ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠳᠥᠴᠢᠨ ᠭᠤᠷᠪᠠᠳᠤᠭ᠋ᠠᠷ ᠤᠳᠠᠭ᠎ᠠ ᠵᠢᠨ ᠰᠣᠨᠢᠨ ᠮᠡᠳᠡᠭᠡ ᠵᠢ ᠨᠡᠶ᠋ᠢᠲᠡᠯᠡᠪᠡ
ᠨᠡᠶᠢᠲᠡᠯᠡᠭᠰᠡᠨ ᠴᠠᠭ᠄ 2020-04-30


   


     3 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ   ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠳᠥᠴᠢᠨ ᠭᠤᠷᠪᠠᠳᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ  ᠎ᠢ ᠬᠤᠷᠠᠯᠳᠤᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠲᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠵᠠᠭᠤᠴᠢᠯᠠᠭᠤᠷ ᠪᠠ ᠨᠡᠶ᠋ᠢᠭᠡᠮ᠎ᠤᠨ ᠠᠩᠬᠠᠷᠴᠤ ᠪᠠᠶ᠋ᠢᠭ᠎ᠠ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠳᠥᠴᠢᠨ ᠭᠤᠷᠪᠠᠳᠤᠭ᠋ᠠᠷ ᠤᠳᠠᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
      ᠰᠢᠨᠬᠤᠸᠠ ᠬᠣᠷᠢᠶᠠᠨ᠎ᠤ ᠥᠪᠥᠷ ᠮᠣᠩᠭᠣᠯ᠎ᠤᠨ ᠬᠤᠪᠢᠶᠠᠷᠢ ᠬᠤᠷᠢᠶ᠎ᠠ ᠵᠢᠨ ᠰᠤᠷᠪᠤᠯᠵᠢᠯᠠᠭᠴᠢ᠄ ᠪᠦᠬᠦᠨ᠎ᠢ ᠳᠣᠣᠷ᠎ᠠ ᠲᠦᠭᠰᠢᠭᠦᠷᠢ ᠵᠢᠨ ᠲᠡᠰ ᠪᠣᠯᠭ᠋ᠠᠨ ᠲᠣᠬᠢᠷᠠᠭᠤᠯᠤᠭᠰᠠᠨ᠎ᠤ ᠳᠠᠷᠠᠭ᠎ᠠ ᠪᠦᠬᠦ ᠤᠷᠤᠨ ᠎ᠤ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠠᠵᠢᠯ ᠦᠢ᠍ᠯᠡᠳᠪᠦᠷᠢᠯᠡᠯ ᠵᠶ᠋ᠠᠨ   ᠰᠡᠷᠭᠦᠭᠡᠬᠦ ᠠᠵᠢᠯ᠎ᠢ ᠬᠡᠷᠬᠢᠨ ᠳᠤᠬᠢᠷᠠᠭᠤᠯᠬᠤ ᠲᠤᠬᠠᠢ ᠶᠠᠮᠠᠷ ᠶᠠᠮᠠᠷ ᠪᠣᠳᠠᠲᠠᠢ ᠠᠷᠭ᠎ᠠ   ᠬᠡᠮᠵᠢᠶ᠎ᠡ ᠠᠪᠤᠭᠰᠠᠨ ᠪᠤᠢ?
