ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠯᠢ ᠰᠢᠶᠤᠤ ᠴᠢᠦ᠄ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠴᠡᠭᠴᠡᠯᠡᠨ ᠵᠢᠷᠤᠮᠵᠢᠭᠤᠯᠵᠤ ᠬᠡᠷᠡᠭᠯᠡᠭᠴᠢᠳ᠎ᠲᠤ 《ᠰᠢᠯᠦᠭ ᠪᠠ ᠠᠯᠤᠰ ᠲᠡᠷᠲᠡᠭᠡ》 ᠵᠢ ᠤᠯᠭᠤᠨ᠎ᠡ
ᠨᠡᠶᠢᠲᠡᠯᠡᠭᠰᠡᠨ ᠴᠠᠭ᠄ 2020-04-15

      ᠣᠳᠣᠬᠠᠨ᠎ᠳᠤ᠂ ᠮᠠᠨ᠎ᠤ ᠤᠯᠤᠰ᠎ᠤᠨ ᠠᠵᠤ ᠠᠬᠤᠶ ᠳᠡᠭᠡᠳᠦ ᠬᠤᠷᠳᠤᠴᠠᠲᠤ ᠬᠥᠭᠵᠢᠯᠲᠡ᠎ᠠᠴᠠ᠎ᠪᠠᠨ ᠴᠢᠨᠠᠷ ᠰᠠᠶ᠋ᠢᠲᠠᠶ ᠬᠦᠭᠵᠢᠯᠲᠡ ᠲᠡᠢ᠌ᠰᠢ ᠰᠢᠯᠵᠢᠵᠦ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠶ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠰᠠᠨᠠᠭ᠎ᠠ ᠠᠮᠤᠷ ᠬᠡᠷᠡᠭᠯᠡᠭᠡᠨ᠎ᠤ ᠣᠷᠴᠢᠨ ᠲᠤᠭᠤᠷᠢᠨ᠎ᠤ ᠲᠤᠬᠠᠶ ᠬᠦᠰᠡᠯ ᠡᠷᠡᠮᠡᠯᠵᠡᠯ  ᠎ᠨᠢ ᠦᠷᠬᠦᠯᠵᠢᠯᠡᠨ ᠲᠤᠯᠭ᠋ᠠᠮ᠎ᠠ ᠪᠠᠶ᠋ᠢᠨ᠎ᠠ᠃ ᠬᠡᠷᠡᠭᠯᠡᠭᠡᠨ᠎ᠤ ᠰᠢᠨ᠎ᠡ ᠴᠠᠭ ᠦᠶ᠎ᠡ ᠬᠦᠷᠴᠦ ᠢᠷᠡᠬᠦ ᠵᠢ ᠳᠠᠭ᠋ᠠᠯᠳᠤᠨ᠂ ᠬᠡᠷᠡᠭᠯᠡᠭᠡᠨ᠎ᠤ ᠡᠷᠬᠡ ᠵᠢ ᠬᠠᠮᠠᠭ᠋ᠠᠯᠠᠬᠤ ᠠᠵᠢᠯ᠎ᠳᠤ ᠴᠤ᠌ ᠰᠢᠨ᠎ᠡ ᠠᠰᠠᠭᠤᠳᠠᠯ ᠪᠠ ᠰᠢᠨ᠎ᠡ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠃ ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠶ᠋ᠢᠭᠡᠮᠯᠢᠭ 2020 ᠣᠨ᠎ᠤ ᠬᠡᠷᠡᠭᠯᠡᠭᠡᠨ᠎ᠤ ᠡᠷᠬᠡ ᠠᠰᠢᠭ ᠎ᠢ ᠬᠠᠮᠠᠭ᠋ᠠᠯᠠᠬᠤ ᠣᠨ᠎ᠤ ᠭᠣᠤᠯ ᠰᠡᠳᠦᠪ᠎ᠢ 《ᠲᠠ ᠪᠢᠳᠡ ᠬᠦᠴᠦ᠎ᠪᠠᠨ ᠨᠢᠭᠲᠠᠷᠠᠭᠤᠯᠤᠶ᠎ᠠ》 ᠭᠡᠵᠦ ᠲᠤᠭᠲᠠᠭ᠋ᠠᠭᠰᠠᠨ᠎ᠨᠢ᠂ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠬᠡᠷᠡᠭᠯᠡᠭᠴᠢᠳ᠎ᠤᠨ ᠨᠡᠶ᠋ᠢᠭᠡᠮᠯᠢᠭ᠎ᠤᠨ ᠲᠠᠪᠴᠠᠩ᠎ᠤᠨ ᠬᠡᠯᠪᠡᠷᠢᠲᠦ ᠵᠣᠬᠢᠶᠠᠨ ᠪᠠᠶ᠋ᠢᠭᠤᠯᠤᠯᠲᠠ ᠵᠢᠨ ᠬᠠᠮᠲᠤ᠎ᠪᠠᠷ ᠵᠠᠰᠠᠬᠤ ᠬᠦᠴᠦᠨ᠎ᠢ ᠪᠠᠳᠠᠷᠠᠭᠤᠯᠵᠤ᠂   ᠬᠡᠷᠡᠭᠯᠡᠭᠡᠨ᠎ᠤ ᠡᠷᠬᠡ ᠠᠰᠢᠭ ᠎ᠢ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢ ᠠᠬᠢᠭᠤᠯᠬᠤ; ᠬᠡᠷᠡᠭᠯᠡᠭᠴᠢᠳ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠬᠡᠷᠡᠭᠯᠡᠭᠴᠢᠳ᠎ᠤᠨ ᠬᠢᠨᠠᠯᠲᠠ ᠲᠠᠯᠪᠢᠬᠤ ᠬᠦᠴᠦᠨ᠎ᠢ ᠪᠠᠳᠠᠷᠠᠭᠤᠯᠵᠤ᠂ ᠬᠡᠷᠡᠭᠯᠡᠭᠴᠢᠳ᠎ᠤᠨ ᠬᠢᠨᠠᠯᠲᠠ ᠲᠠᠯᠪᠢᠬᠤ᠎ᠳᠤ ᠣᠷᠣᠯᠴᠠᠬᠤ ᠥᠷᠭᠡᠴᠡ ᠪᠠ ᠭᠦᠨᠴᠡ ᠵᠢ ᠨᠡᠮᠡᠭᠳᠡᠭᠦᠯᠬᠦ; ᠡᠵᠡᠩᠨᠡᠭᠴᠢᠳ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠠᠵᠢᠯ ᠲᠥᠷᠥᠯ᠎ᠤᠨ  ᠎ᠬᠢᠨ ᠎ᠤ ᠥᠪᠡᠷ᠎ᠢ᠎ᠪᠠᠨ ᠱᠠᠭ᠋ᠠᠷᠳᠠᠬᠤ ᠬᠦᠴᠦᠨ᠎ᠢ ᠪᠠᠳᠠᠷᠠᠭᠤᠯᠤᠨ᠂ ᠡᠵᠡᠩᠨᠡᠭᠴᠢᠳ᠎ᠤᠨ ᠨᠢᠭᠡᠳᠦᠭᠡᠷ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠥᠯᠦᠭᠡ ᠪᠢᠯᠡ  ᠃    
      ᠡᠨᠡ ᠵᠢᠯ᠎ᠤᠨ 《3.15》᠎ᠤ ᠣᠯᠠᠨ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠤᠨ ᠡᠳᠦᠷ ᠬᠦᠷᠴᠦ ᠢᠷᠡᠬᠦ ᠲᠠᠰᠢᠷᠠᠮ   ᠵᠶ᠋ᠠᠷ᠂ ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠎ᠤᠨ ᠰᠤᠪᠠᠭ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ   ᠵᠢ ᠬᠠᠮᠠᠭ᠋ᠠᠯᠠᠬᠤ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ   ᠲᠤᠪᠴᠢᠶᠠᠨ᠎ᠤ ᠭᠣᠤᠯ ᠬᠠᠷᠢᠭᠤᠴᠠᠯᠭ᠋ᠠᠲᠠᠨ᠎ᠢ ᠣᠨᠴᠠ ᠤᠷᠢᠵᠤ᠂ ᠥᠪᠥᠷ ᠮᠣᠩᠭᠣᠯ᠎ᠤᠨ 《3 · 15》᠎ᠤ ᠬᠡᠷᠡᠭᠯᠡᠭᠡᠨ᠎ᠤ ᠡᠷᠬᠡ ᠠᠰᠢᠭ ᠎ᠢ ᠬᠠᠮᠠᠭ᠋ᠠᠯᠠᠬᠤ ᠰᠢᠨ᠎ᠡ ᠪᠠᠶ᠋ᠢᠷᠢᠰᠢᠯ᠎ᠢ ᠬᠠᠮᠲᠤ᠎ᠪᠠᠷ ᠶᠠᠷᠢᠯᠴᠠᠪᠠ᠃    
