ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠵᠣᠴᠢᠳ᠎ᠤᠨ ᠲᠢᠩᠬᠢᠮ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠧ ᠵᠢᠨ ᠲᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄ 2020-11-05



     10 ᠳ᠋ᠤᠭ᠋ᠠᠷ ᠰᠠᠷ᠎ᠠ ᠵᠢᠨ 23᠎ᠠᠴᠠ 27᠎ᠤ ᠡᠳᠦᠷ ᠪᠣᠯᠲᠠᠯ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠱᠠᠨᠳᠦ᠋ᠩ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ ᠭᠤᠤᠯᠯᠠᠨ ᠡᠷᠬᠢᠯᠡᠵᠦ᠂ ᠱᠠᠨᠳᠦ᠋ᠩ ᠮᠤᠵᠢ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠵᠢᠨᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠬᠢᠯᠡᠭᠰᠡᠨ 《ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠬᠦᠯᠬᠦ᠎ᠳᠤ ᠪᠣᠳᠠᠰ᠎ᠤᠨ ᠪᠤᠰᠤ ᠰᠣᠶᠣᠯ᠎ᠤᠨ ᠥᠪ ᠬᠠᠮᠲᠤ ᠤᠷᠤᠭᠰᠢᠯᠠᠨ᠎ᠠ》 ᠭᠣᠤᠯ ᠰᠡᠳᠦᠪᠲᠦ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠬᠦᠯᠦᠯᠭᠡ ᠱᠠᠨᠳᠦ᠋ᠩ ᠮᠤᠵᠢ ᠵᠢᠨ ᠵᠢᠨᠠᠨ᠎ᠳᠤ ᠠᠮᠵᠢᠯᠲᠠ᠎ᠲᠠᠢ ᠶᠠᠪᠤᠭᠳᠠᠪᠠ᠃      
      ᠲᠤᠰ ᠬᠤᠭᠤᠴᠠᠭ᠋ᠠᠨ᠎ᠤ ᠦᠵᠡᠬᠦᠯᠦᠯᠭᠡ ᠵᠢᠨ ᠴᠤᠭᠯᠠᠭ᠋ᠠᠨ᠎ᠨᠢ ᠪᠦᠬᠦ ᠲᠠᠯ᠎ᠠ᠎ᠪᠠᠷ ᠴᠢᠨᠡᠭᠡᠯᠢᠭᠵᠢᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠵᠢ ᠰᠢᠪᠲᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠶ ᠬᠥᠭᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠳᠤ ᠠᠩᠬᠠᠷᠤᠯ ᠵᠶ᠋ᠠᠨ ᠲᠥᠪᠯᠡᠷᠡᠬᠦᠯᠵᠦ᠂ 《ᠶᠡᠷᠦᠩᠬᠡᠢ ᠱᠦᠵᠢ ᠰᠢ ᠵᠢᠨ ᠫᠢᠩ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠯᠦᠭᠡ ᠵᠢᠨ ᠪᠠᠷᠢᠯᠳᠤᠯᠭ᠎ᠠ ᠵᠢ ᠣᠶ᠋ᠢᠯᠠᠭ᠋ᠠᠬᠤ》 ᠦᠵᠡᠬᠦᠯᠦᠯᠭᠡ᠂ ᠬᠠᠳᠤᠨ ᠭᠣᠣᠯ᠎ᠤᠨ ᠰᠠᠪᠠ ᠭᠠᠵᠠᠷ᠎ᠤᠨ ᠪᠣᠳᠠᠰ᠎ᠤᠨ ᠪᠤᠰᠤ ᠰᠤᠶᠤᠯ᠎ᠤᠨ ᠥᠪ᠎ᠤᠨ ᠦᠵᠡᠭᠦᠯᠦᠯᠭᠡ᠂ ᠪᠣᠳᠠᠰ᠎ᠤᠨ ᠪᠤᠰᠤ ᠰᠣᠶᠣᠯ᠎ᠤᠨ ᠥᠪ ᠶᠠᠳᠠᠭᠤ ᠵᠢ ᠲᠡᠳᠬᠦᠬᠦ᠎ᠳᠤ ᠬᠦᠴᠦᠨ ᠨᠡᠮᠡᠷᠢᠯᠡᠬᠦ ᠦᠵᠡᠬᠦᠯᠦᠯᠭᠡ ᠵᠡᠷᠭᠡ 3 ᠲᠤᠰᠬᠠᠢ ᠰᠡᠳᠦᠪᠲᠦ ᠦᠵᠡᠬᠦᠯᠦᠯᠭᠡ ᠪᠠᠶ᠋ᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠨ ᠪᠠᠢ᠌ᠴᠠᠭ᠋ᠠᠵᠤ ᠥᠩᠭᠡᠷᠡᠭᠰᠡᠨ ᠪᠣᠳᠠᠰ᠎ᠤᠨ ᠪᠤᠰᠤ ᠰᠣᠶᠣᠯ᠎ᠤᠨ ᠥᠪ ᠎ᠤᠨ ᠲᠦᠷᠦᠯ ᠵᠦᠢ᠍ᠯ᠂ ᠬᠠᠳᠤᠨ ᠭᠣᠣᠯ᠎ᠤᠨ ᠰᠠᠪᠠ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠯᠲᠤ ᠤᠷᠠᠯᠢᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠦᠷᠦᠯ ᠵᠦᠢ᠍ᠯ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠶᠠᠳᠠᠭᠤ ᠵᠢ ᠳᠡᠳᠬᠦᠭᠰᠡᠨ ᠦᠷ᠎ᠡ ᠪᠦᠲᠦᠭᠡᠯ ᠲᠤᠪᠤᠢ᠍ᠢ᠍ᠮ᠎ᠠ ᠲᠦᠷᠦᠯ ᠵᠦᠢ᠍ᠯ᠂ ᠴᠢᠨᠡᠭᠡᠯᠢᠭ ᠨᠡᠶ᠋ᠢᠭᠡᠮ ᠎ᠤᠨ ᠵᠣᠯ ᠵᠢᠷᠭ᠋ᠠᠯᠲᠤ ᠠᠮᠢᠳᠤᠷᠠᠯ᠎ᠢ ᠬᠠᠷᠠᠭᠤᠯᠤᠭᠰᠠᠨ ᠲᠦᠷᠦᠯ ᠵᠦᠢ᠍ᠯ᠎ᠢ ᠤᠷᠢᠵᠤ ᠦᠵᠡᠰᠬᠦᠯᠡᠩ᠎ᠳᠤ ᠣᠷᠣᠯᠴᠠᠭᠤᠯᠪᠠ᠃    
     《ᠰᠣᠶᠣᠯ ᠵᠢᠭᠤᠯᠴᠢᠯᠠᠯᠲᠤ ᠳᠤᠮᠳᠠᠳᠤ ᠤᠯᠤᠰ᠎ᠤᠨ ᠵᠤᠴᠢᠳ᠎ᠤᠨ ᠲᠢᠩᠬᠢᠮ》᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠳᠡᠳ᠋ ᠳᠠᠷᠤᠭ᠎ᠠ ᠢᠤᠢ ᡁᠢ ᠭᠦᠸᠸ ᠵᠢ ᠲᠤᠰᠬᠠᠶ᠋ᠢᠯᠠᠨ ᠰᠤᠷᠪᠤᠯᠵᠢᠯᠠᠵᠤ᠂ ᠪᠤᠳᠠᠰ᠎ᠤᠨ ᠪᠤᠰᠤ ᠰᠤᠶᠤᠯ᠎ᠤᠨ ᠥᠪ᠎ᠤᠨ ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠬᠠᠪᠰᠤᠷᠤᠨ ᠶᠠᠳᠠᠭᠤ᠎ᠠᠴᠠ ᠲᠣᠭᠲᠠᠭᠤᠨ ᠵᠶ᠋ᠠᠷ ᠠᠩᠬᠢᠵᠢᠷᠠᠭᠤᠯᠵᠤ᠂   ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠲᠠᠯ᠎ᠠ᠎ᠪᠠᠷ᠎ᠬᠢ ᠢᠳᠡᠪᠬᠢᠲᠡᠢ ᠦᠢ᠍ᠯᠡᠳᠦᠯ᠎ᠢ ᠰᠤᠳᠤᠯᠤᠨ ᠶᠠᠷᠢᠯᠴᠠᠪᠠ᠃

ᠢᠷᠡᠯᠲᠡ᠄ ᠰᠣᠶᠣᠯ ᠵᠢᠭᠤᠯᠴᠢᠯᠠᠯᠲᠤ ᠳᠤᠮᠳᠠᠳᠤ ᠤᠯᠤᠰ
          
ᠬᠠᠮᠢᠶ᠎ᠡ ᠪᠦᠬᠦᠢ ᠰᠣᠨᠢᠨ
 
            