      ᠯᠢ ᠰᠢᠶᠤᠤ ᠴᠢᠦ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠠᠴᠠ ᠨᠠᠭ᠋ᠠᠰᠢ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠰᠢᠰᠲ᠋ᠧᠮ᠎ᠨᠢ ᠶᠡᠷᠦᠩᠬᠡᠶ ᠱᠦᠵᠢ ᠰᠢ ᠵᠢᠨ ᠫᠢᠩ ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠬᠣᠷᠢᠭᠯᠠᠨ ᠴᠣᠬᠢᠬᠤ ᠳᠠᠶ᠋ᠢᠯᠠᠯᠳᠤᠭ᠋ᠠᠨ ᠎ᠤ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠣᠯᠪᠣᠭᠳᠠᠯ ᠪᠥᠬᠥᠶ ᠰᠢᠢ᠍ᠳᠪᠦᠷᠢᠲᠤ   ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠣᠯᠠᠨ ᠨᠡᠢ᠌ᠲᠡ᠎ᠶᠢᠨ ᠰᠣᠶᠣᠯ᠎ᠤᠨ ᠲᠠᠯᠠᠪᠤᠷ ᠭᠠᠵᠠᠷ᠂ ᠰᠦᠯᠵᠢᠶᠡᠨ᠎ᠳᠤ ᠭᠠᠷᠬᠤ ᠦᠢ᠍ᠯᠡᠴᠢᠯᠡᠭᠡᠨ᠎ᠤ ᠲᠠᠯᠠᠪᠤᠷ ᠭᠠᠵᠠᠷ᠂ ᠰᠤᠶᠤᠯ ᠴᠡᠩᠬᠡᠬᠡᠨ᠎ᠤ ᠲᠠᠯᠠᠪᠤᠷ ᠭᠠᠵᠠᠷ ᠪᠠ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠭᠠᠵᠠᠷ᠎ᠢ ᠡᠷᠡᠰ ᠰᠢᠭᠤᠷᠬᠠᠶ᠎ᠪᠠᠷ ᠲᠦᠷ ᠵᠣᠭᠰᠣᠭ᠋ᠠᠬᠤ ᠪᠤᠶᠤ ᠬᠠᠭ᠋ᠠᠵᠤ᠂ ᠪᠣᠶ ᠪᠥᠬᠥᠶ ᠪᠦᠯᠬᠦᠮ  ᠎ᠤᠨ ᠵᠢᠭᠤᠯᠴᠢᠯᠠᠯ᠎ᠤᠨ ᠲᠤᠬᠠᠶ᠋ᠢᠯᠠᠭᠰᠠᠨ ᠠᠵᠢᠯ ᠪᠠ ᠣᠯᠠᠨ ᠲᠦᠮᠡᠨ᠎ᠤ ᠰᠣᠶᠣᠯ᠎ᠤᠨ ᠠᠵᠢᠯᠯᠠᠭ᠎ᠠ ᠵᠢ ᠴᠠᠭ ᠲᠤᠬᠠᠶ᠎ᠳᠤ᠎ᠨᠢ ᠵᠣᠭᠰᠣᠭ᠋ᠠᠪᠠ᠃
      ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ᠎ᠬᠢ ᠠᠷᠠᠳ ᠣᠯᠠᠨ᠎ᠤ ᠣᠶᠤᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠥᠭᠡ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠰᠠᠢ᠌ᠲᠤᠷ ᠬᠢᠬᠦ ᠵᠢᠨ ᠬᠠᠮᠲᠤ ᠡᠯ᠎ᠡ ᠭᠠᠵᠠᠷ᠎ᠤᠨ ᠤᠯᠠᠭ᠋ᠠᠨᠮᠥ᠋ᠴᠢᠷ ᠣᠶ᠋ᠢᠷ᠎ᠠ ᠬᠠᠪᠢ᠎ᠳᠤ᠎ᠪᠠᠨ ᠲᠥᠬᠥᠮ ᠦᠵᠡᠭᠦᠯᠬᠦ ᠵᠠᠷᠴᠢᠮ᠎ᠢ ᠪᠠᠷᠢᠮᠲᠠᠯᠠᠵᠤ᠂ ᠲᠣᠰ ᠪᠡᠶ᠎ᠡ ᠵᠢᠨ ᠨᠥᠬᠥᠴᠡᠯ ᠵᠶ᠋ᠠᠨ ᠠᠰᠢᠭᠯᠠᠨ ᠬᠡᠷ᠎ᠲᠤ᠎ᠪᠠᠨ ᠤᠷᠠᠨ ᠰᠠᠶ᠋ᠢᠬᠠᠨ᠎ᠤ ᠲᠤᠭᠯᠠᠯᠲᠠ ᠵᠣᠬᠢᠶᠠᠨ ᠪᠦᠲᠦᠭᠡᠵᠦ᠂ 《ᠰᠦᠯᠵᠢᠶᠡᠨ ᠳᠡᠭᠡᠷᠡᠬᠢ ᠤᠯᠠᠭ᠋ᠠᠨᠮᠥ᠋ᠴᠢᠷ》᠂ ᠰᠢᠨ᠎ᠡ ᠵᠠᠭᠤᠴᠢᠯᠠᠭᠤᠷ᠎ᠤᠨ ᠲᠠᠪᠴᠠᠩ ᠵᠡᠷᠭᠡ᠎ᠪᠠᠷ ᠳᠠᠮᠵᠢᠭᠤᠯᠤᠨ ᠦᠨᠳᠦᠰᠦᠨ ᠱᠠᠲᠤᠨ᠎ᠤ ᠣᠯᠠᠨ ᠲᠦᠮᠡᠨ᠎ᠳᠤ ᠳᠡᠯᠭᠡᠨ ᠦᠵᠡᠭᠦᠯᠵᠡᠶ᠃ ᠡᠯ᠎ᠡ ᠭᠠᠵᠠᠷ᠎ᠤᠨ ᠨᠣᠮ᠎ᠤᠨ ᠰᠠᠩ᠂ ᠮᠦᠽᠧᠶ᠂ ᠰᠣᠶᠣᠯ᠎ᠤᠨ ᠣᠷᠳᠣᠨ ᠡᠭᠦᠳᠡ᠎ᠪᠠᠨ ᠬᠠᠭ᠋ᠠᠭᠰᠠᠨ ᠴᠤ᠌ ᠲᠤᠬᠠᠢ᠌ᠯᠠᠭᠰᠠᠨ ᠠᠵᠢᠯ ᠵᠶ᠋ᠠᠨ ᠬᠢᠬᠦ᠎ᠪᠠᠨ ᠵᠤᠭᠰᠤᠭᠰᠠᠨ ᠦᠭᠡᠢ᠂   ᠵᠠᠯᠭ᠋ᠠᠭ᠎ᠠ   ᠵᠠᠯᠭ᠋ᠠᠭ᠎ᠠ ᠎ᠪᠠᠷ 《ᠰᠦᠯᠵᠢᠶᠡᠨ ᠳᠡᠭᠡᠷᠡᠬᠢ ᠤᠩᠰᠢᠯᠭ᠎ᠠ》᠂ 《ᠰᠦᠯᠵᠢᠶᠡᠨ ᠳᠡᠭᠡᠷᠡᠬᠢ ᠦᠵᠡᠭᠦᠯᠦᠯᠭᠡ》᠂ 《ᠰᠦᠯᠵᠢᠶᠡᠨ ᠳᠡᠭᠡᠷᠡᠬᠢ ᠬᠢᠴᠢᠶᠡᠯ᠎ᠤᠨ ᠲᠠᠩᠬᠢᠮ》 ᠵᠡᠷᠭᠡ ᠲᠤᠰᠬᠠᠶ ᠰᠡᠳᠦᠪᠲᠦ ᠬᠦᠳᠡᠯᠭᠡᠭᠡᠨ ᠦᠷᠨᠢᠭᠦᠯᠪᠡ᠃
     3 ᠳ᠋ᠤᠭ᠋ᠠᠷ ᠰᠠᠷ᠎ᠠ᠎ᠳᠤ ᠤᠷᠤᠭᠰᠠᠨ᠎ᠠᠴᠠ ᠨᠠᠭ᠋ᠠᠰᠢ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠭᠰᠡᠨ ᠪᠠᠢ᠌ᠳᠠᠯ ᠠᠯᠬᠤᠮ ᠠᠯᠬᠤᠮ ᠵᠶ᠋ᠠᠷ ᠰᠠᠶ᠋ᠢᠵᠢᠷᠠᠬᠤ ᠵᠢ ᠲᠠᠭ᠋ᠠᠯᠳᠤᠭ᠋ᠠᠳ᠂ ᠲᠥᠪ᠎ᠠᠴᠠ ᠬᠢᠵᠢᠭ᠎ᠤᠨ ᠪᠠᠶ᠋ᠢᠳᠠᠯ᠎ᠢ ᠪᠥᠬᠥ ᠬᠦᠴᠦᠨ ᠵᠶ᠋ᠠᠷ ᠵᠶ᠋ᠠᠨ ᠬᠣᠷᠢᠭᠯᠠᠨ ᠴᠤᠬᠢᠬᠤ ᠵᠢᠨ   ᠵᠡᠷᠭᠡᠴᠡᠭᠡ᠎ᠪᠠᠷ᠂ ᠥᠭᠡᠷᠡᠴᠢᠯᠡᠯᠲᠡ ᠬᠢᠬᠦ᠂ ᠬᠦᠭᠵᠢᠭᠦᠯᠬᠦ᠂ ᠲᠣᠭᠲᠠᠭᠤᠨ ᠪᠠᠢ᠌ᠯᠭ᠋ᠠᠬᠤ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ   ᠪᠠᠢ᠌ᠳᠠᠯ ᠎ᠤᠨ ᠨᠦᠯᠦᠭᠡ ᠵᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠶ᠋ᠢᠵᠤ᠂ ᠪᠥᠬᠥ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠵᠢᠨ ᠡᠭᠦᠷᠭᠡ ᠵᠢ   ᠪᠡᠶᠡᠯᠡᠭᠦᠯᠳᠦᠭᠡᠢ ᠬᠡᠮᠡᠨ ᠳᠤᠷᠠᠳᠪᠠ᠃ ᠲᠥᠪ᠎ᠤᠨ ᠪᠠᠶ᠋ᠢᠷᠢᠯᠠᠭᠤᠯᠤᠯᠲᠠ ᠱᠠᠭ᠋ᠠᠷᠳᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠭᠣᠤᠯᠳᠠᠯᠭ᠎ᠠ ᠵᠢ ᠳᠣᠪᠣᠶ᠋ᠢᠯᠭ᠋ᠠᠬᠤ᠂ ᠨᠢᠭᠡᠳᠦᠯᠲᠡᠶ ᠲᠥᠯᠥᠪᠯᠡᠨ ᠨᠡᠶ᠋ᠢᠲᠡ᠎ᠳᠤ᠎ᠨᠢ ᠬᠠᠷᠠᠭ᠋ᠠᠯᠵᠠᠬᠤ᠂ ᠲᠥᠷᠥᠯ ᠬᠤᠪᠢᠶᠠᠨ ᠵᠢᠯᠣᠭᠣᠳᠬᠤ᠂ ᠣᠷᠣᠨ ᠬᠤᠪᠢᠶᠠᠨ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭ᠋ᠠᠷ᠂ ᠠᠵᠤ ᠠᠬᠤᠢ᠌ᠯᠠᠯ᠎ᠤᠨ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠠᠬᠢᠭᠤᠯᠤᠨ᠎ᠠ᠃
     3 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠥᠬᠥ ᠣᠷᠣᠨ᠎ᠤ ᠵᠢᠭᠤᠯᠴᠢᠯᠠᠯ᠎ᠤᠨ ᠦᠢ᠍ᠯᠡᠰ᠎ᠢ ᠰᠡᠷᠭᠦᠭᠡᠨ ᠬᠥᠭᠵᠢᠭᠦᠯᠬᠦ ᠲᠧᠯᠸᠢᠰ ᠤᠲᠠᠰᠤᠨ᠎ᠤ ᠬᠤᠷᠠᠯ᠎ᠢ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠵᠢᠭᠤᠯᠴᠢᠯᠠᠯ᠎ᠤᠨ ᠦᠢ᠍ᠯᠡᠰ᠎ᠢ ᠰᠡᠷᠭᠦᠭᠡᠨ ᠬᠥᠭᠵᠢᠭᠦᠯᠬᠦ ᠠᠵᠢᠯ᠎ᠢ ᠠᠬᠢᠭᠤᠯᠬᠤ ᠲᠤᠬᠠᠶ ᠪᠠᠶ᠋ᠢᠷᠢᠯᠠᠭᠤᠯᠤᠯᠲᠠ ᠬᠢᠪᠠ᠃
     3 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠᠯᠪᠠᠨ ᠵᠠᠷ᠎ᠲᠤ᠎ᠪᠠᠨ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ)᠎ᠤ ᠬᠢᠵᠢᠭ᠎ᠤᠨ ᠪᠠᠶ᠋ᠢᠳᠠᠯ᠎ᠤᠨ ᠲᠦᠭᠰᠢᠭᠦᠷᠢ ᠵᠢᠨ ᠳᠡᠰ᠎ᠢ ᠪᠦᠬᠦᠨ᠎ᠢ ᠳᠣᠤᠷ᠎ᠠ ᠲᠦᠪᠰᠢᠨ᠎ᠤ ᠲᠦᠭᠰᠢᠭᠦᠷᠢ ᠪᠣᠯᠭ᠋ᠠᠨ ᠳᠣᠭᠢᠷᠠᠭᠤᠯᠬᠤ᠎ᠪᠠᠷ ᠲᠣᠭᠲᠠᠪᠠ ᠭᠡᠵᠦ ᠨᠡᠢ᠌ᠲᠡᠯᠡᠵᠡᠢ᠃ ᠰᠣᠶᠣᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠪᠠ ᠵᠢᠭᠤᠯᠴᠢᠯᠠᠯ᠎ᠤᠨ ᠦᠢ᠍ᠯᠡᠰ᠎ᠤᠨ ᠰᠡᠷᠭᠦᠯᠲᠡ ᠬᠥᠭᠵᠢᠯᠲᠡ ᠵᠢ ᠪᠦᠲᠦᠮᠵᠢᠲᠡᠢ ᠠᠬᠢᠭᠤᠯᠬᠤ ᠵᠢᠨ ᠲᠥᠯᠥᠭᠡ᠂ ᠰᠣᠶᠣᠯ ᠪᠠ ᠵᠢᠭᠤᠯᠴᠢᠯᠠᠯ᠎ᠤᠨ ᠲᠢᠩᠬᠢᠮ 《ᠨᠠᠷᠢᠯᠢᠭ ᠣᠨᠣᠴᠠᠲᠠᠶ ᠡᠮᠬᠢ ᠵᠢᠷᠤᠮ᠎ᠲᠠᠢ ᠲᠥᠷᠥᠯ ᠬᠤᠪᠢᠶᠠᠨ ᠠᠷᠭ᠎ᠠ ᠪᠣᠳᠣᠯᠭ᠎ᠠ ᠠᠪᠴᠤ ᠪᠠᠶ᠋ᠢᠭ᠋ᠠᠳ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠵᠢ ᠰᠡᠷᠭᠦᠭᠡᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠰᠣᠶᠣᠯ ᠪᠠ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠨᠡᠭᠡᠭᠡᠯᠲᠡ ᠵᠢ ᠰᠡᠷᠭᠦᠭᠡᠬᠦ ᠲᠤᠬᠠᠶ ᠪᠠᠶ᠋ᠢᠷᠢᠯᠠᠭᠤᠯᠤᠯᠲᠠ ᠬᠢᠪᠡ᠂ ᠪᠣᠳᠠᠲᠠᠶ ᠠᠭᠤᠯᠭ᠎ᠠ᠎ᠨᠢ ᠳᠣᠤᠷᠠᠬᠢ ᠮᠡᠲᠦ᠃
      ᠨᠢᠭᠡ᠎ᠳᠤ᠂ ᠪᠥᠬᠥ ᠣᠷᠣᠨ᠎ᠤ ᠡᠯ᠎ᠡ ᠲᠥᠷᠥᠯ᠎ᠤᠨ ᠰᠣᠶᠣᠯ᠎ᠤᠨ ᠲᠠᠯᠠᠪᠤᠷ ᠭᠠᠵᠠᠷ᠂ ᠡᠯ᠎ᠡ ᠲᠥᠷᠥᠯ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠣᠳᠣᠨ ᠲᠡᠰ᠎ᠤᠨ ᠵᠢᠭᠤᠯᠴᠢᠯᠠᠯ᠎ᠤᠨ ᠵᠣᠴᠢᠳ᠎ᠤᠨ ᠪᠠᠭᠤᠳᠠᠯ᠂ 《ᠭᠠᠳᠠᠨ᠎ᠠ᠎ᠪᠠᠨ ᠣᠷᠤᠵᠤ ᠢᠷᠡᠬᠦ ᠵᠢ ᠰᠡᠷᠭᠡᠢ᠌ᠯᠡᠬᠦ》 ᠠᠷᠭ᠎ᠠ ᠬᠡᠮᠵᠢᠶ᠎ᠡ ᠵᠢ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠤᠷᠢᠲᠠᠯ᠎ᠤᠨ ᠳᠣᠤᠷ᠎ᠠ᠂ ᠳᠡᠰ ᠬᠣᠪᠢᠶᠠᠬᠤ ᠲᠥᠷᠥᠯ ᠬᠤᠪᠢᠶᠠᠬᠤ᠂ ᠲᠠᠯᠪᠢᠪᠠᠰᠤ ᠵᠣᠬᠢᠬᠤ ᠵᠢ ᠭᠦᠢ᠍ᠴᠡᠳ ᠲᠠᠯᠪᠢᠬᠤ ᠵᠠᠷᠴᠢᠮ ᠵᠶ᠋ᠡᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠵᠢ ᠬᠠᠩᠭ᠋ᠠᠵᠤ ᠴᠢᠳᠠᠪᠠᠯ᠂ ᠨᠡᠭᠡᠭᠡᠯᠲᠡ᠎ᠲᠠᠢ ᠬᠠᠷᠢᠯᠴᠠᠬᠤ ᠵᠢ ᠪᠥᠬᠥ ᠲᠠᠯ᠎ᠠ᠎ᠪᠠᠷ ᠰᠡᠷᠭᠦᠭᠡᠨ᠎ᠡ᠃ ᠪᠣᠳᠠᠲᠠᠶ ᠨᠡᠭᠡᠭᠡᠬᠦ ᠴᠠᠭ᠎ᠢ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠳᠤᠷᠢᠳᠬᠤ ᠳᠤᠭᠤᠶ᠋ᠢᠯᠠᠩ᠎ᠠᠴᠠ ᠲᠣᠭᠲᠠᠭ᠋ᠠᠨ᠎ᠠ᠃
      ᠬᠣᠶᠠᠷ᠎ᠲᠤ᠂ ᠡᠯ᠎ᠡ ᠭᠠᠵᠠᠷ᠎ᠤᠨ᠎ᠬᠢᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠣᠯᠠᠨ ᠨᠡᠶ᠋ᠢᠲᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ (ᠥᠷᠲᠡᠭᠡ)᠎ᠤ ᠨᠡᠭᠡᠭᠡᠯᠲᠡ ᠵᠢ ᠰᠡᠷᠭᠦᠭᠡᠬᠦ ᠵᠦᠭᠯᠡᠭᠦᠷ》᠂ 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠭᠡᠭᠡᠯᠲᠡ ᠵᠢᠨ ᠰᠡᠷᠭᠦᠭᠡᠯᠲᠡ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠵᠦᠭᠯᠡᠭᠦᠷ》᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠣᠶᠣᠯ ᠦᠵᠡᠰᠬᠦᠯᠡᠩ᠎ᠤᠨ ᠨᠢᠭᠡᠴᠢ ᠵᠢᠨ ᠨᠡᠭᠡᠭᠡᠯᠲᠡ ᠵᠢ ᠰᠡᠷᠭᠦᠭᠡᠬᠦ ᠪᠠ ᠠᠵᠢᠯ ᠰᠡᠷᠭᠦᠭᠡᠬᠦ ᠵᠢ ᠡᠮᠬᠢ ᠵᠢᠷᠤᠮ᠎ᠲᠠᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠣᠯᠤᠨ ᠬᠠᠤᠯᠢ ᠵᠢᠨ ᠡᠷᠬᠡᠲᠡᠨ᠎ᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠰᠠᠢ᠌ᠲᠤᠷ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠢᠨᠠᠮᠠᠭ᠋ᠠᠶ ᠰᠠᠢ᠌ᠨ ᠬᠢᠬᠦ ᠬᠡᠷᠡᠭᠲᠡᠶ᠃
      ᠭᠤᠷᠪᠠ᠎ᠳᠤ᠂ ᠰᠣᠶᠣᠯ᠎ᠤᠨ ᠲᠠᠯᠠᠪᠤᠷ ᠭᠠᠵᠠᠷ᠂ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠬᠥᠮᠦᠰ ᠴᠤᠭᠯᠠᠷᠠᠬᠤ᠎ᠨᠢ ᠢᠯᠡᠭᠦᠦ᠂ ᠰᠢᠯᠵᠢᠬᠦ᠎ᠨᠢ ᠶᠡᠬᠡ ᠣᠨᠴᠠᠯᠢᠭ᠎ᠲᠠᠢ ᠪᠠᠶ᠋ᠢᠬᠤ᠎ᠳᠤ ᠦᠨᠳᠦᠰᠦᠯᠡᠨ᠂ ᠨᠡᠭᠡᠭᠡᠯᠲᠡ᠎ᠲᠠᠢ ᠨᠢᠭᠡᠴᠢ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠤᠨ ᠬᠥᠲᠥᠯᠦᠨ ᠵᠢᠯᠣᠭᠣᠳᠬᠤ ᠠᠵᠢᠯ᠎ᠢ ᠰᠠᠶ᠋ᠢᠲᠤᠷ ᠬᠢᠵᠦ᠂ ᠣᠯᠠᠨ ᠨᠡᠶ᠋ᠢᠲᠡ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠂ ᠲᠣᠭᠣᠷᠢᠨ ᠦᠵᠡᠬᠦ ᠵᠠᠮ ᠱᠤᠭᠤᠮ ᠪᠠ ᠴᠠᠭ ᠬᠤᠭᠤᠴᠠᠭ᠎ᠠ ᠵᠢ ᠵᠦᠶ ᠵᠣᠬᠢᠰᠲᠠᠶ ᠳᠣᠭᠢᠷᠠᠭᠤᠯᠵᠤ᠂ ᠦᠵᠡᠭᠴᠢᠳ᠎ᠤᠨ ᠴᠠᠭ᠎ᠢ᠎ᠨᠢ ᠵᠦᠷᠢᠭᠦᠯᠵᠦ᠂ ᠳᠤᠭᠤᠢ᠌ᠯᠠᠨᠭ᠌ ᠪᠦᠯᠦᠭ ᠵᠶ᠋ᠡᠷ ᠪᠠᠭᠤᠳᠠᠯ᠎ᠳᠤ ᠣᠷᠣᠬᠤ ᠪᠠ ᠲᠠᠷᠬᠠᠵᠤ ᠲᠣᠭᠣᠷᠢᠨ ᠦᠵᠡᠬᠦ ᠠᠷᠭ᠎ᠠ ᠵᠢ ᠬᠡᠷᠡᠭᠵᠢᠭᠦᠯᠬᠦ᠂ ᠰᠦᠯᠵᠢᠶ᠎ᠡ᠎ᠪᠠᠷ ᠤᠷᠢᠳᠴᠢᠯᠠᠨ ᠪᠣᠯᠵᠣᠬᠤ ᠵᠢ ᠤᠷᠮᠠᠰᠢᠭᠤᠯᠬᠤ ᠵᠡᠷᠭᠡ ᠠᠷᠭ᠎ᠠ ᠮᠠᠶᠢᠭ ᠵᠶ᠋ᠠᠷ ᠡᠳᠦᠷ᠎ᠤᠨ ᠲᠣᠭᠣᠷᠢᠨ ᠦᠵᠡᠬᠦ ᠬᠥᠮᠦᠨ᠎ᠤ ᠲᠣᠭ᠎ᠠ ᠵᠢ ᠬᠢᠵᠠᠭ᠋ᠠᠷᠯᠠᠵᠤ᠂ ᠬᠣᠷᠤᠮ ᠴᠠᠭ᠎ᠤᠨ ᠬᠠᠮᠤᠭ᠎ᠤᠨ ᠶᠡᠬᠡ ᠳᠠᠭ᠋ᠠᠭ᠋ᠠᠴᠠ ᠵᠢ ᠬᠢᠵᠠᠭ᠋ᠠᠷᠯᠠᠬᠤ ᠬᠡᠷᠡᠭᠲᠡᠶ᠃
      ᠳᠥᠷᠪᠡ᠎ᠳᠤ᠂ ᠵᠢᠭᠤᠯᠴᠢᠯᠠᠭᠴᠢᠳ᠎ᠤᠨ ᠭᠠᠵᠠᠷ ᠣᠷᠣᠨ ᠠᠯᠤᠰᠯᠠᠨ ᠶᠠᠪᠤᠵᠤ ᠰᠠᠭᠤᠬᠤ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠦᠭᠰᠢᠭᠦᠷᠢ ᠨᠡᠮᠡᠭᠳᠡᠬᠦ᠎ᠠᠴᠠ ᠵᠠᠶ᠋ᠢᠯᠠᠰᠬᠢᠬᠦ ᠵᠢᠨ ᠲᠥᠯᠥᠭᠡ᠂ ᠵᠢᠭᠤᠯᠴᠢᠯᠠᠭᠴᠢ᠎ᠳᠤ ᠦᠢ᠍ᠯᠡᠴᠢᠯᠡᠬᠦ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠶ᠋ᠢᠯᠠᠯ ᠣᠬᠤᠷ ᠬᠤᠭᠤᠴᠠᠭ᠋ᠠᠨ᠎ᠤ ᠳᠣᠲᠤᠷ᠎ᠠ ᠮᠤᠵᠢ (ᠣᠷᠣᠨ᠂ ᠬᠣᠲᠠ) ᠠᠯᠤᠰᠯᠠᠭᠰᠠᠨ ᠬᠢᠭᠡᠳ ᠬᠢᠯᠢ᠎ᠪᠠᠷ ᠭᠠᠷᠴᠤ ᠣᠷᠤᠬᠤ ᠪᠦᠯᠬᠦᠮ ᠨᠡᠶ᠋ᠢᠲᠡ ᠵᠢᠨ ᠵᠢᠭᠤᠯᠴᠢᠯᠠᠯ᠎ᠤᠨ ᠠᠵᠢᠯ ᠵᠢᠴᠢ 《ᠨᠢᠰᠬᠡᠯ᠎ᠤᠨ ᠪᠢᠯᠧᠲ + ᠪᠠᠭᠤᠳᠠᠯ》᠎ᠤᠨ ᠵᠢᠭᠤᠯᠴᠢᠯᠠᠯ᠎ᠤᠨ ᠠᠵᠢᠯ᠎ᠢ ᠡᠵᠡᠩᠨᠡᠵᠦ ᠪᠣᠯᠬᠤ ᠥᠬᠡᠶ᠃ ᠡᠯ᠎ᠡ ᠭᠠᠵᠠᠷ᠎ᠤᠨ ᠵᠢᠭᠤᠯᠴᠢᠯᠠᠭᠴᠢ᠎ᠳᠤ ᠦᠢ᠍ᠯᠡᠴᠢᠯᠡᠬᠦ ᠭᠠᠵᠠᠷ᠎ᠤᠨ 《ᠥᠪᠥᠷ ᠮᠣᠩᠭᠣᠯ᠎ᠤᠨ ᠬᠦᠮᠦᠨ ᠥᠪᠥᠷ ᠮᠣᠩᠭᠣᠯ᠎ᠳᠤ᠎ᠪᠠᠨ ᠵᠢᠭᠤᠯᠴᠢᠯᠠᠬᠤ》 ᠬᠦᠳᠡᠯᠭᠡᠭᠡᠨ᠎ᠢ ᠭᠦᠨᠵᠡᠭᠡᠶ ᠥᠷᠨᠢᠭᠦᠯᠬᠦ ᠵᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠬᠤ ᠠᠵᠢᠯ᠎ᠢ ᠢᠳᠡᠪᠬᠢᠲᠡᠶ ᠦᠷᠨᠢᠭᠦᠯᠦᠨ᠂ ᠬᠢᠵᠢᠭ᠎ᠤᠨ ᠪᠠᠶ᠋ᠢᠳᠠᠯ᠎ᠤᠨ ᠳᠠᠷᠠᠭ᠋ᠠᠬᠢ ᠵᠢᠭᠤᠯᠴᠢᠯᠠᠯ᠎ᠤᠨ ᠤᠷᠢᠳᠴᠢᠯᠠᠨ ᠵᠠᠬᠢᠶᠠᠯᠠᠬᠤ ᠦᠢ᠍ᠯᠡᠴᠢᠯᠡᠭᠡᠨ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠳ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠦᠢ᠍ᠯᠡᠳᠭᠦᠨ᠎ᠤ ᠬᠠᠩᠭ᠋ᠠᠯᠭ᠎ᠠ᠎ᠪᠠᠨ ᠰᠢᠯᠢᠳᠡᠭᠵᠢᠭᠦᠯᠬᠦ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢ᠎ᠨᠢ ᠳᠡᠮᠵᠢᠨ ᠵᠢᠯᠣᠭᠣᠳᠴᠤ᠂ ᠬᠢᠵᠢᠭ᠎ᠤᠨ ᠪᠠᠶ᠋ᠢᠳᠠᠯ᠎ᠤᠨ ᠳᠠᠷᠠᠭ᠋ᠠᠬᠢ ᠵᠢᠭᠤᠯᠴᠢᠯᠠᠯ᠎ᠤᠨ ᠬᠡᠷᠡᠭᠯᠡᠭᠡᠨ᠎ᠤ ᠬᠠᠷᠢᠭᠤ ᠠᠪᠬᠤ ᠴᠢᠨᠠᠷᠲᠠᠶ ᠨᠡᠮᠡᠭᠳᠡᠯ᠎ᠢ ᠠᠷᠭ᠋ᠠᠴᠠᠬᠤ ᠠᠷᠭ᠎ᠠ ᠬᠡᠮᠵᠢᠶ᠎ᠡ ᠵᠢ ᠡᠷᠲᠡᠬᠡᠨ ᠰᠦᠪᠡᠭᠴᠢᠯᠡᠬᠦ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠰᠦᠯᠵᠢᠶ
          
ᠬᠠᠮᠢᠶ᠎ᠡ ᠪᠦᠬᠦᠢ ᠰᠣᠨᠢᠨ
 
            