ᠬᠠᠳᠤᠨ ᠭᠣᠤᠯ ᠪᠣᠯ ᠨᠢᠭᠡᠨ ᠪᠠᠳᠠᠭ ᠳᠠᠭᠤᠤ᠂ ᠬᠠᠳᠤᠨ ᠭᠣᠤᠯ ᠪᠣᠯ ᠨᠢᠭᠡᠨ ᠱᠠᠳ ᠰᠢᠯᠦᠭ᠂ ᠬᠠᠳᠤᠨ ᠭᠣᠤᠯ ᠪᠣᠯ ᠨᠢᠭᠡᠨ ᠭᠤᠢ᠌ᠲᠠ ᠵᠢᠷᠤᠭ᠁
ᠬᠥᠬᠡᠨᠠᠭᠤᠷ ᠲᠥᠪᠡᠳ᠎ᠤᠨ ᠥᠨᠳᠥᠷᠯᠢᠭ᠎ᠠᠴᠠ ᠳᠠᠪᠠᠯᠭ᠋ᠠᠯᠠᠨ ᠪᠠᠭᠤᠵᠤ ᠳᠣᠯᠭᠢᠶᠠᠯᠠᠨ ᠤᠷᠤᠰᠬᠤ ᠬᠠᠳᠤᠨ ᠭᠣᠣᠯ᠂ ᠨᠢᠩᠰᠢᠶᠠ ᠦᠪᠦᠷ ᠮᠣᠩᠭᠣᠯ᠎ᠤᠨ ᠵᠠᠭ᠋ᠠᠭ᠎ᠲᠤ᠎ᠬᠢ ᠲᠤᠰ᠎ᠳᠤ ᠭᠣᠣᠯ᠎ᠤᠨ ᠬᠤᠭᠤᠯᠠᠢ ᠵᠶ᠋ᠠᠷ ᠥᠪᠥᠷ ᠮᠣᠩᠭᠣᠯ᠎ᠳᠤ ᠤᠷᠤᠰ᠎ᠤᠨ ᠣᠷᠣᠵᠤ᠂ ᠬᠥᠪᠴᠢ᠂ ᠤᠯᠠᠭ᠋ᠠᠨᠪᠤᠬ᠎ᠠ ᠬᠣᠶᠠᠷ ᠶᠡᠬᠡ ᠡᠯᠡᠰᠦᠨ ᠴᠦᠯ᠎ᠤᠨ ᠬᠤᠭᠤᠷᠤᠨᠳᠤᠭᠤᠷ ᠥᠩᠭᠡᠷᠡᠵᠦ᠂ ᠰᠢᠭᠤᠳ ᠤᠮᠠᠷᠠᠰᠢ ᠤᠷᠤᠰᠤᠭ᠋ᠠᠳ᠂ ᠮᠤᠨᠢ ᠠᠭᠤᠯᠠ ᠨᠢᠷᠤᠭᠤ᠎ᠠᠴᠠ ᠵᠡᠭᠦᠨᠰᠢ ᠲᠠᠬᠢᠨ ᠡᠮᠦᠨᠡᠰᠢ ᠮᠤᠷᠤᠯᠵᠠᠨ ᠤᠷᠤᠰᠴᠤ᠂ ᠮᠤᠨᠢ ᠠᠭᠤᠯᠠ ᠵᠢᠨ ᠡᠮᠦᠨ᠎ᠡ ᠬᠣᠷᠮᠣᠢ ᠪᠠ ᠤᠷᠳᠤᠰ᠎ᠤᠨ ᠥᠨᠳᠥᠷᠯᠢᠭ᠎ᠤᠨ ᠬᠣᠭᠣᠷᠣᠨᠳᠣ ᠯᠤᠲᠤ ᠶᠡᠬᠡ《几 ᠦᠰᠦᠭᠲᠦ ᠲᠤᠬᠤᠢ》ᠵᠢ ᠪᠤᠢ ᠪᠣᠯᠭ᠋ᠠᠪᠠ᠃ ᠵᠠᠭᠤ ᠮᠢᠩᠭ᠋ᠠᠨ ᠵᠢᠯ᠎ᠤᠨ ᠲᠤᠷᠰᠢ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠡᠨᠡ ᠬᠦ᠌ ᠪᠠᠶᠠᠨ ᠲᠠᠩᠰᠤᠭ᠂ ᠷᠣᠮᠠᠨᠲ᠋ᠢᠭ᠂ ᠬᠠᠢ᠌ᠷ᠎ᠠ ᠰᠡᠳᠬᠢᠯᠭᠡ ᠪᠢᠯᠬᠠᠭᠰᠠᠨ《几 ᠦᠰᠦᠭᠲᠦ ᠲᠤᠬᠤᠢ》᠎ᠳᠤ ᠬᠠᠲᠤᠨ ᠭᠣᠤᠯ᠎ᠤᠨ ᠪᠣᠯᠪᠠᠰᠤᠨ᠎ᠢ ᠡᠭᠦᠳᠦᠨ ᠪᠦᠲᠦᠭᠡᠵᠦ᠂ ᠬᠠᠲᠤᠨ ᠭᠣᠤᠯ᠎ᠤᠨ ᠰᠣᠶᠣᠯ᠎ᠢ ᠪᠠᠶᠠᠯᠢᠭᠵᠢᠭᠤᠯᠵᠤ᠂ ᠬᠠᠲᠤᠨ ᠭᠣᠤᠯ᠎ᠤᠨ ᠤᠳᠬ᠎ᠠ ᠵᠣᠬᠢᠶᠠᠯ᠎ᠢ ᠪᠢᠴᠢᠭᠯᠡᠵᠦ᠂ ᠬᠠᠲᠤᠨ ᠭᠣᠤᠯ᠎ᠤᠨ ᠥᠯᠢᠭᠡᠷ᠎ᠢ ᠶᠠᠷᠢᠵᠤ ᠪᠠᠢ᠌ᠨ᠎ᠠ᠁
ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ ᠡᠬᠢᠨ᠎ᠤ ᠦᠶ᠎ᠡ᠎ᠳᠤ᠂ ᠲᠡᠷᠢᠭᠦᠯᠡᠭᠴᠢ ᠮᠠᠤ ᠽᠸ ᠳ᠋ᠦᠩ《ᠬᠠᠳᠤᠨ ᠭᠣᠣᠯ᠎ᠤᠨ ᠶᠠᠪᠤᠳᠠᠯ᠎ᠢ ᠰᠠᠢ᠌ᠲᠤᠷ ᠬᠢᠬᠦ ᠬᠡᠷᠡᠭᠲᠡᠢ》ᠭᠡᠰᠡᠨ ᠤᠷᠢᠶᠠᠯᠠᠭ᠎ᠠ ᠭᠠᠷᠭ᠋ᠠᠪᠠ᠂ 1959 ᠣᠨ᠎ᠳᠤ᠂《ᠲᠦᠮᠡᠨ ᠭᠠᠵᠠᠷ᠎ᠤᠨ ᠬᠠᠳᠤᠨ ᠭᠣᠣᠯ᠎ᠤᠨ ᠨᠢᠭᠡᠳᠦᠭᠡᠷ ᠬᠠᠭ᠋ᠠᠯᠲᠠ》ᠬᠡᠮᠡᠭᠳᠡᠭᠰᠡᠨ ᠬᠠᠳᠤᠨ ᠭᠣᠣᠯ᠎ᠤᠨ ᠰᠠᠨ ᠱᠧᠩ ᠬᠦᠩ ᠤᠰᠤᠨ ᠠᠰᠢᠭᠯᠠᠯᠲᠠ ᠵᠢᠨ ᠬᠦᠢ᠍ᠰᠦ ᠥᠪᠥᠷ ᠮᠣᠩᠭᠣᠯ᠎ᠳᠤ ᠪᠠᠢ᠌ᠭᠤᠯᠤᠭᠳᠠᠪᠠ᠂ ᠡᠨᠡ ᠪᠣᠯ ᠠᠽᠢᠶ᠎ᠠ ᠲᠢᠪ᠎ᠤᠨ ᠬᠠᠮᠤᠭ᠎ᠤᠨ ᠲᠤᠮᠤ ᠲᠠᠯ᠎ᠠ ᠭᠠᠵᠠᠷ᠎ᠤᠨ ᠤᠰᠤ ᠲᠠᠲᠠᠬᠤ ᠤᠰᠤᠯᠠᠯᠲᠠ ᠵᠢᠨ ᠣᠷᠣᠨ ᠪᠣᠯᠬᠤ ᠪᠥᠭᠡᠳ ᠬᠠᠳᠤᠨ ᠭᠣᠣᠯ᠎ᠤᠨ ᠴᠤᠷ᠎ᠤᠨ ᠭᠠᠭᠴᠠ ᠤᠰᠤᠯᠠᠯᠲᠠ᠎ᠪᠠᠷ ᠭᠣᠣᠯ ᠪᠣᠯᠭ᠋ᠠᠭᠰᠠᠨ ᠲᠤᠮᠤ ᠬᠡᠯᠪᠡᠷᠢ ᠵᠢᠨ ᠲᠠᠯ᠎ᠠ ᠭᠠᠵᠠᠷ᠎ᠤᠨ ᠬᠠᠰᠢᠯᠭ᠎ᠠ ᠵᠢᠨ ᠢᠨᠵᠧᠨᠧᠷᠢᠩ ᠪᠣᠯᠤᠨ᠎ᠠ᠃
2019 ᠣᠨ᠎ᠳᠤ᠂ ᠨᠠᠮ᠎ᠤᠨ ᠲᠥᠪ ᠬᠣᠷᠢᠶ᠎ᠠ᠎ᠠᠴᠠ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠳᠤᠷᠠᠳᠴᠤ᠂ ᠥᠪᠥᠷ ᠮᠣᠩᠭᠣᠯ ᠴᠢᠩᠭ᠎ᠠ ᠲᠤᠯᠭ᠋ᠠᠮ ᠰᠡᠳᠬᠢᠯᠭᠡ᠂ ᠡᠭᠦᠷᠭᠡᠲᠦ ᠰᠡᠳᠬᠢᠯᠭᠡ᠎ᠪᠠᠷ ᠥᠪᠥᠷ ᠮᠣᠩᠭᠣᠯ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢ ᠦᠨᠡᠨ ᠬᠦ᠌ ᠠᠬᠢᠭᠤᠯᠪᠠ᠃ ᠬᠠᠲᠤᠨ ᠭᠣᠤᠯ᠎ᠤᠨ ᠰᠣᠶᠣᠯ᠎ᠢ ᠬᠡᠷᠬᠢᠨ ᠪᠠᠳᠠᠷᠠᠭᠤᠯᠵᠤ᠂ ᠰᠢᠨ᠎ᠡ ᠴᠠᠭ ᠦᠶ᠎ᠡ ᠵᠢᠨ ᠬᠠᠲᠤᠨ ᠭᠣᠤᠯ᠎ᠤᠨ ᠥᠯᠢᠭᠡᠷ᠎ᠢ ᠬᠡᠷᠬᠢᠨ ᠰᠠᠢ᠌ᠲᠤᠷ ᠶᠠᠷᠢᠬᠤ ᠲᠤᠬᠠᠶ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠬᠤ᠌ ᠹᠸᠩ ᠣᠢ᠌ᠷ᠎ᠠ᠎ᠳᠤ ᠳᠤᠮᠳᠠᠳᠤ ᠤᠯᠤᠰ᠎ᠤᠨ ᠰᠣᠶᠣᠯ᠎ᠤᠨ ᠰᠣᠨᠢᠨ᠎ᠤ ᠲᠤᠰᠬᠠᠶ ᠰᠤᠷᠪᠤᠯᠵᠢᠯᠠᠭ᠎ᠠ ᠵᠢ ᠬᠦᠯᠢᠶᠡᠪᠡ᠃
ᠠᠰᠠᠭᠤᠯᠲᠠ᠄ 2019 ᠣᠨ᠎ᠤ 9 ᠳ᠋ᠤᠭᠡᠷ ᠰᠠᠷ᠎ᠠ ᠵᠢᠨ 18᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠾᠧᠨᠠᠨ ᠮᠤᠵᠢ᠎ᠳᠤ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ᠃ ᠲᠡᠷᠡ ᠶᠠᠷᠢᠶᠠᠨ᠎ᠳᠤ᠎ᠪᠠᠨ ᠤᠷᠢᠳ ᠬᠣᠵᠢᠳ ᠥᠪᠥᠷ ᠮᠣᠩᠭᠣᠯ᠎ᠤᠨ ᠤᠯᠠᠭ᠋ᠠᠨᠰᠤᠬᠠᠢ᠂ ᠪᠣᠷᠣᠲᠣᠬᠣᠢ ᠵᠢᠨ ᠤᠰᠤᠯᠠᠯᠲᠠ ᠵᠢᠨ ᠣᠷᠣᠨ᠂ ᠬᠥᠪᠴᠢ ᠵᠡᠷᠭᠡ ᠭᠠᠵᠠᠷ᠎ᠢ ᠳᠤᠷᠠᠳᠴᠠᠢ᠂ ᠡᠨᠡ ᠪᠣᠯ ᠶᠡᠷᠦᠩᠬᠡᠢ ᠱᠦᠵᠢ ᠥᠪᠥᠷ ᠮᠣᠩᠭᠣᠯ᠎ᠳᠤ ᠥᠭᠭᠦᠭᠰᠡᠨ ᠯᠤᠲᠤ ᠶᠡᠬᠡ ᠬᠠᠯᠠᠮᠵᠢᠯᠠᠯ ᠪᠣᠯᠤᠨ᠎ᠠ᠃ 3 ᠵᠢᠯ᠎ᠤᠨ ᠲᠤᠷᠰᠢ᠂ ᠥᠪᠥᠷ ᠮᠣᠩᠭᠣᠯ ᠡᠨᠡ ᠬᠡᠳᠦᠨ ᠭᠠᠵᠠᠷ ᠣᠷᠣᠨ᠎ᠤ ᠬᠠᠲᠤᠨ ᠭᠣᠤᠯ᠎ᠤᠨ ᠰᠣᠶᠣᠯ᠎ᠢ ᠠᠭᠤᠳᠠᠯᠤᠨ ᠪᠠᠳᠠᠷᠠᠭᠤᠯᠬᠤ ᠲᠠᠯ᠎ᠠ᠎ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠣᠶ?
