠᠴᠠ ᠨᠠᠭ᠋ᠠᠰᠢᠬᠢ ᠳᠤᠮᠳᠠᠳᠤ ᠤᠯᠤᠰ᠎ᠤᠨ ᠠᠷᠠᠳ ᠲᠦᠮᠡᠨ᠎ᠤ ᠡᠷᠡᠯᠬᠡᠭᠯᠡᠨ ᠲᠡᠮᠡᠴᠡᠭᠰᠡᠨ ᠬᠠᠭᠤᠳᠠᠰᠤ ᠵᠢ ᠢᠯᠡᠷᠡᠭᠦᠯᠵᠦ᠂ ᠤᠯᠤᠰ ᠵᠶ᠋ᠠᠨ ᠬᠠᠶ᠋ᠢᠷᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠬᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠥᠭᠵᠢᠭᠡᠬᠦ ᠭᠦᠨ ᠵᠤᠵᠠᠭ᠋ᠠᠨ ᠰᠢᠮ᠎ᠡ ᠲᠡᠵᠢᠭᠡᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠂ ᠤᠷᠢᠳᠤᠬᠢ ᠵᠢ ᠵᠠᠯᠭ᠋ᠠᠮᠵᠢᠯᠠᠨ ᠬᠣᠶ᠋ᠢᠰᠢᠬᠢ ᠵᠢ ᠰᠡᠩᠬᠡᠷᠡᠭᠦᠯᠬᠦ ᠬᠦᠴᠦᠨ ᠴᠢᠳᠠᠯ᠎ᠤᠨ ᠡᠬᠢ ᠪᠤᠯᠠᠭ ᠮᠦᠨ ᠃ ᠨᠡᠶ᠋ᠢᠭᠡᠮ ᠵᠢᠷᠤᠮ᠎ᠤᠨ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ ᠵᠢ ᠪᠣᠶ᠋ᠢᠵᠢᠭᠤᠯᠬᠤ ᠳᠤᠮᠳᠠ᠂ ᠢᠯᠠᠩᠭᠤᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠬᠦ ᠠᠭᠤᠤ ᠶᠡᠬᠡ ᠠᠶᠠᠨ ᠵᠠᠮ᠎ᠳᠤ ᠣᠷᠣᠯᠠᠭᠤᠯᠵᠤ ᠪᠣᠯᠤᠰᠢ ᠦᠭᠡᠢ ᠣᠨᠴᠠᠭ᠋ᠠᠢ ᠪᠠᠶ᠋ᠢᠷᠢ ᠰᠠᠭᠤᠷᠢ ᠪᠠ ᠥᠪᠡᠷᠮᠢᠴᠡ ᠦᠢ᠍ᠯᠡᠳᠦᠯ᠎ᠲᠠᠢ ᠶᠤᠮ᠃
ᠥᠪᠥᠷ ᠮᠣᠩᠭᠣᠯ ᠪᠣᠯ ᠢᠷᠠᠭᠤ ᠠᠯᠳᠠᠷᠲᠤ ᠬᠤᠪᠢᠰᠬᠠᠯ᠎ᠤᠨ ᠲᠡᠤᠬᠡ ᠪᠠ ᠤᠯᠠᠵᠢᠯᠠᠯᠲᠠᠢ ᠶᠤᠮ᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠬᠤ ᠦᠶ᠎ᠡ ᠵᠢᠨ ᠠᠩᠬᠠᠳᠠᠭᠴᠢ ᠴᠥᠭᠡᠨ ᠲᠣᠭ᠋ᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠮᠥᠨ᠂ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠴᠢᠩᠭ᠋ᠠᠳᠬᠠᠵᠤ᠂ ᠬᠤᠪᠢᠰᠬᠠᠯ᠎ᠤᠨ ᠰᠣᠶᠣᠯ᠎ᠢ ᠤᠯᠠᠮᠵᠢᠯᠠᠬᠤ᠂ 《ᠳᠥᠷᠪᠡᠨ ᠤᠬᠠᠮᠰᠠᠷ》᠎ᠢ ᠴᠢᠩᠭ᠋ᠠᠳᠬᠠᠬᠤ᠂ 《ᠳᠥᠷᠪᠡᠨ ᠢᠲᠡᠭᠡᠯ》᠎ᠢ ᠪᠠᠲᠤᠳᠬᠠᠬᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠬᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠥᠭᠵᠢᠭᠡᠬᠦ᠂ ᠬᠥᠭᠵᠢᠯᠲᠡ ᠵᠢᠨ ᠬᠦᠴᠦᠨ᠎ᠢ ᠨᠢᠭᠲᠠᠷᠠᠭᠤᠯᠬᠤ᠂ ᠪᠦᠬᠦ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠠᠴᠢ ᠬᠣᠯᠪᠣᠭᠳᠠᠯ᠎ᠲᠠᠢ ᠶᠤᠮ᠃
ᠬᠣᠶᠠᠷ᠂ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠶ᠋ᠢᠮᠣ ᠪᠠᠢ᠍ᠳᠠᠯ ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠲ᠋ᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠪᠠ ᠠᠩᠬᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠰᠢᠯᠵᠢᠭᠦᠯᠵᠦ ᠪᠣᠯᠬᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ᠎ᠪᠠᠷ ᠳᠠᠮᠵᠢᠭ᠋ᠠᠳ᠂ ᠣᠳᠣᠬᠠᠨ ᠳᠤ ᠪᠦᠬᠦ ᠣᠷᠣᠨ᠎ᠤ ᠬᠡᠪᠴᠢᠶᠡᠨ᠎ᠳᠤ 1000 ᠭᠠᠷᠤᠶ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ ᠬᠠᠳᠠᠭ᠋ᠠᠯᠠᠭᠳᠠᠵᠤ ᠪᠠᠶ᠋ᠢᠨ᠎ᠠ᠃ ᠡᠭᠦᠨ᠎ᠳᠤ᠂ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ 8᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ100᠂ ᠠᠢ᠌ᠮᠠᠭ ᠬᠣᠲᠠ᠂ ᠬᠣᠰᠢᠭᠤ ᠰᠢᠶᠠᠨ᠎ᠤ ᠳᠡᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ 200 ᠭᠠᠷᠤᠶ ᠪᠣᠶ; ᠪᠦᠬᠦ ᠣᠷᠣᠨ᠎ᠤ ᠡᠯ᠎ᠡ ᠱᠠᠲᠤᠨ᠎ᠤ ᠤᠯᠤᠰ᠎ᠤᠨ ᠦᠮᠴᠢᠯᠡᠯᠲᠦ ᠮᠦᠽᠧᠶ᠂ ᠳᠤᠷᠠᠰᠬᠠᠯ᠎ᠤᠨ ᠣᠷᠳᠣᠨ᠂ ᠦᠵᠡᠰᠬᠦᠯᠡᠩ᠎ᠤᠨ ᠣᠷᠳᠣᠨ ᠵᠡᠷᠭᠡ᠎ᠳᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ 12403 ᠵᠦᠢ᠍ᠯ (ᠢᠵᠢ) ᠬᠠᠳᠠᠭ᠋ᠠᠯᠠᠭᠳᠠᠵᠤ ᠂ ᠡᠨᠡ᠎ᠨᠢ ᠮᠠᠨ᠎ᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃
ᠰᠢᠯᠵᠢᠭᠦᠯᠵᠦ ᠪᠣᠯᠤᠰᠢ ᠦᠭᠡᠢ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠲᠤ ᠳᠤᠷᠠᠰᠬᠠᠯ᠎ᠤᠨ ᠪᠠᠷᠢᠯᠭ᠎ᠠ᠂ ᠬᠠᠭᠤᠴᠢᠨ ᠰᠠᠭᠤᠴᠠ᠂ ᠬᠠᠭᠤᠴᠢᠨ ᠪᠠᠭᠤᠷᠢ᠂ ᠬᠠᠭᠤᠴᠢᠳ ᠦᠯᠡᠳᠡᠭᠳᠡᠯ᠂ ᠲᠤᠷᠠᠰᠬᠠᠯ ᠤᠨ ᠬᠦᠰᠢᠶ᠎ᠡ᠂᠂ ᠣᠩᠭᠣᠨ ᠵᠡᠷᠭᠡ ᠪᠠᠭᠲᠠᠨ᠎ᠠ᠂ ᠰᠢᠯᠵᠢᠭᠦᠯᠵᠦ ᠪᠣᠯᠬᠤ ᠲᠡᠤᠬᠡ ᠵᠢᠨ ᠳᠤᠷᠠᠰᠬᠠᠯᠲᠤ ᠵᠦᠢ᠍ᠯᠡᠰ᠎ᠲᠤ ᠰᠤᠷᠪᠤᠯᠵᠢ ᠪᠢᠴᠢᠭ᠂ ᠭᠠᠷ ᠪᠢᠴᠢᠮᠡᠯ᠂ ᠨᠤᠮ ᠰᠡᠳᠭᠦᠯ᠂ ᠵᠢᠷᠤᠬᠠᠶ᠂ ᠰᠦᠯᠳᠡ ᠲᠡᠮᠳᠡᠭ᠂ ᠭᠡᠷᠡᠴᠢ ᠲᠡᠮᠳᠡᠭ᠂ ᠲᠤᠭ ᠲᠡᠮᠳᠡᠭ᠂ ᠲᠠᠮᠠᠭ᠎ᠠ ᠲᠡᠮᠳᠡᠭ᠂ ᠵᠡᠪᠰᠡᠭ ᠲᠣᠨᠣᠭᠯᠠᠯ ᠵᠡᠷᠭᠡ 16 ᠲᠥᠷᠥᠯ ᠪᠠᠭᠲᠠᠨ᠎ᠠ᠃
ᠭᠤᠷᠪᠠ᠂ ᠬᠣᠯᠪᠣᠭᠳᠠᠯ ᠪᠦᠬᠦᠢ ᠠᠷᠭ᠎ᠠ ᠬᠡᠮᠵᠢᠶ᠎ᠡ
(ᠨᠢᠭᠡ) ᠬᠠᠮᠠᠭ᠋ᠠᠯᠠᠵᠤ ᠠᠰᠢᠭᠯᠠᠬᠤ ᠢᠨᠵᠧᠨᠧᠷᠢᠩ᠎ᠢ ᠬᠡᠷᠡᠭᠵᠢᠭᠦᠯᠦᠨ᠎ᠡ