      ᠲᠣᠰ ᠬᠤᠭᠤᠴᠠᠭ᠋ᠠᠨ᠎ᠤ ᠲᠤᠰᠬᠠᠶ ᠰᠤᠷᠪᠤᠯᠵᠢᠯᠠᠭ᠎ᠠ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋   ᠳᠠᠷᠤᠭ᠎ᠠ ᠯᠢ ᠰᠢᠶᠤᠤ ᠴᠢᠦ ᠵᠢ ᠤᠷᠢᠪᠠ᠃ 《ᠰᠢᠯᠦᠭ ᠪᠠ ᠠᠯᠤᠰ ᠲᠡᠷᠲᠡᠭᠡ》 ᠬᠠᠮᠳᠤᠷᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ᠎ᠪᠠᠷ ᠰᠢᠨ᠎ᠡ   ᠪᠠᠶ᠋ᠢᠭᠤᠯᠤᠭᠳᠠᠭᠰᠠᠨ ᠲᠢᠩᠬᠢᠮ᠎ᠤᠨ ᠲᠣᠪᠴᠢᠶ᠎ᠠ ᠪᠣᠯᠤᠨ᠎ᠠ᠂ ᠨᠡᠶ᠋ᠢᠭᠡᠮ ᠨᠡᠶ᠋ᠢᠲᠡ ᠮᠠᠰᠢ ᠥᠨᠳᠦᠷ ᠬᠦᠰᠡᠯ ᠡᠷᠡᠮᠡᠯᠵᠡᠯ ᠲᠠᠯᠪᠢᠵᠤ ᠪᠠᠶ᠋ᠢᠬᠤ ᠵᠢᠨ ᠬᠠᠮᠲᠤ ᠪᠠᠰᠠ ᠰᠢᠨ᠎ᠡ ᠰᠤᠷᠢᠯᠲᠠ ᠵᠢ ᠠᠪᠴᠢᠷᠠᠭᠰᠠᠨ ᠪᠠᠶ᠋ᠢᠨ᠎ᠠ᠃ ᠰᠣᠶᠣᠯ᠎ᠤᠨ ᠵᠠᠬ᠎ᠠ ᠳᠡᠯᠭᠡᠭᠦᠷ᠎ᠢ ᠬᠡᠷᠬᠢᠨ ᠰᠠᠶ᠋ᠢᠲᠤᠷ ᠬᠠᠮᠢᠶᠠᠷᠬᠤ᠂ ᠬᠡᠷᠡᠭᠯᠡᠭᠴᠢᠳ᠎ᠤᠨ ᠡᠷᠬᠡ ᠠᠰᠢᠭ᠎ᠢ ᠬᠡᠷᠬᠢᠨ ᠬᠠᠮᠠᠭ᠋ᠠᠯᠠᠵᠤ᠂ ᠥᠷᠭᠡᠨ ᠤᠯᠠᠨ ᠬᠡᠷᠡᠭᠯᠡᠭᠴᠢᠳ᠎ᠲᠤ ᠨᠡᠩ ᠰᠠᠢ᠍ᠢ᠍ᠨ ᠰᠣᠶᠣᠯ᠎ᠤᠨ ᠪᠦᠲᠦᠭᠡᠭᠳᠡᠬᠦᠨ᠎ᠢ ᠬᠠᠩᠭ᠋ᠠᠬᠤ᠎ᠨᠢ   ᠬᠤᠢ᠌ᠰᠢᠳᠠ ᠵᠢᠨ ᠠᠵᠢᠯ᠎ᠤᠨ ᠭᠣᠤᠯᠳᠠᠯᠭ᠎ᠠ ᠵᠢᠨ ᠭᠣᠤᠯᠳᠠᠯᠭ᠎ᠠ ᠪᠣᠯᠤᠭᠰᠠᠨ ᠪᠠᠶ᠋ᠢᠨ᠎ᠠ᠃  


 
 

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ   ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠠᠷᠠᠳ᠎ᠤᠨ ᠰᠦᠯᠵᠢᠶᠡᠨ᠎ᠤ ᠲᠤᠰᠬᠠᠢ ᠰᠤᠷᠪᠤᠯᠵᠢᠯᠠᠭ᠎ᠠ ᠵᠢ   ᠬᠦᠯᠢᠶᠡᠵᠦ ᠪᠠᠢ᠌ᠭ᠎ᠠ᠎ᠨᠢ᠃ ᠾᠧ ᠮᠤᠤ ᠵᠢᠶᠧ ᠰᠡᠭᠦᠳᠡᠷᠯᠡᠪᠡ