ᠬᠠᠷᠢᠭᠤᠯᠲᠠ᠄ ᠬᠠᠳᠤᠨ ᠭᠣᠣᠯ᠎ᠤᠨ ᠰᠣᠶᠣᠯ ᠪᠣᠯ ᠳᠤᠮᠳᠠᠳᠤ ᠵᠢᠨ ᠪᠣᠯᠪᠠᠰᠤᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ᠎ᠤ ᠳᠤᠮᠳᠠᠳᠤ ᠵᠢᠨ ᠦᠨᠳᠦᠰᠦᠲᠡᠨ᠎ᠤ ᠦᠨᠳᠦᠰᠦ ᠪᠠ ᠰᠦᠭ ᠰᠦᠨᠡᠰᠦ ᠮᠥᠨ᠃ 2019 ᠣᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠵᠢᠨ ᠫᠢᠩ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠬᠤ᠂ ᠤᠯᠠᠮᠵᠢᠯᠠᠨ ᠵᠠᠯᠭ᠋ᠠᠮᠵᠢᠯᠠᠬᠤ ᠪᠠ ᠪᠠᠳᠠᠷᠠᠭᠤᠯᠬᠤ ᠠᠵᠢᠯ᠎ᠢ ᠶᠡᠬᠡ᠎ᠪᠠᠷ ᠠᠬᠢᠭᠤᠯᠪᠠ᠃ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠢ᠌ᠷᠢᠰᠢᠭᠤᠯᠵᠤ᠂ ᠢᠳᠡᠪᠬᠢᠲᠡᠢ ᠲᠥᠯᠥᠪᠵᠢᠭᠦᠯᠦᠨ ᠵᠢᠯᠣᠭᠣᠳᠴᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ᠎ᠪᠠᠷ ᠬᠥᠭᠵᠢᠭᠦᠯᠬᠦ ᠵᠢ ᠢᠮᠠᠭᠲᠠ ᠪᠠᠷᠢᠮᠲᠠᠯᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠡᠷᠡᠰ ᠭᠤᠢ᠌ᠪᠢᠰᠢ ᠦᠭᠡᠢ ᠰᠠᠢ᠌ᠲᠤᠷ ᠬᠢᠪᠡ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ》ᠪᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ〈几 ᠦᠰᠦᠭᠲᠦ ᠲᠤᠬᠤᠢ〉ᠵᠢᠨ ᠰᠣᠶᠣᠯ ᠵᠢᠭᠤᠯᠴᠢᠯᠠᠯ᠎ᠤᠨ ᠵᠠᠩ ᠦᠢᠯᠡ ᠵᠢᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ》ᠵᠢ ᠨᠠᠢ᠌ᠷᠠᠭᠤᠯᠤᠨ ᠵᠣᠬᠢᠶᠠᠵᠤ᠂ ᠪᠣᠷᠣᠲᠣᠬᠣᠶ ᠵᠢᠨ ᠲᠠᠯ᠎ᠠ ᠭᠠᠵᠠᠷ᠎ᠤᠨ ᠵᠢᠭᠤᠯᠴᠢᠯᠠᠯ᠎ᠤᠨ ᠰᠦᠷᠦᠭᠵᠢᠯ᠂ ᠬᠥᠪᠴᠢ ᠵᠢᠨ ᠡᠯᠡᠰᠦᠨ᠎ᠤ ᠵᠢᠭᠤᠯᠴᠢᠯᠠᠯ᠎ᠤᠨ ᠰᠦᠷᠦᠭᠵᠢᠯ᠎ᠢ ᠲᠥᠯᠥᠪᠵᠢᠭᠦᠯᠦᠨ ᠲᠥᠯᠥᠪᠯᠡᠵᠦ᠂ ᠢᠨᠵᠧᠨᠧᠷᠢᠩ᠎ᠤᠨ ᠲᠥᠷᠥᠯ ᠵᠦᠢᠯ ᠵᠶ᠋ᠡᠷ ᠭᠠᠷᠳᠠᠴᠠ ᠪᠣᠯᠭ᠋ᠠᠨ᠂ ᠥᠪᠥᠷ ᠮᠣᠩᠭᠣᠯ᠎ᠤᠨ ᠬᠡᠰᠡᠭ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠪᠠ; ᠠᠮᠢ ᠠᠬᠤᠶ ᠵᠢᠨ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠬᠠᠳᠤᠨ ᠭᠣᠤᠯ᠎ᠤᠨ ᠰᠣᠶᠣᠯ ᠵᠢᠭᠤᠯᠴᠢᠯᠠᠯ᠎ᠤᠨ ᠨᠡᠷᠡᠲᠦ ᠲᠥᠷᠥᠯ ᠲᠡᠮᠳᠡᠭᠲᠦ ᠵᠢ ᠭᠡᠷᠡᠯᠳᠦᠭᠦᠯᠪᠡ᠃
2020 ᠣᠨ᠎ᠳᠤ᠂ ᠤᠯᠠᠭ᠋ᠠᠨᠰᠤᠬᠠᠢ ᠵᠢᠨ ᠠᠮᠢ ᠠᠬᠤᠢ ᠵᠢᠨ ᠵᠢᠭᠤᠯᠴᠢᠯᠠᠯ᠎ᠤᠨ ᠣᠷᠣᠨ᠎ᠨᠢ ᠤᠯᠤᠰ᠎ᠤᠨ 3 A ᠲᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠦᠨᠡᠯᠡᠭᠳᠡᠭᠰᠡᠨ᠎ᠨᠢ ᠳᠠᠷᠤᠢ ᠤᠯᠠᠭ᠋ᠠᠨᠰᠤᠬᠠᠢ ᠵᠢᠨ ᠠᠮᠢ ᠠᠬᠤᠢ ᠵᠢ ᠰᠡᠷᠭᠦᠭᠡᠬᠦ᠂ ᠪᠣᠬᠢᠷᠲᠤᠯ᠎ᠢ ᠵᠠᠰᠠᠬᠤ ᠪᠠ ᠬᠠᠲᠠᠭᠤ ᠵᠥᠭᠡᠯᠡᠨ ᠲᠤᠨᠤᠭ᠎ᠤᠨ ᠤᠯᠠᠨ ᠵᠦᠢ᠍ᠯ᠎ᠤᠨ ᠬᠠᠮᠲᠤᠷᠠᠯ ᠬᠦᠴᠦᠨ᠎ᠢ ᠳᠡᠭᠡᠭᠰᠢᠯᠡᠭᠦᠯᠦᠭᠰᠡᠨ᠎ᠤ ᠦᠷ᠎ᠡ ᠪᠦᠲᠦᠭᠡᠯ ᠪᠣᠯᠤᠨ᠎ᠠ᠃ ᠬᠥᠪᠴᠢ ᠵᠢᠨ ᠡᠯᠡᠰᠦ᠎ᠨᠢ ᠠᠮᠢ ᠠᠬᠤᠢ ᠵᠢᠨ ᠵᠠᠰᠠᠯᠲᠠ ᠵᠢᠨ ᠨᠡᠢ᠌ᠲᠡᠯᠢᠭ ᠵᠢᠱ᠌ᠢᠢ᠎ᠡ ᠪᠣᠯᠤᠭᠰᠠᠨ᠎ᠤ ᠬᠤᠪᠢ᠎ᠳᠤ᠂ ᠤᠷᠢᠳ ᠬᠣᠵᠢᠳ《ᠤᠯᠤᠰ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ》᠂《ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ》᠂《ᠬᠥᠪᠴᠢ ᠵᠢᠨ ᠤᠯᠠᠨ ᠤᠯᠤᠰ᠎ᠤᠨ ᠡᠯᠡᠰᠦᠨ᠎ᠤ ᠶᠠᠷᠢᠶᠠᠨ᠎ᠤ ᠲᠠᠪᠴᠠᠩ᠎ᠤᠨ ᠡᠭᠦᠷᠢᠳᠡ ᠵᠢᠨ ᠬᠤᠷᠠᠯ᠎ᠤᠨ ᠭᠠᠵᠠᠷ》ᠵᠢᠡᠷ ᠦᠨᠡᠯᠡᠭᠳᠡᠭᠰᠡᠨ ᠪᠥᠭᠡᠳ《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠤᠨᠤᠯ᠎ᠤᠨ ᠦᠢ᠍ᠯᠡᠳᠦᠯᠭᠡ ᠵᠢᠨ ᠰᠠᠭᠤᠷᠢᠨ》ᠵᠡᠷᠭᠡ ᠢᠷᠠᠭᠤ ᠠᠯᠳᠠᠷ᠎ᠢ ᠬᠦᠷᠳᠡᠵᠠᠢ᠃ ᠤᠢ᠍ᠢ᠍ᠷ᠎ᠡ ᠵᠢᠨ ᠵᠢᠯ᠎ᠠᠴᠠ ᠨᠠᠭ᠋ᠠᠰᠢ᠂ ᠬᠥᠪᠴᠢ ᠵᠢᠨ ᠠᠮᠢ ᠠᠬᠤᠢ ᠵᠢ ᠰᠡᠷᠭᠦᠭᠡᠭᠰᠡᠨ᠎ᠤ ᠳᠠᠷᠠᠭ᠋ᠠᠬᠢ ᠡᠯᠡᠰᠦᠨ ᠴᠦᠯ᠎ᠤᠨ ᠨᠣᠭᠣᠭ᠋ᠠᠨ ᠪᠦᠷᠢᠳᠦ ᠵᠢᠨ ᠦᠵᠡᠮᠵᠢᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠠᠴᠠ ᠠᠮᠢ ᠠᠬᠤᠢ ᠵᠢ ᠲᠣᠭᠣᠷᠢᠨ ᠦᠵᠡᠬᠦ᠂ ᠰᠡᠯᠡᠭᠦᠴᠡᠨ ᠠᠮᠠᠷᠠᠬᠤ᠂ ᠡᠯᠡᠰᠦᠨ ᠴᠦᠯ᠎ᠤᠨ ᠪᠠᠷᠲᠠᠭ᠎ᠠ ᠬᠠᠢ᠌ᠬᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠂ ᠰᠣᠶᠣᠯ᠎ᠢ ᠪᠡᠶᠡᠴᠢᠯᠡᠨ ᠣᠢ᠌ᠯᠠᠭ᠋ᠠᠬᠤ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ᠎ᠤᠨ ᠦᠢ᠍ᠯᠡᠳᠬᠦᠨ᠎ᠢ ᠦᠷᠭᠦᠯᠵᠢᠯᠡᠨ ᠭᠦᠨᠵᠡᠭᠡᠢ ᠠᠭᠤᠳᠠᠯᠤᠨ ᠴᠣᠭᠴᠠᠯᠠᠵᠤ᠂ ᠬᠥᠪᠴᠢ ᠵᠢᠨ ᠴᠢ ᠰᠢᠩ ᠬᠤ᠌ ᠨᠠᠭᠤᠷ᠎ᠤᠨ ᠦᠵᠡᠮᠵᠢ ᠵᠢᠨ ᠣᠷᠣᠨ᠎ᠢ ᠤᠯᠤᠰ᠎ᠤᠨ ᠠᠮᠢ ᠠᠬᠤᠢ ᠵᠢᠨ ᠵᠢᠭᠤᠯᠴᠢᠯᠠᠯ᠎ᠤᠨ ᠵᠢᠱ᠌ᠢᠢ᠎ᠡ ᠦᠵᠡᠭᠦᠯᠬᠦ ᠣᠷᠣᠨ ᠪᠠ 5 A ᠲᠡᠰ᠎ᠤᠨ ᠦᠵᠡᠮᠵᠢ ᠵᠢᠨ ᠣᠷᠣᠨ ᠪᠣᠯᠭ᠋ᠠᠨ ᠪᠠᠢ᠌ᠭᠤᠯᠬᠤ ᠵᠢ ᠠᠬᠢᠭᠤᠯᠪᠠ᠃ 2021 ᠣᠨ᠎ᠳᠤ᠂ ᠴᠢ ᠰᠢᠩ ᠬᠤ᠌ ᠨᠠᠭᠤᠷ᠎ᠤᠨ ᠦᠵᠡᠮᠵᠢ ᠵᠢᠨ ᠣᠷᠣᠨ᠎ᠨᠢ ᠦᠵᠡᠮᠵᠢ ᠵᠢᠨ ᠶᠠᠰᠤ ᠴᠢᠨᠠᠷ᠎ᠤᠨ ᠬᠢᠨᠠᠨ ᠲᠣᠭᠲᠠᠭ᠋ᠠᠯᠲᠠ ᠵᠢ ᠥᠩᠭᠡᠷᠡᠭᠡᠵᠦ᠂《ᠤᠯᠤᠰ᠎ᠤᠨ 5 A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠢ᠌ᠭᠤᠯᠬᠤ ᠨᠡᠷᠡᠰ》᠎ᠲᠤ ᠵᠢᠭᠰᠠᠭ᠋ᠠᠭᠳᠠᠪᠠ᠃ ᠪᠠᠶᠠᠨᠨᠠᠭᠤᠷ ᠬᠣᠲᠠ ᠵᠢᠨ ᠪᠣᠷᠣᠲᠣᠬᠣᠶ ᠵᠢᠨ ᠤᠰᠤᠯᠠᠯᠲᠠ ᠵᠢᠨ ᠣᠷᠣᠨ ᠪᠣᠯ ᠥᠪᠥᠷ ᠮᠣᠩᠭᠣᠯ᠎ᠤᠨ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠢ᠌ᠲᠡᠯᠢᠭ ᠲᠥᠯᠥᠭᠡᠯᠡᠭᠴᠢ ᠮᠥᠨ᠂ 2019 ᠣᠨ᠎ᠳᠤ ᠳᠡᠯᠡᠬᠡᠶ ᠵᠢᠨ ᠤᠰᠤᠯᠠᠯᠲᠠ ᠵᠢᠨ ᠢᠨᠵᠧᠨᠧᠷᠢᠩ᠎ᠤᠨ ᠥᠪ᠎ᠤᠨ ᠨᠡᠷᠡᠰ᠎ᠲᠤ ᠵᠢᠭᠰᠠᠭ᠋ᠠᠭᠳᠠᠵᠤ᠂ ᠬᠠᠲᠤᠨ ᠭᠣᠤᠯ᠎ᠤᠨ ᠰᠣᠶᠣᠯ᠎ᠤᠨ ᠥᠪ᠎ᠤᠨ ᠶᠡᠬᠡ ᠬᠠᠮᠠᠭ᠋ᠠᠯᠠᠯᠲᠠ ᠵᠢᠨ ᠣᠷᠣᠨ᠎ᠤ ᠪᠥᠲᠥᠭᠡᠨ ᠪᠠᠢ᠌ᠭᠤᠯᠤᠯᠲᠠ ᠵᠢᠨ ᠢᠨᠵᠧᠨᠧᠷᠢᠩ ᠵᠶ᠋ᠡᠷ ᠵᠢᠭᠰᠠᠭ᠋ᠠᠭᠳᠠᠪᠠ᠃ ᠥᠪᠡᠷᠲᠡᠭᠡᠨ ᠵᠠᠰᠠᠬᠤ ᠣᠷᠣᠨ᠎ᠠᠴᠠ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠤ ᠬᠠᠮᠠᠭ᠋ᠠᠯᠠᠯᠲᠠ ᠬᠠᠮᠢᠶᠠᠷᠤᠯᠲᠠ ᠵᠢ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠪᠣᠷᠣᠲᠣᠬᠣᠶ ᠵᠢᠨ ᠰᠣᠶᠣᠯ ᠪᠠ ᠵᠢᠭᠤᠯᠴᠢᠯᠠᠯ᠎ᠤᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢ ᠰᠤᠳᠤᠯᠤᠨ ᠰᠤᠷᠤᠯᠴᠠᠬᠤ ᠰᠤᠷᠭ᠋ᠠᠨ ᠬᠥᠮᠦᠵᠢᠯ᠎ᠢ ᠥᠷᠨᠢᠭᠦᠯᠵᠦ᠂ ᠤᠯᠤᠰ᠎ᠤᠨ ᠲᠠᠰ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠴᠢᠷᠮᠠᠢ᠌ᠨ ᠪᠠᠢ᠌ᠭᠤᠯᠪᠠ; ᠪᠣᠷᠣᠲᠣᠬᠣᠶ ᠵᠢᠨ ᠰᠣᠶᠣᠯ᠎ᠤᠨ ᠮᠦᠽᠧᠶ᠎ᠳᠤ ᠬᠠᠳᠠᠭ᠋ᠠᠯᠠᠵᠤ ᠪᠠᠢ᠌ᠭ᠎ᠠ ᠲᠡᠦᠬᠡ ᠵᠢᠨ ᠳᠤᠷᠠᠰᠬᠠᠯᠲᠤ ᠵᠦᠢᠯᠡᠰ᠎ᠢ ᠵᠠᠰᠠᠨ ᠰᠡᠷᠭᠦᠭᠡᠬᠦ᠂ ᠰᠢᠯᠵᠢᠭᠦᠯᠵᠦ ᠪᠣᠯᠬᠤ ᠲᠡᠦᠬᠡ ᠵᠢᠨ ᠳᠤᠷᠠᠰᠬᠠᠯᠲᠤ ᠵᠦᠢᠯᠡᠰ᠎ᠢ ᠲᠤᠭ᠋ᠠᠵᠢᠭᠤᠯᠤᠨ ᠬᠠᠮᠠᠭ᠋ᠠᠯᠠᠬᠤ᠂ ᠰᠢᠯᠵᠢᠭᠦᠯᠵᠦ ᠪᠣᠯᠬᠤ ᠲᠡᠦᠬᠡ ᠵᠢᠨ ᠳᠤᠷᠠᠰᠬᠠᠯᠲᠤ ᠵᠦᠢᠯᠡᠰ᠎ᠢ ᠤᠷᠢᠳᠴᠢᠯᠠᠨ ᠰᠡᠷᠭᠡᠢ᠌ᠯᠡᠬᠦ ᠴᠢᠨᠠᠷᠲᠠᠶ ᠬᠠᠮᠠᠭ᠋ᠠᠯᠠᠬᠤ ᠵᠡᠷᠭᠡ ᠠᠵᠢᠯ᠎ᠢ ᠴᠢᠩᠭ᠋ᠠᠳᠬᠠᠵᠤ᠂ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠰᠣᠶᠣᠯ᠎ᠤᠨ ᠮᠦᠽᠧᠶ ᠵᠢ ᠥᠭᠡᠷᠡᠴᠢᠯᠡᠵᠦ ᠥᠷᠭᠡᠳᠬᠡᠨ ᠪᠠᠢ᠌ᠭᠤᠯᠬᠤ ᠲᠥᠷᠥᠯ ᠵᠦᠢᠯ᠎ᠢ ᠪᠠᠢ᠌ᠭᠤᠯᠬᠤ ᠵᠢ ᠠᠬᠢᠭᠤᠯᠪᠠ; ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠥᠪᠡᠷᠮᠢᠴᠡ ᠡᠬᠢ ᠪᠠᠶᠠᠯᠢᠭ᠎ᠢ ᠠᠰᠢᠭᠯᠠᠨ᠂ ᠬᠠᠲᠤᠨ ᠭᠣᠤᠯ᠎ᠤᠨ ᠪᠣᠷᠣᠲᠣᠬᠣᠶ ᠵᠢᠨ ᠰᠣᠶᠣᠯ᠎ᠤᠨ ᠵᠢᠭᠤᠯᠴᠢᠯᠠᠯ᠎ᠤᠨ ᠣᠷᠣᠨ᠂ ᠬᠠᠲᠤᠨ ᠭᠣᠤᠯ᠎ᠤᠨ ᠰᠠᠨ ᠱᠧᠩ ᠬᠥᠩ᠎ᠤᠨ ᠤᠯᠤᠰ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠂ ᠲᠠᠷᠢᠶᠠᠯᠠᠬᠤ ᠰᠣᠶᠣᠯ᠎ᠤᠨ ᠦᠵᠡᠰᠬᠦᠯᠡᠩ᠎ᠤᠨ ᠬᠦᠷᠢᠶᠡᠯᠡᠩ ᠵᠡᠷᠭᠡ ᠰᠣᠶᠣᠯ ᠵᠢᠭᠤᠯᠴᠢᠯᠠᠯ᠎ᠤᠨ ᠦᠵᠡᠮᠵᠢ ᠵᠢᠨ ᠣᠷᠣᠨ᠎ᠢ ᠪᠠᠢ᠌ᠭᠤᠯᠵᠤ᠂ ᠨᠢᠭᠡ ᠪᠦᠯᠦᠭ ᠴᠢᠨᠠᠷ ᠰᠠᠢ᠌ᠲᠠᠶ ᠬᠠᠲᠤᠨ ᠭᠣᠤᠯ᠎ᠤᠨ ᠠᠮᠢ ᠠᠬᠤᠶ ᠵᠢᠨ ᠰᠣᠶᠣᠯ᠎ᠤᠨ ᠵᠢᠭᠤᠯᠴᠢᠯᠠᠯ᠎ᠤᠨ ᠲᠥᠷᠥᠯ ᠵᠦᠢᠯ᠎ᠢ ᠪᠤᠢ᠌ᠵᠢᠭᠤᠯᠪᠠ᠃
ᠠᠰᠠᠭᠤᠯᠲᠠ᠄ 2021 ᠣᠨ᠎ᠤ 10 ᠳ᠋ᠤᠭ᠋ᠠᠷ ᠰᠠᠷ᠎ᠠ ᠵᠢᠨ 8᠎ᠤ ᠡᠳᠦᠷ᠂ ᠳᠤᠮᠳᠠᠲᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ ᠃ 《ᠬᠥᠲᠥᠯᠪᠦᠷᠢ》᠎ᠳᠤ 《ᠬᠠᠲᠤᠨ ᠭᠣᠤᠯ᠎ᠤᠨ ᠰᠣᠶᠣᠯ᠎ᠤᠨ ᠡᠬᠢ ᠪᠠᠶᠠᠯᠢᠭ᠎ᠢ ᠪᠥᠬᠥ ᠲᠠᠯ᠎ᠠ᠎ᠪᠠᠷ ᠪᠠᠢ᠌ᠴᠠᠭ᠋ᠠᠬᠤ ᠪᠠ ᠮᠠᠭ᠋ᠠᠳᠯᠠᠨ ᠲᠣᠭᠲᠠᠭ᠋ᠠᠬᠤ ᠵᠢ ᠥᠷᠨᠢᠭᠦᠯᠵᠦ᠂ ᠲᠡᠦᠬᠡ ᠵᠢᠨ ᠳᠤᠷᠠᠰᠬᠠᠯᠲᠤ ᠵᠦᠢᠯᠡᠰ᠂ ᠪᠣᠳᠠᠰ᠎ᠤᠨ ᠪᠤᠰᠤ ᠰᠣᠶᠣᠯ᠎ᠤᠨ ᠥᠪ᠂ ᠰᠤᠷᠪᠤᠯᠵᠢ ᠪᠢᠴᠢᠭ᠎ᠤᠨ ᠴᠢᠬᠤᠯᠠ ᠰᠣᠶᠣᠯ᠎ᠤᠨ ᠥᠪ᠎ᠤᠨ ᠰᠠᠭᠤᠷᠢ ᠲᠣᠭ᠎ᠠ ᠵᠢ ᠲᠣᠳᠣᠷᠬᠠᠶ ᠣᠢ᠌ᠯᠠᠭ᠋ᠠᠬᠤ ᠬᠡᠷᠡᠭᠲᠡᠶ》᠂ 《ᠬᠠᠲᠤᠨ ᠭᠣᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠭᠦᠨᠵᠡᠭᠡᠶ ᠰᠤᠳᠤᠯᠤᠨ ᠲᠥᠯᠥᠪᠵᠢᠭᠦᠯᠵᠦ ᠪᠥᠲᠥᠭᠡᠨ ᠪᠠᠢ᠌ᠭᠤᠯᠬᠤ ᠬᠡᠷᠡᠭᠲᠡᠶ》᠂ 《ᠨᠢᠭᠡ ᠪᠦᠯᠦᠭ ᠬᠠᠲᠤᠨ ᠭᠣᠤᠯ᠎ᠤᠨ ᠰᠣᠶᠣᠯ᠎ᠤᠨ ᠮᠦᠽᠧᠶ ᠵᠢ ᠵᠣᠬᠢᠰᠲᠠᠶ ᠥᠭᠡᠷᠡᠴᠢᠯᠡᠨ ᠪᠠᠢ᠌ᠭᠤᠯᠬᠤ ᠪᠠ ᠰᠢᠨ᠎ᠡ᠎ᠪᠠᠷ ᠪᠠᠢ᠌ᠭᠤᠯᠬᠤ ᠬᠡᠷᠡᠭᠲᠡᠶ》 ᠭᠡᠵᠦ ᠱᠠᠭ᠋ᠠᠷᠳᠠᠪᠠ ᠃ 《ᠬᠥᠲᠥᠯᠪᠦᠷᠢ》 ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠥᠪᠥᠷ ᠮᠣᠩᠭᠣᠯ᠎ᠳᠤ ᠶᠠᠮᠠᠷ ᠶᠠᠮᠠᠷ ᠰᠡᠳᠬᠢᠮᠵᠢ ᠠᠷᠭ᠎ᠠ ᠬᠡᠮᠵᠢᠶ᠎ᠡ ᠪᠠᠢ᠌ᠬᠤ ᠪᠣᠶ?
ᠬᠠᠷᠢᠭᠤᠯᠲᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢ ᠭᠦᠨᠵᠡᠭᠡᠶ ᠠᠬᠢᠭᠤᠯᠵᠤ᠂ ᠬᠠᠳᠤᠨ ᠭᠣᠤᠯ᠎ᠤᠨ ᠰᠣᠶᠣᠯ᠎ᠢ ᠶᠡᠬᠡ᠎ᠪᠠᠷ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠠᠪᠠ ᠭᠠᠵᠠᠷ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ 〈几 ᠦᠰᠦᠭᠲᠦ ᠲᠤᠬᠤᠢ〉 ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠲᠤᠰᠬᠠᠢ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ 《几 ᠦᠰᠦᠭᠲᠦ ᠲᠤᠬᠤᠢ》 ᠵᠢᠨ ᠰᠣᠶᠣᠯ ᠵᠢᠭᠤᠯᠴᠢᠯᠠᠯ᠎ᠤᠨ ᠵᠠᠩ ᠦᠢ᠍ᠯᠡ ᠵᠢᠨ ᠪᠦᠰᠡ ᠵᠢᠨ ᠬᠥᠭᠵᠢᠯᠲᠡ ᠵᠢᠨ ᠲᠥᠯᠥᠪᠵᠢᠭᠦᠯᠭᠡ》 ᠵᠡᠷᠭᠡ ᠰᠢᠷᠢᠰ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠪᠠ᠂ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠬᠠᠳᠤᠨ ᠭᠣᠤᠯ᠎ᠤᠨ ᠰᠣᠶᠣᠯ᠎ᠢ ᠬᠠᠮᠠᠭ᠋ᠠᠯᠠᠵᠤ ᠠᠰᠢᠭᠯᠠᠬᠤ ᠰᠡᠳᠬᠢᠴᠡ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠵᠢ ᠲᠤᠳᠤᠷᠬᠠᠢ᠌ᠯᠠᠵᠤ᠂ ᠳᠣᠣᠷᠠᠬᠢ ᠠᠵᠢᠯ᠎ᠢ ᠭᠣᠣᠯᠳᠠᠯᠭ᠎ᠠ᠎ᠲᠠᠢ ᠥᠷᠨᠢᠭᠦᠯᠦᠨ᠎ᠡ᠄
ᠨᠢᠭᠡ᠎ᠳᠤ᠂ ᠬᠠᠲᠤᠨ ᠭᠣᠣᠯ᠎ᠤᠨ ᠰᠠᠪᠠ ᠭᠠᠵᠠᠷ᠎ᠤᠨ ᠲᠡᠦᠬᠡ ᠵᠢᠨ ᠲᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢ ᠴᠢᠩᠭ᠋ᠠᠳᠬᠠᠨ᠎ᠠ᠃ ᠬᠠᠲᠤᠨ ᠭᠣᠤᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠡᠬᠢ ᠪᠠᠶᠠᠯᠢᠭ᠎ᠢ ᠪᠠᠢ᠌ᠴᠠᠭ᠋ᠠᠬᠤ ᠪᠠ ᠡᠮᠬᠢᠯᠡᠬᠦ ᠵᠢ ᠥᠷᠨᠢᠭᠦᠯᠵᠦ᠂ ᠬᠠᠲᠤᠨ ᠭᠣᠤᠯ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠡᠬᠢ ᠪᠠᠶᠠᠯᠢᠭ᠎ᠤᠨ ᠲᠣᠭ᠋ᠠᠴᠢᠯᠠᠭᠰᠠᠨ ᠬᠠᠮᠢᠶᠠᠷᠤᠯᠲᠠ ᠪᠠ ᠬᠠᠮᠲᠤ᠎ᠪᠠᠷ ᠡᠳ᠋ᠯᠡᠬᠦ ᠵᠢ ᠠᠬᠢᠭᠤᠯᠤᠨ᠎ᠠ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠡᠷᠴᠢᠮ ᠵᠶ᠋ᠡᠨ ᠨᠡᠮᠡᠭᠳᠡᠭᠦᠯᠵᠦ᠂ ᠤᠰᠠᠳᠬᠤ ᠰᠢᠬᠠᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠲᠦᠷᠭᠡᠨ ᠠᠪᠤᠷᠠᠵᠤ ᠬᠠᠮᠠᠭ᠋ᠠᠯᠠᠬᠤ ᠠᠵᠢᠯ᠎ᠢ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ ᠪᠣᠯᠤᠨ ᠠᠢ᠌ᠮᠠᠭ ᠬᠣᠲᠠ ᠵᠢᠨ ᠮᠦᠽᠧᠶ᠎ᠳᠤ ᠬᠠᠳᠠᠭ᠋ᠠᠯᠠᠵᠤ ᠪᠠᠢ᠌ᠭ᠎ᠠ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠳᠠᠭ᠋ᠠᠯᠠᠬᠤ ᠣᠷᠴᠢᠨ ᠲᠣᠭᠣᠷᠢᠨ᠎ᠢ ᠪᠠᠷᠢᠮᠵᠢᠶ᠎ᠠ᠎ᠳᠤ ᠬᠦᠷᠦᠭᠦᠯᠬᠦ ᠢᠨᠵᠧᠨᠧᠷᠢᠩ᠎ᠢ ᠲᠦᠯᠬᠢᠨ ᠠᠬᠢᠭᠤᠯᠵᠤ᠂ ᠰᠡᠷᠭᠡᠢ᠌ᠯᠡᠬᠦ ᠴᠢᠨᠠᠷᠲᠠᠶ ᠬᠠᠮᠠᠭ᠋ᠠᠯᠠᠬᠤ ᠪᠠ ᠲᠣᠭ᠋ᠠᠴᠢᠯᠠᠬᠤ ᠴᠢᠨᠠᠷᠲᠠᠶ ᠬᠠᠮᠠᠭ᠋ᠠᠯᠠᠬᠤ ᠠᠵᠢᠯ᠎ᠢ ᠭᠣᠣᠯᠳᠠᠯᠭ᠎ᠠ᠎ᠲᠠᠢ ᠥᠷᠨᠢᠭᠦᠯᠬᠦ ᠬᠡᠷᠡᠭᠲᠡᠶ᠃ ᠬᠠᠭᠤᠴᠢ ᠰᠤᠳᠤᠯᠤᠯ᠎ᠤᠨ ᠠᠵᠢᠯ᠎ᠢ ᠴᠢᠩᠭ᠋ᠠᠳᠬᠠᠵᠤ᠂ ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠨ ᠰᠢᠨᠵᠢᠯᠡᠬᠦ ᠢᠨᠵᠧᠨᠧᠷᠢᠩ᠂ 《ᠳᠤᠮᠳᠠᠳᠤ ᠤᠯᠤᠰ᠎ᠤᠨ ᠬᠠᠭᠤᠴᠢ ᠰᠤᠳᠤᠯᠤᠯ》᠎ᠤᠨ ᠴᠢᠬᠤᠯᠠ ᠶᠡᠬᠡ ᠰᠤᠳᠤᠯᠭ᠋ᠠᠨ ᠪᠠ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠤᠨ ᠪᠥᠲᠥᠭᠡᠨ ᠪᠠᠢ᠌ᠭᠤᠯᠤᠯᠲᠠ ᠵᠢ ᠨᠠᠢ᠌ᠳᠠᠪᠤᠷᠢᠵᠢᠭᠤᠯᠵᠤ᠂ 《ᠬᠠᠲᠤᠨ ᠭᠣᠤᠯ᠎ᠤᠨ ᠰᠠᠪᠠ ᠭᠠᠵᠠᠷ᠎ᠤᠨ ᠡᠷᠲᠡ ᠦᠶ᠎ᠡ ᠵᠢᠨ ᠪᠣᠯᠪᠠᠰᠤᠨ᠎ᠤ ᠡᠭᠦᠰᠦᠯ — ᠰᠠᠭᠤᠷᠢᠰᠢᠯ᠎ᠤᠨ ᠪᠠᠭᠤᠷᠢ》 ᠵᠢᠨ ᠬᠠᠭᠤᠴᠢ ᠰᠤᠳᠤᠯᠤᠯ᠎ᠤᠨ ᠰᠤᠳᠤᠯᠭ᠋ᠠᠨ᠎ᠢ ᠥᠷᠨᠢᠭᠦᠯᠵᠦ᠂ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠢ ᠠᠭᠤᠳᠠᠯᠬᠤ᠂ ᠡᠮᠬᠢᠯᠡᠬᠦ᠂ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠵᠦ᠂ ᠨᠢᠭᠡ ᠪᠦᠯᠦᠭ ᠬᠠᠭᠤᠴᠢ ᠰᠤᠳᠤᠯᠤᠯ᠎ᠤᠨ ᠪᠠᠭᠤᠷᠢ ᠵᠢᠨ ᠴᠡᠴᠡᠷᠯᠢᠭ᠎ᠢ ᠪᠥᠲᠥᠭᠡᠨ ᠪᠠᠢ᠌ᠭᠤᠯᠤᠨ᠎ᠠ᠃ ᠴᠢᠯᠠᠭᠤᠨ ᠠᠭᠤᠶ ᠵᠢᠨ ᠰᠣᠶᠣᠯ᠎ᠢ ᠬᠠᠮᠠᠭ᠋ᠠᠯᠠᠬᠤ ᠡᠷᠴᠢᠮ ᠵᠶ᠋ᠡᠨ ᠨᠡᠮᠡᠭᠳᠡᠭᠦᠯᠵᠦ᠂ ᠠᠷᠵᠠᠶ ᠴᠢᠯᠠᠭᠤᠨ ᠠᠭᠤᠶ ᠵᠢᠨ ᠰᠦᠮ᠎ᠡ᠎ᠪᠠᠷ ᠭᠣᠤᠯᠳᠠᠯᠭ᠎ᠠ ᠪᠣᠯᠭ᠋ᠠᠨ ᠬᠠᠮᠠᠭ᠋ᠠᠯᠠᠵᠤ ᠰᠤᠳᠤᠯᠬᠤ ᠠᠵᠢᠯ᠎ᠢ ᠰᠠᠢ᠌ᠲᠤᠷ ᠬᠢᠨ᠎ᠡ᠃ 《ᠲᠦᠮᠡᠨ ᠭᠠᠵᠠᠷ᠎ᠤᠨ ᠴᠠᠶ ᠵᠢᠨ ᠵᠠᠮ》᠎ᠤᠨ ᠥᠪᠥᠷ ᠮᠣᠩᠭᠣᠯ᠎ᠤᠨ ᠬᠡᠰᠡᠭ᠎ᠢ ᠳᠡᠯᠡᠬᠡᠶ ᠵᠢᠨ ᠰᠣᠶᠣᠯ᠎ᠤᠨ ᠥᠪ ᠵᠶ᠋ᠡᠷ ᠭᠤᠶᠤᠴᠢᠯᠠᠨ ᠮᠡᠳᠡᠭᠦᠯᠬᠦ ᠠᠵᠢᠯ᠎ᠢ ᠠᠬᠢᠭᠤᠯᠤᠨ᠎ᠠ᠃ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠬᠠᠮᠢᠶᠠᠷᠬᠤ ᠪᠠ ᠰᠤᠳᠤᠯᠤᠨ ᠲᠠᠢ᠌ᠯᠪᠤᠷᠢᠯᠠᠵᠤ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠬᠤᠪᠢᠰᠬᠠᠯ᠎ᠤᠨ ᠲᠡᠦᠬᠡ ᠵᠢᠨ ᠮᠦᠽᠧᠢ᠂ ᠤᠯᠠᠭ᠋ᠠᠨᠬᠦᠦ ᠵᠢᠨ ᠳᠤᠷᠠᠰᠬᠠᠯ᠎ᠤᠨ ᠣᠷᠳᠣᠨ ᠵᠡᠷᠭᠡ ᠨᠢᠭᠡ ᠪᠦᠯᠦᠭ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢᠱ᠌ᠢᠢ᠎ᠡ ᠦᠵᠡᠭᠦᠯᠬᠦ ᠰᠠᠭᠤᠷᠢᠨ᠎ᠢ ᠪᠠᠢ᠌ᠭᠤᠯᠤᠨ᠎ᠠ ᠃ ᠬᠠᠲᠤᠨ ᠭᠣᠣᠯ᠎ᠤᠨ ᠰᠣᠶᠣᠯ᠎ᠤᠨ ᠳᠡᠯᠭᠡᠨ ᠦᠵᠡᠭᠦᠯᠵᠦ ᠠᠰᠢᠭᠯᠠᠬᠤ ᠠᠵᠢᠯ᠎ᠢ ᠦᠷᠭᠦᠯᠵᠢᠯᠡᠨ ᠴᠢᠩᠭ᠋ᠠᠷᠠᠭᠤᠯᠵᠤ᠂ ᠬᠠᠲᠤᠨ ᠭᠣᠣᠯ ᠳᠠᠭ᠋ᠠᠤ ᠵᠢᠨ ᠭᠠᠵᠠᠷ ᠣᠷᠣᠨ᠎ᠤ ᠣᠨᠴᠠᠯᠢᠭ᠎ᠲᠠᠢ ᠮᠦᠽᠧᠶ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ᠂ ᠬᠠᠲᠤᠨ ᠭᠣᠣᠯ ᠳᠠᠭ᠋ᠠᠤ ᠵᠢᠨ ᠭᠠᠵᠠᠷ ᠣᠷᠣᠨ᠎ᠤ ᠮᠦᠽᠧᠶ ᠵᠢᠨ ᠴᠢᠳᠠᠮᠵᠢ ᠵᠢ ᠳᠡᠰ ᠳᠡᠪᠰᠢᠭᠦᠯᠬᠦ ᠪᠠ ᠬᠠᠲᠤᠨ ᠭᠣᠣᠯ᠎ᠤᠨ ᠲᠤᠰᠬᠠᠶ ᠰᠡᠳᠦᠪᠲᠦ ᠴᠢᠨᠠᠷᠲᠠᠶ ᠮᠦᠽᠧᠶ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠬᠠᠲᠤᠨ ᠭᠣᠣᠯ ᠳᠠᠭ᠋ᠠᠤ ᠵᠢᠨ ᠮᠤᠵᠢ (ᠣᠷᠣᠨ) ᠵᠢᠨ ᠮᠦᠽᠧᠶᠨᠦᠭᠦᠳ ᠬᠤᠭᠤᠷᠤᠨᠳᠤ ᠵᠢᠨ ᠬᠣᠷᠰᠢᠯᠴᠠᠭ᠎ᠠ ᠵᠢ ᠴᠢᠩᠭ᠋ᠠᠳᠬᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠳᠡᠯᠭᠡᠨ ᠦᠵᠡᠭᠦᠯᠵᠦ ᠰᠣᠯᠢᠯᠴᠠᠬᠤ ᠲᠠᠪᠴᠠᠩ᠎ᠢ ᠪᠦᠷᠢᠨᠰᠢᠭᠦᠯᠵᠦ᠂ ᠵᠢᠭᠡᠯᠡᠵᠦ ᠳᠡᠯᠭᠡᠨ ᠦᠵᠡᠭᠦᠯᠬᠦ᠂ ᠬᠠᠮᠲᠤᠷᠠᠨ ᠳᠡᠯᠭᠡᠨ ᠦᠵᠡᠭᠦᠯᠬᠦ᠂ ᠲᠣᠭᠣᠷᠢᠨ ᠳᠡᠯᠭᠡᠨ ᠦᠵᠡᠭᠦᠯᠬᠦ ᠬᠣᠷᠰᠢᠯᠴᠠᠭ᠋ᠠᠨ᠎ᠤ ᠲᠣᠭᠲᠠᠴᠠ ᠵᠢ ᠪᠠᠢ᠌ᠭᠤᠯᠤᠨ᠂ 《ᠬᠠᠲᠤᠨ ᠭᠣᠣᠯ ᠲᠠᠯ᠎ᠠ ᠨᠤᠲᠤᠭ ᠵᠶ᠋ᠠᠷ ᠤᠷᠤᠰ᠎ᠤᠨ ᠦᠩᠭᠡᠷᠡᠯ᠎ᠡ — ᠥᠪᠥᠷ ᠮᠣᠩᠭᠣᠯ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠡᠷᠲᠡᠨ᠎ᠤ ᠪᠣᠯᠪᠠᠰᠤᠨ᠎ᠤ ᠦᠵᠡᠭᠦᠯᠭᠡ》 ᠵᠢᠨ ᠬᠠᠮᠲᠤᠷᠠᠭᠰᠠᠨ ᠦᠵᠡᠭᠦᠯᠭᠡ᠂ ᠲᠣᠭᠣᠷᠢᠨ ᠳᠡᠯᠭᠡᠨ ᠦᠵᠡᠭᠦᠯᠭᠡ ᠵᠢ ᠰᠠᠢ᠌ᠲᠤᠷ ᠡᠷᠬᠢᠯᠡᠨ᠎ᠡ᠃
ᠬᠣᠶᠠᠷ᠎ᠲᠤ᠂ ᠬᠠᠳᠤᠨ ᠭᠣᠣᠯ᠎ᠤᠨ ᠰᠠᠪᠠ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠪᠠᠳᠠᠷᠠᠭᠤᠯᠬᠤ ᠵᠢ ᠠᠬᠢᠭᠤᠯᠤᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠪᠠᠢ᠌ᠴᠠᠭ᠋ᠠᠯᠲᠠ ᠵᠢ ᠥᠷᠨᠢᠭᠦᠯᠵᠦ᠂ ᠤᠰᠠᠳᠬᠤ ᠰᠢᠬᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭ᠋ᠠᠮᠵᠢᠯᠠᠭᠴᠢ ᠵᠢ ᠲᠡᠮᠳᠡᠭᠯᠡᠨ ᠡᠮᠬᠢᠯᠡᠬᠦ ᠪᠠ ᠰᠢᠯᠭ᠋ᠠᠨ ᠠᠪᠬᠤ ᠵᠢ ᠴᠢᠩᠭ᠋ᠠᠳᠬᠠᠨ᠎ᠠ᠃ ᠨᠢᠭᠡ ᠪᠦᠯᠦᠭ ᠤᠯᠤᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠲᠤᠷᠰᠢᠯᠲᠠ ᠵᠢᠨ ᠣᠷᠣᠨ ᠪᠠ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠭᠤᠶᠤᠴᠢᠯᠠᠨ ᠮᠡᠳᠡᠭᠦᠯᠵᠦ ᠡᠭᠦᠳᠦᠨ ᠪᠠᠢ᠌ᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠭᠴᠢᠳ᠎ᠤᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠤᠨ ᠲᠥᠯᠥᠪᠯᠡᠭᠡ ᠵᠢ ᠲᠦᠯᠬᠢᠨ ᠠᠬᠢᠭᠤᠯᠵᠤ᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠭᠴᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠲᠡᠳᠬᠦᠨ ᠪᠦᠲᠦᠭᠡᠨ ᠪᠠᠢ᠌ᠭᠤᠯᠵᠤ᠂ ᠤᠯᠠᠮᠵᠢᠯᠠᠯᠲᠤ ᠭᠠᠷ ᠤᠷᠠᠯᠠᠯ᠎ᠤᠨ ᠲᠥᠷᠥᠯ ᠵᠦᠢ᠍ᠯ᠎ᠤᠨ ᠤᠯᠠᠮᠵᠢᠯᠠᠨ ᠵᠠᠯᠭ᠋ᠠᠮᠵᠢᠯᠠᠭᠴᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ ᠣᠯᠭᠣᠬᠤ ᠦᠢ᠍ᠯᠡᠳᠬᠡᠯ ᠪᠠᠢ᠌ᠭᠤᠯᠬᠤ ᠵᠢ ᠲᠡᠳᠬᠦᠵᠦ᠂ ᠬᠠᠲᠤᠨ ᠭᠣᠣᠯ ᠳᠠᠭ᠋ᠠᠤ ᠭᠠᠵᠠᠷ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠠᠯᠠᠪᠠᠶ ᠣᠷᠳᠣᠨ᠎ᠤ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠭᠠᠷ ᠤᠷᠠᠯᠠᠯ᠎ᠢ ᠬᠥᠭᠵᠢᠭᠦᠯᠦᠨ ᠮᠠᠨᠳᠤᠭᠤᠯᠬᠤ ᠭᠠᠷᠴᠠᠭ᠎ᠢ ᠪᠠᠢ᠌ᠭᠤᠯᠵᠤ᠂ ᠨᠢᠭᠡ ᠪᠦᠯᠦᠭ ᠤᠯᠤᠰ᠎ᠤᠨ ᠤᠯᠠᠮᠵᠢᠯᠠᠯᠲᠤ ᠭᠠᠷ ᠤᠷᠠᠯᠠᠯ᠎ᠤᠨ ᠠᠵᠢᠯ᠎ᠤᠨ ᠥᠷᠲᠡᠭᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ ᠣᠯᠭᠣᠬᠤ ᠦᠢᠯᠡᠳᠬᠡᠯ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠢᠯᠡᠳᠪᠦᠷᠢᠯᠡᠯ᠎ᠤᠨ ᠴᠢᠨᠠᠷᠲᠠᠶ ᠬᠠᠮᠠᠭ᠋ᠠᠯᠠᠯᠲᠠ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠪᠥᠲᠥᠭᠡᠨ ᠪᠠᠢ᠌ᠭᠤᠯᠤᠨ᠎ᠠ᠃ ᠬᠠᠲᠤᠨ ᠭᠣᠤᠯ᠎ᠤᠨ ᠶᠢᠰᠦᠨ ᠮᠤᠵᠢ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ ᠡᠷᠬᠢᠯᠡᠨ᠎ᠡ᠃
ᠭᠤᠷᠪᠠ᠎ᠳᠤ᠂ ᠬᠠᠳᠤᠨ ᠭᠣᠣᠯ᠎ᠤᠨ ᠰᠣᠶᠣᠯ᠎ᠤᠨ ᠭᠣᠣᠯ ᠰᠡᠳᠦᠪᠲᠦ ᠤᠷᠠᠯᠢᠭ᠎ᠤᠨ ᠵᠣᠬᠢᠶᠠᠨ ᠪᠦᠲᠦᠭᠡᠯᠭᠡ ᠵᠢ ᠴᠢᠩᠭ᠋ᠠᠳᠬᠠᠨ᠎ᠠ ᠃ ᠬᠠᠳᠤᠨ ᠭᠣᠤᠯ᠎ᠤᠨ ᠰᠣᠶᠣᠯ᠎ᠤᠨ ᠴᠠᠭ ᠦᠶ᠎ᠡ ᠵᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠥᠪᠥᠷ ᠮᠣᠩᠭᠣᠯ᠎ᠤᠨ ᠬᠠᠳᠤᠨ ᠭᠣᠤᠯ᠎ᠤᠨ ᠰᠣᠶᠣᠯ᠎ᠤᠨ ᠭᠣᠤᠯ ᠰᠡᠳᠦᠪᠲᠦ ᠤᠷᠠᠯᠢᠭ᠎ᠤᠨ ᠵᠣᠬᠢᠶᠠᠨ ᠪᠦᠲᠦᠭᠡᠯᠭᠡ ᠪᠠ ᠲᠣᠭᠯᠠᠯᠲᠠ ᠵᠢ ᠥᠷᠨᠢᠭᠦᠯᠦᠨ᠎ᠡ ᠃ ᠤᠯᠠᠮᠵᠢᠯᠠᠯᠲᠤ ᠤᠳᠬ᠎ᠠ ᠤᠷᠠᠯᠢᠭ᠎ᠤᠨ ᠰᠢᠨ᠎ᠡ ᠵᠢ ᠡᠭᠦᠳᠦᠨ ᠬᠥᠭᠵᠢᠬᠦ ᠵᠢ ᠲᠡᠳᠬᠦᠵᠦ᠂ ᠥᠪᠥᠷ ᠮᠣᠩᠭᠣᠯ᠎ᠤᠨ ᠣᠷᠣᠨ ᠨᠤᠲᠤᠭ᠎ᠤᠨ ᠰᠢ ᠳᠠᠭᠤᠷᠢᠯᠢᠭ᠎ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ᠎ᠢ ᠠᠬᠢᠭᠤᠯᠤᠨ᠂ ᠰᠢᠯᠢᠳᠡᠭ ᠣᠷᠣᠨ ᠨᠤᠲᠤᠭ᠎ᠤᠨ ᠰᠢ ᠳᠠᠭᠤᠷᠢᠯᠢᠭ ᠵᠡᠷᠭᠡ ᠤᠯᠠᠮᠵᠢᠯᠠᠯᠲᠤ ᠤᠷᠠᠯᠢᠭ᠎ᠤᠨ ᠲᠥᠷᠥᠯ ᠵᠦᠢᠯ᠎ᠢ ᠥᠭᠡᠷᠡᠴᠢᠯᠡᠨ ᠨᠠᠢ᠌ᠷᠠᠭᠤᠯᠬᠤ ᠪᠠ ᠤᠷᠠᠯᠢᠭ᠎ᠢ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃ ᠤᠳᠤ ᠦᠶ᠎ᠡ ᠵᠢᠨ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠢ ᠴᠢᠩᠭ᠋ᠠᠳᠬᠠᠵᠤ᠂ ᠥᠪᠥᠷ ᠮᠣᠩᠭᠣᠯ᠎ᠤᠨ ᠲᠠᠢ᠌ᠰᠠᠨ᠎ᠤ ᠤᠷᠠᠯᠢᠭ᠎ᠤᠨ ᠰᠣᠳᠣᠨ ᠪᠦᠲᠦᠭᠡᠯ᠎ᠤᠨ ᠢᠨᠵᠧᠨᠧᠷᠢᠩ᠎ᠢ ᠦᠷᠭᠦᠯᠵᠢᠯᠡᠨ ᠠᠬᠢᠭᠤᠯᠤᠨ᠎ᠠ ᠃ ᠤᠳᠬ᠎ᠠ ᠤᠷᠠᠯᠢᠭ᠎ᠤᠨ ᠣᠨᠣᠯ᠎ᠤᠨ ᠰᠤᠳᠤᠯᠭ᠋ᠠᠨ ᠪᠠ ᠦᠨᠡᠯᠡᠯᠲᠡ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠢᠭᠡ ᠪᠦᠯᠦᠭ ᠬᠠᠲᠤᠨ ᠭᠣᠤᠯ᠎ᠤᠨ ᠭᠣᠤᠯ ᠰᠡᠳᠦᠪᠲᠦ ᠤᠳᠬ᠎ᠠ ᠤᠷᠠᠯᠢᠭ᠎ᠤᠨ ᠰᠤᠳᠤᠯᠭ᠋ᠠᠨ᠎ᠤ ᠲᠥᠷᠥᠯ ᠵᠦᠢᠯ᠎ᠢ ᠤᠯᠤᠰ᠎ᠤᠨ ᠴᠢᠬᠤᠯᠠ ᠶᠡᠬᠡ ᠤᠷᠠᠯᠢᠭ᠎ᠤᠨ ᠰᠤᠳᠤᠯᠭ᠋ᠠᠨ᠎ᠤ ᠰᠡᠳᠦᠪ ᠵᠶ᠋ᠡᠷ ᠮᠡᠳᠡᠭᠦᠯᠬᠦ ᠵᠢ ᠲᠡᠳᠬᠦᠨ ᠳᠡᠮᠵᠢᠨ᠎ᠡ; ᠰᠢᠨᠵᠢᠯᠡᠬᠦ ᠤᠬᠠᠭ᠋ᠠᠨᠴᠢ ᠵᠦᠢ ᠵᠣᠬᠢᠰᠲᠠᠶ ᠰᠣᠶᠣᠯ ᠤᠷᠠᠯᠢᠭ᠎ᠤᠨ ᠪᠦᠲᠦᠭᠡᠯ᠎ᠢ ᠦᠨᠡᠯᠡᠬᠦ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠬᠠᠲᠤᠨ ᠭᠣᠣᠯ᠎ᠤᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠲᠤᠰᠬᠠᠶ ᠵᠦᠢ᠍ᠯ ᠵᠶ᠋ᠡᠷ ᠲᠡᠳᠬᠦᠬᠦ ᠲᠣᠭᠲᠠᠴᠠ ᠵᠢ ᠪᠠᠢ᠌ᠭᠤᠯᠤᠨ᠂ ᠬᠠᠲᠤᠨ ᠭᠣᠣᠯ᠎ᠤᠨ ᠭᠣᠣᠯ ᠰᠡᠳᠦᠪᠲᠦ ᠤᠷᠠᠯᠢᠭ᠎ᠤᠨ ᠪᠦᠲᠦᠭᠡᠯ᠎ᠢ ᠲᠡᠳᠬᠦᠬᠦ ᠡᠷᠴᠢᠮ ᠵᠶ᠋ᠡᠨ ᠨᠡᠮᠡᠭᠳᠡᠭᠦᠯᠦᠨ᠎ᠡ ᠃
ᠲᠦᠷᠪᠡ᠎ᠳᠤ᠂ ᠰᠣᠶᠣᠯ ᠪᠠ ᠵᠢᠭᠤᠯᠴᠢᠯᠠᠯ᠎ᠤᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠦᠨ᠎ᠡ ᠃ ᠦᠨᠳᠦᠰᠦᠨ ᠱᠠᠲᠤᠨ᠎ᠤ ᠣᠯᠠᠨ ᠨᠡᠢ᠌ᠲᠡ ᠵᠢᠨ ᠰᠣᠶᠣᠯ᠎ᠤᠨ ᠦᠢᠯᠡᠴᠢᠯᠡᠭᠡᠨ᠎ᠤ ᠰᠢᠰᠲᠸᠮ ᠤᠨ ᠪᠠᠢ᠌ᠭᠤᠯᠤᠯᠲᠠ ᠵᠢ ᠪᠡᠬᠢᠵᠢᠭᠦᠯᠵᠦ᠂ ᠥᠪᠥᠷ ᠮᠣᠩᠭᠣᠯ᠎ᠤᠨ ᠬᠠᠲᠤᠨ ᠭᠣᠤᠯ᠎ᠤᠨ ᠬᠡᠰᠡᠭ᠎ᠤᠨ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠡᠷᠦᠬᠡ ᠵᠢᠨ ᠬᠥᠭᠵᠢᠯᠲᠡ ᠵᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠰᠣᠶᠣᠯ᠎ᠤᠨ ᠲᠣᠮᠣ ᠬᠦᠷᠢᠶ᠎ᠡ ᠪᠠ ᠰᠣᠶᠣᠯ᠎ᠤᠨ ᠡᠷᠦᠬᠡ ᠵᠢᠨ ᠪᠠᠢ᠌ᠭᠤᠯᠤᠯᠲᠠ ᠵᠢ ᠳᠠᠢ᠌ᠴᠢᠯᠠᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ ᠵᠢ 300 ᠡᠭᠦᠳᠦᠨ ᠪᠠᠢ᠌ᠭᠤᠯᠤᠨ᠎ᠠ ᠃ ᠣᠯᠠᠨ ᠨᠡᠢ᠌ᠲᠡ ᠵᠢᠨ ᠰᠣᠶᠣᠯ᠎ᠤᠨ ᠦᠢ᠍ᠯᠡᠴᠢᠯᠡᠭᠡ ᠬᠠᠩᠭ᠋ᠠᠬᠤ ᠠᠷᠭ᠎ᠠ ᠮᠠᠶᠢᠭ ᠢ ᠰᠢᠨᠡᠴᠢᠯᠡᠵᠦ᠂ ᠬᠠᠳᠤᠨ ᠭᠣᠣᠯ᠎ᠤᠨ ᠰᠣᠶᠣᠯ᠎ᠤᠨ ᠭᠣᠣᠯ ᠰᠡᠳᠦᠪᠲᠦ ᠨᠡᠢ᠌ᠲᠡ ᠵᠢᠨ ᠠᠰᠠᠷᠠᠮᠵᠢ᠎ᠪᠠᠷ ᠠᠷᠠᠳ᠎ᠲᠤ ᠠᠰᠢᠭ ᠬᠦᠷᠲᠡᠭᠡᠬᠦ ᠦᠢ᠍ᠯᠡᠳᠬᠦᠨ᠎ᠢ ᠪᠣᠢ ᠪᠣᠯᠭ᠋ᠠᠵᠤ᠂ ᠵᠢᠯ ᠪᠦᠷᠢ ᠰᠢ ᠵᠦᠴᠦᠭᠡ ᠵᠢ ᠬᠥᠳᠡᠭᠡ ᠲᠣᠰᠬᠣᠨ᠎ᠳᠤ 400 ᠲᠠᠯᠠᠪᠠᠢ᠎ᠠᠴᠠ ᠳᠡᠭᠡᠭᠰᠢ ᠲᠣᠭᠯᠠᠭᠤᠯᠤᠨ᠎ᠠ ᠃
ᠲᠠᠪᠤ᠎ᠳᠤ᠂ ᠬᠠᠲᠤᠨ ᠭᠣᠣᠯ᠎ᠤᠨ ᠰᠣᠶᠣᠯ ᠵᠢᠭᠤᠯᠴᠢᠯᠠᠯ᠎ᠤᠨ ᠪᠦᠰᠡ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ ᠃ ᠰᠣᠶᠣᠯ ᠪᠠ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠵᠢᠨ ᠰᠢᠨ᠎ᠡ ᠬᠡᠯᠪᠡᠷᠢ ᠵᠢ ᠪᠣᠢ᠌ᠵᠢᠭᠤᠯᠵᠤ᠂ ᠬᠠᠲᠤᠨ ᠭᠣᠤᠯ᠎ᠤᠨ ᠰᠣᠶᠣᠯ ᠤᠯᠤᠰ᠎ᠤᠨ ᠴᠡᠴᠡᠷᠯᠢᠭ᠎ᠢ ᠪᠥᠲᠥᠭᠡᠨ ᠪᠠᠢ᠌ᠭᠤᠯᠵᠤ᠂ ᠵᠡᠭᠦᠨᠭ᠋ᠠᠷ — ᠴᠢᠩ ᠱᠦᠶ ᠾᠧ ᠭᠣᠤᠯ᠎ᠤᠨ ᠬᠠᠲᠤᠨ ᠭᠣᠤᠯ᠎ᠤᠨ ᠶᠡᠬᠡ ᠬᠠᠪᠴᠢᠯ᠂ ᠰᠠᠨ ᠱᠧᠩ ᠬᠥᠩ ᠤᠰᠤᠨ ᠠᠰᠢᠭᠯᠠᠯᠲᠠ ᠵᠢᠨ ᠬᠦᠢᠰᠦ᠂ ᠦᠬᠠᠶ ᠨᠠᠭᠤᠷ ᠵᠡᠷᠭᠡ ᠨᠢᠭᠡ ᠪᠦᠯᠦᠭ ᠬᠠᠲᠤᠨ ᠭᠣᠤᠯ᠎ᠤᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠤᠨ᠎ᠠ ᠃ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠬᠤ ᠰᠠᠭᠤᠷᠢᠨ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠤᠢ᠌ᠯᠠᠭ᠋ᠠᠬᠤ᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠲᠥᠷᠥᠯ ᠵᠦᠢ᠍ᠯ ᠥᠷᠨᠢᠭᠦᠯᠬᠦ ᠵᠢ ᠵᠣᠷᠢᠭᠵᠢᠭᠤᠯᠵᠤ᠂ ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠯᠢᠳᠡᠭ ᠲᠥᠷᠥᠯ ᠵᠦᠢᠯ᠎ᠢ ᠦᠵᠡᠮᠵᠢ ᠵᠢᠨ ᠣᠷᠣᠨ᠂ ᠠᠮᠠᠷᠠᠯᠲᠠ ᠵᠢᠨ ᠣᠷᠣᠨ᠎ᠳᠤ ᠣᠷᠣᠭᠤᠯᠬᠤ ᠵᠢ ᠠᠬᠢᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠢᠭᠡᠳ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠳᠤ ᠬᠦᠴᠦᠨ ᠨᠡᠮᠡᠷᠢᠯᠡᠵᠦ᠂ ᠨᠢᠭᠡ ᠪᠦᠯᠦᠭ ᠬᠠᠲᠤᠨ ᠭᠣᠤᠯ᠎ᠤᠨ ᠰᠣᠶᠣᠯ ᠵᠢᠭᠤᠯᠴᠢᠯᠠᠯ᠎ᠤᠨ ᠣᠨᠴᠠᠯᠢᠭᠲᠤ ᠵᠢᠵᠢᠭ ᠪᠠᠯᠭ᠋ᠠᠰᠤ ᠪᠠ ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠣᠰᠬᠣᠨ᠎ᠢ ᠡᠭᠦᠳᠦᠨ ᠪᠠᠢ᠌ᠭᠤᠯᠤᠨ᠎ᠠ ᠃ ᠣᠷᠣᠨ ᠪᠦᠰᠡ ᠠᠯᠤᠰᠯᠠᠨ ᠤᠯᠠᠭ᠋ᠠᠨᠴᠠᠪ ᠬᠤᠳᠠ᠂ ᠬᠥᠬᠡᠬᠣᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠪᠣᠯᠤᠨ ᠠᠯᠠᠱ᠌ᠠ ᠠᠢ᠌ᠮᠠᠭ ᠤᠨ ᠬᠠᠳᠤᠨ ᠭᠣᠣᠯ ᠳᠠᠭ᠋ᠠᠤ ᠣᠷᠣᠨ ᠪᠦᠰᠡ ᠵᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠢ᠌ᠯᠡᠭᠦᠯᠵᠦ᠂ ᠬᠠᠳᠤᠨ ᠭᠣᠣᠯ ᠤᠨ《几 ᠥᠰᠥᠭ᠎ᠤᠨ ᠳᠤᠬᠤᠢ》ᠰᠣᠶᠣᠯ ᠵᠢᠭᠤᠯᠴᠢᠯᠠᠯ ᠤᠨ ᠪᠦᠰᠡ ᠵᠢ ᠴᠣᠭᠴᠠᠯᠠᠨ᠎ᠠ ᠃
ᠠᠰᠠᠭᠤᠯᠲᠠ᠄ ᠬᠠᠲᠤᠨ ᠭᠣᠤᠯ ᠥᠪᠥᠷ ᠮᠣᠩᠭᠣᠯ ᠵᠶ᠋ᠠᠷ 840 ᠭᠠᠷᠤᠶ ᠺᠢᠯᠣᠮᠧᠲᠷ ᠤᠷᠤᠰ᠎ᠤᠨ ᠦᠩᠭᠡᠷᠡᠵᠦ ᠪᠠᠢ᠌ᠨ᠎ᠠ᠂ ᠥᠪᠥᠷ ᠮᠣᠩᠭᠣᠯ ᠶᠠᠮᠠᠷ ᠶᠠᠮᠠᠷ ᠬᠡᠯᠪᠡᠷᠢ᠎ᠪᠠᠷ ᠰᠢᠨ᠎ᠡ ᠴᠠᠭ ᠦᠶ᠎ᠡ ᠵᠢᠨ ᠬᠠᠲᠤᠨ ᠭᠣᠤᠯ᠎ᠤᠨ ᠥᠯᠢᠭᠡᠷ᠎ᠢ ᠰᠠᠢ᠌ᠲᠤᠷ ᠶᠠᠷᠢᠬᠤ ᠪᠣᠶ?
ᠬᠠᠷᠢᠭᠤᠯᠲᠠ᠄ ᠥᠪᠥᠷ ᠮᠣᠩᠭᠣᠯ᠎ᠨᠢ ᠬᠠᠲᠤᠨ ᠭᠣᠤᠯ᠎ᠤᠨ 《几 ᠥᠰᠥᠭ᠎ᠤᠨ ᠳᠤᠬᠤᠢ》 ᠵᠢᠨ ᠳᠡᠭᠡᠳᠦ ᠬᠠᠭ᠋ᠠᠰ ᠬᠡᠰᠡᠭ᠎ᠲᠤ ᠣᠷᠣᠰᠢᠵᠤ᠂ ᠭᠠᠵᠠᠷ ᠵᠦᠶ ᠵᠢᠨ ᠪᠠᠢ᠌ᠷᠢᠯᠠᠯ᠎ᠨᠢ ᠥᠪᠡᠷᠮᠢᠴᠡ᠂ ᠰᠠᠪᠠ ᠭᠠᠵᠠᠷ᠎ᠤᠨ ᠲᠠᠯᠠᠪᠠᠶ᠎ᠨᠢ ᠥᠷᠭᠡᠨ ᠠᠭᠤᠳᠠᠮ ᠪᠠᠢ᠌ᠵᠤ᠂ ᠠᠮᠢ ᠠᠬᠤᠶ ᠵᠢᠨ ᠵᠠᠰᠠᠯᠲᠠ ᠵᠢᠨ ᠣᠷᠣᠨ᠂ ᠣᠯᠠᠨ ᠡᠰᠢᠲᠦ ᠰᠣᠶᠣᠯ᠎ᠤᠨ ᠠᠭᠤᠰᠤᠯᠴᠠᠯ ᠨᠡᠢ᠌ᠯᠡᠯ᠎ᠤᠨ ᠣᠷᠣᠨ᠂ ᠬᠤᠪᠢᠰᠬᠠᠯ᠎ᠤᠨ ᠬᠠᠭᠤᠴᠢᠨ ᠰᠠᠭᠤᠷᠢᠨ᠂ ᠬᠢᠯᠢ ᠬᠢᠵᠠᠭ᠋ᠠᠷ ᠣᠷᠣᠨ᠂ ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠭᠰᠡᠨ ᠣᠷᠣᠨ᠂ ᠤᠯᠠᠮᠵᠢᠯᠠᠯᠲᠤ ᠣᠨᠴᠠᠯᠢᠭᠲᠤ ᠮᠠᠯᠵᠢᠬᠤ ᠲᠠᠷᠢᠶᠠᠯᠠᠬᠤ ᠣᠷᠣᠨ ᠪᠠ ᠥᠪᠥᠷ ᠮᠣᠩᠭᠣᠯ᠎ᠤᠨ ᠠᠵᠤ ᠠᠬᠤᠶ ᠵᠢᠨ ᠭᠣᠤᠯ ᠣᠷᠣᠨ ᠵᠡᠷᠭᠡ 《ᠲᠤᠯᠤᠭ᠋ᠠᠨ ᠣᠷᠣᠨ᠎ᠢ ᠨᠢᠭᠡᠳᠬᠡᠭᠰᠡᠨ》 ᠣᠷᠣᠨ ᠪᠦᠰᠡ ᠵᠢᠨ ᠣᠨᠴᠠᠯᠢᠭ᠎ᠲᠠᠢ᠃ ᠬᠠᠲᠤᠨ ᠭᠣᠤᠯ ᠳᠠᠭ᠋ᠠᠤ ᠵᠢᠨ ᠭᠠᠵᠠᠷ ᠣᠷᠣᠨ᠎ᠳᠤ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ ᠨᠡᠢ᠌ᠲᠡ 62 ᠪᠠᠢ᠌ᠵᠤ᠂ ᠪᠠᠢ᠌ᠯᠳᠤᠭ᠋ᠠᠨᠲᠤ ᠤᠯᠤᠰ᠂ ᠴᠢᠨ᠂ ᠬᠠᠨ᠂ ᠤᠮᠠᠷᠠᠲᠤ ᠸᠧᠶ᠂ ᠤᠮᠠᠷᠠᠲᠤ ᠴᠢ᠂ ᠰᠦᠶ᠂ ᠠᠯᠲᠠᠨ ᠤᠯᠤᠰ᠂ ᠮᠢᠩ ᠵᠡᠷᠭᠡ ᠦᠶ᠎ᠡ ᠵᠢᠨ ᠣᠷᠳᠣ ᠴᠠᠭ᠋ᠠᠨ ᠬᠡᠷᠡᠮ 655 . 25 ᠺᠢᠯᠣᠮᠧᠲᠷ ᠪᠠᠢ᠌ᠵᠤ᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠵᠦᠢᠯᠡᠰ 24᠂ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ 25᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠣᠷᠣᠨ 4 ᠪᠣᠶ ᠃ ᠬᠤᠶᠠᠷ 5 A ᠲᠠᠰ᠂ ᠨᠠᠶᠠᠨ ᠳᠥᠷᠪᠡᠨ 4 A ᠲᠠᠰ᠎ᠤᠨ ᠵᠢᠭᠤᠯᠴᠢᠯᠠᠯ ᠤᠨ ᠦᠵᠡᠮᠵᠢ ᠵᠢᠨ ᠤᠷᠤᠨ ᠢ ᠪᠠᠭᠲᠠᠭ᠋ᠠᠭᠰᠠᠨ 216 A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ ᠵᠢᠨ ᠤᠯᠤᠰ᠎ᠤᠨ ᠣᠯᠠᠨ ᠨᠡᠢ᠌ᠲᠡ ᠵᠢᠨ ᠰᠣᠶᠣᠯ᠎ᠤᠨ ᠦᠢᠯᠡᠴᠢᠯᠡᠭᠡᠨ᠎ᠤ ᠰᠢᠰᠲᠸᠮ ᠤᠨ ᠵᠢᠱ᠌ᠢᠶ᠎ᠡ ᠦᠵᠡᠭᠦᠯᠬᠦ ᠣᠷᠣᠨ ᠂ ᠣᠷᠳᠣᠰ ᠬᠣᠲᠠ ᠵᠢᠨ ᠪᠥᠬᠥ ᠤᠯᠤᠰ᠎ᠤᠨ ᠵᠢᠭᠤᠯᠴᠢᠯᠠᠯ᠎ᠤᠨ ᠦᠢᠯᠡᠰ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠬᠣᠰᠢᠭᠤᠴᠢ ᠣᠷᠣᠨ᠂ ᠴᠡᠯᠡᠭᠡᠷ ᠲᠠᠯ᠎ᠠ ᠵᠢᠭᠤᠯᠴᠢᠯᠠᠯ᠎ᠤᠨ ᠣᠷᠣᠨ ( ᠬᠠᠷ᠎ᠠ ᠤᠰᠤ) ᠤ ᠤᠯᠤᠰ᠎ᠤᠨ ᠠᠩᠬᠠᠳᠠᠭᠴᠢ ᠪᠦᠯᠦᠭ ᠨᠤᠭᠤ ᠭᠠᠵᠠᠷ᠎ᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠂ ᠥᠪᠥᠷ ᠮᠣᠩᠭᠣᠯ᠎ᠤᠨ ᠢ ᠯᠢ ᠪᠦᠯᠦᠭᠯᠡᠯ᠎ᠤᠨ ᠤᠯᠤᠰ᠎ᠤᠨ ᠠᠵᠤ ᠦᠢᠯᠡᠳᠪᠦᠷᠢ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠂ ᠬᠡᠭᠡᠷᠡᠯᠡᠭᠴᠢ e ᠠᠩᠬᠢ ᠠᠯᠠᠱ᠌ᠠ ᠵᠢᠨ ᠬᠦᠰᠡᠯᠡᠩᠲᠦ ᠡᠯᠡᠰᠦᠨ ᠴᠥᠯ᠎ᠤᠨ ᠮᠠᠰᠢᠨ ᠲᠡᠷᠭᠡᠨ᠎ᠤ ᠠᠭ᠋ᠠᠷ᠎ᠤᠨ ᠠᠶᠠᠯᠠᠯ᠎ᠤᠨ ᠴᠡᠩᠭᠡᠯ᠎ᠤᠨ ᠬᠦᠷᠢᠶᠡᠯᠡᠩ ᠤᠯᠤᠰ᠎ᠤᠨ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠵᠢ ᠪᠠᠭᠲᠠᠭ᠋ᠠᠭᠰᠠᠨ ᠨᠢᠭᠡ ᠪᠦᠯᠦᠭ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ ᠲᠥᠷᠥᠯ ᠵᠦᠢᠯ ᠪᠠᠢ᠌ᠨ᠎ᠠ ᠃