ᠨᠢᠭᠡ ᠪᠦᠯᠦᠭ ᠬᠤᠪᠢᠰᠬᠠᠯ᠎ᠤᠨ ᠴᠢᠬᠤᠯᠠ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠰᠡᠯᠪᠢᠨ ᠵᠠᠰᠠᠪᠠ᠃ ᠵᠢᠱ᠌ᠢᠶᠡᠯᠡᠪᠡᠯ 《 ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠭᠠᠵᠠᠷ》᠂ ᠤᠯᠠᠭ᠋ᠠᠨᠬᠦᠤ ᠵᠢᠨ ᠬᠠᠭᠤᠴᠢᠨ ᠰᠠᠭᠤᠴᠠ᠂ ᠴᠸᠩᠴᠤᠸᠠᠨᠤ ᠦᠨᠳᠦᠰᠦᠲᠡᠨ᠎ᠤ ᠲᠡᠭᠡᠲᠦ ᠰᠤᠷᠭ᠋ᠠᠭᠤᠯᠢ᠂ ᠸᠠᠩ ᠷᠦᠸᠸ ᠹᠸᠢ ᠵᠢᠨ ᠬᠤᠪᠢᠰᠬᠠᠯᠲᠤ ᠠᠵᠢᠯᠯᠠᠭ᠎ᠠ ᠵᠢᠨ ᠬᠠᠭᠤᠴᠢᠨ ᠪᠠᠭᠤᠷᠢ ᠵᠡᠷᠭᠡ ᠨᠢᠭᠡ ᠪᠦᠯᠦᠭ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠤᠨ ᠬᠠᠭᠤᠴᠢᠨ ᠪᠠᠭᠤᠷᠢ ᠵᠢ ᠮᠠᠰᠢ ᠰᠠᠶ᠋ᠢᠨ ᠬᠠᠮᠠᠭ᠋ᠠᠯᠠᠨ ᠠᠰᠢᠭᠯᠠᠵᠤ᠂ ᠬᠤᠪᠢᠰᠬᠠᠯ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠂ ᠬᠤᠪᠢᠰᠬᠠᠯ᠎ᠤᠨ ᠤᠳᠤᠮᠰᠢᠯ᠎ᠤᠨ ᠬᠥᠮᠦᠵᠢᠯ ᠪᠠ ᠡᠬᠡ ᠣᠷᠣᠨᠴᠢ ᠦᠵᠡᠯ᠎ᠤᠨ ᠬᠥᠮᠦᠵᠢᠯ ᠬᠢᠬᠦ ᠵᠡᠷᠭᠡ ᠲᠠᠯ᠎ᠠ᠎ᠪᠠᠷ ᠴᠢᠬᠤᠯᠠ ᠦᠢ᠍ᠯᠡᠲᠦᠯ ᠦᠵᠡᠭᠦᠯᠵᠡᠶ᠃
ᠣᠳᠣᠬᠠᠨ᠎ᠳᠤ᠂ ᠲᠣᠭᠣᠷᠢᠮ ᠤᠷᠤᠨ᠎ᠤ ᠬᠤᠪᠢᠰᠬᠠᠯᠲᠤ ᠡᠬᠡ ᠣᠷᠣᠨᠴᠢ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠵᠢᠯᠣᠭᠣᠳᠤᠨ ᠵᠣᠬᠢᠴᠠᠭᠤᠯᠵᠤ ᠪᠠᠶ᠋ᠢᠨ᠎ᠠ᠃ ᠲᠣᠭᠣᠷᠢᠮ ᠪᠣᠯ ᠣᠷᠳᠣᠰ ᠬᠣᠲᠠ ᠵᠢᠨ ᠤᠲᠤᠭ ᠬᠣᠰᠢᠭᠤᠨ᠎ᠳᠤ ᠪᠠᠶ᠋ᠢᠷᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠤᠪᠢᠰᠬᠠᠯ᠎ᠤᠨ ᠬᠦᠴᠦᠨ᠎ᠢ ᠤᠳᠤᠷᠢᠳᠤᠨ ᠶᠠᠫᠣᠨ᠎ᠢ ᠡᠰᠡᠷᠭᠦᠴᠡᠬᠦ ᠲᠠᠢ᠌ᠨ᠂ ᠴᠢᠯᠥᠭᠡᠯᠡᠬᠦ ᠲᠠᠢ᠌ᠨ ᠦᠷᠨᠢᠭᠦᠯᠦᠭᠰᠡᠨ ᠴᠢᠬᠤᠯᠠ ᠰᠠᠭᠤᠷᠢᠨ ᠭᠠᠵᠠᠷ᠂ ᠮᠦᠨ ᠴᠦ᠍ ᠱᠠᠨᠰᠢ ᠭᠠᠨᠰᠦ ᠨᠢᠩᠰᠢᠶᠠ ᠭᠠᠵᠠᠷ ᠣᠷᠣᠨ ᠤ ᠤᠮᠠᠷᠠᠲᠤ ᠡᠭᠦᠲᠡ᠂ ᠨᠠᠮ ᠪᠣᠯᠤᠨ ᠣᠯᠠᠨ ᠤᠯᠤᠰ᠎ᠤᠨ ᠬᠠᠷᠢᠯᠴᠠᠭ᠋ᠠᠨ᠎ᠤ ᠴᠢᠬᠤᠯᠠ ᠵᠠᠮ᠂ ᠮᠠᠰᠢ ᠴᠢᠬᠤᠯᠠ ᠲᠡᠤᠬᠡ ᠵᠢᠨ ᠰᠤᠳᠤᠯᠭ᠋ᠠᠨ᠎ᠤ ᠦᠨ᠎ᠡ ᠥᠷᠲᠡᠭ᠂ ᠬᠤᠪᠢᠰᠬᠠᠯ᠎ᠤᠨ ᠰᠣᠶᠣᠯ᠎ᠤᠨ ᠦᠨ᠎ᠡ ᠥᠷᠲᠡᠭ᠎ᠲᠠᠢ ᠶᠤᠮ᠃ ᠤᠯᠠᠭ᠋ᠠᠨᠬᠦᠤ ᠨᠥᠬᠥᠷ ᠡᠨᠳᠡ ᠠᠵᠢᠯᠯᠠᠵᠤ ᠥᠩᠭᠡᠷᠡᠭᠰᠡᠨ᠎ᠨᠢ ᠶᠠᠫᠣᠨ ᠳᠡᠭᠡᠷᠡᠮᠴᠢᠳ᠎ᠤᠨ ᠲᠦᠷᠢᠮᠡᠬᠡᠶ᠋ᠢᠯᠡᠯ᠎ᠢ ᠡᠰᠡᠷᠭᠦᠴᠡᠬᠦ ᠪᠠ ᠬᠠᠳᠤᠨ ᠭᠣᠤᠯ᠎ᠢ ᠬᠠᠮᠠᠭ᠋ᠠᠯᠠᠬᠤ ᠵᠢᠴᠢ ᠲᠣᠭᠣᠷᠢᠮ ᠣᠷᠣᠨ᠎ᠤ ᠶᠠᠫᠣᠨ᠎ᠢ ᠡᠰᠡᠷᠭᠦᠴᠡᠬᠦ ᠬᠤᠪᠢᠰᠬᠠᠯ᠎ᠤᠨ ᠰᠠᠭᠤᠷᠢᠨ ᠭᠠᠵᠠᠷ᠎ᠢ ᠪᠠᠶ᠋ᠢᠭᠤᠯᠬᠤ᠎ᠳᠤ ᠯᠤᠲᠤ ᠶᠡᠬᠡ ᠬᠤᠪᠢ ᠨᠡᠮᠡᠷᠢ ᠦᠵᠡᠭᠦᠯᠵᠡᠶ᠃ ᠤᠯᠠᠭ᠋ᠠᠨᠬᠣᠲᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠶ᠋ᠢᠭᠤᠯᠤᠭᠳᠠᠭᠰᠠᠨ ᠭᠠᠵᠠᠷ᠂ ᠥᠪᠥᠷ ᠮᠣᠩᠭᠣᠯ ᠴᠢᠨᠠᠭᠰᠢᠯᠠᠪᠠᠯ ᠳᠤᠮᠳᠠᠳᠤ ᠤᠯᠤᠰ᠎ᠤᠨ ᠬᠤᠪᠢᠰᠬᠠᠯᠳᠤ ᠴᠢᠬᠤᠯᠠ ᠪᠠᠶ᠋ᠢᠷᠢ ᠰᠠᠭᠤᠷᠢ᠎ᠲᠠᠢ ᠶᠤᠮ᠃ ᠣᠳᠣ ᠬᠤᠪᠢᠰᠬᠠᠯ᠎ᠤᠨ ᠬᠠᠭᠤᠴᠢᠨ ᠪᠠᠭᠤᠷᠢ ᠠᠷᠪᠠ ᠪᠣᠶ᠂ ᠶᠠᠭ ᠲᠥᠪᠯᠡᠷᠡᠨ ᠵᠠᠯᠭ᠋ᠠᠯᠳᠤᠭᠰᠠᠨ ᠬᠤᠪᠢᠰᠬᠠᠯ᠎ᠤᠨ ᠰᠠᠭᠤᠷᠢᠨ ᠭᠠᠵᠠᠷ᠎ᠢ ᠪᠠᠢ᠌ᠭᠤᠯᠵᠤ ᠂ ᠶᠡᠷᠦᠩᠬᠡᠢ᠌ᠯᠡᠨ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠪᠣᠶ᠃
(ᠬᠣᠶᠠᠷ) ᠬᠡᠷᠡᠭᠵᠢᠭᠦᠯᠬᠦ ᠲᠥᠰᠦᠯ ᠲᠤᠭᠳᠠᠭ᠋ᠠᠨ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠢᠨᠵᠧᠨᠧᠷᠢᠩ (2019 — 2022 ᠤᠨ)᠎ᠤᠨ ᠬᠡᠷᠡᠭᠵᠢᠭᠦᠯᠬᠦ ᠲᠥᠰᠦᠯ》᠎ᠢ ᠲᠣᠭᠲᠠᠭ᠋ᠠᠵᠤ᠂ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠲᠤ ᠮᠡᠳᠡᠭᠦᠯᠵᠦ᠂ ᠵᠢᠯ᠎ᠤᠨ ᠳᠣᠲᠣᠷ᠎ᠠ ᠨᠡᠶ᠋ᠢᠲᠡᠯᠡᠨ ᠬᠡᠷᠡᠭᠵᠢᠭᠦᠯᠦᠨ᠎ᠡ᠃
(ᠭᠤᠷᠪᠠ) ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠤᠳᠤᠯᠬᠤ ᠠᠵᠢᠯ᠎ᠢ ᠦᠷᠨᠢᠭᠦᠯᠦᠨ᠎ᠡ
ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠨᠢᠭᠡᠨᠲᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠪᠠᠭᠤᠷᠢ ᠵᠢ ᠬᠠᠮᠠᠭ᠋ᠠᠯᠠᠬᠤ ᠳᠦᠷᠢᠮ》᠎ᠢ 2019 ᠤᠨ᠎ᠤ ᠬᠠᠤᠯᠢ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠪᠠ᠃ ᠣᠳᠣᠬᠠᠨ᠎ᠳᠤ ᠶᠠᠭ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠲᠠᠢ ᠬᠠᠮᠲᠤᠷᠠᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠵᠦ᠂ ᠪᠠᠢ᠌ᠴᠠᠭ᠋ᠠᠨ ᠰᠤᠳᠤᠯᠬᠤ ᠲᠥᠰᠦᠯ ᠪᠣᠯᠤᠨ ᠡᠬᠡ ᠨᠣᠣᠷᠠᠭ᠎ᠢ ᠲᠤᠭᠤᠷᠪᠢᠨ ᠲᠣᠭᠲᠠᠭ᠋ᠠᠬᠤ ᠠᠵᠢᠯ᠎ᠢ ᠬᠢᠵᠦ ᠪᠠᠶ᠋ᠢᠨ᠎ᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 2017 ᠤᠨ᠂ 2019 ᠤᠨ᠎ᠤ ᠠᠵᠢᠯ᠎ᠤᠨ ᠮᠡᠳᠡᠭᠦᠯᠦᠯᠲᠡ᠎ᠳᠤ᠎ᠪᠠᠨ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠶ᠂ ᠬᠥᠯᠥᠨ ᠪᠣᠢ᠍ᠢ᠍ᠷ᠎ᠤᠨ ᠲᠡᠤᠬᠡ ᠵᠢᠨ ᠮᠦᠽᠧᠶ ᠪᠠᠢ᠌ᠭᠤᠯᠤᠨ᠎ᠠ ᠭᠡᠵᠦ ᠲᠣᠰ ᠲᠣᠰ ᠳᠤᠷᠠᠳᠴᠠᠶ᠂ ᠣᠳᠣ ᠠᠵᠢᠯ᠎ᠤᠨ ᠠᠬᠢᠴᠠ ᠵᠢᠨ ᠪᠠᠢ᠌ᠳᠠᠯ ᠶᠠᠮᠠᠷ ᠵᠡᠷᠭᠡ ᠪᠣᠶ?