      ᠨᠢᠭᠡ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ   ᠲᠢᠩᠭᠢᠮ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ   ᠴᠡᠭᠴᠡᠯᠡᠨ ᠵᠢᠷᠤᠮᠵᠢᠭᠤᠯᠬᠤ ᠠᠵᠢᠯ᠎ᠢ ᠪᠥᠬᠥ ᠲᠠᠯ᠎ᠠ᠎ᠪᠠᠷ ᠭᠦᠨᠵᠡᠭᠡᠶ ᠥᠷᠨᠢᠭᠦᠯᠵᠦ᠂ ᠡᠯ᠎ᠡ   ᠵᠦᠢ᠍ᠯ᠎ᠤᠨ ᠬᠠᠤᠯᠢ   ᠳᠣᠭᠳᠠᠭ᠋ᠠᠯ᠎ᠠᠴᠠ ᠵᠥᠷᠢᠴᠡᠭᠰᠡᠨ ᠡᠵᠡᠩᠨᠡᠯᠲᠡ ᠵᠢᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠳᠤ ᠨᠡᠶ᠋ᠢᠲᠡ 113 ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ᠎ᠲᠠᠢ᠃ ᠥᠩᠭᠡᠷᠡᠭᠰᠡᠨ ᠨᠢᠭᠡ ᠵᠢᠯ᠎ᠳᠤ᠂ ᠡᠳᠦᠷ ᠲᠤᠲᠤᠮ᠎ᠤᠨ ᠪᠠᠶ᠋ᠢᠴᠠᠭ᠋ᠠᠯᠲᠠ᠎ᠨᠢ ᠪᠠᠷᠤᠭ 30 ᠭᠠᠷᠤᠶ ᠲᠦᠮᠡᠨ ᠬᠥᠮᠦᠨ ᠣᠳᠠᠭ᠎ᠠ ᠵᠢᠨ ᠬᠠᠤᠯᠢ ᠬᠡᠷᠡᠭᠵᠢᠭᠦᠯᠬᠦ ᠡᠩᠨᠡᠭᠡ ᠵᠢ ᠬᠥᠳᠡᠯᠭᠡᠵᠦ᠂ 100 ᠭᠠᠷᠤᠶ ᠲᠦᠮᠡᠨ ᠰᠣᠶᠣᠯ ᠪᠠ ᠵᠢᠭᠤᠯᠴᠢᠯᠠᠯ᠎ᠤᠨ ᠠᠵᠤ ᠠᠬᠤᠶ᠋ᠢᠯᠠᠯ᠎ᠢ ᠪᠠᠶ᠋ᠢᠴᠠᠭ᠋ᠠᠪᠠ᠃ ᠬᠠᠤᠯᠢ ᠬᠡᠷᠡᠭᠵᠢᠭᠦᠯᠬᠦ ᠶᠠᠪᠤᠴᠠ᠎ᠳᠤ ᠪᠠᠰᠠ ᠣᠷᠣᠰᠢᠵᠤ ᠪᠠᠶ᠋ᠢᠭ᠎ᠠ ᠵᠠᠷᠢᠮ ᠠᠰᠠᠭᠤᠳᠠᠯ᠎ᠢ ᠣᠯᠵᠤ ᠮᠡᠳᠡᠭᠡᠳ 1600 ᠭᠠᠷᠤᠶ ᠤᠳᠠᠭ᠎ᠠ ᠰᠡᠷᠡᠮᠵᠢ ᠥᠭᠴᠦ᠂ 800 ᠭᠠᠷᠤᠶ   ᠵᠦᠢ᠍ᠯ᠎ᠢ ᠬᠡᠷᠡᠭ ᠪᠣᠯᠭ᠋ᠠᠨ ᠲᠠᠨᠭ᠌ᠰᠠᠯᠠᠵᠤ ᠪᠠᠶ᠋ᠢᠴᠠᠭ᠋ᠠᠨ᠂ 37 ᠡᠷᠦᠬᠡ ᠵᠢ᠎ᠨᠢ ᠵᠠᠷᠯᠢᠭᠳᠠᠨ ᠠᠵᠢᠯ᠎ᠢ᠎ᠨᠢ ᠵᠣᠭᠰᠣᠭ᠋ᠠᠨ ᠴᠡᠭᠴᠡᠯᠡᠭᠦᠯᠵᠦ᠂ 5 ᠡᠷᠦᠬᠡ ᠵᠢ᠎ᠨᠢ ᠴᠠᠭ᠋ᠠᠵᠠᠯᠠᠵᠠᠶ᠃ ᠬᠦᠴᠦᠲᠡᠶ ᠴᠣᠬᠢᠯᠲᠠ ᠥᠭᠬᠦ ᠪᠠ ᠪᠦᠲᠦᠮᠵᠢᠲᠡᠶ ᠵᠠᠰᠠᠵᠤ ᠴᠡᠭᠴᠡᠯᠡᠬᠦ᠎ᠪᠠᠷ ᠳᠠᠮᠵᠢᠭᠤᠯᠤᠨ᠂ ᠥᠷᠭᠡᠨ ᠣᠯᠠᠨ ᠬᠣᠲᠠ ᠵᠢᠨ ᠠᠷᠠᠳ᠎ᠲᠤ ᠬᠠᠮᠤᠭ᠎ᠤᠨ ᠰᠠᠶ᠋ᠢᠨ ᠣᠶᠤᠨ᠎ᠤ ᠪᠦᠲᠦᠭᠡᠭᠳᠡᠬᠦᠨ ᠪᠠ ᠰᠣᠶᠣᠯ᠎ᠤᠨ ᠪᠦᠲᠦᠭᠡᠭᠳᠡᠬᠦᠨ ᠬᠠᠩᠭ᠋ᠠᠬᠤ ᠵᠢᠨ ᠬᠠᠮᠳᠦ ᠰᠣᠶᠣᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠨᠠᠩ ᠲᠣᠭᠲᠠᠭᠤᠨ᠂ ᠡᠶ᠎ᠡ ᠵᠣᠬᠢᠴᠠᠯ᠎ᠲᠠᠢ ᠪᠣᠯᠭ᠋ᠠᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠪᠦᠲᠦᠮᠵᠢᠲᠡᠶ ᠪᠠᠲᠤᠯᠠᠵᠠᠶ᠃
      ᠰᠢᠨ᠎ᠡ ᠲᠢᠳᠡᠮᠯᠢᠭ ᠬᠡᠯᠪᠡᠷᠢ ᠵᠢᠨ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠬᠦ ᠦᠶ᠎ᠡ᠎ᠳᠤ᠂ ᠥᠪᠡᠷᠲᠡᠭᠡᠨ ᠵᠠᠰᠠᠬᠤ   ᠣᠷᠣᠨ᠎ᠤ ᠡᠯ᠎ᠡ ᠭᠠᠵᠠᠷ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ   ᠠᠵᠢᠯᠳᠠᠳ ᠡᠳᠦᠷ ᠰᠥᠨᠢ ᠥᠬᠡᠶ ᠡᠮᠦᠨ᠎ᠡ ᠹᠷᠣᠨᠲ᠎ᠲᠤ ᠠᠵᠢᠯᠯᠠᠵᠤ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠲᠡᠷᠢᠭᠦᠨ᠎ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠭᠠᠵᠠᠷ᠎ᠤᠨ ᠰᠦᠯᠵᠢᠶᠡᠨ᠎ᠤ ᠪᠠᠭ᠋ᠠᠷ᠂ ᠵᠤᠭ᠎ᠠ ᠴᠡᠩᠭᠡᠯ᠎ᠤᠨ ᠲᠠᠯᠠᠪᠤᠷ ᠭᠠᠵᠠᠷ᠂ ᠺᠢᠨᠣ᠋ ᠲᠢᠶᠠᠲᠷ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠡᠯ᠎ᠤᠨ   ᠭᠠᠵᠠᠷ ᠵᠡᠷᠭᠡ ᠵᠢ ᠲᠦᠷ ᠵᠣᠭᠰᠣᠭ᠋ᠠᠵᠤ᠂ ᠴᠠᠭ ᠲᠤᠬᠠᠶ᠎ᠳᠤᠨᠢ ᠪᠥᠬᠥ ᠣᠷᠣᠨ᠎ᠤ 15100 ᠣᠯᠠᠨ ᠨᠡᠶ᠋ᠢᠲᠡ ᠵᠢᠨ ᠰᠣᠶᠣᠯ᠎ᠤᠨ ᠲᠠᠯᠠᠪᠤᠷ ᠣᠷᠳᠣᠨ᠎ᠢ ᠪᠦᠬᠦᠨ᠎ᠢ ᠡᠭᠦᠳᠡ᠎ᠪᠠᠨ ᠬᠠᠭ᠋ᠠᠬᠤ ᠵᠢ   ᠰᠠᠨᠠᠭᠣᠯᠵᠣ᠂ ᠰᠢᠮᠳᠠᠭᠤᠯᠵᠤ᠂ ᠬᠢᠨᠠᠯᠲᠠ   ᠲᠠᠯᠪᠢᠪᠡ᠃ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ 2071   ᠵᠢ ᠵᠣᠭᠰᠣᠭ᠋ᠠᠬᠣ ᠪᠣᠶᠣ ᠬᠣᠢ᠌ᠰᠢᠯᠠᠭᠣᠯᠣᠨ ᠡᠷᠬᠢᠯᠡᠵᠣ᠂  2570 ᠰᠦᠯᠵᠢᠶᠡᠨ ᠳᠡᠭᠡᠷᠡᠬᠢ   ᠦᠢ᠍ᠯᠡᠴᠢᠯᠡᠭᠡᠨ᠎ᠤ ᠲᠠᠯᠠᠪᠤᠷ ᠭᠠᠵᠠᠷ᠎ᠢ ᠬᠠᠭ᠋ᠠᠵᠤ᠂ 2494 