ᠰᠢᠨ᠎ᠡ ᠴᠠᠭ ᠦᠶ᠎ᠡ ᠵᠢᠨ ᠬᠠᠲᠤᠨ ᠭᠣᠤᠯ᠎ᠤᠨ ᠥᠯᠢᠭᠡᠷ᠎ᠢ ᠰᠠᠢ᠌ᠲᠤᠷ ᠶᠠᠷᠢᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠮᠢᠴᠡ ᠣᠨᠴᠠᠯᠢᠭ ᠪᠥᠬᠥᠶ ᠬᠠᠲᠤᠨ ᠭᠣᠤᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠪᠢᠳᠡ ᠬᠠᠲᠤᠨ ᠭᠣᠤᠯ᠎ᠤᠨ ᠰᠣᠶᠣᠯ ᠵᠢᠭᠤᠯᠴᠢᠯᠠᠯ᠎ᠤᠨ ᠬᠠᠮᠲᠤᠷᠠᠭᠰᠠᠨ ᠤᠬᠠᠭᠤᠯᠭ᠎ᠠ ᠵᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠷᠬᠢᠨ ᠲᠣᠭᠣᠷᠢᠨ᠎ᠤ ᠮᠤᠵᠢ ᠣᠷᠣᠨ᠎ᠯᠤᠭ᠎ᠠ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠬᠠᠲᠤᠨ ᠭᠣᠤᠯ᠎ᠤᠨ ᠵᠢᠭᠤᠯᠴᠢᠯᠠᠯ᠎ᠤᠨ ᠡᠬᠢ ᠪᠠᠶᠠᠯᠢᠭ ᠪᠠ ᠦᠢᠯᠡᠳᠬᠦᠨ᠎ᠢ ᠳᠡᠯᠭᠡᠷᠡᠭᠦᠯᠦᠨ᠎ᠡ ᠃ 《ᠬᠠᠲᠤᠨ ᠭᠣᠤᠯ᠎ᠤᠨ ᠰᠣᠶᠣᠯ ᠵᠢᠭᠤᠯᠴᠢᠯᠠᠯ》᠎ᠤᠨ ᠤᠬᠠᠭᠤᠯᠭ᠎ᠠ ᠵᠢᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠲᠥᠪ ᠪᠠ ᠣᠷᠣᠨ᠎ᠤ ᠳᠣᠲᠣᠷᠠᠬᠢ ᠵᠠᠭᠤᠴᠢᠯᠠᠭᠤᠷ᠎ᠢ ᠵᠣᠬᠢᠶᠠᠨ ᠪᠠᠢ᠌ᠭᠤᠯᠵᠤ ᠬᠠᠲᠤᠨ ᠭᠣᠤᠯ᠎ᠤᠨ ᠰᠣᠶᠣᠯ ᠵᠢᠭᠤᠯᠴᠢᠯᠠᠯ᠎ᠤᠨ ᠮᠠᠲ᠋ᠧᠷᠢᠶᠠᠯ ᠴᠤᠭᠯᠠᠭᠤᠯᠬᠤ ᠤᠬᠠᠭᠤᠯᠭ᠎ᠠ ᠵᠢ ᠥᠷᠨᠢᠭᠦᠯᠵᠦ᠂ ᠬᠠᠲᠤᠨ ᠭᠣᠤᠯ᠎ᠤᠨ 《几 ᠥᠰᠥᠭ᠎ᠤᠨ ᠲᠣᠬᠣᠶ》 ᠵᠢᠨ ᠪᠠᠷᠢᠮᠲᠠᠲᠤ ᠹᠢᠯᠢᠮ᠎ᠤᠨ ᠰᠡᠭᠦᠳᠡᠷᠯᠡᠭᠡ᠎ᠨᠢ ᠥᠷᠨᠢᠭᠦᠯᠵᠦ᠂ ᠣᠷᠳᠣᠰ᠎ᠤᠨ ᠵᠡᠭᠦᠨᠭ᠋ᠠᠷ᠎ᠤᠨ ᠶᠡᠬᠡ ᠬᠠᠪᠴᠢᠯ᠂ ᠬᠥᠬᠡᠬᠣᠲᠠ ᠵᠢᠨ ᠯᠣᠤ ᠨᠢᠤ ᠸᠠᠨ ᠪᠤᠯᠤᠩ᠎ᠢ ᠲᠥᠪᠯᠡᠷᠡᠭᠦᠯᠦᠨ ᠰᠤᠷᠪᠤᠯᠵᠢᠯᠠᠨ ᠮᠡᠳᠡᠭᠡᠯᠡᠵᠦ᠂ ᠡᠯ᠎ᠡ ᠲᠥᠷᠥᠯ᠎ᠤᠨ ᠵᠠᠭᠤᠴᠢᠯᠠᠭᠤᠷ ᠵᠶ᠋ᠠᠷ ᠳᠠᠮᠵᠢᠭᠤᠯᠤᠨ ᠬᠠᠲᠤᠨ ᠭᠣᠤᠯ᠎ᠤᠨ ᠥᠯᠢᠭᠡᠷ᠎ᠢ ᠰᠠᠢ᠌ᠲᠤᠷ ᠶᠠᠷᠢᠵᠤ᠂ ᠥᠪᠥᠷ ᠮᠣᠩᠭᠣᠯ᠎ᠤᠨ ᠬᠠᠲᠤᠨ ᠭᠣᠤᠯ᠎ᠤᠨ ᠰᠣᠶᠣᠯ᠎ᠢ ᠤᠬᠠᠭᠤᠯᠤᠨ ᠳᠡᠯᠭᠡᠷᠡᠭᠦᠯᠬᠦ ᠵᠢ ᠥᠷᠭᠡᠳᠬᠡᠨ᠎ᠡ ᠃ ᠬᠠᠲᠤᠨ ᠭᠣᠤᠯ᠎ᠤᠨ 《几 ᠥᠰᠥᠭ᠎ᠤᠨ ᠲᠣᠬᠣᠶ》 ᠰᠣᠶᠣᠯ ᠵᠢᠭᠤᠯᠴᠢᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢᠨ ᠶᠠᠷᠢᠶᠠᠨ᠎ᠤ ᠲᠠᠪᠴᠠᠩ᠂ ᠥᠪᠥᠷ ᠮᠣᠩᠭᠣᠯ᠎ᠤᠨ ᠬᠠᠲᠤᠨ ᠭᠣᠤᠯ᠎ᠤᠨ 《几 ᠥᠰᠥᠭ᠎ᠤᠨ ᠲᠣᠬᠣᠶ》 ᠠᠮᠢ ᠠᠬᠤᠶ ᠵᠢᠨ ᠰᠣᠶᠣᠯ ᠵᠢᠭᠤᠯᠴᠢᠯᠠᠯ᠎ᠤᠨ ᠤᠯᠠᠷᠢᠯ ᠵᠡᠷᠭᠡ ᠨᠢᠭᠡ ᠪᠦᠯᠦᠭ ᠬᠠᠲᠤᠨ ᠭᠣᠤᠯ᠎ᠤᠨ ᠰᠣᠶᠣᠯ ᠵᠶ᠋ᠠᠷ ᠭᠣᠤᠯ ᠰᠡᠳᠦᠪ ᠪᠣᠯᠭ᠋ᠠᠭᠰᠠᠨ ᠨᠠᠢ᠌ᠷ ᠨᠠᠭ᠋ᠠᠳᠤᠮ᠂ ᠤᠷᠤᠯᠳᠤᠭ᠋ᠠᠨ᠂ ᠲᠣᠭᠯᠠᠯᠲᠠ᠂ ᠦᠵᠡᠰᠬᠦᠯᠡᠩ ᠵᠡᠷᠭᠡ ᠠᠵᠢᠯᠯᠠᠭ᠎ᠠ ᠵᠢ ᠲᠥᠰᠥᠪᠯᠡᠨ ᠡᠷᠬᠢᠯᠡᠨ᠎ᠡ ᠃ ᠤᠯᠤᠰ᠎ᠤᠨ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠳᠤ ᠢᠳᠡᠪᠬᠢᠲᠡᠢ ᠠᠭᠤᠰᠤᠯᠴᠠᠵᠤ᠂ 《ᠳᠤᠮᠳᠠᠳᠤ ᠵᠢᠨ ᠡᠵᠢ ᠭᠣᠣᠯ》 ᠵᠡᠷᠭᠡ ᠤᠯᠤᠰ᠎ᠤᠨ ᠲᠦᠷᠢ ᠲᠥᠷᠬᠦ ᠵᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ᠎ᠳᠤ ᠣᠷᠣᠯᠴᠠᠵᠤ᠂ ᠬᠠᠳᠤᠨ ᠭᠣᠣᠯ᠎ᠤᠨ 《几 ᠥᠰᠥᠭ᠎ᠤᠨ ᠲᠣᠬᠣᠶ 》᠎ᠤᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠢᠯᠡᠷᠡᠭᠦᠯᠵᠦ᠂ ᠬᠠᠳᠤᠨ ᠭᠣᠣᠯ᠎ᠤᠨ ᠰᠣᠶᠣᠯ᠎ᠤᠨ ᠳᠡᠯᠡᠬᠡᠢ ᠳᠤ᠎ᠬᠢ ᠨᠥᠯᠥᠭᠡᠯᠡᠬᠦ ᠬᠦᠴᠦᠨ᠎ᠢ ᠥᠷᠭᠡᠳᠬᠡᠨ᠎ᠡ ᠃
ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠲᠤᠬᠠᠶ ᠨᠠᠮ᠎ᠤᠨ ᠲᠥᠪ ᠬᠣᠷᠢᠶᠠᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯ ᠪᠢᠳᠡᠨ᠎ᠤ ᠠᠵᠢᠯ ᠵᠶ᠋ᠠᠨ ᠠᠬᠢᠭᠤᠯᠬᠤ ᠠᠵᠢᠯᠯᠠᠭ᠋ᠠᠨ᠎ᠤ ᠵᠦᠭᠯᠡᠭᠦᠷ᠂ ᠣᠶᠤᠨ ᠰᠠᠨᠠᠭ᠋ᠠᠨ᠎ᠤ ᠬᠦᠴᠦᠨ ᠪᠠ ᠦᠵᠡᠯ ᠰᠠᠨᠠᠭ᠋ᠠᠨ᠎ᠤ ᠵᠡᠪᠰᠡᠭ ᠮᠥᠨ᠂ ᠬᠠᠲᠤᠨ ᠭᠣᠤᠯ ᠭᠡᠬᠦ ᠡᠨᠡ ᠬᠦ᠌ ᠳᠠᠭᠤᠤ ᠵᠢ ᠦᠷᠭᠦᠯᠵᠢᠯᠡᠨ ᠰᠠᠢ᠌ᠲᠤᠷ ᠳᠠᠭᠤᠯᠠᠵᠤ᠂ ᠬᠠᠲᠤᠨ ᠭᠣᠤᠯ ᠭᠡᠬᠦ ᠡᠨᠡ ᠬᠦ᠌ ᠰᠢᠯᠦᠭ᠎ᠢ ᠰᠠᠢ᠌ᠲᠤᠷ ᠤᠶᠠᠩᠭ᠋ᠠᠯᠠᠵᠤ᠂ ᠬᠠᠲᠤᠨ ᠭᠣᠤᠯ ᠭᠡᠬᠦ ᠡᠨᠡ ᠬᠦ᠌ ᠵᠢᠷᠤᠭ᠎ᠢ ᠰᠠᠢ᠌ᠲᠤᠷ ᠵᠢᠷᠤᠬᠤ ᠪᠣᠯ ᠪᠢᠳᠡᠨ᠎ᠤ ᠡᠭᠦᠷᠭᠡᠯᠡᠵᠦ ᠪᠠᠢ᠌ᠭ᠎ᠠ ᠬᠠᠷᠢᠭᠤᠴᠠᠯᠭ᠎ᠠ ᠪᠠ ᠡᠭᠦᠷᠭᠡ ᠮᠥᠨ ᠃