ᠾᠧᠦ ᠵᠢᠶᠦ᠋ᠨ᠄ ᠥᠪᠥᠷ ᠮᠣᠩᠭᠣᠯ᠎ᠤᠨ ᠬᠤᠪᠢᠰᠬᠠᠯ᠎ᠤᠨ ᠲᠡᠤᠬᠡ ᠵᠢᠨ ᠮᠦᠽᠧᠶ ᠵᠢ ᠬᠦᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠪᠠᠢ᠌ᠭᠤᠯᠵᠤ᠂ 2017 ᠤᠨ᠎ᠤ 9 ᠰᠠᠷ᠎ᠠ᠎ᠳᠤ ᠠᠵᠢᠯ ᠡᠬᠢᠯᠡᠭᠦᠯᠵᠦ᠂ ᠵᠢᠱ᠌ᠢᠯᠲᠡ᠎ᠪᠠᠷ 2020 ᠤᠨ᠎ᠤ 6 ᠰᠠᠷ᠎ᠠ᠎ᠳᠤ ᠠᠵᠢᠯ ᠳᠠᠭᠤᠰᠤᠨ᠎ᠠ᠃ ᠲᠣᠰ ᠲᠥᠷᠥᠯ ᠵᠦᠢ᠍ᠯ ᠨᠢ ᠨᠢᠰᠬᠡᠯ᠎ᠤᠨ ᠲᠠᠯᠠᠪᠠᠢ ᠵᠢᠨ ᠵᠠᠮ᠎ᠤᠨ ᠡᠮᠦᠨᠡᠬᠢ᠂ ᠸᠠᠨ ᠲᠦᠩ ᠵᠠᠮ᠎ᠤᠨ ᠵᠡᠭᠦᠨᠰᠢᠬᠢ᠂ ᠮᠠᠨᠵᠤᠤᠷ ᠵᠠᠮ᠎ᠤᠨ ᠵᠡᠭᠦᠨᠰᠢᠬᠢ᠂ ᠯᠢᠨ ᠶᠢᠨ ᠵᠠᠮ᠎ᠤᠨ ᠬᠤᠢ᠌ᠲᠤ ᠬᠡᠰᠡᠭ᠎ᠲᠤ ᠪᠠᠢ᠌ᠷᠢᠯᠠᠨ᠂ 298 ᠮᠤ᠌ ᠭᠠᠵᠠᠷ ᠡᠵᠡᠯᠡᠨ᠂ ᠶᠡᠷᠦᠩᠬᠡᠶ ᠪᠠᠷᠢᠯᠭ᠎ᠠ ᠵᠢᠨ ᠲᠠᠯᠠᠪᠠᠢ᠎ᠨᠢ 13.7 ᠲᠦᠮᠡᠨ ᠲᠡᠭᠰᠢ ᠳᠥᠷᠪᠡᠯᠵᠢᠨ ᠮᠧᠲᠷ᠂ ᠪᠠᠯᠠ ᠣᠷᠣᠭᠤᠯᠤᠯᠲᠠ᠎ᠨᠢ 18.7 ᠳ᠋ᠦᠩᠰᠢᠭᠤᠷ ᠲᠥᠭᠥᠷᠢᠭ ᠪᠠᠶ᠋ᠢᠵᠤ᠂ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠭᠤᠷᠪᠠᠨ ᠣᠷᠣᠨ ᠪᠦᠰᠡ ᠬᠤᠪᠢᠶᠠᠨ ᠶᠠᠪᠤᠭᠳᠠᠭᠤᠯᠤᠨ᠎ᠠ᠃ ᠣᠳᠣᠬᠠᠨ᠎ᠳᠤ᠂ ᠨᠢᠭᠡ ᠲᠣᠭᠣᠷᠢᠭ᠎ᠤᠨ ᠭᠣᠤᠯ ᠴᠣᠭᠴᠠ ᠵᠢᠨ ᠪᠦᠲᠦᠴᠡ ᠵᠢᠨ ᠣᠷᠣᠢ᠎ᠨᠢ ᠨᠢᠭᠡᠨᠲᠡ ᠪᠢᠲᠡᠭᠦᠮᠵᠢᠯᠡᠭᠳᠡᠵᠦ᠂ ᠰᠥᠭᠡᠷᠭᠦ ᠨᠢᠭᠡ ᠳᠠᠪᠬᠤᠷᠭ᠎ᠠ ᠬᠤᠶᠠᠳᠤᠭ᠋ᠠᠷ ᠤᠳᠠᠭ᠎ᠠ ᠵᠢᠨ ᠪᠦᠲᠦᠴᠡ ᠵᠢᠨ ᠴᠣᠭᠴᠠᠯᠠᠯᠲᠠ ᠵᠢᠨ 80 % ᠵᠢ ᠪᠡᠶᠡᠯᠡᠭᠦᠯᠵᠡᠶ᠃ ᠬᠣᠶᠠᠳᠤᠭ᠋ᠠᠷ ᠲᠣᠭᠣᠷᠢᠭ ᠨᠢᠭᠡᠨᠲᠡ ᠰᠥᠭᠡᠷᠭᠦ ᠨᠢᠭᠡ ᠳᠠᠪᠬᠤᠷᠭ᠎ᠠ᠎ᠠᠴᠠ ᠳᠥᠷᠪᠡᠳᠦᠭᠡᠷ ᠳᠠᠪᠬᠤᠷᠯᠢᠭ᠎ᠲᠤ ᠬᠦᠷᠬᠦ ᠪᠣᠯᠣᠳ ᠪᠦᠲᠦᠴᠡ ᠵᠢ ᠳᠡᠭᠦᠵᠢᠯᠡᠨ ᠤᠭᠰᠠᠷᠠᠬᠤ᠂ ᠭᠠᠩᠨᠠᠨ ᠵᠠᠯᠭ᠋ᠠᠬᠤ ᠠᠵᠢᠯ᠎ᠢ ᠪᠡᠶᠡᠯᠡᠭᠦᠯᠵᠡᠶ᠃ ᠭᠤᠷᠪᠠᠳᠤᠭ᠋ᠠᠷ ᠲᠤᠭᠤᠷᠢᠭ᠎ᠤᠨ ᠨᠢᠭᠡᠨᠲᠡ ᠭᠣᠤᠯ ᠴᠣᠭᠴᠠ ᠵᠢᠨ ᠪᠦᠲᠦᠴᠡ ᠵᠢᠨ ᠣᠷᠣᠢ ᠵᠢ᠎ᠨᠢ ᠪᠢᠲᠡᠭᠦᠮᠵᠢᠯᠡᠵᠤ᠂ ᠰᠥᠭᠡᠷᠭᠦ ᠨᠢᠭᠡ ᠳᠠᠪᠬᠤᠷᠭ᠎ᠠ ᠵᠢᠨ ᠬᠤᠶᠠᠳᠤᠭ᠋ᠠᠷ ᠤᠳᠠᠭ᠎ᠠ ᠵᠢᠨ ᠪᠦᠲᠦᠴᠡ ᠵᠢᠨ ᠴᠣᠭᠴᠠᠯᠠᠯ᠎ᠤᠨ 90 % ᠵᠢ᠎ᠨᠢ ᠪᠡᠶᠡᠯᠡᠭᠦᠯᠪᠡ᠃ 11 ᠳ᠋ᠦᠭᠡᠷ ᠰᠠᠷ᠎ᠠ᠎ᠳᠤ ᠭᠡᠷ ᠳᠣᠲᠣᠷᠠᠬᠢ ᠵᠢ ᠵᠠᠰᠠᠵᠤ ᠴᠢᠮᠡᠭᠯᠡᠬᠦ᠂ ᠳᠡᠯᠭᠡᠨ ᠦᠵᠡᠭᠦᠯᠬᠦ ᠨᠥᠬᠥᠴᠡᠯ᠎ᠢ ᠪᠦᠷᠢᠳᠦᠭᠦᠯᠵᠦ᠂ ᠡᠪᠦᠯ ᠪᠤᠯᠬᠤ᠎ᠳᠤ ᠳᠣᠲᠣᠭ᠋ᠠᠳᠤ ᠵᠢᠨ ᠪᠠᠷᠢᠯᠭ᠎ᠠ ᠵᠢᠨ ᠠᠵᠢᠯ ᠬᠢᠬᠦ᠎ᠪᠠᠷ ᠲᠥᠯᠥᠪᠯᠡᠵᠦ ᠪᠣᠶ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠶ ᠪᠣᠯᠤᠨ ᠬᠥᠯᠥᠨ ᠪᠣᠢ᠍ᠢ᠍ᠷ᠎ᠤᠨ ᠲᠡᠤᠬᠡ ᠵᠢᠨ ᠮᠦᠽᠧᠶ ᠵᠢ 2019 ᠤᠨ᠎ᠤ ᠭᠣᠤᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠵᠢᠭᠰᠠᠭ᠋ᠠᠨ ᠣᠷᠣᠭᠤᠯᠵᠤ᠂ ᠣᠳᠣᠬᠠᠨ᠎ᠳᠤ ᠡᠯ᠎ᠡ ᠲᠠᠯ᠎ᠠ᠎ᠤᠨ ᠠᠵᠢᠯ ᠤᠷᠤᠭᠰᠢᠲᠠᠶ ᠶᠠᠪᠤᠭᠳᠠᠵᠤ ᠪᠠᠶ᠋ᠢᠨ᠎ᠠ᠃
ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠶ ᠵᠢ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠳᠠᠭ᠋ᠠᠭ᠋ᠠᠴᠢᠯᠠᠨ ᠪᠠᠶ᠋ᠢᠭᠤᠯᠤᠨ᠎ᠠ᠃ ᠪᠤᠭᠤᠲᠤ ᠬᠣᠲᠠ᠎ᠨᠢ ᠤᠯᠤᠰ᠎ᠤᠨ ᠴᠢᠬᠤᠯᠠ ᠠᠵᠤ ᠦᠢ᠍ᠯᠡᠳᠪᠦᠷᠢ ᠵᠢᠨ ᠬᠣᠲᠠ ᠪᠣᠯᠤᠭᠰᠠᠨ᠎ᠤ ᠬᠤᠪᠢ᠎ᠳᠤ᠂ ᠪᠤᠭᠤᠲᠤ ᠵᠢᠨ ᠪᠤᠯᠤᠳ ᠤᠨ ᠦᠢ᠍ᠯᠡᠳᠪᠦᠷᠢ᠂ ᠪᠤᠭᠤᠲᠤ ᠵᠢᠨ ᠨᠡᠬᠡᠮᠡᠯ ᠤᠨ ᠦᠢ᠍ᠯᠡᠳᠪᠦᠷᠢ᠂ ᠬᠤᠶᠠᠳᠤᠭ᠋ᠠᠷ ᠮᠠᠰᠢᠨ ᠮᠸᠬᠠᠨᠢᠭ᠎ᠤᠨ ᠪᠦᠯᠦᠭᠯᠡᠯ᠂ ᠨᠢᠭᠡᠲᠦᠭᠡᠷ ᠮᠠᠰᠢᠨ ᠮᠸᠬᠠᠨᠢᠭ ᠤᠨ ᠪᠦᠯᠦᠭᠯᠡᠯ ᠬᠥᠩᠭᠡᠨ ᠴᠠᠭ᠋ᠠᠨ᠎ᠤ ᠦᠢ᠍ᠯᠡᠳᠪᠦᠷᠢ᠂ ᠰᠢᠬᠢᠷ᠎ᠤᠨ ᠦᠢ᠍ᠯᠡᠳᠪᠦᠷᠢ ᠵᠡᠷᠭᠡ ᠨᠢᠭᠡ ᠪᠦᠯᠦᠭ ᠲᠣᠮᠣ ᠳᠤᠮᠳᠠ ᠬᠡᠯᠪᠡᠷᠢ ᠵᠢᠨ ᠠᠵᠤ ᠠᠬᠤᠢ᠌ᠯᠠᠯ᠎ᠢ ᠲᠥᠪᠯᠡᠷᠡᠭᠦᠯᠵᠦ᠂ ᠠᠵᠤ ᠦᠢ᠍ᠯᠡᠳᠪᠦᠷᠢ ᠵᠢᠨ ᠰᠣᠶᠣᠯ ᠲᠡᠤᠬᠡ ᠤᠷᠲᠤ ᠤᠳᠠᠭ᠋ᠠᠨ᠂ ᠦᠯᠡᠳᠡᠭᠳᠡᠯ ᠡᠯᠪᠡᠭ ᠪᠠᠶᠠᠯᠢᠭ᠂ ᠰᠠᠭᠤᠷᠢ ᠵᠤᠵᠠᠭ᠋ᠠᠨ ᠪᠠᠶ᠋ᠢᠵᠤ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠶ ᠪᠠᠶ᠋ᠢᠭᠤᠯᠬᠤ ᠰᠠᠭᠤᠷᠢ ᠴᠢᠨᠠᠷᠲᠠᠶ ᠨᠥᠬᠥᠴᠡᠯ᠎ᠢ ᠪᠦᠷᠢᠯᠳᠦᠭᠦᠯᠦᠭᠰᠡᠨ ᠪᠠᠶ᠋ᠢᠨ᠎ᠠ᠃
ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠮᠦᠽᠧᠢ ᠵᠢ ᠪᠤᠭᠤᠲᠤ ᠬᠣᠲᠠ ᠵᠢᠨ ᠰᠢᠨ᠎ᠡ ᠬᠣᠲᠠ ᠵᠢᠨ ᠲᠣᠭᠣᠷᠢᠭ᠎ᠤᠨ ᠦᠵᠡᠮᠵᠢ ᠵᠢᠨ ᠭᠣᠣᠯ ᠱᠤᠭᠤᠮ᠎ᠤᠨ ᠡᠮᠦᠨ᠎ᠡ ᠬᠡᠰᠡᠭ᠎ᠲᠤ ᠪᠠᠢ᠌ᠭᠤᠯᠬᠤ᠎ᠪᠠᠷ ᠲᠦᠯᠦᠪᠯᠡᠵᠦ᠂ 112 ᠮᠦ᠍ ᠲᠠᠯᠠᠪᠠᠢ ᠡᠵᠡᠯᠡᠵᠦ᠂ ᠪᠠᠷᠢᠯᠭ᠎ᠠ ᠵᠢᠨ ᠲᠠᠯᠠᠪᠠᠢ᠎ᠨᠢ 7 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠣᠳᠣᠬᠠᠨ᠎ᠳᠤ᠂ ᠪᠤᠭᠤᠲᠤ ᠬᠣᠲᠠ ᠨᠢᠭᠡᠨᠲᠡ ᠵᠢᠷᠤᠭ ᠲᠥᠯᠥᠪᠯᠡᠭᠡ ᠵᠢᠨ ᠪᠡᠯᠡᠳᠬᠡᠯ ᠲᠥᠰᠦᠯ᠂ ᠭᠠᠵᠠᠷ ᠰᠢᠷᠣᠶ ᠵᠢ ᠤᠷᠢᠳᠴᠢᠯᠠᠨ ᠬᠢᠨᠠᠬᠤ᠂ ᠭᠠᠵᠠᠷ ᠰᠣᠩᠭᠣᠬᠤ ᠪᠡᠯᠡᠳᠬᠡᠯ ᠲᠥᠰᠦᠯ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢ ᠳᠠᠩᠰᠠᠯᠠᠬᠤ ᠪᠠ ᠭᠠᠵᠠᠷ ᠳᠡᠭᠡᠷᠡᠬᠢ ᠪᠣᠳᠠᠰ᠎ᠤᠨ ᠲᠠᠲᠠᠪᠤᠷᠢᠯᠠᠬᠤ ᠠᠵᠢᠯ᠎ᠢ ᠪᠡᠶᠡᠯᠡᠭᠦᠯᠵᠦ᠂ 《ᠭᠤᠷᠪᠠ ᠵᠢ ᠨᠡᠪᠲᠡᠷᠡᠭᠦᠯᠵᠦ ᠨᠢᠭᠡ ᠵᠢ ᠲᠡᠭᠰᠢᠯᠡᠬᠦ》 ᠪᠠᠷᠢᠯᠭ᠎ᠠ ᠵᠢᠨ ᠱᠠᠭ᠋ᠠᠷᠳᠠᠯᠭ᠎ᠠ᠎ᠳᠤ ᠬᠦᠷᠴᠦ᠂ ᠣᠳᠣ ᠶᠠᠭ ᠨᠡᠶ᠋ᠢᠭᠡᠮ ᠳᠡᠭᠡᠷ᠎ᠡ᠎ᠠᠴᠠ ᠮᠦᠽᠧᠶ ᠵᠢᠨ ᠵᠢᠷᠤᠭ ᠲᠥᠯᠥᠪᠯᠡᠭᠡ ᠵᠢᠨ ᠲᠥᠰᠦᠯ᠎ᠢ ᠡᠯᠰᠡᠬᠦ ᠠᠵᠢᠯ᠎ᠢ ᠥᠷᠨᠢᠭᠦᠯᠵᠦ ᠪᠠᠶ᠋ᠢᠨ᠎ᠠ᠃
