ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠲᠠᠪᠢᠳᠤᠭ᠋ᠠᠷ ᠤᠳᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄ 2020-05-07



     3 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ  ᠎ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ   ᠵᠢᠯᠤᠭᠤᠳᠬᠤ ᠭᠠᠵᠠᠷ᠎ᠤᠨ   ᠲᠠᠪᠢᠳᠤᠭ᠋ᠠᠷ   ᠤᠳᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠎ᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ   ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠰᠢᠶᠤᠤ ᠴᠢᠦ ᠨᠡᠶ᠋ᠢᠭᠡᠮ ᠪᠠ ᠵᠠᠭᠤᠴᠢᠯᠠᠭᠤᠷ᠎ᠤᠨ᠎ᠬᠢᠨ᠎ᠤ ᠠᠩᠬᠠᠷᠴᠤ ᠪᠠᠶ᠋ᠢᠭ᠎ᠠ   ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃           ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ 《ᠰᠣᠨᠢᠨ ᠮᠡᠳᠡᠭᠡᠨ᠎ᠤ ᠳᠠᠮᠵᠢᠭᠤᠯᠬᠤ ᠨᠡᠪᠲᠡᠷᠡᠭᠦᠯᠭᠡ》 ᠵᠢᠨ ᠰᠤᠷᠪᠤᠯᠵᠢᠯᠠᠭᠴᠢ᠄ ᠬᠢᠵᠢᠭ᠎ᠤᠨ ᠪᠠᠶ᠋ᠢᠳᠠᠯ ᠦᠷᠭᠦᠯᠵᠢᠯᠡᠨ ᠰᠠᠶ᠋ᠢᠵᠢᠷᠠᠬᠤ ᠵᠢ ᠳᠠᠭ᠋ᠠᠯᠳᠤᠨ᠂ ᠰᠣᠶᠣᠯ ᠪᠠ   ᠵᠢᠭᠤᠯᠴᠢᠯᠠᠯ᠎ᠤᠨ ᠠᠵᠢᠯ ᠲᠥᠷᠥᠯ᠎ᠤᠨ   ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠪᠠᠶ᠋ᠢᠳᠠᠯ ᠶᠠᠮᠠᠷ ᠵᠡᠷᠭᠡ ᠪᠣᠶ? ᠬᠢᠵᠢᠭ᠎ᠤᠨ ᠪᠠᠶ᠋ᠢᠳᠠᠯ ᠦᠩᠭᠡᠷᠡᠭᠰᠡᠨ ᠎ᠤ ᠳᠠᠷᠠᠭ᠋ᠠᠬᠢ ᠣᠯᠠᠨ ᠲᠦᠮᠡᠨ᠎ᠤ ᠲᠠᠰᠤᠷᠠᠯᠲᠠ ᠥᠬᠡᠶ   ᠦᠷᠨᠢᠬᠦ ᠰᠣᠶᠣᠯ ᠵᠢᠭᠤᠯᠴᠢᠯᠠᠯ᠎ᠤᠨ ᠰᠡᠯᠡᠭᠦᠴᠡᠯ᠎ᠤᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ  ᠎ᠳᠤ ᠪᠡᠯᠡᠳᠬᠡᠯ ᠬᠢᠭᠰᠡᠨ   ᠤᠤ?           ᠯᠢ ᠰᠢᠶᠤᠤ ᠴᠢᠦ᠄ ᠬᠢᠵᠢᠭ᠎ᠤᠨ ᠪᠠᠶ᠋ᠢᠳᠠᠯ᠎ᠤᠨ ᠲᠠᠰᠤᠷᠠᠯᠲᠠ ᠥᠬᠡᠶ ᠰᠠᠶ᠋ᠢᠵᠢᠷᠠᠬᠤ ᠵᠢ ᠳᠠᠭ᠋ᠠᠯᠳᠤᠨ ᠣᠯᠠᠨ ᠲᠦᠮᠡᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ   ᠤᠷᠮ᠎ᠠ ᠵᠤᠷᠢᠭ ᠴᠦ᠍ ᠲᠠᠰᠤᠷᠠᠯᠲᠠ ᠥᠬᠡᠶ   ᠰᠡᠷᠬᠦᠨ ᠥᠷᠨᠢᠵᠦ ᠪᠠᠶ᠋ᠢᠨ᠎ᠠ᠃ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠹᠷᠣᠨᠲ᠎ᠤᠨ᠎ᠬᠢᠨ ᠠᠵᠢᠯ᠎ᠤᠨ ᠬᠦᠴᠦᠯᠡᠬᠦ ᠴᠡᠭ ᠪᠠ ᠠᠷᠭ᠋ᠠᠴᠠᠬᠤ ᠠᠷᠭ᠎ᠠ ᠬᠡᠮᠵᠢᠶ᠎ᠡ᠎ᠪᠠᠨ ᠴᠠᠭ ᠲᠤᠬᠠᠶ ᠎ᠳᠤ᠎ᠨᠢ ᠳᠣᠭᠢᠷᠠᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ   ᠦᠢ᠍ᠯᠡᠳᠪᠦᠷᠢᠯᠡᠯ ᠵᠶ᠋ᠠᠨ ᠰᠡᠷᠭᠦᠭᠡᠵᠦ ᠠᠵᠢᠯ ᠵᠶ᠋ᠠᠨ ᠰᠡᠷᠭᠦᠭᠡᠬᠦ ᠵᠢ ᠢᠳᠡᠪᠬᠢᠲᠡᠶ ᠳᠥᠯᠭᠢᠨ ᠠᠬᠢᠭᠤᠯᠪᠠ᠃ ᠪᠠᠭᠴᠠᠯᠠᠭ᠋ᠠᠳ ᠬᠡᠯᠡᠪᠡᠯ᠂ ᠭᠣᠤᠯᠳᠠᠭᠤ ᠭᠤᠷᠪᠠᠨ   ᠵᠦᠢ᠍ᠯ   ᠪᠤᠯᠤᠨ᠎ᠠ  ᠄    
      ᠨᠢᠭᠡ᠎ᠳᠤ᠂ ᠪᠦᠬᠦ ᠲᠠᠯ᠎ᠠ᠎ᠪᠠᠷ ᠡᠮᠬᠢ ᠵᠢᠷᠤᠮ᠎ᠲᠠᠢ ᠨᠡᠭᠡᠭᠡᠨ᠎ᠡ᠃ 3 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠥᠬᠥ ᠣᠷᠣᠨ᠎ᠤ 103 ᠬᠣᠰᠢᠭᠤ ᠰᠢᠶᠠᠨ (ᠬᠣᠲᠠ᠂ ᠲᠣᠭᠣᠷᠢᠭ)᠎ᠤ ᠬᠢᠵᠢᠭ᠎ᠤᠨ   ᠪᠠᠢ᠌ᠳᠠᠯ᠎ᠤᠨ ᠲᠦᠭᠰᠢᠭᠦᠷᠢ ᠵᠢᠨ ᠳᠡᠰ᠎ᠢ ᠪᠦᠬᠦᠨ᠎ᠢ ᠳᠣᠤᠷ᠎ᠠ ᠲᠦᠭᠰᠢᠭᠦᠷᠢ ᠪᠣᠯᠭ᠋ᠠᠨ ᠲᠣᠬᠢᠷᠠᠭᠤᠯᠬᠤ᠎ᠪᠠᠷ ᠲᠣᠭᠲᠠᠪᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠠᠳᠬᠤᠬᠤ ᠲᠤᠬᠠᠶ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ ᠵᠢᠨ   ᠱᠠᠭ᠋ᠠᠷᠳᠠᠯᠭ᠎ᠠ ᠶᠣᠰᠣᠭ᠋ᠠᠷ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠳᠠᠯ᠎ᠤᠨ ᠬᠤᠪᠢᠷᠠᠯᠲᠠ ᠵᠢ ᠣᠨᠣᠪᠴᠢᠲᠠᠶ ᠡᠵᠡᠮᠳᠡᠵᠦ᠂ ᠠᠵᠢᠯ᠎ᠤᠨ ᠬᠦᠴᠦᠯᠡᠬᠦ ᠴᠡᠭ ᠪᠠ ᠠᠷᠭ᠋ᠠᠴᠠᠬᠤ ᠠᠷᠭ᠎ᠠ ᠬᠡᠮᠵᠢᠶ᠎ᠡ᠎ᠪᠠᠨ ᠴᠠᠭ ᠲᠤᠬᠠᠶ ᠎ᠳᠤ᠎ᠨᠢ ᠲᠣᠬᠢᠷᠠᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠡᠮᠬᠢ ᠵᠢᠷᠤᠮ᠎ᠲᠠᠢ ᠳᠥᠯᠭᠢᠨ ᠠᠬᠢᠭᠤᠯᠪᠠ᠃ 3 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠂ ᠪᠥᠬᠥ ᠣᠷᠣᠨ᠎ᠳᠤ ᠨᠢᠭᠡᠨᠲᠡ 174 ᠵᠢᠭᠤᠯᠴᠢᠯᠠᠯ᠎ᠤᠨ ᠣᠳᠣᠨ ᠲᠠᠰ᠎ᠤᠨ ᠵᠣᠴᠢᠳ᠎ᠤᠨ ᠪᠠᠭᠤᠳᠠᠯ   ᠡᠵᠡᠩᠨᠡᠯᠲᠡ᠎ᠪᠠᠨ ᠰᠡᠷᠭᠦᠭᠡᠵᠦ᠂ 14804 ᠣᠯᠠᠨ ᠨᠡᠶ᠋ᠢᠲᠡ ᠵᠢᠨ ᠰᠣᠶᠣᠯ  ᠎ᠤᠨ ᠲᠠᠯᠠᠪᠤᠷ᠂ 181 ᠵᠢᠭᠤᠯᠴᠢᠯᠠᠯ᠎ᠤᠨ ᠦᠵᠡᠮᠵᠢ ᠵᠢᠨ ᠣᠷᠣᠨ ᠨᠡᠭᠡᠭᠡᠯᠲᠡ ᠎ᠪᠠᠨ ᠰᠡᠷᠭᠦᠭᠡᠵᠦ᠂ ᠠᠵᠢᠯ ᠰᠡᠷᠭᠦᠭᠡᠭᠰᠡᠨ ᠨᠣᠷᠮ᠎ᠠ᠎ᠨᠢ ᠲᠣᠰ ᠲᠣᠰ 67.18%᠂ 98.25% ᠪᠠ 38.27%᠎ᠳᠤ ᠬᠦᠷᠴᠦ᠂ ᠤᠯᠠᠷᠢᠯ᠎ᠤᠨ ᠴᠢᠨᠠᠷᠲᠠᠶ ᠬᠦᠴᠦᠨ   ᠵᠦᠢ᠍ᠯ᠎ᠢ   ᠡᠰᠡ ᠲᠤᠭ᠋ᠠᠴᠠᠪᠠᠯ᠂ 《ᠰᠡᠷᠭᠦᠭᠡᠵᠦ ᠳᠡᠶ᠋ᠢᠯᠬᠦ ᠵᠢ᠎ᠨᠢ ᠰᠡᠷᠭᠦᠭᠡᠵᠦ᠂ ᠰᠡᠷᠭᠦᠭᠡᠬᠦ ᠴᠢᠬᠤᠯᠠᠲᠠᠢ ᠵᠢ᠎ᠨᠢ ᠴᠥᠮ᠎ᠢ ᠰᠡᠷᠭᠦᠭᠡᠬᠦ》 ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠬᠡᠪ᠎ᠤᠨ ᠠᠮᠢᠳᠤᠷᠠᠯ᠎ᠤᠨ ᠡᠮᠬᠢ ᠵᠢᠷᠤᠮ᠎ᠢ ᠪᠥᠬᠥ ᠲᠠᠯ᠎ᠠ᠎ᠪᠠᠷ ᠰᠡᠷᠭᠦᠭᠡᠪᠡ᠃ ᠣᠳᠣᠬᠠᠨ᠎ᠳᠤ ᠬᠠᠷᠠᠬᠠᠨ ᠠᠵᠢᠯ ᠵᠶ᠋ᠠᠨ ᠰᠡᠷᠭᠦᠭᠡᠵᠦ   ᠦᠢ᠍ᠯᠡᠳᠪᠦᠷᠢᠯᠡᠯ ᠵᠶ᠋ᠠᠨ ᠰᠡᠷᠭᠦᠭᠡᠭᠡᠳᠦᠶ ᠠᠵᠤ ᠠᠬᠤᠶ᠋ᠢᠯᠠᠯ ᠪᠠ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠪᠢᠳᠡ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ   ᠮᠥᠴᠢᠷ ᠎ᠢ 《ᠬᠡᠷ ᠎ᠲᠤ᠎ᠨᠢ ᠣᠴᠢᠵᠤ》   ᠦᠢ᠍ᠯᠡᠴᠢᠯᠡᠵᠦ᠂ ᠰᠢᠯᠲᠠᠭ᠋ᠠᠨ᠎ᠢ᠎ᠨᠢ ᠣᠶ᠋ᠢᠯᠠᠭ᠋ᠠᠵᠤ᠂   ᠬᠤᠰᠢᠭᠤᠴᠢᠯᠠᠨ ᠦᠢ᠍ᠯᠡᠴᠢᠯᠡᠵᠦ᠂ 《ᠲᠦᠭᠵᠢᠷᠡᠯ》᠎ᠢ᠎ᠨᠢ ᠨᠡᠪᠲᠡᠷᠡᠭᠦᠯᠵᠦ᠂ 《ᠲᠠᠰᠤᠷᠬᠠᠶ ᠴᠡᠭ》᠎ᠢ᠎ᠨᠢ ᠨᠥᠬᠥᠪᠥᠷᠢᠯᠡᠵᠦ᠂   ᠴᠠᠭ ᠲᠤᠬᠠᠶ  ᠎ᠳᠤ᠎ᠨᠢ ᠵᠢᠯᠣᠭᠣᠳᠤᠨ ᠬᠠᠪᠰᠤᠷᠴᠤ ᠪᠠᠶ᠋ᠢᠭ᠋ᠠᠳ ᠠᠵᠢᠯ ᠎ᠢ᠎ᠨᠢ ᠰᠡᠷᠭᠦᠬᠡᠯᠭᠡᠬᠦ ᠬᠡᠷᠡᠭᠲᠡᠶ ᠭᠡᠵᠦ ᠱᠠᠭ᠋ᠠᠷᠳᠠᠪᠠ᠃    
      ᠬᠣᠶᠠᠷ᠎ᠲᠤ᠂ ᠯᠠᠪᠳᠠᠭᠤᠨ ᠪᠠᠲᠤᠲᠠᠶ  ᠂ ᠣᠨᠣᠪᠴᠢᠲᠠᠶ ᠰᠡᠷᠭᠡᠶ᠋ᠢᠯᠡᠨ ᠡᠵᠡᠮᠳᠡᠨ᠎ᠡ᠃ ᠰᠣᠶᠣᠯ᠎ᠤᠨ ᠲᠠᠯᠠᠪᠠᠶ ᠣᠷᠳᠣᠨ ᠪᠣᠯᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠭᠡᠭᠡᠯᠲᠡ ᠵᠢ ᠰᠡᠷᠭᠦᠭᠡᠬᠦ ᠵᠢ ᠳᠠᠭ᠋ᠠᠯᠳᠤᠨ ᠬᠥᠮᠦᠰ᠎ᠤᠨ ᠰᠢᠯᠵᠢᠯᠲᠡ ᠪᠣᠯᠤᠨ   ᠴᠤᠭᠯᠠᠷᠠᠯ ᠨᠡᠮᠡᠭᠳᠡᠵᠦ᠂ ᠬᠢᠵᠢᠭ᠎ᠤᠨ ᠪᠠᠶ᠋ᠢᠳᠠᠯ ᠳᠠᠬᠢᠨ   ᠨᠡᠮᠡᠭᠳᠡᠵᠦ᠂ ᠣᠨᠴᠠᠭ᠋ᠠᠶ᠋ᠢᠯᠠᠨ ᠣᠯᠠᠨ ᠤᠯᠤᠰ᠎ᠤᠨ ᠬᠢᠵᠢᠭ᠎ᠤᠨ ᠪᠠᠶ᠋ᠢᠳᠠᠯ ᠲᠦᠷᠭᠡᠨ ᠳᠡᠯᠭᠡᠷᠡᠬᠦ᠎ᠠᠴᠠ ᠪᠣᠯᠤᠭᠰᠠᠨ ᠤᠷᠤᠵᠤ ᠢᠷᠡᠬᠦ ᠪᠤᠯᠤᠮᠵᠢ ᠲᠦᠭᠰᠢᠭᠦᠷᠢ ᠦᠷᠭᠦᠯᠵᠢᠯᠡᠨ ᠨᠡᠮᠡᠭᠳᠡᠵᠦ ᠪᠠᠶ᠋ᠢᠨ᠎ᠠ᠃ ᠡᠯ᠎ᠡ ᠭᠠᠵᠠᠷ᠎ᠤᠨ᠎ᠬᠢᠨ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠣᠯᠠᠨ ᠨᠡᠶ᠋ᠢᠲᠡ ᠵᠢᠨ ᠨᠣᠮ᠎ᠤᠨ ᠰᠠᠩ᠂ ᠰᠣᠶᠣᠯ  ᠎ᠤᠨ ᠣᠷᠳᠣᠨ (ᠥᠷᠲᠡᠭᠡ)  ᠎ᠤ ᠨᠡᠭᠡᠭᠡᠯᠲᠡ ᠵᠢ ᠰᠡᠷᠭᠦᠭᠡᠬᠦ ᠠᠵᠢᠯ᠎ᠤᠨ ᠵᠦᠭᠯᠡᠭᠦᠷ》  ᠂ 《ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠨᠡᠭᠡᠭᠡᠯᠲᠡ  ᠎ᠳᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠵᠦᠭᠯᠡᠭᠦᠷ》᠂ ᠤᠯᠤᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠤᠪᠴᠢᠶᠠᠨ᠎ᠤ 《ᠰᠢᠨ᠎ᠡ   ᠲᠢᠲᠢᠮᠯᠢᠭ   ᠠᠭᠤᠰᠬᠢᠨ᠎ᠤ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ ᠰᠣᠶᠣᠯ   ᠮᠥᠽᠸᠢ   ᠵᠢᠨ ᠨᠢᠭᠡᠴᠢ ᠵᠢᠨ ᠨᠡᠭᠡᠭᠡᠯᠲᠡ   ᠪᠠ ᠠᠵᠢᠯ ᠵᠶ᠋ᠠᠨ ᠰᠡᠷᠭᠦᠭᠡᠬᠦ ᠵᠢ ᠡᠮᠬᠢ ᠵᠢᠷᠤᠮ᠎ᠲᠠᠢ᠎ᠪᠠᠷ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ   ᠵᠦᠢ᠍ᠯ᠎ᠤᠨ ᠰᠡᠷᠭᠡᠶ᠋ᠢᠯᠡᠨ ᠡᠵᠡᠮᠳᠡᠬᠦ   ᠠᠵᠢᠯ᠎ᠢ ᠥᠴᠦᠬᠡᠨ ᠴᠦ᠍ ᠰᠤᠯᠠᠷᠠᠭᠤᠯᠤᠯ ᠥᠬᠡᠶ ᠪᠣᠳᠠᠲᠠᠶ ᠠᠳᠬᠤᠵᠤ ᠨᠠᠷᠢᠯᠢᠭ   ᠠᠳᠬᠤᠵᠤ᠂   ᠬᠦᠴᠦᠯᠡᠨ ᠲᠡᠮᠡᠴᠡᠵᠦ ᠪᠠᠢ᠌ᠭ᠋ᠠᠳ ᠰᠠᠶᠢ ᠤᠯᠤᠭᠰᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ   ᠪᠠᠢ᠌ᠳᠠᠯ᠎ᠤᠨ ᠰᠠᠢ᠌ᠵᠢᠷᠠᠯᠲᠠ ᠵᠢ ᠲᠠᠬᠢᠨ ᠪᠤᠴᠠᠭᠤᠯᠬᠤ ᠦᠭᠡᠢ᠃ ᠡᠯ᠎ᠡ ᠭᠠᠵᠠᠷ᠎ᠤᠨ ᠰᠣᠶᠣᠯ   ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠠᠤᠯᠢ   ᠬᠡᠷᠡᠭᠵᠢᠬᠦᠯᠬᠦ   ᠡᠩᠨᠡᠭᠡ ᠴᠦ᠍ ᠢᠳᠡᠪᠬᠢᠲᠡᠶ᠎ᠪᠠᠷ ᠬᠥᠳᠡᠯᠦᠯᠴᠡᠵᠦ᠂ ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ   ᠲᠠᠯᠪᠢᠨ   ᠪᠠᠶ᠋ᠢᠴᠠᠭ᠋ᠠᠯᠲᠠ ᠬᠢᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ   ᠡᠵᠡᠮᠳᠡᠬᠦ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠭᠰᠠᠨ ᠦᠭᠡᠶ ᠪᠣᠯ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠬᠦ ᠪᠤᠯᠤᠨ᠎ᠠ᠃    
      ᠭᠤᠷᠪᠠ᠎ᠳᠤ᠂ ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠨ᠎ᠡ᠃ ᠬᠢᠵᠢᠭ᠎ᠤᠨ ᠪᠠᠶ᠋ᠢᠳᠠᠯ ᠡᠭᠦᠰᠦᠭᠰᠡᠨ᠎ᠠᠴᠠ   ᠨᠠᠭ᠋ᠠᠰᠢ᠂ ᠡᠯ᠎ᠡ ᠭᠠᠵᠠᠷ᠎ᠤᠨ ᠣᠳᠣᠨ ᠲᠠᠰ᠎ᠤᠨ ᠪᠠᠭᠤᠳᠠᠯ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂   ᠰᠤᠶᠤᠯ ᠮᠥᠽᠸᠢ   ᠵᠢᠨ ᠲᠠᠯᠠᠪᠤᠷ ᠵᠠᠯᠭ᠋ᠠᠭ᠎ᠠ᠎ᠪᠠᠷ ᠬᠠᠭ᠋ᠠᠭᠳᠠᠵᠤ᠂ ᠵᠢᠭᠤᠯᠴᠢᠯᠠᠯ᠎ᠤᠨ ᠬᠤᠷᠢᠶ᠎ᠠ   ᠵᠢᠴᠢ   ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠠᠵᠤ ᠠᠬᠤᠶ᠋ᠢᠯᠠᠯ ᠪᠦᠬᠦᠨ ᠵᠶ᠋ᠠᠷ ᠵᠶ᠋ᠠᠨ ᠠᠵᠢᠯ ᠵᠶ᠋ᠠᠨ   ᠵᠤᠭᠰᠤᠭ᠋ᠠᠵᠤ᠂   ᠵᠢᠭᠤᠯᠴᠢᠯᠠᠯ᠎ᠤᠨ ᠶᠡᠷᠦᠩᠬᠡᠶ᠋ᠢᠯᠡᠭᠰᠡᠨ ᠣᠷᠣᠯᠭ᠎ᠠ ᠰᠢᠷᠦᠬᠦᠨ ᠵᠶ᠋ᠠᠷ   ᠪᠠᠭᠤᠷᠠᠵᠤ᠂ ᠵᠢᠭᠤᠯᠴᠢᠯᠠᠯ᠎ᠤᠨ ᠦᠢ᠍ᠯᠡᠰ ᠨᠡᠯᠢᠶᠡᠳ ᠶᠡᠬᠡ ᠳᠠᠭ᠋ᠠᠷᠢᠯᠲᠠ᠎ᠳᠤ ᠤᠴᠠᠷᠠᠵᠠᠶ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠬᠢᠵᠢᠭ᠎ᠤᠨ ᠪᠠᠶ᠋ᠢᠳᠠᠯ᠎ᠳᠤ ᠨᠥᠯᠥᠭᠡᠯᠡᠭᠳᠡᠭᠰᠡᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ᠎ᠲᠠᠢ ᠳᠤᠮᠳᠠ   ᠪᠠᠭ᠎ᠠ ᠠᠵᠤ ᠠᠬᠤᠶ᠋ᠢᠯᠠᠯ᠎ᠤᠨ ᠡᠷᠡᠭᠦᠯ ᠵᠶ᠋ᠠᠷ ᠬᠥᠭᠵᠢᠬᠦ ᠵᠢ ᠳᠡᠮᠵᠢᠬᠦ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠶ᠋ᠢᠲᠡᠯᠡᠪᠡ᠃ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠢᠳᠡᠪᠬᠢᠲᠡᠶ᠎ᠪᠠᠷ ᠴᠤᠤᠷᠢᠶᠠᠲᠤᠨ ᠳᠠᠭ᠋ᠠᠵᠤ᠂ ᠮᠥᠩᠭᠥᠨ   ᠬᠦᠢ᠍ᠯᠭᠡᠭᠡᠨ᠂ ᠡᠳ᠋᠎ᠤᠨ ᠵᠠᠰᠠᠭ᠂ ᠭᠠᠶ᠋ᠢᠯᠢ ᠲᠠᠲᠠᠪᠤᠷᠢ᠂ ᠨᠡᠶ᠋ᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠯᠦᠭᠡ ᠨᠢᠭᠲᠠ ᠨᠡᠪᠲᠡᠷᠡᠯᠴᠡᠵᠦ᠂ ᠰᠣᠶᠣᠯ ᠪᠠ ᠵᠢᠭᠤᠯᠴᠢᠯᠠᠯ᠎ᠤᠨ ᠠᠵᠤ ᠠᠬᠤᠶ᠋ᠢᠯᠠᠯ ᠪᠠ   ᠨᠢᠭᠡᠴᠢ ᠵᠢ ᠵᠢᠯᠣᠭᠣᠳᠤᠨ ᠬᠠᠪᠰᠤᠷᠴᠤ ᠪᠠᠶ᠋ᠢᠭ᠋ᠠᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠤᠨ ᠠᠵᠤ ᠠᠬᠤᠶ᠋ᠢᠯᠠᠯ᠎ᠳᠤ ᠬᠠᠷᠠᠭ᠋ᠠᠯᠵᠠᠯ ᠦᠵᠡᠭᠦᠯᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠦᠢ᠍ᠴᠡᠳ ᠠᠰᠢᠭᠯᠠᠭᠤᠯᠵᠤ ᠰᠠᠶ᠋ᠢᠲᠤᠷ ᠠᠰᠢᠭᠯᠠᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠤ ᠠᠬᠤᠶ᠋ᠢᠯᠠᠯ᠎ᠤᠨ ᠠᠵᠢᠯ ᠵᠶ᠋ᠠᠨ ᠰᠡᠷᠭᠦᠭᠡᠬᠦ ᠪᠠ ᠦᠢ᠍ᠯᠡᠳᠪᠦᠷᠢᠯᠡᠯ ᠵᠶ᠋ᠠᠨ ᠰᠡᠷᠭᠦᠭᠡᠬᠦ ᠶᠠᠪᠤᠴᠠ᠎ᠳᠤ᠎ᠬᠢ ᠬᠦᠴᠢᠷᠳᠡᠯ ᠪᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠬᠢᠵᠢᠭ᠎ᠤᠨ ᠪᠠᠶ᠋ᠢᠳᠠᠯ᠎ᠠᠴᠠ ᠪᠣᠯᠤᠭᠰᠠᠨ ᠬᠣᠬᠢᠷᠠᠯ᠎ᠢ ᠬᠠᠮᠤᠭ᠎ᠤᠨ ᠳᠣᠤᠷ᠎ᠠ ᠬᠡᠮᠵᠢᠶ᠎ᠡ᠎ᠳᠤ ᠬᠦᠷᠲᠡᠯ᠎ᠡ ᠪᠠᠭᠤᠷᠠᠭᠤᠯᠬᠤ᠎ᠪᠠᠷ   ᠴᠢᠷᠮᠠᠢ᠌ᠪᠡ᠃ ᠵᠢᠱ᠌ᠢᠶᠡᠯᠡᠪᠡᠯ᠂ 2 ᠳ᠋ᠤᠭ᠋ᠠᠷ ᠰᠠᠷ᠎ᠠ ᠵᠢᠨ 5᠎ᠤ ᠡᠳᠦᠷ ᠰᠣᠶᠣᠯ ᠪᠠ ᠵᠢᠭᠤᠯᠴᠢᠯᠠᠯ᠎ᠤᠨ ᠶᠠᠮᠤᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠬᠡᠰᠡᠭ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠵᠤ᠂   ᠵᠢᠭᠤᠯᠴᠢᠯᠠᠯ᠎ᠤᠨ   ᠬᠤᠷᠢᠶᠠᠨ᠎ᠤ ᠣᠳᠣᠬᠠᠨ᠎ᠤ ᠡᠵᠡᠩᠨᠡᠯᠲᠡ ᠵᠢᠨ ᠬᠦᠴᠢᠷᠳᠡᠯ᠎ᠢ ᠠᠷᠭ᠋ᠠᠴᠠᠬᠤ ᠵᠢ ᠳᠡᠮᠵᠢᠨ᠎ᠡ ᠭᠡᠵᠡᠶ᠃ ᠡᠯ᠎ᠡ ᠭᠠᠵᠠᠷ᠎ᠤᠨ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ ᠢᠳᠡᠪᠬᠢᠲᠡᠶ ᠨᠠᠶ᠋ᠢᠳᠠᠪᠤᠷᠢᠵᠢᠭᠤᠯᠵᠤ᠂ 3   ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ᠂ ᠪᠥᠬᠥ ᠣᠷᠣᠨ᠎ᠳᠤ ᠨᠢᠭᠡᠨᠲᠡ 903 ᠵᠢᠭᠤᠯᠴᠢᠯᠠᠯ᠎ᠤᠨ ᠬᠤᠷᠢᠶᠠᠨ᠎ᠳᠤ 1.43 ᠳ᠋ᠦᠩᠰᠢᠭᠤᠷ ᠲᠥᠭᠥᠷᠢᠭ᠎ᠤᠨ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠤᠨ ᠪᠠᠲᠤᠯᠠᠭ᠎ᠠ ᠵᠢᠨ ᠮᠥᠩᠭᠥ ᠵᠢ ᠲᠦᠷ ᠪᠤᠴᠠᠭ᠋ᠠᠪᠠ᠃    
      ᠬᠢᠵᠢᠭ᠎ᠤᠨ ᠪᠠᠶ᠋ᠢᠳᠠᠯ᠎ᠤᠨ ᠳᠠᠷᠠᠭ᠋ᠠᠬᠢ ᠣᠯᠠᠨ ᠲᠦᠮᠡᠨ᠎ᠤ ᠲᠠᠰᠤᠷᠠᠯᠲᠠ ᠤᠢ᠍ᠭᠡᠢ ᠥᠷᠨᠢᠵᠦ ᠪᠠᠶ᠋ᠢᠭ᠎ᠠ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠡᠮᠦᠨ᠎ᠡ᠂ ᠪᠢᠳᠡ ᠵᠢᠭᠤᠯᠴᠢᠯᠠᠯ᠎ᠤᠨ ᠦᠢ᠍ᠯᠡᠰ᠎ᠢ ᠰᠡᠷᠭᠦᠭᠡᠨ ᠬᠥᠭᠵᠢᠭᠦᠯᠬᠦ ᠠᠵᠢᠯ᠎ᠤᠨ ᠨᠠᠷᠢᠨ ᠲᠥᠰᠦᠪ᠎ᠢ ᠵᠣᠬᠢᠶᠠᠨ ᠪᠠᠶ᠋ᠢᠭᠤᠯᠤᠨ ᠲᠣᠭᠲᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠤᠨᠴᠠᠯᠢᠬᠳᠤ ᠵᠢᠭᠤᠯᠴᠢᠯᠠᠯ᠎ᠤᠨ ᠪᠦᠲᠦᠭᠡᠭᠳᠡᠬᠦᠨ᠎ᠢ ᠲᠠᠰᠤᠷᠠᠯᠲᠠ ᠥᠬᠡᠶ   ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ᠎ᠤᠨ ᠣᠯᠠᠨ ᠠᠵᠤ ᠦᠢ᠍ᠯᠡᠰ᠂ ᠣᠯᠠᠨ ᠬᠦᠷᠢᠶ᠎ᠡ ᠴᠠᠷᠠᠭ᠎ᠠ ᠵᠢ ᠠᠭᠤᠰᠤᠯᠴᠠᠭᠤᠯᠤᠨ ᠨᠡᠪᠲᠡᠷᠡᠯᠴᠡᠭᠰᠡᠨ ᠰᠡᠯᠡᠭᠦᠴᠡᠯ᠎ᠤᠨ ᠬᠡᠷᠡᠭᠯᠡᠭᠡᠨ᠎ᠤ ᠰᠢᠰᠲᠸᠮ᠎ᠢ ᠢᠳᠡᠪᠬᠢᠲᠡᠶ ᠪᠠᠶ᠋ᠢᠭᠤᠯᠵᠤ᠂ ᠰᠣᠶᠣᠯ᠎ᠤᠨ ᠠᠵᠤ ᠦᠢ᠍ᠯᠡᠰ ᠪᠣᠯᠤᠨ ᠵᠢᠭᠤᠯᠴᠢᠯᠠᠯ᠎ᠤᠨ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠤᠨ᠎ᠠ; ᠰᠣᠶᠣᠯ ᠵᠢᠭᠤᠯᠴᠢᠯᠠᠯ᠎ᠤᠨ ᠰᠦᠯᠵᠢᠶᠡᠨ᠎ᠤ ᠬᠡᠷᠡᠭᠯᠡᠭᠡ᠂ ᠵᠠᠬᠢᠶᠠᠯᠠᠭ᠎ᠠ ᠵᠢᠨ ᠬᠡᠷᠡᠭᠯᠡᠭᠡ᠂ ᠪᠡᠶᠡᠴᠢᠯᠡᠨ ᠣᠶ᠋ᠢᠯᠠᠭ᠋ᠠᠬᠤ ᠬᠡᠷᠡᠭᠯᠡᠭᠡ ᠵᠡᠷᠭᠡ ᠬᠡᠷᠡᠭᠯᠡᠭᠡᠨ᠎ᠤ ᠰᠢᠨ᠎ᠡ ᠬᠠᠯᠠᠮᠰᠢᠯ ᠴᠡᠭ᠎ᠢ ᠢᠳᠡᠪᠬᠢᠲᠡᠢ ᠪᠣᠶ᠋ᠢᠵᠢᠭᠤᠯᠤᠨ᠎ᠠ; ᠰᠤᠳᠤᠯᠤᠨ ᠰᠤᠷᠤᠯᠴᠠᠬᠤ ᠵᠢᠭᠤᠯᠴᠢᠯᠠᠯ᠂ ᠵᠠᠩ ᠦᠢ᠍ᠯᠡ ᠵᠢᠨ ᠵᠢᠭᠤᠯᠴᠢᠯᠠᠯ᠂ ᠬᠤᠪᠢᠰᠬᠠᠯᠲᠤ ᠵᠢᠭᠤᠯᠴᠢᠯᠠᠯ ᠵᠡᠷᠭᠡ ᠰᠣᠶᠣᠯ᠎ᠤᠨ ᠪᠡᠶᠡᠴᠢᠯᠡᠨ ᠣᠶ᠋ᠢᠯᠠᠭ᠋ᠠᠬᠤ ᠵᠢᠭᠤᠯᠴᠢᠯᠠᠯ᠎ᠢ ᠵᠣᠷᠢᠭᠵᠢᠭᠤᠯᠵᠤ᠂ ᠬᠢᠯᠢ ᠵᠢᠨ ᠳᠣᠲᠣᠷ᠎ᠠ ᠭᠠᠳᠠᠨᠠᠬᠢ ᠵᠢᠭᠤᠯᠴᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ ᠨᠢᠭᠡ ᠪᠦᠯᠦᠭ ᠵᠢᠭᠤᠯᠴᠢᠯᠠᠯ᠎ᠤᠨ ᠵᠠᠮ ᠱᠤᠭᠤᠮ᠂ ᠵᠢᠭᠤᠯᠴᠢᠯᠠᠯ᠎ᠤᠨ ᠵᠤᠷᠢᠯᠲᠠ ᠭᠠᠵᠠᠷ᠂ ᠵᠢᠭᠤᠯᠴᠢᠯᠠᠯ᠎ᠤᠨ ᠲᠣᠭᠯᠠᠯᠲᠠ ᠵᠢᠨ ᠤᠷᠠᠯᠢᠭ ᠵᠢᠴᠢ ᠦᠨᠳᠦᠰᠦᠲᠡᠨ᠎ᠤ ᠤᠨᠴᠠᠯᠢᠭᠲᠦ   ᠪᠦᠲᠦᠭᠡᠯᠴᠢ ᠵᠢᠭᠤᠯᠴᠢᠯᠠᠯ᠎ᠤᠨ ᠲᠠᠸᠠᠷ᠎ᠢ ᠨᠡᠭᠡᠭᠡᠨ ᠬᠥᠭᠵᠢᠭᠦᠯᠦᠨ᠎ᠡ᠃ ᠪᠢᠳᠡ ᠬᠡᠷᠡᠭᠯᠡᠭᠡᠨ᠎ᠤ ᠳᠥᠭᠥᠮ ᠳᠥᠲᠡ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ᠎ᠤᠨ ᠰᠢᠨ᠎ᠡ ᠵᠢ ᠡᠭᠦᠳᠬᠦ ᠳᠡᠯᠭᠡᠭᠦᠷ᠂ ᠣᠨᠴᠠᠯᠢᠭᠲᠤ ᠨᠣᠮ᠎ᠤᠨ ᠳᠡᠯᠭᠡᠭᠦᠷ᠂ ᠰᠣᠶᠣᠯ ᠴᠡᠩᠭᠡᠯ᠎ᠤᠨ ᠲᠠᠯᠠᠪᠤᠷ   ᠵᠡᠷᠭᠡ ᠣᠯᠠᠨ ᠵᠦᠢ᠍ᠯ᠎ᠤᠨ ᠡᠵᠡᠩᠨᠡᠯᠲᠡ ᠵᠢᠨ ᠬᠡᠯᠪᠡᠷᠢ ᠵᠢᠨ ᠬᠡᠷᠡᠭᠯᠡᠭᠡᠨ᠎ᠤ ᠴᠤᠭᠯᠠᠷᠠᠯ᠎ᠤᠨ ᠭᠠᠵᠠᠷ ᠪᠠᠶ᠋ᠢᠭᠤᠯᠬᠤ ᠵᠢ ᠵᠣᠷᠢᠭᠵᠢᠭᠤᠯᠵᠤ᠂ ᠰᠣᠶᠣᠯ᠎ᠤᠨ ᠬᠡᠷᠡᠭᠯᠡᠭᠡ ᠵᠢ ᠡᠯ᠎ᠡ ᠲᠥᠷᠥᠯ᠎ᠤᠨ ᠬᠡᠷᠡᠭᠯᠡᠭᠡᠨ᠎ᠤ ᠲᠠᠯᠠᠪᠤᠷ᠎ᠲᠤ ᠰᠢᠭᠢᠳᠬᠡᠨ ᠣᠷᠣᠭᠤᠯᠵᠤ᠂ ᠨᠡᠶ᠋ᠢᠭᠡᠮ ᠲᠣᠭᠣᠷᠢᠭ᠎ᠤᠨ ᠶᠡᠷᠦᠩᠬᠡᠶ᠋ᠢᠯᠡᠭᠰᠡᠨ ᠰᠣᠶᠣᠯ᠎ᠤᠨ   ᠦᠢ᠍ᠯᠡᠴᠢᠯᠡᠭᠡᠨ᠎ᠤ ᠲᠥᠪ᠎ᠲᠤ ᠲᠦᠰᠢᠭᠯᠡᠨ ᠣᠯᠠᠨ ᠲᠦᠮᠡᠨ᠎ᠤ ᠳᠡᠷᠭᠡᠳᠡᠬᠢ ᠰᠣᠶᠣᠯ᠎ᠤᠨ ᠬᠡᠷᠡᠭᠯᠡᠭᠡᠨ᠎ᠤ ᠲᠣᠤᠷ᠎ᠢ ᠪᠠᠶ᠋ᠢᠭᠤᠯᠤᠨ᠎ᠠ; ᠬᠠᠤᠯᠢ ᠲᠣᠭᠲᠠᠭ᠋ᠠᠯ ᠶᠣᠰᠣᠭ᠋ᠠᠷ ᠤᠯᠠᠮᠵᠢᠯᠠᠯᠲᠤ ᠲᠣᠭᠯᠠᠯᠲᠠ ᠵᠢᠨ ᠲᠠᠯᠠᠪᠤᠷ ᠭᠠᠵᠠᠷ ᠪᠠ ᠮᠦᠽᠧᠶ ᠵᠢᠨ ᠲᠥᠬᠥᠭᠡᠷᠦᠮᠵᠢ ᠵᠢ ᠥᠭᠡᠷᠡᠴᠢᠯᠡᠨ ᠳᠡᠭᠡᠭᠰᠢᠯᠡᠭᠦᠯᠬᠦ ᠵᠢ ᠵᠣᠷᠢᠭᠵᠢᠭᠤᠯᠵᠤ᠂ ᠢᠳᠡᠭᠡᠨ ᠤᠮᠳᠠᠭ᠋ᠠᠨ᠎ᠤ ᠲᠣᠭᠣᠷᠢᠭ᠂ ᠠᠮᠠᠷᠠᠬᠤ ᠲᠣᠭᠣᠷᠢᠭ᠂ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠳᠡᠯᠭᠡᠨ ᠦᠵᠡᠭᠦᠯᠵᠦ ᠬᠤᠳᠠᠯᠳᠤᠬᠤ ᠲᠤᠭᠤᠷᠢᠭ᠎ᠢ ᠵᠦᠶ ᠵᠣᠬᠢᠰᠲᠠᠶ ᠲᠥᠬᠥᠷᠵᠢᠭᠦᠯᠦᠨ᠂ ᠨᠠᠩ ᠴᠢᠨᠠᠷ ᠰᠠᠶ᠋ᠢᠲᠠᠶ ᠬᠡᠷᠡᠭᠯᠡᠭᠡᠨ᠎ᠤ ᠣᠷᠴᠢᠨ ᠲᠣᠭᠣᠷᠢᠨ᠎ᠢ ᠪᠣᠶ   ᠪᠤᠯᠭ᠋ᠠᠨ᠎ᠠ; 《ᠢᠨᠲᠸᠷ ᠰᠦᠯᠵᠢᠶ᠎ᠡ + ᠵᠢᠭᠤᠯᠴᠢᠯᠠᠯ》᠎ᠢ ᠲᠦᠷᠭᠡᠳᠬᠡᠨ ᠠᠬᠢᠭᠤᠯᠵᠤ᠂ ᠣᠶᠤᠨᠴᠢ ᠦᠵᠡᠮᠵᠢ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠠᠭ ᠲᠤᠬᠠᠢ᠎ᠳᠤ᠎ᠨᠢ ᠬᠢᠨᠠᠨ ᠬᠡᠮᠵᠢᠬᠦ᠂ ᠰᠢᠨᠵᠢᠯᠡᠬᠦ ᠤᠬᠠᠭ᠋ᠠᠨᠴᠢ᠎ᠪᠠᠷ ᠬᠥᠲᠦᠯᠦᠨ ᠵᠢᠯᠣᠭᠣᠳᠬᠤ   ᠣᠶᠤᠨᠴᠢ ᠦᠢ᠍ᠯᠡᠴᠢᠯᠡᠭᠡ ᠵᠢ ᠪᠡᠶᠡᠯᠡᠭᠦᠯᠦᠨ᠎ᠡ᠃ ᠪᠢᠳᠡ ᠠᠮᠠᠷᠠᠯᠲᠠ ᠵᠢᠨ ᠡᠳᠦᠷ ᠪᠠ ᠰᠥᠨᠢ ᠵᠢᠨ ᠠᠵᠤ ᠠᠬᠤᠶ ᠵᠢ ᠲᠠᠰᠤᠷᠠᠯᠲᠠ ᠥᠬᠡᠶ ᠴᠡᠴᠡᠭᠯᠡᠭᠦᠯᠦᠨ ᠬᠥᠭᠵᠢᠭᠦᠯᠵᠦ᠂ ᠪᠠᠶᠠᠷ ᠳᠤᠷᠠᠰᠬᠠᠯ᠎ᠤᠨ ᠡᠳᠦᠷ᠂ ᠠᠮᠠᠷᠠᠯᠲᠠ ᠵᠢᠨ ᠡᠳᠦᠷ ᠵᠢᠴᠢ ᠣᠷᠭᠢᠯ᠎ᠤᠨ ᠬᠤᠭᠤᠴᠠᠭ᠋ᠠᠨ᠎ᠳᠤ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠬᠦ ᠵᠢᠮ᠎ᠡ ᠶᠣᠰᠣ ᠵᠢ ᠣᠨᠣᠪᠴᠢᠲᠠᠶ ᠡᠵᠡᠮᠳᠡᠵᠦ᠂ ᠨᠢᠭᠡ ᠪᠦᠯᠦᠭ ᠬᠡᠪᠰᠢᠭᠰᠡᠨ᠂ ᠤᠨᠴᠠᠯᠢᠭᠵᠢᠭᠰᠠᠨ ᠰᠥᠨᠢ ᠵᠢᠨ ᠰᠣᠶᠣᠯ ᠵᠢᠭᠤᠯᠴᠢᠯᠠᠯ᠎ᠤᠨ ᠪᠡᠶᠡᠴᠢᠯᠡᠨ ᠣᠶ᠋ᠢᠯᠠᠭ᠋ᠠᠬᠤ ᠲᠥᠰᠦᠯ᠎ᠢ ᠲᠥᠪᠯᠡᠷᠡᠭᠦᠯᠦᠨ ᠨᠡᠭᠡᠭᠡᠵᠦ᠂ ᠨᠠᠩ ᠣᠯᠠᠨ ᠰᠥᠨᠢ ᠵᠢᠨ ᠰᠣᠶᠣᠯ ᠵᠢᠭᠤᠯᠴᠢᠯᠠᠯ᠎ᠤᠨ ᠠᠵᠢᠯᠯᠠᠭ᠎ᠠ (ᠦᠢ᠍ᠯᠡᠳᠬᠦᠨ) ᠵᠢᠨ ᠨᠠᠷᠠᠲᠤ ᠲᠡᠮᠳᠡᠭ᠎ᠢ ᠪᠣᠶ ᠪᠣᠯᠭ᠋ᠠᠨ᠎ᠠ᠃ ᠠᠮᠤᠷ ᠲᠦᠪᠰᠢᠨ᠎ᠢ ᠪᠠᠲᠤᠯᠠᠵᠦ᠂ ᠠᠷᠠᠳ᠎ᠢ ᠦᠢ᠍ᠮᠡᠬᠦᠯᠬᠦ ᠎ᠠᠴᠠ   ᠵᠠᠢ᠌ᠯᠠᠰᠬᠢᠭ᠌ᠰᠡᠨ ᠪᠠᠢ᠌ᠳᠠᠯ ᠳᠣᠤᠷ᠎ᠠ᠂ ᠨᠥᠬᠥᠴᠡᠯ᠎ᠲᠠᠢ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠰᠥᠨᠢ᠎ᠪᠠᠷ   ᠵᠢᠭᠤᠯᠴᠢᠯᠠᠬᠤ ᠦᠢ᠍ᠯᠡᠴᠢᠯᠡᠭᠡ ᠥᠷᠨᠢᠭᠦᠯᠬᠦ ᠵᠢ   ᠵᠤᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠲᠠᠯᠠᠪᠤᠷ᠎ᠤᠨ ᠰᠥᠨᠢ ᠵᠢᠨ ᠢᠳᠡᠭᠡᠨ ᠤᠮᠳᠠᠭ᠋ᠠᠨ᠂ ᠪᠠᠷᠠᠭ᠎ᠠ ᠬᠤᠳᠠᠯᠳᠤᠨ ᠠᠪᠬᠤ᠂ ᠤᠷᠠᠯᠢᠭ᠎ᠤᠨ ᠲᠤᠭᠯᠠᠯᠲᠠ ᠵᠡᠷᠭᠡ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠰᠥᠨᠢ ᠵᠢᠨ ᠰᠣᠶᠣᠯ᠎ᠤᠨ ᠲᠣᠭᠯᠠᠯᠲᠠ ᠵᠢᠨ ᠵᠠᠬ᠎ᠠ ᠳᠡᠯᠭᠡᠭᠦᠷ᠎ᠢ ᠪᠠᠶᠠᠯᠢᠭᠵᠢᠭᠤᠯᠤᠨ᠂ ᠮᠦᠽᠧᠶ᠂ ᠤᠷᠠᠨ ᠵᠢᠷᠤᠭ᠎ᠤᠨ ᠣᠷᠳᠣᠨ ᠵᠡᠷᠭᠡ ᠵᠢᠨ ᠰᠥᠨᠢ᠎ᠪᠠᠷ ᠨᠡᠭᠡᠭᠡᠬᠦ   ᠵᠢ ᠵᠣᠷᠢᠭᠵᠢᠭᠤᠯᠵᠤ᠂ ᠨᠢᠭᠡ ᠪᠦᠯᠦᠭ ᠰᠥᠨᠢ ᠵᠢᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠤ ᠵᠤᠷᠢᠭᠤᠰᠢᠲᠠᠢ ᠭᠠᠵᠠᠷ  ᠎ᠢ ᠪᠤᠢ ᠪᠤᠯᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            