ᠰᠣᠶᠣᠯ ᠵᠤᠭ᠎ᠠ ᠴᠡᠩᠭᠡᠯ᠎ᠤᠨ ᠲᠠᠯᠠᠪᠤᠷ ᠭᠠᠵᠠᠷ᠎ᠢ ᠬᠠᠭ᠋ᠠᠵᠤ᠂ 479 ᠡᠯ᠎ᠡ ᠲᠥᠷᠥᠯ᠎ᠤᠨ ᠵᠢᠭᠤᠯᠴᠢᠯᠠᠯ᠎ᠤᠨ   ᠦᠵᠡᠮᠵᠢ ᠵᠢᠨ ᠣᠷᠣᠨ᠎ᠢ ᠬᠠᠭ᠋ᠠᠵᠤ᠂ 801 ᠮᠠᠯᠵᠢᠬᠤ ᠲᠠᠷᠢᠶᠠᠯᠠᠬᠤ ᠣᠷᠣᠨ᠎ᠤ ᠣᠳᠣᠨ ᠲᠠᠰ᠎ᠤᠨ ᠭᠥᠯᠢᠶᠡᠨ ᠠᠪᠬᠤ ᠡᠷᠦᠬᠡ ᠵᠢ ᠬᠠᠭ᠋ᠠᠪᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠵᠦᠶ ᠵᠣᠬᠢᠰᠲᠠᠶ ᠪᠥᠭᠡᠳ ᠡᠮᠬᠢ ᠵᠢᠷᠤᠮ᠎ᠲᠠᠢ   ᠰᠠᠢ᠌ᠳᠣᠷ ᠬᠢᠬᠦ ᠵᠢᠨ ᠲᠥᠯᠥᠭᠡ ᠨᠡᠶ᠋ᠢᠲᠡ 10000 ᠭᠠᠷᠤᠶ ᠬᠥᠮᠦᠨ ᠤᠳᠠᠭ᠎ᠠ ᠬᠥᠳᠡᠯᠦᠯᠴᠡᠵᠡᠶ᠃ 3000 ᠭᠠᠷᠤᠶ ᠣᠯᠠᠨ ᠨᠡᠶ᠋ᠢᠲᠡ ᠵᠢᠨ ᠰᠣᠶᠣᠯ᠎ᠤᠨ ᠭᠠᠵᠠᠷ᠎ᠢ ᠪᠠᠶ᠋ᠢᠴᠠᠭ᠋ᠠᠵᠤ᠂ ᠣᠳᠣᠬᠠᠨ ᠪᠣᠯᠲᠠᠯ᠎ᠠ ᠬᠢᠵᠢᠭ᠎ᠤᠨ   ᠦᠶ᠎ᠡ᠎ᠳᠤ ᠳᠣᠷ᠎ᠠ᠎ᠪᠠᠷ ᠵᠶ᠋ᠠᠨ ᠠᠵᠢᠯ ᠵᠶ᠋ᠠᠨ ᠡᠬᠢᠯᠡᠭᠦᠯᠦᠭᠰᠡᠨ ᠪᠠᠶ᠋ᠢᠳᠠᠯ᠎ᠢ ᠣᠯᠵᠤ ᠮᠡᠳᠡᠭᠰᠡᠨ ᠦᠭᠡᠶ᠃
      ᠡᠭᠦᠨ᠎ᠤ ᠬᠠᠮᠲᠤ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ  ᠎ᠤ   ᠵᠢᠭᠣᠯᠴᠢᠯᠡᠯ᠎ᠤᠨ ᠵᠠᠭ᠋ᠠᠯᠳᠤᠯᠭ᠎ᠠ ᠵᠢ ᠨᠡᠶ᠋ᠢᠲᠡ 101 ᠤᠳᠠᠭ᠎ᠠ ᠭᠥᠯᠢᠶᠡᠨ ᠠᠪᠴᠤ ᠰᠢᠢ᠍ᠳᠪᠣᠷᠢᠯᠡᠵᠣ᠂ ᠡᠭᠦᠨ᠎ᠳᠤ ᠤᠲᠠᠰᠤ᠎ᠪᠠᠷ ᠳᠡᠮᠵᠢᠨ 80 ᠤᠳᠠᠭ᠎ᠠ ᠭᠥᠯᠢᠶᠡᠨ ᠠᠪᠴᠤ   ᠰᠢᠢ᠍ᠳᠪᠣᠷᠢᠯᠡᠵᠣ᠂ ᠲᠠᠪᠴᠠᠩ ᠵᠶ᠋ᠠᠷ ᠳᠡᠮᠵᠢᠨ 21 ᠤᠳᠠᠭ᠎ᠠ ᠭᠥᠯᠢᠶᠡᠨ ᠠᠪᠴᠤ   ᠰᠢᠢ᠍ᠳᠪᠣᠷᠢᠯᠡᠵᠣ᠂ ᠭᠣᠤᠯᠳᠠᠭᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠠᠬᠢ   ᠣᠷᠢᠳᠴᠢᠯᠡᠨ ᠳᠣᠭᠳᠠᠭᠰᠠᠨ ᠪᠦᠯᠬᠦᠮ᠎ᠤᠨ ᠭᠡᠷ᠎ᠡ᠎ᠪᠠᠨ ᠪᠣᠴᠠᠭ᠋ᠠᠬᠣ ᠠᠰᠠᠭᠤᠳᠠᠯ᠎ᠳᠤ ᠬᠣᠯᠪᠣᠭᠳᠠᠵᠤ᠂ ᠵᠢᠭᠤᠯᠴᠢᠯᠠᠯ᠎ᠤᠨ ᠶᠠᠪᠤᠴᠠ᠎ᠳᠤ ᠦᠵᠡᠮᠵᠢ ᠵᠢᠨ ᠴᠡᠭ᠎ᠨᠢ ᠬᠠᠭ᠋ᠠᠭᠳᠠᠭᠰᠠᠨ᠂ ᠬᠠᠮᠲᠤ ᠪᠦᠯᠬᠦᠮ᠎ᠤᠨ   ᠵᠢᠭᠣᠯᠴᠢᠯᠠᠭᠴᠢᠳ ᠲᠣᠰᠭ᠋ᠠᠷᠯᠠᠭᠳᠠᠵᠤ ᠠᠶᠠᠨ ᠵᠠᠮ᠎ᠨᠢ ᠡᠮᠬᠢ ᠵᠠᠮᠪᠠᠷᠠᠭ᠎ᠠ   ᠦᠭᠡᠢ   ᠪᠣᠯᠤᠭᠰᠠᠨ᠂ ᠠᠶᠠᠨ ᠵᠠᠮ᠎ᠳᠤ ᠵᠢᠭᠣᠯᠴᠢᠯᠠᠭᠴᠢᠳ᠎ᠤᠨ ᠪᠦᠯᠬᠦᠮ᠎ᠠᠴᠠ᠎ᠪᠠᠨ ᠤᠷᠢᠳᠴᠢᠯᠠᠨ ᠰᠠᠯᠬᠤ᠂ ᠨᠢᠰᠬᠡᠯ   ᠳᠠᠭ᠋ᠠᠭ᠋ᠠᠴᠢᠯᠠᠬᠣ ᠵᠢ ᠬᠦᠴᠦᠨ ᠥᠬᠡᠶ ᠪᠣᠯᠭ᠋ᠠᠭᠰᠠᠨ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ 《ᠬᠡᠰᠡᠭ ᠵᠢᠭᠤᠯᠴᠢᠯᠠᠯ᠎ᠤᠨ   ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠎ᠢ ᠲᠦᠷ ᠪᠤᠴᠠᠭᠠ   ᠵᠢᠭᠣᠯᠴᠢᠯᠡᠯ᠎ᠤᠨ ᠭᠠᠵᠠᠷ᠎ᠤᠨ ᠡᠵᠡᠩᠨᠡᠯᠲᠡ ᠵᠢᠨ ᠬᠦᠴᠢᠷᠳᠡᠯ᠎ᠢ ᠠᠷᠭ᠋ᠠᠴᠠᠬᠤ ᠵᠢ ᠳᠡᠮᠵᠢᠬᠦ ᠲᠤᠬᠠᠶ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠲᠣᠪᠴᠢᠶ᠎ᠠ᠎ᠳᠤ ᠬᠠᠮᠢᠶ᠎ᠠ ᠪᠥᠬᠥᠶ ᠳᠡᠮᠵᠢᠯᠭᠡ ᠦᠵᠡᠭᠦᠯᠪᠡ᠃ ᠵᠠᠭ᠋ᠠᠯᠳᠤᠯᠭ᠎ᠠ ᠵᠢ   ᠰᠢᠢ᠍ᠳᠪᠣᠷᠢᠯᠡᠬᠦ ᠲᠠᠯ᠎ᠠ᠎ᠪᠠᠷ᠂ ᠦᠨᠳᠦᠰᠦᠨ᠎ᠳᠡᠭᠡᠨ ᠴᠥᠮ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠤᠩᠬᠡᠢ᠌ᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠣᠷᠣᠯᠴᠠᠵᠤ᠂ ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠨ ᠰᠠᠨᠠᠯ ᠨᠢᠭᠡᠳᠴᠦ   ᠰᠢᠢ᠍ᠳᠪᠣᠷᠢᠯᠡᠨ᠎ᠡ᠃
      ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠭᠢᠮ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠰᠣᠶᠣᠯ᠎ᠤᠨ ᠵᠠᠬ᠎ᠠ ᠳᠡᠯᠭᠡᠭᠦᠷ᠎ᠤᠨ ᠬᠠᠤᠯᠢ ᠬᠡᠷᠡᠭᠵᠢᠭᠦᠯᠬᠦ ᠡᠩᠨᠡᠭᠡ ᠵᠢᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠬᠢᠨᠠᠨ ᠬᠠᠮᠢᠶᠠᠷᠬᠤ ᠡᠷᠴᠢᠮ᠎ᠢ ᠴᠢᠩᠭ᠋ᠠᠳᠬᠠᠵᠤ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠰᠠᠶ᠋ᠢᠨ ᠰᠠᠶ᠋ᠢᠬᠠᠨ ᠣᠷᠴᠢᠨ ᠲᠣᠭᠣᠷᠢᠨ᠎ᠢ ᠢᠳᠡᠪᠬᠢᠲᠡᠶ ᠪᠣᠶ ᠪᠣᠯᠭ᠋ᠠᠵᠤ᠂ ᠵᠠᠰᠠᠭ᠎ᠤᠨ ᠶᠠᠪᠤᠳᠠᠯ᠎ᠤᠨ   ᠦᠢ᠍ᠯᠡᠴᠢᠯᠡᠭᠡᠨ᠎ᠤ ᠦᠷ᠎ᠡ ᠪᠦᠲᠦᠮᠵᠢ ᠵᠢ   ᠳᠡᠭᠡᠭᠰᠢᠯᠡᠭᠦᠯᠵᠣ᠂ ᠥᠷᠭᠡᠨ ᠣᠯᠠᠨ ᠬᠡᠷᠡᠭᠯᠡᠭᠴᠢᠳ᠎ᠲᠤ ᠰᠢᠯᠢᠳᠡᠭ ᠰᠣᠶᠣᠯ᠎ᠤᠨ   ᠦᠢ᠍ᠯᠡᠴᠢᠯᠡᠭᠡ ᠪᠠ ᠵᠢᠭᠤᠯᠴᠢᠯᠠᠯ᠎ᠤᠨ ᠦᠢ᠍ᠯᠡᠴᠢᠯᠡᠭᠡ ᠬᠠᠩᠭ᠋ᠠᠵᠤ᠂ ᠬᠡᠷᠡᠭᠯᠡᠭᠴᠢᠳ᠎ᠤᠨ ᠡᠷᠬᠡ ᠠᠰᠢᠭ᠎ᠢ ᠡᠷᠡᠰ ᠬᠠᠮᠠᠭ᠋ᠠᠯᠠᠨ᠎ᠠ᠃
     3.15 ᠬᠦᠷᠴᠦ ᠢᠷᠡᠬᠦ ᠲᠠᠰᠢᠷᠠᠮ᠎ᠳᠤ᠂ ᠥᠷᠭᠡᠨ ᠣᠯᠠᠨ ᠬᠡᠷᠡᠭᠯᠡᠭᠴᠢᠳ ᠡᠷᠬᠡ᠎ᠪᠠᠨ ᠬᠠᠮᠠᠭ᠋ᠠᠯᠠᠬᠤ ᠤᠬᠠᠮᠰᠠᠷ ᠪᠠ   ᠠᠮᠣᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠣᠶᠤᠨᠴᠢ᠎ᠪᠠᠷ ᠬᠡᠷᠡᠭᠯᠡᠭᠡ ᠬᠢᠵᠦ᠂ ᠪᠣᠯᠭᠣᠮᠵᠢᠲᠠᠶ ᠰᠣᠩᠭᠣᠵᠤ᠂ ᠰᠣᠶᠣᠯ ᠵᠢᠭᠤᠯᠴᠢᠯᠠᠯ᠎ᠤᠨ ᠵᠠᠭ᠋ᠠᠯᠳᠤᠯᠭ᠎ᠠ ᠬᠢᠬᠦ ᠱᠠᠭ᠋ᠠᠷᠳᠠᠯᠭ᠎ᠠ᠎ᠲᠠᠢ ᠪᠣᠯ ᠴᠠᠭ   ᠲᠣᠬᠠᠢ᠎ᠳᠤᠨᠢ 12318 ᠪᠥᠬᠥ ᠤᠯᠤᠰ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠢᠯᠡᠴᠢᠯᠡᠨ ᠮᠡᠳᠡᠭᠦᠯᠬᠦ ᠲᠠᠪᠴᠠᠩ ᠪᠠ 12301 ᠪᠥᠬᠥ ᠤᠯᠤᠰ᠎ᠤᠨ ᠵᠢᠭᠤᠯᠴᠢᠯᠠᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠭᠦᠯᠬᠦ ᠲᠠᠪᠴᠠᠩ᠎ᠳᠤ ᠵᠠᠭ᠋ᠠᠯᠳᠤᠯᠭ᠎ᠠ ᠬᠢᠵᠦ ᠡᠷᠬᠡ᠎ᠪᠠᠨ ᠬᠠᠮᠠᠭ᠋ᠠᠯᠠᠬᠤ ᠵᠢ ᠬᠦᠰᠡᠵᠦ ᠪᠠᠶ᠋ᠢᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            