ᠬᠥᠯᠥᠨ ᠪᠣᠶ᠋ᠢᠷ ᠪᠣᠯ ᠳᠤᠮᠳᠠᠳᠤ ᠤᠯᠤᠰ ᠤᠨ ᠤᠮᠠᠷᠠᠲᠤ ᠵᠢᠨ ᠣᠢ ᠰᠢᠭᠤᠶ ᠵᠢᠨ ᠠᠩᠨᠠᠯ᠎ᠤᠨ ᠦᠨᠳᠦᠰᠦᠲᠡᠨ ᠪᠠ ᠲᠠᠯ᠎ᠠ ᠨᠤᠲᠤᠭ᠎ᠤᠨ ᠨᠡᠭᠦᠳᠡᠯᠯᠡᠨ ᠮᠠᠯᠵᠢᠬᠤ ᠦᠨᠳᠦᠰᠦᠲᠡᠨ᠎ᠤ ᠡᠭᠦᠰᠦᠯ᠎ᠤᠨ ᠭᠠᠵᠠᠷ ᠮᠥᠨ᠂ ᠲᠣᠰ ᠭᠠᠵᠠᠷ ᠣᠷᠣᠨ᠎ᠤ ᠪᠠᠶ᠋ᠢᠭ᠋ᠠᠯᠢ ᠵᠢᠨ ᠣᠨᠴᠠᠯᠢᠭ ᠢᠯᠡ ᠲᠣᠳᠣ᠂ ᠠᠮᠢ ᠠᠬᠤᠢ ᠵᠢᠨ ᠪᠠᠶ᠋ᠢᠷᠢ ᠰᠠᠭᠤᠷᠢ ᠥᠪᠡᠷᠮᠢᠴᠡ᠂ ᠰᠣᠶᠣᠯ᠎ᠤᠨ ᠰᠠᠭᠤᠷᠢ ᠭᠦᠨ ᠵᠤᠵᠠᠭ᠋ᠠᠨ᠂ ᠦᠨᠳᠦᠰᠦᠲᠡᠨ ᠤ ᠤᠨᠴᠠᠯᠢᠭ᠂ ᠥᠨᠢᠷ ᠥᠳᠬᠡᠨ᠂ ᠲᠡᠤᠬᠡ ᠵᠢᠨ ᠮᠦᠽᠧᠶ ᠪᠠᠶ᠋ᠢᠭᠤᠯᠬᠤ ᠡᠯᠪᠡᠭ ᠪᠠᠶᠠᠯᠢᠭ ᠡᠬᠢ ᠪᠠᠶᠠᠯᠢᠭ᠎ᠲᠠᠢ ᠶᠤᠮ᠃
ᠬᠥᠯᠥᠨ ᠪᠣᠶ᠋ᠢᠷ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠨᠢᠭᠡᠨᠲᠡ ᠲᠡᠤᠬᠡ ᠵᠢᠨ ᠮᠦᠽᠧᠶ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠎ᠲᠤ ᠴᠣᠬᠣᠯᠠᠪᠤᠷᠢ ᠬᠢᠵᠡᠶ᠃ ᠮᠦᠽᠧᠶ ᠵᠢ ᠬᠠᠶ᠋ᠢᠯᠠᠷ ᠲᠣᠭᠣᠷᠢᠭ᠎ᠤᠨ ᠭᠤᠷᠪᠠᠨ ᠣᠷᠳᠣᠨ ᠨᠢᠭᠡ ᠨᠠᠭᠤᠷ᠎ᠤᠨ ᠲᠤᠭᠤᠷᠢᠭ᠎ᠲᠤ ᠪᠠᠢ᠌ᠭᠤᠯᠵᠤ᠂ ᠬᠣᠲᠠ ᠵᠢᠨ ᠲᠥᠯᠥᠪᠵᠢᠭᠦᠯᠭᠡ ᠵᠢᠨ ᠣᠷᠳᠣᠨ᠎ᠤ ᠵᠡᠭᠦᠨ ᠲᠠᠯ᠎ᠠ᠎ᠳᠤ 70 ᠮᠦ᠍ ᠲᠠᠯᠠᠪᠠᠢ ᠡᠵᠡᠯᠡᠵᠦ᠂ ᠪᠠᠷᠢᠯᠭ᠎ᠠ ᠵᠢᠨ ᠲᠠᠯᠠᠪᠠᠢ᠎ᠨᠢ 4 ᠲᠦᠮᠡᠨ ᠲᠡᠭᠰᠢ ᠳᠥᠷᠪᠡᠯᠵᠢᠨ ᠮᠧᠲᠷ ᠪᠠᠶ᠋ᠢᠵᠤ᠂ ᠪᠡᠯᠡ ᠣᠷᠣᠭᠤᠯᠤᠯᠲᠠ ᠵᠢ 5.7 ᠳ᠋ᠦᠩᠰᠢᠭᠤᠷ ᠲᠥᠭᠥᠷᠢᠭ ᠵᠶ᠋ᠠᠷ ᠵᠢᠱ᠌ᠢᠵᠦ᠂ ᠪᠦᠲᠦᠭᠡᠨ ᠪᠠᠶ᠋ᠢᠭᠤᠯᠬᠤ ᠠᠵᠢᠯ᠎ᠤᠨ ᠬᠤᠭᠤᠴᠠᠭ᠎ᠠ ᠵᠢ 2019 — 2021 ᠤᠨ ᠪᠣᠯᠲᠠᠯ᠎ᠠ ᠵᠢᠱ᠌ᠢᠨ ᠲᠥᠯᠥᠪᠯᠡᠵᠦ ᠪᠣᠶ᠃ ᠣᠳᠣᠬᠠᠨ᠎ᠳᠤ᠂ ᠮᠦᠽᠧᠶ ᠵᠢᠨ ᠵᠢᠷᠤᠭ ᠲᠥᠯᠥᠪᠯᠡᠭᠡ ᠪᠠ ᠳᠣᠲᠣᠭ᠋ᠠᠳᠤ ᠴᠢᠳᠠᠮᠵᠢ ᠵᠢᠨ ᠵᠢᠷᠤᠭ ᠲᠥᠯᠥᠪᠯᠡᠭᠡ ᠵᠢᠨ ᠲᠥᠰᠦᠯ᠎ᠤᠨ ᠠᠵᠢᠯ᠎ᠢ ᠨᠢᠭᠡᠨᠲᠡ ᠪᠡᠶᠡᠯᠡᠭᠦᠯᠦᠭᠰᠡᠨ ᠪᠠᠶ᠋ᠢᠨ᠎ᠠ᠃