ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠡᠷᠡᠭᠯᠡᠭᠡ   -   ᠰᠤᠷᠪᠤᠯᠵᠢᠯᠠᠭ᠎ᠠ
ᠠᠷᠪᠠ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ
ᠨᠡᠶᠢᠲᠡᠯᠡᠭᠰᠡᠨ ᠴᠠᠭ᠄ 2022-07-30

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠠᠷᠪᠠ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠲᠢᠶᠠᠨ ᠷᠦᠢ ᠬᠤᠸᠠ ᠭᠣᠣᠯ ᠰᠡᠳᠦᠪ᠎ᠢ ᠨᠡᠢ᠌ᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠥᠪᠥᠷ ᠮᠣᠩᠭᠣᠯ᠎ᠤᠨ ᠤᠷᠠᠯᠢᠭ ᠵᠦᠴᠦᠭᠡ ᠵᠢᠨ ᠬᠦᠷᠢᠶᠡᠯᠡᠩ᠎ᠤᠨ ᠨᠠᠮ᠎ᠤᠨ ᠬᠣᠷᠢᠶ᠎ᠠ ᠵᠢᠨ ᠱᠦᠵᠢ᠂ ᠬᠦᠷᠢᠶᠡᠯᠡᠩ᠎ᠤᠨ ᠳᠠᠷᠤᠭ᠎ᠠ ᠯᠢ ᠯᠢ᠂ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃
      ᠠᠷᠪᠠ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ· ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ ᠶᠠᠷᠢᠶ᠎ᠠ
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠲᠢᠶᠠᠨ ᠷᠦᠢ ᠬᠤᠸᠠ
      ᠡᠩ ᠲᠡᠷᠢᠭᠦᠨ᠎ᠳᠤ᠂ ᠪᠢ ᠠᠷᠪᠠ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠵᠣᠬᠢᠶᠠᠨ ᠪᠠᠶ᠋ᠢᠭᠤᠯᠬᠤ ᠺᠣᠮᠢᠰ᠎ᠤᠨ ᠡᠮᠦᠨ᠎ᠡ᠎ᠠᠴᠠ ᠲᠠ ᠪᠦᠬᠦᠨ᠎ᠤ ᠲᠣᠰ ᠤᠳᠠᠭ᠋ᠠᠨ᠎ᠤ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠤᠯᠴᠠᠬᠤ᠎ᠪᠠᠷ ᠢᠷᠡᠭᠰᠡᠨ᠎ᠢ ᠪᠠᠶᠠᠷᠯᠠᠨ ᠤᠭᠲᠤᠵᠤ ᠪᠠᠢ᠌ᠨ᠎ᠠ  ᠃
      ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠥᠪᠰᠢᠶᠡᠷᠡᠯ ᠵᠶ᠋ᠡᠷ᠂ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠵᠣᠬᠢᠶᠠᠨ ᠪᠠᠶ᠋ᠢᠭᠤᠯᠬᠤ ᠺᠣᠮᠢᠰ᠎ᠤᠨ ᠪᠥᠬᠥ ᠲᠠᠯ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠠᠷᠪᠠ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ · ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠢ 2022 ᠣᠨ᠎ᠤ 7 ᠰᠠᠷ᠎ᠠ ᠵᠢᠨ 30᠎ᠤ ᠡᠳᠦᠷ᠎ᠠᠴᠠ 8 ᠰᠠᠷ᠎ᠠ ᠵᠢᠨ 31᠎ᠤ ᠡᠳᠦᠷ ᠪᠣᠯᠲᠠᠯ᠎ᠠ ᠬᠥᠬᠡᠬᠣᠲᠠ᠎ᠳᠤ ᠡᠷᠭᠢᠯᠡᠬᠦ᠎ᠪᠠᠷ ᠪᠣᠶ᠃ ᠳᠣᠣᠷ᠎ᠠ ᠪᠢ ᠤᠯᠠᠨ᠎ᠳᠤ ᠲᠤᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠤᠶ᠎ᠠ᠃
      ᠨᠢᠭᠡ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠭᠣᠣᠯ ᠰᠡᠳᠦᠪᠲᠦ ᠪᠠᠢ᠌ᠷᠢ ᠲᠣᠭᠲᠠᠭ᠋ᠠᠯᠲᠠ
      ᠲᠤᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠨᠢ 《  ᠰᠤᠶᠤᠯ ᠪᠤᠯᠪᠠᠰᠤᠨ ᠵᠶ᠋ᠠᠷ ᠤᠮᠠᠷᠠᠲᠤ ᠬᠢᠯᠢ ᠵᠢ ᠬᠡᠢ᠌ᠭᠦᠯᠵᠦ   ᠰᠦᠭ ᠰᠦᠨᠡᠰᠦ ᠵᠢ ᠱᠤᠭᠤᠨ ᠬᠦᠰᠡᠯ ᠵᠡᠭᠦᠲᠦ᠎ᠪᠠᠨ ᠲᠡᠷᠭᠡᠯᠰᠢᠭᠦᠯᠬᠦ》 ᠰᠡᠳᠦᠪ ᠵᠶ᠋ᠡᠷ ᠭᠣᠣᠯ ᠰᠡᠳᠦᠪ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠴᠠᠭ ᠦᠶ᠎ᠡ ᠵᠢᠨ ᠭᠣᠣᠯ ᠰᠡᠳᠦᠪ  ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠭᠣᠣᠯ ᠰᠢᠵᠢᠮ᠎ᠳᠤ ᠠᠩᠬᠠᠷᠤᠯ ᠲᠦᠪᠯᠡᠷᠡᠭᠦᠯᠵᠦ 《ᠤᠷᠠᠯᠢᠭ᠎ᠤᠨ ᠦᠪᠡᠳᠡᠭᠰᠢ ᠴᠤᠭᠯᠠᠭ᠋ᠠᠨ᠂ ᠠᠷᠠᠳ ᠲᠦᠮᠡᠨ᠎ᠤ ᠨᠢᠵᠢᠭᠡᠷ ᠪᠠᠶᠠᠷ》᠎ᠤᠨ ᠨᠠᠢ᠌ᠷ ᠡᠷᠭᠢᠯᠡᠬᠦ ᠵᠣᠷᠢᠯᠲᠠ ᠵᠢ ᠪᠠᠷᠢᠮᠲᠠᠯᠠᠵᠤ᠂ ᠭᠣᠣᠯ ᠰᠡᠳᠦᠪ ᠲᠣᠪᠣᠢ᠌ᠮ᠎ᠠ᠂ ᠰᠣᠳᠣᠨ ᠪᠦᠲᠦᠭᠡᠯ ᠡᠯᠪᠡᠭ᠂ ᠣᠯᠠᠨ ᠲᠦᠮᠡᠨ᠎ᠤ ᠲᠠᠭ᠋ᠠᠰᠢᠶᠠᠯ᠎ᠳᠤ ᠬᠦᠷᠦᠭᠰᠡᠨ᠂ ᠰᠣᠶᠣᠯ᠎ᠢ ᠬᠠᠮᠲᠤᠪᠠᠷ ᠡᠳ᠋ᠯᠡᠬᠦ ᠦᠪᠡᠳᠡᠭᠰᠢ ᠴᠤᠭᠯᠠᠭ᠋ᠠᠨ᠎ᠢ ᠪᠣᠶ ᠪᠣᠯᠭ᠋ᠠᠵᠤ᠂ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠨᠠᠷᠠᠲᠤ ᠲᠥᠷᠥᠯ ᠲᠡᠮᠳᠡᠭᠲᠦ ᠵᠢ ᠰᠢᠯᠢᠳᠡᠭᠵᠢᠭᠦᠯᠦᠨ ᠨᠠᠷᠢᠯᠢᠭᠵᠢᠭᠤᠯᠵᠤ  ᠂ ᠠᠷᠠᠳ ᠣᠯᠠᠨ᠎ᠤ ᠣᠯᠠᠨ ᠶᠠᠩᠵᠤ ᠵᠢᠨ᠂ ᠣᠯᠠᠨ ᠲᠠᠰ ᠳᠠᠪᠬᠤᠷᠭ᠎ᠠ ᠵᠢᠨ᠂ ᠣᠯᠠᠨ ᠲᠠᠯ᠎ᠠ ᠵᠢᠨ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ᠎ᠳᠤ ᠭᠦᠨ ᠵᠤᠵᠠᠭ᠋ᠠᠨ ᠬᠥᠷ ᠬᠥᠭᠵᠢᠶᠡᠨ᠎ᠲᠠᠢ ᠨᠡᠢ᠌ᠭᠡᠮ᠎ᠤᠨ ᠠᠭᠤᠷ ᠠᠮᠢᠰᠬᠤᠯ᠎ᠢ ᠪᠣᠶ   ᠪᠤᠯᠭ᠋ᠠᠪᠠ  ᠃
      ᠬᠣᠶᠠᠷ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠠᠵᠢᠯᠯᠠᠭ᠎ᠠ ᠵᠢᠨ ᠲᠣᠬᠢᠷᠠᠭᠤᠯᠤᠯᠲᠠ
      ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠲᠤ ᠨᠡᠶ᠋ᠢᠲᠡ 6 ᠶᠡᠬᠡ ᠬᠡᠰᠡᠭ᠂ 25 ᠵᠦᠢ᠍ᠯ᠎ᠤᠨ ᠠᠵᠢᠯᠯᠠᠭ᠎ᠠ   ᠲᠤᠬᠢᠷᠠᠭᠤᠯᠪᠠ  ᠃
      ᠨᠢᠭᠡ᠎ᠳᠤ᠂ ᠡᠬᠢᠯᠡᠯᠲᠡ ᠵᠢᠨ ᠶᠣᠰᠣᠯᠠᠯ᠃ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠨᠢ 《ᠥᠪᠥᠷ ᠮᠣᠩᠭᠣᠯ᠎ᠤᠨ ᠰᠣᠩᠭᠣᠳᠠᠭ ᠳᠠᠭᠤᠤ ᠵᠢᠨ ᠦᠲᠡᠰᠢᠯᠡᠭᠡ》᠎ᠪᠠᠷ ᠡᠬᠢᠯᠡᠯᠲᠡ ᠵᠢᠨ ᠶᠣᠰᠣᠯᠠᠯ ᠪᠣᠯᠭ᠋ᠠᠵᠤ᠂ 7 ᠳ᠋ᠤᠭ᠋ᠠᠷ ᠰᠠᠷ᠎ᠠ ᠵᠢᠨ 30᠎ᠤ ᠣᠷᠣᠢ ᠵᠢᠨ 8 ᠴᠠᠭ᠎ᠲᠤ ᠥᠪᠥᠷ ᠮᠣᠩᠭᠣᠯ᠎ᠤᠨ ᠪᠡᠶ᠎ᠡ ᠵᠢᠨ ᠲᠠᠮᠢᠷ᠎ᠤᠨ ᠣᠷᠳᠣᠨ᠎ᠳᠤ ᠶᠠᠪᠤᠭᠳᠠᠨ᠎ᠠ᠃ᠡᠬᠢᠯᠡᠯᠲᠡ ᠵᠢᠨ ᠶᠣᠰᠣᠯᠠᠯ᠎ᠳᠤ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠭᠣᠣᠯ ᠰᠡᠳᠦᠪᠲᠦ ᠪᠠᠢ᠌ᠷᠢ ᠲᠣᠭᠲᠠᠭ᠋ᠠᠯᠲᠠ ᠵᠢ ᠲᠣᠪᠤᠢ᠌ᠯᠭ᠋ᠠᠨ᠂ ᠲᠥᠬᠥᠮ ᠠᠪᠰᠠᠷᠬᠠᠨ᠂ ᠰᠣᠩᠭᠣᠳᠠᠭ ᠬᠡᠪ ᠨᠠᠮᠪᠠ ᠵᠢ ᠪᠠᠷᠢᠮᠲᠠᠯᠠᠵᠤ᠂ ᠥᠪᠥᠷ ᠮᠣᠩᠭᠣᠯ᠎ᠤᠨ20 ᠭᠠᠷᠤᠢ   ᠨᠠᠷᠠᠲᠤ ᠳᠠᠭᠤᠴᠢᠨ᠂ ᠬᠥᠭᠵᠢᠮ᠎ᠤᠨ ᠠᠩᠭᠢ ᠵᠢ ᠤᠷᠢᠵᠤ  ᠂ ᠣᠯᠠᠨ᠎ᠳᠤ ᠭᠣᠢ᠌ᠳᠠ ᠰᠠᠢ᠌ᠬᠠᠨ ᠲᠣᠭᠯᠠᠯᠲᠠ ᠲᠤᠯᠢᠯᠠᠭᠤᠯᠤᠨ᠎ᠠ᠃
      ᠬᠣᠶᠠᠷ᠎ᠲᠤ ᠣᠨᠴᠠ ᠤᠷᠢᠭᠰᠠᠨ ᠪᠦᠲᠦᠭᠡᠯ᠎ᠤᠨ ᠦᠵᠡᠭᠦᠯᠭᠡ᠃ ᠭᠣᠣᠯᠳᠠᠭᠤ ᠤᠯᠠᠨ ᠬᠦᠷᠢᠶᠡᠨ᠎ᠤ ᠰᠣᠶᠣᠯ᠎ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠵᠢ ᠥᠷᠨᠢᠭᠦᠯᠬᠦ᠎ᠪᠠᠷ ᠳᠠᠮᠵᠢᠭᠤᠯᠵᠤ᠂ ᠣᠷᠣᠨ ᠪᠦᠰᠡ ᠵᠢᠨ ᠬᠣᠭᠣᠷᠣᠨᠳᠣᠬᠢ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠬᠠᠷᠢᠯᠴᠠᠨ ᠰᠤᠷᠤᠯᠴᠠᠵᠦ ᠬᠠᠷᠢᠯᠴᠠᠨ ᠲᠤᠯᠢᠯᠠᠵᠤ᠂ ᠳᠤᠮᠳᠠᠳᠤ ᠵᠢᠨ ᠰᠣᠶᠣᠯ᠎ᠤᠨ ᠲᠡᠮᠳᠡᠭ ᠪᠣᠯᠣᠨ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠤᠢ ᠪᠣᠯᠭ᠋ᠠᠬᠤ ᠪᠠ ᠲᠤᠪᠤᠢ᠍ᠢ᠍ᠯᠭ᠋ᠠᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠤᠷᠠᠯᠢᠭ᠎ᠤᠨ ᠵᠣᠬᠢᠶᠠᠨ ᠪᠦᠲᠦᠭᠡᠯᠭᠡ ᠵᠢᠨ ᠳᠣᠲᠣᠭ᠋ᠠᠳᠤ ᠠᠮᠢᠳᠤᠷᠠᠯ᠎ᠤᠨ ᠬᠦᠴᠦᠨ᠎ᠢ ᠳᠠᠰᠤᠷᠠᠯᠳᠠ ᠦᠭᠡᠢ ᠬᠥᠭᠵᠢᠭᠡᠨ᠎ᠡ᠃ ᠡᠭᠦᠨ᠎ᠳᠤ ᠲᠣᠮᠣ ᠬᠡᠯᠪᠡᠷᠢ ᠵᠢᠨ ᠨᠠᠢ᠌ᠷᠠᠯ ᠳᠠᠭᠤᠤ 《ᠵᠠᠮᠴᠢᠯᠠᠭᠴᠢ  ᠂ ᠵᠠᠭᠤᠨ ᠵᠢᠯ᠎ᠤᠨ ᠭᠡᠷᠡᠯ ᠭᠢᠯᠪᠠᠭ᠎ᠠ》᠂ 《ᠲᠤᠷᠤᠨ᠎ᠠ ᠵᠦᠭ ᠲᠤᠶᠠᠭ᠋ᠠᠷᠠᠯ᠎ᠠ》᠂ ᠳᠤᠮᠳᠠᠳᠤ ᠭᠠᠳᠠᠭ᠋ᠠᠳᠤ ᠵᠢᠨ ᠨᠡᠷᠡᠳᠦ ᠬᠥᠮᠥᠰ᠎ᠤᠨ ᠰᠣᠩᠭᠣᠳᠠᠭ ᠳᠠᠭᠤᠤ ᠬᠥᠭᠵᠢᠮ᠎ᠤᠨ ᠴᠢᠭᠤᠯᠭ᠋ᠠᠨ᠂ ᠰᠣᠩᠭᠣᠳᠠᠭ ᠬᠤᠪᠢᠰᠬᠠᠯᠲᠤ   ᠳᠠᠭᠤᠷᠢ 《ᠰᠢᠶᠣᠣ ᠡᠯ ᠾᠧᠢ ᠬᠤᠷᠢᠮᠯᠠᠭᠰᠠᠨ》᠂ ᠪᠥᠵᠢᠭᠲᠦ ᠵᠦᠴᠦᠭᠡ 《ᠺᠦᠩᠽᠢ》᠂ ᠼᠢᠷᠺ ᠵᠦᠴᠦᠭᠡ 《ᠵᠠᠯᠠᠭᠤ   ᠨᠠᠰᠤ ing》᠂ ᠶᠧᠯᠸᠢ ᠵᠦᠴᠦᠭᠡ 《ᠪᠢ ᠬᠡᠨ ᠪᠤᠢ》ᠵᠡᠷᠭᠡ 7 ᠵᠦᠢ᠍ᠯ᠎ᠤᠨ ᠠᠵᠢᠯᠯᠠᠭ᠎ᠠ ᠪᠠᠭᠲᠠᠨ᠎ᠠ᠃
      ᠭᠤᠷᠪᠠ᠎ᠳᠤ᠂   ᠰᠢᠯᠢᠳᠡᠭ ᠵᠦᠴᠦᠭᠡ ᠵᠢᠨ ᠦᠵᠡᠭᠦᠯᠭᠡ᠃ᠡᠨᠡᠬᠦ ᠬᠡᠰᠡᠭ᠎ᠲᠤ ᠭᠣᠣᠯᠳᠠᠭᠤ ᠳᠤᠮᠳᠠᠳᠤ ᠵᠢᠨ ᠰᠢ ᠵᠦᠴᠦᠭᠡ ᠵᠢᠨ ᠨᠡᠷᠡᠳᠦ ᠬᠥᠮᠥᠰ᠎ᠢ ᠤᠷᠢᠨ ᠲᠠᠭᠤᠯᠠᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠵᠦᠴᠦᠭᠡ ᠵᠢ ᠳᠡᠯᠭᠡᠨ ᠲᠣᠭᠯᠠᠭᠤᠯᠬᠤ᠎ᠪᠠᠷ ᠳᠠᠮᠵᠢᠭᠤᠯᠵᠤ᠂ ᠳᠤᠮᠳᠠᠳᠤ ᠵᠢᠨ ᠰᠢ ᠵᠦᠴᠦᠭᠡ ᠵᠢᠨ ᠤᠷᠠᠯᠢᠭ᠎ᠢ ᠨᠡᠩ ᠰᠠᠢ᠌ᠲᠤᠷ ᠤᠯᠠᠮᠵᠢᠯᠠᠵᠤ᠂ ᠥᠪᠥᠷ ᠮᠣᠩᠭᠣᠯ᠎ᠤᠨ ᠣᠷᠣᠨ ᠨᠤᠲᠤᠭ᠎ᠤᠨ ᠰᠢ ᠵᠦᠴᠦᠭᠡ ᠵᠢᠨ ᠬᠥᠭᠵᠢᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠠᠢ᠌ᠰᠠᠨ᠎ᠤ ᠤᠷᠠᠯᠢᠭ᠎ᠤᠨ ᠵᠣᠬᠢᠶᠠᠨ ᠪᠦᠲᠦᠭᠡᠬᠦ ᠲᠦᠪᠰᠢᠨ᠎ᠢ ᠳᠡᠭᠡᠭᠰᠢᠯᠡᠭᠦᠯᠦᠨ᠎ᠡ᠃ ᠡᠭᠦᠨ᠎ᠳᠤ ᠪᠥᠵᠢᠭᠲᠦ ᠵᠦᠴᠦᠭᠡ 《ᠮᠣᠷᠢᠲᠤ ᠴᠡᠷᠢᠭ》᠂ ᠼᠢᠷᠺ ᠵᠦᠴᠦᠭᠡ 《ᠪᠢᠳᠡᠨ᠎ᠤ ᠰᠠᠢ᠌ᠨ ᠰᠠᠢ᠌ᠬᠠᠨ ᠠᠮᠢᠳᠤᠷᠠᠯ》᠂   ᠱᠠᠨ ᠰᠢ ᠵᠦᠴᠦᠭᠡ 《  ᠡᠤ ᠬᠠᠨ ᠳ᠋ᠢᠩ》᠂ ᠳᠠᠭᠤᠤ ᠬᠥᠭᠵᠢᠮᠲᠦ ᠵᠦᠴᠦᠭᠡ 《  ᠱᠸᠩ ᠯᠸ ᠵᠢᠨ ᠴᠠᠭ ᠡᠷᠢᠨ》᠂ ᠳᠤᠮᠳᠠᠳᠤ ᠵᠢᠨ ᠰᠢ ᠲᠠᠭᠤᠤᠷᠢᠯᠢᠬ᠎ᠤᠨ ᠨᠠᠷᠠᠲᠤ ᠬᠥᠮᠥᠰ᠎ᠤᠨ ᠨᠠᠷᠠᠲᠤ ᠬᠡᠰᠡᠭ᠎ᠤᠨ ᠳᠠᠭᠤᠤ ᠵᠢᠨ ᠦᠳᠡᠰᠢᠯᠡᠭᠡ᠂ ᠤᠯᠠᠭ᠋ᠠᠨᠮᠥ᠋ᠴᠢᠷ᠎ᠤᠨ ᠰᠢᠯᠢᠳᠡᠭ ᠵᠦᠴᠦᠭᠡ (ᠬᠡᠰᠡᠭ) ᠵᠢᠨ ᠦᠵᠡᠭᠦᠯᠭᠡ ᠵᠢᠨ ᠲᠣᠭᠯᠠᠯᠲᠠ ᠵᠡᠷᠭᠡ 6 ᠵᠦᠢ᠍ᠯ᠎ᠤᠨ ᠠᠵᠢᠯᠯᠠᠭ᠎ᠠ ᠪᠠᠭᠲᠠᠨ᠎ᠠ᠃
      ᠳᠥᠷᠪᠡ᠎ᠳᠤ᠂ ᠳᠠᠭᠤᠤ ᠬᠥᠭᠵᠢᠮ᠎ᠤᠨ ᠲᠤᠰᠬᠠᠢ ᠰᠡᠳᠦᠪᠲᠦ ᠦᠵᠡᠭᠦᠯᠭᠡ ᠵᠢᠨ ᠲᠣᠭᠯᠠᠯᠲᠠ᠃ ᠭᠣᠣᠯᠳᠠᠭᠤ ᠪᠦᠲᠦᠭᠡᠯ ᠡᠯᠰᠡᠬᠦ᠂ ᠤᠷᠤᠯᠳᠤᠬᠤ᠂ ᠬᠠᠷᠢᠭᠤ ᠲᠣᠭᠯᠠᠯᠲᠠ ᠭᠠᠷᠭ᠋ᠠᠬᠤ᠂ ᠳᠤᠯᠢᠯᠴᠠᠨ ᠲᠣᠯᠢᠯᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠰᠣᠩᠭᠣᠳᠠᠭ ᠳᠠᠭᠤᠤ ᠬᠥᠭᠵᠢᠮ᠎ᠢ ᠠᠮᠢᠯᠠᠭᠤᠯᠵᠤ᠂   ᠰᠢᠨ᠎ᠡ ᠎ᠪᠠᠷ ᠵᠤᠬᠢᠶᠠᠨ ᠪᠦᠲᠦᠭᠡᠨ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠬᠤᠷᠠᠮᠠᠯ ᠳᠠᠪᠠᠭᠤᠯᠢᠭ᠎ᠢ ᠪᠣᠶ ᠪᠣᠯᠭ᠋ᠠᠨ᠎ᠠ᠃ ᠡᠭᠦᠨ᠎ᠳᠤ ᠣᠯᠠᠨ ᠲᠦᠮᠡᠨ᠎ᠤ ᠨᠠᠢ᠌ᠷᠠᠯ ᠳᠠᠭᠤᠤ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠤ ᠪᠦᠲᠦᠭᠡᠯ᠎ᠤᠨ ᠦᠵᠡᠭᠦᠯᠭᠡ ᠵᠢᠨ ᠲᠣᠭᠯᠠᠯᠲᠠ᠂ ᠨᠠᠢ᠌ᠷᠠᠯ ᠬᠥᠭᠵᠢᠮ᠎ᠤᠨ ᠵᠢᠷᠤᠭ 《ᠮᠢᠩᠭ᠋ᠠᠨ ᠭᠠᠵᠠᠷ᠎ᠤᠨ ᠲᠥᠷᠥ》᠂ ᠪᠥᠬᠥ ᠣᠷᠣᠨ᠎ᠤ ᠭᠡᠷ ᠳᠣᠲᠣᠷᠠᠬᠢ ᠳᠠᠭᠤᠤ ᠬᠥᠭᠵᠢᠮ᠎ᠤᠨ ᠤᠷᠤᠯᠳᠤᠭ᠋ᠠᠨ᠎ᠤ ᠱᠠᠩᠨᠠᠯ ᠭᠥᠷᠳᠡᠭᠰᠡᠨ ᠪᠦᠲᠦᠭᠡᠯ᠎ᠤᠨ ᠳᠠᠭᠤᠤ ᠵᠢᠨ ᠦᠳᠡᠰᠢᠯᠡᠭᠡ᠂ ᠮᠣᠷᠢᠨ ᠬᠤᠭᠤᠷ᠎ᠤᠨ ᠲᠤᠰᠬᠠᠢ ᠲᠠᠯᠠᠪᠠᠶ ᠵᠢᠨ ᠳᠠᠭᠤᠤ ᠬᠥᠭᠵᠢᠮ᠎ᠤᠨ ᠦᠳᠡᠰᠢᠯᠡᠭᠡ᠂ ᠬᠥᠭᠵᠢᠮ᠎ᠤᠨ ᠬᠠᠪᠰᠤᠷᠤᠯ ᠦᠭᠡᠢ ᠨᠠᠢ᠌ᠷᠠᠯ ᠳᠠᠭᠤᠤ ᠵᠢᠨ ᠦᠳᠡᠰᠢᠯᠡᠭᠡ᠂ 《ᠮᠥᠩᠬᠡ ᠵᠢᠨ ᠬᠥᠭ ᠠᠶᠠᠰ》 ᠨᠠᠢ᠌ᠷᠠᠯ ᠬᠥᠭᠵᠢᠮ᠎ᠤᠨ ᠦᠳᠡᠰᠢᠯᠡᠭᠡ ᠵᠡᠷᠭᠡ 6 ᠵᠦᠢ᠍ᠯ᠎ᠤᠨ ᠠᠵᠢᠯᠯᠠᠭ᠎ᠠ ᠪᠠᠭᠲᠠᠨ᠎ᠠ᠃
      ᠲᠠᠪᠤ᠎ᠳᠤ  ᠂ ᠳᠡᠯᠭᠡᠨ ᠦᠵᠡᠭᠦᠯᠬᠦ ᠠᠵᠢᠯᠯᠠᠭ᠎ᠠ᠃ ᠭᠣᠣᠯ ᠰᠡᠳᠦᠪᠲᠦ ᠦᠵᠡᠭᠦᠯᠭᠡ᠎ᠪᠠᠷ ᠭᠣᠣᠯ ᠠᠭᠤᠯᠭ᠎ᠠ ᠪᠣᠯᠭ᠋ᠠᠵᠤ᠂ ᠲᠥᠷᠥᠯ ᠵᠦᠢ᠍ᠯ ᠣᠯᠠᠨ ᠶᠠᠩᠵᠤ ᠵᠢᠨ᠂ ᠬᠡᠯᠪᠡᠷᠢ ᠮᠠᠶᠢᠭ ᠰᠢᠨ᠎ᠡ ᠰᠡᠪᠡᠭᠦᠨ ᠰᠣᠶᠣᠯ ᠤᠷᠠᠯᠢᠭ᠎ᠤᠨ ᠦᠵᠡᠭᠦᠯᠭᠡ᠎ᠪᠠᠷ ᠳᠠᠮᠵᠢᠭᠤᠯᠤᠨ᠂ ᠭᠦᠨ ᠵᠤᠵᠠᠭ᠋ᠠᠨ ᠰᠣᠶᠣᠯ ᠤᠷᠠᠯᠢᠭ᠎ᠤᠨ ᠠᠭᠤᠷ ᠠᠮᠢᠰᠬᠤᠯ᠎ᠢ ᠪᠣᠶ ᠪᠣᠯᠭ᠋ᠠᠵᠤ᠂ ᠦᠵᠡᠭᠴᠢᠳ᠎ᠤᠨ ᠬᠦᠨ ᠬᠦᠨᠵᠡᠭᠡᠢ ᠣᠢ᠌ᠯᠠᠭ᠋ᠠᠯᠲᠠ ᠵᠢ ᠨᠡᠮᠡᠭᠳᠡᠭᠦᠯᠦᠨ᠎ᠡ᠃ᠡᠭᠦᠨ᠎ᠳᠤ 《ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ᠎ᠪᠠᠷ ᠲᠠᠪᠠᠲᠠᠢ ᠰᠠᠢ᠌ᠬᠠᠨ ᠠᠶᠠᠯᠠᠶ᠎ᠠ》 ᠥᠪᠥᠷ ᠮᠣᠩᠭᠣᠯ᠎ᠤᠨ ᠥᠩᠭᠡ ᠦᠵᠡᠮᠵᠢ ᠵᠢᠨ ᠬᠡᠷᠡᠯ ᠵᠢᠷᠤᠭ᠎ᠤᠨ ᠦᠵᠡᠰᠬᠦᠯᠡᠩ᠂ ᠪᠥᠬᠥ ᠣᠷᠣᠨ᠎ᠤ ᠤᠷᠠᠨ ᠪᠢᠴᠢᠯᠭᠡ ᠭᠣᠷ ᠰᠡᠢ᠌ᠯᠦᠮᠡᠯ᠎ᠤᠨ ᠦᠵᠡᠰᠬᠦᠯᠡᠩ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ · ᠥᠪᠥᠷ ᠮᠣᠩᠭᠣᠯ᠎ᠤᠨ ᠳᠦᠷᠢ ᠲᠥᠷᠬᠦ》 ᠭᠡᠬᠦ ᠭᠣᠣᠯ ᠰᠡᠳᠦᠪᠲᠦ ᠤᠷᠠᠨ ᠵᠢᠷᠤᠭ᠎ᠤᠨ ᠪᠦᠲᠦᠭᠡᠯ᠎ᠤᠨ ᠦᠵᠡᠰᠬᠦᠯᠡᠩ᠂ ᠬᠤᠩᠱ᠌ᠠᠨ · ᠯᠢᠶᠠᠩᠵᠤ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ ᠵᠡᠷᠭᠡ 4 ᠵᠦᠢ᠍ᠯ᠎ᠤᠨ ᠠᠵᠢᠯᠯᠠᠭ᠎ᠠ ᠪᠠᠭᠲᠠᠨ᠎ᠠ᠃
      ᠵᠢᠷᠭᠤᠭ᠎ᠠ᠎ᠳᠤ᠂ ᠲᠡᠭᠦᠰᠬᠦ ᠶᠣᠰᠣᠯᠠᠯ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ 《ᠲᠠᠪᠤᠨ ᠨᠢᠭᠡ ᠵᠢᠨ ᠢᠨᠵᠧᠨᠧᠷᠢᠩ》᠎ᠤᠨ ᠱᠠᠩᠨᠠᠯ ᠣᠯᠭᠣᠬᠤ ᠶᠣᠰᠣᠯᠠᠯ ᠵᠶ᠋ᠠᠷ ᠲᠡᠭᠦᠰᠬᠦ ᠶᠣᠰᠣᠯᠠᠯ ᠪᠣᠯᠭ᠋ᠠᠵᠤ᠂ ᠵᠢᠷᠤᠮᠵᠢᠯ᠎ᠤᠨ ᠴᠢᠨᠠᠷᠲᠠᠢ ᠱᠠᠩᠨᠠᠯ᠎ᠤᠨ   ᠬᠥᠲᠥᠯᠥᠨ ᠳᠠᠭ᠋ᠠᠭᠤᠯᠬᠤ ᠴᠢᠨᠠᠷ ᠪᠠ ᠵᠢᠱ᠌ᠢᠶ᠎ᠡ ᠦᠵᠡᠭᠦᠯᠬᠦ ᠴᠢᠨᠠᠷ᠎ᠢ ᠴᠢᠩᠭ᠋ᠠᠷᠠᠭᠤᠯᠤᠨ᠎ᠠ᠃
      ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠠᠭᠤᠯᠭ᠎ᠠ᠎ᠨᠢ ᠪᠠᠶᠠᠯᠢᠭ᠂ ᠣᠨᠴᠠᠯᠢᠭ᠎ᠨᠢ ᠲᠣᠪᠣᠢ᠌ᠮ᠎ᠠ ᠪᠠᠢ᠌ᠵᠤ᠂ ᠣᠯᠠᠨ᠎ᠤ ᠬᠠᠮᠲᠤ ᠵᠢᠨ ᠴᠢᠷᠮᠠᠢ᠌ᠯᠭ᠎ᠠ᠎ᠪᠠᠷ ᠳᠡᠮᠵᠢᠨ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠢ ᠤᠷᠠᠯᠢᠭ᠎ᠤᠨ ᠦᠪᠡᠳᠡᠭᠰᠢ ᠴᠤᠭᠯᠠᠭ᠋ᠠᠨ᠂ ᠠᠷᠠᠳ ᠲᠦᠮᠡᠨ᠎ᠤ ᠨᠠᠢ᠌ᠷ᠎ᠤᠨ ᠡᠳᠦᠷ ᠪᠣᠯᠭ᠋ᠠᠨ ᠡᠷᠭᠢᠯᠡᠬᠦ᠎ᠨᠢ ᠯᠠᠪᠲᠠᠢ ᠭᠡᠳᠡᠭ᠎ᠢ ᠪᠢᠳᠡ ᠢᠲᠡᠭᠡᠵᠦ ᠪᠠᠢ᠌ᠨ᠎ᠠ᠃ ᠵᠠᠭᠤᠴᠢᠯᠠᠭᠤᠷ᠎ᠤᠨ ᠨᠠᠢ᠌ᠵᠠ ᠨᠠᠷ ᠲᠤᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠡᠯ᠎ᠡ ᠵᠦᠢ᠍ᠯ᠎ᠤᠨ ᠠᠵᠢᠯᠯᠠᠭ᠎ᠠ ᠥᠷᠨᠢᠭᠦᠯᠵᠦ ᠪᠠᠢ᠌ᠭ᠎ᠠ ᠪᠠᠢ᠌ᠳᠠᠯ᠎ᠢ ᠬᠠᠯᠠᠮᠵᠢᠯᠠᠨ ᠠᠩᠬᠠᠷᠴᠤ᠂ ᠰᠣᠶᠣᠯ᠎ᠤᠨ ᠨᠠᠢ᠌ᠷ᠎ᠤᠨ ᠡᠯ᠎ᠡ ᠵᠦᠢ᠍ᠯ᠎ᠤᠨ ᠠᠵᠢᠯᠯᠠᠭ᠎ᠠ ᠵᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠰᠠᠢ᠌ᠲᠤᠷ ᠰᠤᠷᠪᠤᠯᠵᠢᠯᠠᠵᠤ᠂ ᠰᠠᠢ᠌ᠲᠤᠷ ᠤᠬᠠᠭᠤᠯᠵᠤ᠂ ᠪᠠᠶᠠᠷ᠎ᠤᠨ ᠡᠮᠦᠨᠡᠬᠢ᠂ ᠪᠠᠶᠠᠷ᠎ᠤᠨ ᠳᠤᠮᠳᠠᠬᠢ ᠪᠠ ᠪᠠᠶᠠᠷ᠎ᠤᠨ ᠬᠣᠢ᠌ᠨᠠᠬᠢ ᠡᠯ᠎ᠡ ᠵᠦᠢ᠍ᠯ᠎ᠤᠨ ᠤᠬᠠᠭᠤᠯᠤᠨ ᠮᠡᠳᠡᠭᠡᠯᠡᠬᠦ ᠠᠵᠢᠯ᠎ᠢ ᠪᠥᠬᠥ ᠲᠠᠯ᠎ᠠ᠎ᠪᠠᠷ᠂ ᠣᠯᠠᠨ ᠲᠠᠯ᠎ᠠ  ᠎ᠠᠴᠠ᠂ ᠭᠦᠨ ᠲᠠᠰ ᠳᠠᠪᠬᠤᠷᠭ᠎ᠠ  ᠎ᠠᠴᠠ ᠰᠠᠢ᠌ᠲᠤᠷ ᠬᠢᠵᠦ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠢ ᠬᠠᠮᠲᠤᠪᠠᠷ ᠰᠠᠢ᠌ᠲᠤᠷ ᠡᠷᠭᠢᠯᠡᠵᠦ᠂ ᠬᠡᠯᠪᠡᠷᠢ ᠳᠦᠷᠰᠦ᠎ᠲᠠᠢ᠂ ᠲᠥᠷᠥᠭᠳᠡᠯ᠎ᠲᠠᠢ᠂ ᠪᠦᠲᠦᠮᠵᠢᠲᠡᠶ ᠠᠷᠭ᠎ᠠ ᠮᠠᠶᠢᠭ ᠵᠶ᠋ᠠᠷ ᠥᠪᠥᠷ ᠮᠣᠩᠭᠣᠯ ᠵᠶ᠋ᠠᠨ ᠳᠡᠯᠭᠡᠨ ᠦᠵᠡᠭᠦᠯᠵᠦ᠂ ᠥᠪᠥᠷ ᠮᠣᠩᠭᠣᠯ ᠵᠶ᠋ᠠᠨ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠣᠯ᠎ᠤᠨ ᠵᠥᠪ ᠲᠠᠯ᠎ᠠ ᠵᠢᠨ ᠳᠦᠷᠢ ᠲᠥᠷᠬᠦ ᠵᠢ ᠪᠣᠶ ᠪᠣᠯᠭ᠋ᠠᠬᠤ   ᠵᠢ ᠬᠦᠰᠡᠵᠦ ᠪᠠᠢ᠌ᠨ᠎ᠠ  ᠃
      ᠠᠷᠪᠠ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ· ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ
      ᠥᠪᠥᠷ ᠮᠣᠩᠭᠣᠯ᠎ᠤᠨ ᠲᠧᠯᠸᠢᠰ ᠬᠣᠷᠢᠶ᠎ᠠ᠄ ᠲᠡᠳ᠋ ᠬᠡᠯᠲᠡᠰ᠎ᠤᠨ ᠲᠠᠷᠤᠭ᠎ᠠ ᠲᠢᠶᠠᠨ ᠷᠦᠢ ᠬᠤᠸᠠ ᠰᠠᠶᠢᠬᠠᠨ ᠲᠠᠨᠢᠯᠴᠠᠭᠤᠯᠬᠤ᠎ᠳᠤ᠎ᠪᠠᠨ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠡᠬᠢᠯᠡᠯᠲᠡ ᠵᠢᠨ ᠶᠣᠰᠣᠯᠠᠯ᠎ᠳᠤ ᠲᠥᠬᠥᠮ ᠲᠦᠲᠡ᠂ ᠰᠣᠩᠭᠣᠳᠠᠭ ᠬᠡᠪ ᠨᠠᠮᠪᠠ ᠵᠢ ᠳᠣᠪᠣᠶ᠋ᠢᠯᠭ᠋ᠠᠭᠰᠠᠨ ᠪᠠᠢ᠌ᠨ᠎ᠠ ᠭᠡᠪᠡ᠂ ᠡᠬᠢᠯᠡᠯᠲᠡ ᠵᠢᠨ ᠶᠣᠰᠣᠯᠠᠯ᠎ᠳᠤ ᠶᠠᠮᠠᠷ ᠬᠡᠯᠪᠡᠷᠢ᠎ᠪᠠᠷ ᠦᠵᠡᠭᠴᠢᠳ᠎ᠲᠠᠢ᠎ᠪᠠᠨ ᠵᠤᠯᠭ᠋ᠠᠬᠤ ᠪᠤᠢ?ᠡᠨᠡ᠎ᠨᠢ ᠦᠵᠡᠭᠴᠢᠳ᠎ᠲᠤ ᠶᠠᠮᠠᠷ ᠶᠠᠩᠵᠤ   ᠵᠢᠨ ᠲᠦᠷᠦᠭᠳᠡᠯ ᠠᠪᠴᠢᠷᠠᠵᠤ ᠥᠭᠬᠦ ᠪᠤᠶ ᡼ ᠶᠠᠮᠠᠷ ᠶᠠᠮᠠᠷ ᠣᠷᠤᠯᠴᠠᠬᠤ ᠠᠷᠭ᠎ᠠ ᠬᠡᠯᠪᠡᠷᠢ ᠪᠠᠢ᠌ᠬᠤ ᠪᠣᠶ?
      ᠯᠢ ᠯᠢ᠄ ᠰᠤᠷᠪᠤᠯᠵᠢᠯᠠᠭᠴᠢ ᠨᠠᠢ᠌ᠵᠠ ᠵᠢᠨ ᠵᠶ᠋ᠠᠨ ᠠᠰᠠᠭᠤᠯᠲᠠ᠎ᠳᠤ ᠲᠠᠯᠠᠷᠬᠠᠵᠤ ᠪᠠᠢ᠌ᠨ᠎ᠠ᠂ ᠡᠬᠢᠯᠡᠯᠲᠡ ᠵᠢᠨ ᠶᠣᠰᠣᠯᠠᠯ ᠪᠣᠯ ᠮᠠᠨ᠎ᠤ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠭᠣᠣᠯᠳᠠᠯᠭ᠎ᠠ ᠪᠣᠯᠣᠨ᠎ᠠ᠂ ᠣᠯᠠᠨ ᠵᠶ᠋ᠠᠷ ᠵᠶ᠋ᠠᠨ ᠬᠦᠰᠡᠨ ᠬᠦᠯᠢᠶᠡᠵᠦ ᠪᠣᠯᠣᠨ᠎ᠠ᠃ 《ᠳᠥᠭᠥᠮ ᠲᠦᠲᠡ ᠪᠣᠯᠪᠠᠴᠤ ᠬᠢᠯᠪᠠᠷ ᠪᠤᠰᠤ᠂ ᠠᠷᠪᠢᠴᠢ ᠭᠠᠮᠲᠠᠢ ᠮᠦᠷᠲᠡᠭᠡᠨ ᠭᠣᠢ᠌ᠳᠠ ᠰᠠᠢ᠌ᠬᠠᠨ》 ᠭᠡᠬᠦ   ᠨᠠᠢ᠌ᠷ ᠡᠷᠬᠢᠯᠡᠬᠦ ᠣᠢ᠌ᠯᠠᠭ᠋ᠠᠭᠳᠠᠬᠤᠨ  ᠎ᠢ ᠪᠠᠷᠢᠮᠲᠠᠯᠠᠵᠤ᠂ ᠡᠨᠡ ᠵᠢᠯ᠎ᠤᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠲᠤ ᠪᠢᠳᠡ ᠠᠵᠢᠯᠯᠠᠭ᠎ᠠ ᠵᠢᠨ ᠲᠥᠷᠥᠯ ᠵᠦᠢ᠍ᠯ᠎ᠤᠨ ᠨᠢᠭᠡ ᠪᠣᠯᠬᠤ 《ᠥᠪᠥᠷ ᠮᠣᠩᠭᠣᠯ᠎ᠤᠨ ᠰᠣᠩᠭᠣᠳᠠᠭ ᠳᠠᠭᠤᠤ ᠵᠢᠨ ᠲᠣᠭᠯᠠᠯᠲᠠ》᠎ᠪᠠᠷ ᠡᠬᠢᠯᠡᠯᠲᠡ ᠵᠢᠨ ᠶᠣᠰᠣᠯᠠᠯ ᠪᠣᠯᠭ᠋ᠠᠵᠤ᠂ ᠮᠠᠨ᠎ᠤ ᠥᠪᠥᠷ ᠮᠣᠩᠭᠣᠯ᠎ᠤᠨ 20 ᠭᠠᠷᠤᠢ ᠠᠯᠳᠠᠷᠲᠤ ᠳᠠᠭᠤᠴᠢᠨ᠂ ᠬᠥᠭᠵᠢᠮ᠎ᠤᠨ ᠠᠩᠭᠢ ᠵᠢ ᠤᠷᠢᠪᠠ᠂   ᠵᠢᠱ᠌ᠢᠶᠡᠯᠡᠪᠡᠯ ᠳᠡᠳᠮ᠎ᠠ   ᠪᠠᠭᠰᠢ᠂ ᠴᠢ ᠹᠸᠩ ᠪᠠᠭᠰᠢ᠂ ᠬᠦᠰᠡᠯᠡᠩ   ᠪᠠᠭᠰᠢ᠂   ᠣᠯᠠᠭ᠋ᠠᠨᠲᠤᠶᠠᠭ᠎ᠠ ᠪᠠᠭᠰᠢ  ᠂   ᠠᠲᠤᠭᠤᠴᠢᠨ ᠬᠠᠮᠲᠤᠯᠢᠭ᠂   ᠨᠠᠢ᠌ᠷ ᠬᠠᠮᠲᠤᠯᠢᠭ᠎ᠢ ᠤᠷᠢᠵᠤ᠂ ᠤᠯᠠᠨ᠎ᠳᠤ ᠰᠣᠩᠭᠣᠳᠠᠭ ᠪᠦᠲᠦᠭᠡᠯ᠎ᠢ ᠲᠠᠬᠢᠨ ᠡᠷᠭᠢᠴᠡᠭᠦᠯᠦᠭᠰᠡᠨ᠂ ᠭᠣᠢ᠌ᠳᠠ ᠰᠠᠢ᠌ᠬᠠᠨ᠂   ᠲᠤᠷᠠᠰᠬᠤ ᠲᠤᠲᠤᠮ ᠰᠤᠨᠢᠷᠬᠠᠯ᠎ᠲᠠᠢ ᠰᠣᠶᠣᠯ᠎ᠤᠨ ᠦᠪᠡᠳᠡᠭᠰᠢ ᠨᠠᠢ᠌ᠷ᠎ᠢ ᠳᠡᠯᠭᠡᠨ ᠦᠵᠡᠭᠦᠯᠬᠦ ᠪᠣᠯᠣᠨ᠎ᠠ᠃ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ   ᠬᠤᠭᠤᠴᠠᠭ᠋ᠠᠨ᠎ᠳᠤ ᠪᠢᠳᠡ 《ᠥᠪᠥᠷ ᠮᠣᠩᠭᠣᠯ᠎ᠤᠨ ᠣᠳᠣᠨ ᠲᠧᠯᠸᠢᠰ》 《ᠥᠪᠥᠷ ᠮᠣᠩᠭᠣᠯ᠎ᠤᠨ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠰᠤᠪᠠᠭ》 ᠵᠡᠷᠭᠡ ᠤᠯᠠᠮᠵᠢᠯᠠᠯᠲᠤ ᠵᠠᠭᠤᠴᠢᠯᠠᠭᠤᠷ ᠪᠠ  《ᠲᠡᠭᠦᠯᠢᠯᠲᠡ ᠬᠠᠮ ᠵᠠᠭᠤᠴᠢᠯᠠᠭᠤᠷ》 《ᠲᠠᠯ᠎ᠠ ᠨᠤᠲᠤᠭ᠎ᠤᠨ ᠡᠭᠦᠯᠡ》 ᠵᠡᠷᠭᠡ ᠰᠢᠨ᠎ᠡ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠲᠠᠪᠴᠠᠩ᠎ᠢ ᠢᠳᠡᠪᠬᠢᠲᠡᠢ ᠠᠰᠢᠭᠯᠠᠨ ᠠᠵᠢᠯᠯᠠᠭ᠎ᠠ ᠵᠢ ᠰᠢᠩᠭᠡᠬᠡᠨ ᠨᠠᠪᠲᠠᠷᠡᠭᠦᠯᠵᠦ ᠳᠠᠬᠢᠨ ᠨᠡᠪᠲᠡᠷᠡᠭᠦᠯᠦᠨ᠎ᠡ᠃ ᠡᠭᠦᠨ᠎ᠤ ᠬᠠᠮᠲᠤ 《ᠰᠤᠷᠤᠯᠴᠠᠯᠭ᠎ᠠ ᠵᠢᠨ ᠬᠦᠴᠦᠷᠭᠡᠭ ᠤᠯᠤᠰ》᠂   ᠲᠢᠭ ᠲᠤᠭ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠎ᠳᠤ ᠲᠤᠰᠬᠠᠢ ᠰᠡᠳᠦᠪᠲᠦ ᠲᠤᠰᠬᠠᠢ   ᠲᠤᠭᠤᠷᠢᠭ ᠪᠠᠢ᠌ᠭᠤᠯᠵᠤ᠂ ᠣᠯᠠᠨ ᠵᠶ᠋ᠠᠷ ᠵᠶ᠋ᠠᠨ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠬᠠᠮᠤᠭ᠎ᠤᠨ ᠰᠢᠨ᠎ᠡ ᠮᠡᠳᠡᠭᠡ ᠵᠢ ᠴᠠᠭ ᠲᠤᠬᠠᠢ᠎ᠳᠤᠨᠢ ᠣᠢ᠌ᠯᠠᠭ᠋ᠠᠨ ᠡᠵᠡᠮᠰᠢᠵᠦ᠂ ᠰᠣᠩᠭᠣᠳᠠᠭ ᠵᠦᠴᠦᠭᠡ ᠵᠢ ᠰᠣᠨᠢᠷᠬᠠᠬᠤ ᠵᠢ ᠦᠨᠡᠨ ᠬᠦ᠌ ᠪᠠᠲᠤᠯᠠᠵᠤ᠂ ᠤᠷᠠᠯᠢᠭ᠎ᠤᠨ ᠨᠠᠢ᠌ᠷ᠎ᠤᠨ ᠠᠵᠢᠯᠯᠠᠭ᠎ᠠ᠎ᠳᠤ ᠬᠡᠵᠢᠶ᠎ᠡ ᠬᠠᠮᠢᠭ᠎ᠠ ᠴᠤ᠌ ᠣᠷᠣᠯᠴᠠᠵᠤ᠂ ᠦᠵᠡᠵᠦ ᠰᠣᠨᠣᠰᠬᠤ ᠦᠪᠡᠳᠡᠭᠰᠢ ᠨᠠᠢ᠌ᠷ᠎ᠢ ᠡᠳ᠋ᠯᠡᠬᠦ ᠵᠢ ᠦᠨᠡᠨ ᠬᠦ᠌ ᠪᠡᠶᠡᠯᠡᠭᠦᠯᠦᠨ᠎ᠡ᠃ ᠪᠠᠶᠠᠷᠯᠠᠯ᠎ᠠ᠃
      ᠰᠢᠨᠬᠤᠸᠠ ᠰᠦᠯᠵᠢᠶ᠎ᠡ᠄ ᠲᠠᠯ᠎ᠠ ᠨᠤᠲᠤᠭ᠎ᠤᠨ ᠰᠣᠶᠣᠯ᠎ᠤᠨ ᠨᠠᠢ᠌ᠷ  ᠎ᠢ ᠨᠢᠭᠡᠨᠲᠡ 18 ᠬᠤᠭᠤᠴᠠᠭ᠎ᠠ ᠡᠷᠭᠢᠯᠡᠵᠡᠶ᠂ ᠲᠤᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠲᠤ ᠶᠠᠮᠠᠷ ᠶᠠᠮᠠᠷ ᠣᠨᠴᠠᠯᠢᠭ ᠎ᠲᠠᠢ ᠪᠤᠶ? ᡼
      ᠲᠢᠶᠠᠨ ᠷᠦᠢ ᠬᠤᠸᠠ᠄ ᠰᠤᠷᠪᠤᠯᠵᠢᠯᠠᠭᠴᠢ ᠨᠠᠢ᠌ᠵᠠ ᠵᠢᠨ ᠵᠶ᠋ᠠᠨ ᠠᠰᠠᠭᠤᠯᠲᠠ᠎ᠳᠤ ᠲᠠᠯᠠᠷᠬᠠᠵᠤ ᠪᠠᠢ᠌ᠨ᠎ᠠ᠃ ᠲᠤᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠭᠣᠣᠯ ᠰᠡᠳᠦᠪ᠎ᠨᠢ ᠲᠣᠪᠣᠢ᠌ᠮ᠎ᠠ᠂ ᠠᠭᠤᠯᠭ᠎ᠠ᠎ᠨᠢ ᠪᠠᠶᠠᠯᠢᠭ᠂ ᠣᠨᠴᠠᠯᠢᠭ᠎ᠨᠢ ᠢᠯᠡ ᠲᠣᠳᠣ᠂ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠴᠠᠭ ᠦᠶ᠎ᠡ ᠵᠢᠨ ᠭᠣᠣᠯ ᠰᠡᠲᠦᠪ᠂ ᠳᠤᠮᠳᠠᠳᠤ ᠵᠢᠨ ᠰᠣᠶᠣᠯ᠎ᠤᠨ ᠲᠡᠮᠳᠡᠭ ᠪᠣᠯᠣᠨ ᠳᠤᠮᠳᠠᠳᠤ ᠵᠢᠨ ᠦᠨᠳᠦᠰᠦᠲᠡᠨ᠎ᠤ ᠳᠦᠷᠢ ᠲᠥᠷᠬᠦ ᠵᠢ ᠪᠤᠶ ᠪᠣᠯᠭ᠋ᠠᠨ ᠳᠣᠪᠣᠶ᠋ᠢᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ᠎ᠤᠨ ᠭᠣᠣᠯ ᠰᠢᠵᠢᠮ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠭᠣᠣᠯ ᠰᠡᠳᠦᠪ ᠭᠣᠣᠯ ᠰᠢᠵᠢᠮ᠎ᠢ ᠡᠯ᠎ᠡ ᠵᠦᠢ᠍ᠯ᠎ᠤᠨ ᠠᠵᠢᠯᠯᠠᠭ᠎ᠠ ᠪᠠ ᠫᠷᠣᠭ᠌ᠷᠠᠮ᠎ᠤᠨ ᠪᠠᠢ᠌ᠷᠢᠯᠠᠭᠤᠯᠤᠯᠲᠠ᠎ᠳᠤ ᠲᠤᠭᠤᠰᠢᠯᠠᠭᠤᠯᠵᠤ᠂ ᠦᠨᠳᠦᠰᠦᠲᠡᠨ᠎ᠤ᠂ ᠰᠢᠨᠵᠢᠯᠡᠬᠦ ᠤᠬᠠᠭ᠋ᠠᠨᠴᠢ᠂ ᠤᠯᠠᠨ ᠲᠦᠮᠡᠨ᠎ᠤ ᠨᠡᠢ᠌ᠭᠡᠮ ᠵᠢᠷᠤᠮ᠎ᠤᠨ ᠰᠣᠶᠣᠯ᠎ᠢ ᠨᠡᠩ ᠴᠢᠬᠤᠯᠠᠴᠢᠯᠠᠵᠤ᠂ ᠨᠡᠢ᠌ᠲᠡᠯᠢᠭ ᠴᠢᠨᠠᠷ᠎ᠢ ᠨᠡᠮᠡᠭᠳᠡᠭᠦᠯᠬᠦ᠂ ᠵᠥᠷᠢᠶᠡᠲᠦ ᠴᠢᠨᠠᠷ᠎ᠢ ᠪᠠᠭᠲᠠᠭ᠋ᠠᠬᠤ ᠵᠢ ᠨᠡᠩ ᠴᠢᠬᠤᠯᠠᠴᠢᠯᠠᠵᠤ᠂ 《ᠤᠷᠠᠯᠢᠭ᠎ᠤᠨ ᠦᠪᠡᠳᠡᠭᠰᠢ ᠴᠤᠭᠯᠠᠭ᠋ᠠᠨ᠂ ᠠᠷᠠᠳ ᠲᠦᠮᠡᠨ᠎ᠤ ᠨᠢᠵᠢᠭᠡᠷ ᠪᠠᠶᠠᠷ》᠎ᠤᠨ ᠨᠠᠢ᠌ᠷ ᠡᠷᠬᠢᠯᠡᠬᠦ ᠵᠣᠷᠢᠯᠲᠠ ᠵᠢ ᠨᠡᠩ ᠴᠢᠬᠤᠯᠠᠴᠢᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠠᠵᠢᠯ᠎ᠤᠨ ᠰᠢᠨ᠎ᠡ ᠳᠦᠷᠰᠦ ᠪᠠᠢ᠌ᠳᠠᠯ᠂ ᠰᠢᠨ᠎ᠡ ᠵᠢᠳᠬᠦᠯ ᠴᠢᠷᠮᠠᠢ᠌ᠯᠭ᠎ᠠ ᠵᠢ ᠭᠦᠢ᠍ᠴᠡᠳ ᠢᠯᠡᠷᠡᠭᠦᠯᠪᠡ᠃ ᠨᠢᠭᠡ᠎ᠳᠤ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠲᠤ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠵᠢ ᠲᠣᠪᠤᠢ᠌ᠯᠭ᠋ᠠᠨ᠂ ᠰᠣᠶᠣᠯ᠎ᠢ ᠬᠠᠮᠲᠤ᠎ᠪᠠᠷ ᠡᠳ᠋ᠯᠡᠬᠦ ᠵᠢ ᠬᠦᠴᠦᠯᠡᠨ ᠠᠬᠢᠭᠤᠯᠵᠤ᠂ 25 ᠵᠦᠢ᠍ᠯ᠎ᠤᠨ ᠠᠵᠢᠯᠯᠠᠭ᠎ᠠ ᠵᠢᠨ ᠳᠣᠲᠣᠷᠠᠬᠢ 8 ᠵᠦᠢ᠍ᠯ᠎ᠨᠢ ᠣᠷᠣᠨ᠎ᠤ ᠭᠠᠳᠠᠨᠠᠬᠢ ᠰᠣᠯᠢᠯᠴᠠᠭ᠎ᠠ ᠬᠢᠵᠦ ᠲᠣᠭᠯᠠᠯᠲᠠ ᠭᠠᠷᠭ᠋ᠠᠬᠤ ᠠᠵᠢᠯᠯᠠᠭ᠎ᠠ ᠪᠠᠢ᠌ᠵᠤ᠂ ᠪᠥᠬᠥ ᠲᠣᠭ᠋ᠠᠨ᠎ᠤ ᠭᠤᠷᠪᠠᠨ᠎ᠤ ᠨᠢᠭᠡ ᠵᠢ ᠡᠵᠡᠯᠡᠨ᠎ᠡ᠂ ᠭᠣᠣᠯᠳᠠᠭᠤ ᠣᠯᠠᠨ ᠬᠦᠷᠢᠶᠡᠨ᠎ᠳᠠᠬᠢ ᠰᠣᠶᠣᠯ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠥᠷᠨᠢᠭᠦᠯᠬᠦ᠎ᠪᠠᠷ ᠭᠠᠷᠳᠠᠴᠠ ᠪᠣᠯᠭ᠋ᠠᠵᠤ᠂ ᠣᠷᠣᠨ ᠪᠦᠰᠡ ᠵᠢᠨ ᠬᠣᠭᠣᠷᠣᠨᠳᠣᠬᠢ ᠰᠣᠶᠣᠯ᠎ᠤᠨ ᠰᠣᠯᠢᠯᠴᠠᠭ᠎ᠠ ᠠᠭᠤᠰᠤᠯᠴᠠᠯ᠎ᠢ ᠲᠦᠯᠬᠢᠨ ᠠᠬᠢᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠵᠢ ᠲᠦᠯᠬᠢᠨ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠭᠦᠨᠵᠡᠭᠡᠢ ᠠᠭᠤᠳᠠᠯᠵᠤ᠂ ᠰᠠᠢ᠌ᠲᠤᠷ ᠵᠠᠯᠭ᠋ᠠᠮᠵᠢᠯᠠᠵᠤ᠂ ᠰᠠᠢ᠌ᠲᠤᠷ ᠪᠠᠳᠠᠷᠠᠭᠤᠯᠤᠨ᠎ᠠ᠃ ᠬᠣᠶᠠᠷ᠎ᠲᠤ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠲᠤ ᠰᠣᠳᠣᠨ ᠪᠦᠲᠦᠭᠡᠯ᠎ᠤᠨ ᠦᠵᠡᠯ ᠤᠬᠠᠮᠰᠠᠷ᠎ᠢ ᠳᠣᠪᠣᠶ᠋ᠢᠯᠭ᠋ᠠᠵᠤ᠂ ᠠᠵᠢᠯᠯᠠᠭ᠎ᠠ ᠪᠠ ᠫᠷᠣᠭ᠌ᠷᠠᠮ᠎ᠤᠨ ᠪᠠᠢ᠌ᠷᠢᠯᠠᠭᠤᠯᠤᠯᠲᠠ ᠵᠢᠨ ᠲᠠᠯ᠎ᠠ᠎ᠪᠠᠷ ᠰᠣᠳᠣᠨ ᠪᠦᠲᠦᠭᠡᠯ᠎ᠢ ᠳᠡᠯᠭᠡᠨ ᠦᠵᠡᠭᠦᠯᠵᠦ ᠲᠣᠭᠯᠠᠬᠤ᠎ᠪᠠᠷ ᠭᠣᠣᠯ ᠪᠣᠯᠭ᠋ᠠᠵᠤ᠂ ᠰᠢᠯᠢᠳᠡᠭ ᠵᠦᠴᠦᠭᠡ ᠵᠢᠨ ᠦᠵᠡᠭᠦᠯᠭᠡ ᠵᠢᠨ ᠲᠣᠭᠯᠠᠯᠲᠠ᠂ ᠨᠠᠷᠠᠲᠤ ᠬᠥᠮᠥᠰ᠎ᠤᠨ ᠨᠠᠷᠠᠲᠤ ᠨᠠᠢ᠌ᠷ᠎ᠤᠨ ᠲᠣᠭᠯᠠᠯᠲᠠ᠂ ᠰᠣᠩᠭᠣᠳᠠᠭ ᠳᠠᠭᠤᠤ ᠵᠢᠨ ᠲᠣᠭᠯᠠᠯᠲᠠ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠴᠡᠴᠡᠭᠯᠡᠨ ᠬᠥᠭᠵᠢᠬᠦ ᠵᠢ ᠠᠬᠢᠭᠤᠯᠤᠨ᠎ᠠ᠃ ᠭᠤᠷᠪᠠ᠎ᠳᠤ  ᠂ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠲᠤ ᠤᠷᠠᠯᠢᠭ᠎ᠤᠨ ᠬᠡᠯᠪᠡᠷᠢ ᠥᠷᠭᠡᠨ ᠳᠡᠯᠭᠡᠷ ᠪᠥᠭᠡᠳ ᠣᠯᠠᠨ ᠶᠠᠩᠵᠤ ᠵᠢᠨ ᠪᠠᠢ᠌ᠵᠤ᠂ ᠰᠣᠩᠭᠣᠳᠠᠭ ᠳᠠᠭᠤᠤ ᠵᠢᠨ ᠦᠳᠡᠰᠢᠯᠡᠭᠡ᠂ ᠣᠷᠣᠨ᠎ᠤ ᠭᠠᠳᠠᠨᠠᠬᠢ ᠰᠣᠳᠣᠨ ᠵᠦᠴᠦᠭᠡ  ᠂ ᠨᠠᠢ᠌ᠷᠠᠯ ᠬᠥᠭᠵᠢᠮ᠎ᠤᠨ ᠦᠳᠡᠰᠢᠯᠡᠭᠡ᠂ ᠣᠯᠠᠨ ᠲᠦᠮᠡᠨ᠎ᠤ ᠰᠣᠶᠣᠯ ᠤᠷᠠᠯᠢᠭ᠎ᠤᠨ ᠠᠵᠢᠯᠯᠠᠭ᠎ᠠ᠂ ᠰᠣᠶᠣᠯ ᠤᠷᠠᠯᠢᠭ᠎ᠤᠨ ᠭᠣᠣᠯ ᠰᠡᠳᠦᠪᠲᠦ ᠦᠵᠡᠭᠦᠯᠭᠡ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠴᠤᠭᠯᠠᠷᠠᠭᠤᠯᠵᠤ᠂ ᠫᠷᠣᠭ᠌ᠷᠠᠮ᠎ᠤᠨ ᠲᠣᠬᠢᠷᠠᠭᠤᠯᠤᠯᠲᠠ᠎ᠨᠢ ᠵᠦᠢ ᠵᠣᠬᠢᠰᠲᠠᠢ᠂ ᠠᠭᠤᠯᠭ᠎ᠠ᠎ᠨᠢ ᠭᠣᠢ᠌ᠳᠠ ᠰᠠᠢ᠌ᠬᠠᠨ ᠪᠠᠢ᠌ᠵᠤ᠂ ᠣᠯᠠᠨ᠎ᠳᠤ ᠤᠷᠠᠯᠢᠭ᠎ᠤᠨ ᠬᠦᠷᠲᠡᠭᠡᠯ᠂ ᠰᠣᠶᠣᠯ᠎ᠤᠨ ᠨᠥᠯᠥᠭᠡ ᠪᠠ ᠣᠶᠤᠨ ᠰᠠᠨᠠᠭ᠋ᠠᠨ᠎ᠤ ᠤᠬᠢᠶᠠᠯ ᠬᠦᠷᠲᠡᠭᠡᠬᠦ ᠪᠣᠯᠣᠨ᠎ᠠ᠃ ᠪᠠᠶᠠᠷᠯᠠᠯ᠎ᠠ᠃
      ᠵᠥᠩ ᠬᠣᠩ᠄ ᠲᠡᠳ᠋ ᠬᠡᠯᠳᠡᠰ᠎ᠤᠨ ᠲᠠᠷᠤᠭ᠎ᠠ ᠲᠢᠶᠠᠨ ᠷᠦᠢ ᠬᠤᠸᠠ ᠰᠠᠶᠢᠬᠠᠨ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ 25 ᠵᠦᠢ᠍ᠯ᠎ᠤᠨ ᠠᠵᠢᠯᠯᠠᠭ᠎ᠠ ᠵᠢᠨ ᠳᠣᠲᠣᠷᠠᠬᠢ 8 ᠵᠦᠢ᠍ᠯ᠎ᠨᠢ ᠣᠷᠣᠨ᠎ᠤ ᠭᠠᠳᠠᠨᠠᠬᠢ ᠰᠣᠯᠢᠯᠴᠠᠭ᠋ᠠᠨ᠎ᠤ ᠲᠣᠭᠯᠠᠯᠲᠠ ᠵᠢᠨ ᠠᠵᠢᠯᠯᠠᠭ᠎ᠠ ᠪᠣᠯᠣᠨ᠎ᠠ ᠭᠡᠵᠦ ᠳᠤᠷᠠᠳᠤᠭᠰᠠᠨ ᠪᠠᠢ᠌ᠨ᠎ᠠ᠂ ᠣᠷᠣᠨ᠎ᠤ ᠭᠠᠳᠠᠨᠠᠬᠢ ᠰᠣᠯᠢᠯᠴᠠᠭ᠋ᠠᠨ᠎ᠤ ᠲᠣᠭᠯᠠᠯᠲᠠ ᠵᠢᠨ ᠠᠵᠢᠯᠯᠠᠭ᠎ᠠ᠎ᠳᠤ ᠶᠠᠮᠠᠷ ᠶᠠᠮᠠᠷ ᠣᠨᠴᠠᠯᠢᠭ᠂ ᠬᠢᠯᠠᠰ ᠴᠡᠭ ᠪᠠᠢ᠌ᠬᠤ ᠵᠢ ᠨᠠᠷᠢᠨ ᠲᠠᠨᠢᠯᠴᠠᠭᠤᠯᠤᠭ᠋ᠠᠳ ᠥᠭᠭᠦᠨ᠎ᠡ   ᠦᠦ?
      ᠵᠢᠢ ᠰᠢᠶᠣᠣ ᠴᠢᠩ᠄ 《ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠵᠢ ᠠᠬᠢᠭᠤᠯᠵᠤ᠂ ᠰᠣᠶᠣᠯ᠎ᠢ ᠬᠠᠮᠲᠤ᠎ᠪᠠᠷ ᠡᠳ᠋ᠯᠡᠬᠦ ᠵᠢ ᠠᠬᠢᠭᠤᠯᠬᠤ》 ᠪᠣᠯ ᠲᠣᠰ ᠬᠤᠭᠤᠴᠠᠭ᠋ᠠᠨ᠎ᠤ ᠲᠠᠯ᠎ᠠ ᠨᠤᠲᠤᠭ᠎ᠤᠨ ᠰᠣᠶᠣᠯ᠎ᠤᠨ ᠨᠠᠢ᠌ᠷ᠎ᠤᠨ ᠭᠣᠣᠯ ᠣᠨᠴᠠᠯᠢᠭ᠎ᠤᠨ ᠨᠢᠭᠡ ᠪᠣᠯᠣᠨ᠎ᠠ᠂ ᠡᠭᠦᠨ᠎ᠤ ᠲᠤᠯᠠᠳᠠ᠂ ᠪᠢᠳᠡ ᠪᠡᠭᠡᠵᠢᠩ᠎ᠤᠨ ᠳᠠᠭᠤᠤ ᠬᠥᠭᠵᠢᠮ᠎ᠤᠨ ᠨᠡᠢ᠌ᠭᠡᠮᠯᠢᠭ᠎ᠤᠨ ᠨᠠᠢ᠌ᠷᠠᠯ ᠳᠠᠭᠤᠤ ᠵᠢᠨ ᠪᠦᠯᠬᠦᠮ᠂ ᠲᠥᠪ᠎ᠤᠨ ᠳᠠᠭᠤᠯᠠᠯᠳᠤ ᠵᠦᠴᠦᠭᠡ ᠪᠥᠵᠢᠭᠲᠦ ᠵᠦᠴᠦᠭᠡ ᠵᠢᠨ ᠬᠦᠷᠢᠶᠡᠯᠡᠩ᠂ ᠳᠤᠮᠳᠠᠳᠤ ᠤᠯᠤᠰ᠎ᠤᠨ ᠼᠢᠷᠺ᠎ᠤᠨ ᠪᠦᠯᠬᠦᠮ ᠵᠡᠷᠭᠡ ᠨᠡᠷᠡᠳᠦ ᠬᠦᠷᠢᠶᠡᠯᠡᠩ ᠪᠦᠯᠬᠦᠮ᠎ᠢ ᠤᠷᠢᠵᠤ᠂ ᠤᠯᠠᠨ᠎ᠳᠤ ᠨᠠᠢ᠌ᠷᠠᠯ ᠳᠠᠭᠤᠤ 《ᠵᠠᠮᠴᠢᠯᠠᠭᠴᠢ · ᠵᠠᠭᠤᠨ ᠵᠢᠯ᠎ᠤᠨ ᠭᠡᠷᠡᠯ ᠭᠢᠯᠪᠠᠭ᠎ᠠ》᠂ 《ᠲᠤᠷᠤᠨ᠎ᠠ ᠵᠦᠭ ᠲᠤᠶᠠᠭ᠋ᠠᠷᠠᠯ᠎ᠠ》᠂ ᠳᠤᠮᠳᠠᠳᠤ ᠭᠠᠳᠠᠭ᠋ᠠᠳᠤ ᠵᠢᠨ ᠨᠡᠷᠡᠳᠦ ᠬᠥᠮᠥᠰ᠎ᠤᠨ ᠰᠣᠩᠭᠣᠳᠠᠭ ᠳᠠᠭᠤᠤ ᠬᠥᠭᠵᠢᠮ᠎ᠤᠨ ᠴᠢᠭᠤᠯᠭ᠋ᠠᠨ᠂ ᠪᠥᠵᠢᠭᠲᠦ ᠵᠦᠴᠦᠭᠡ 《ᠺᠦᠩᠽᠢ》 ᠵᠡᠷᠭᠡ᠂ ᠰᠦᠷ ᠳᠠᠯᠠᠢ᠌ᠴᠠᠲᠠᠢ ᠲᠣᠮᠣ ᠬᠡᠯᠪᠡᠷᠢ ᠵᠢᠨ ᠲᠣᠭᠯᠠᠯᠲᠠ ᠵᠢ ᠡᠷᠭᠦᠨ ᠳᠡᠪᠰᠢᠭᠦᠯᠪᠡ᠃ ᠪᠢᠳᠡ ᠹᠧᠩ ᠢᠦᠢ ᠫᠢᠩ ᠪᠠᠭᠰᠢ᠂ ᠯᠢ ᠱᠤ᠌ ᠵᠢᠶᠠᠨ ᠪᠠᠭᠰᠢ᠂ ᠰᠢᠢᠸ ᠲᠤᠤ ᠪᠠᠭᠰᠢ᠂ ᠦ᠋ ᠹᠧᠩ ᠬᠤᠸᠠ ᠪᠠᠭᠰᠢ᠂ ᠶᠠᠩ ᠵᠢᠶᠦ᠋ᠨ ᠪᠠᠭᠰᠢ ᠵᠡᠷᠭᠡ 20 ᠰᠢᠬᠠᠮ ᠰᠢ ᠵᠦᠴᠦᠭᠡ ᠵᠢᠨ ᠨᠡᠷᠡᠳᠤ ᠬᠥᠮᠥᠰ᠎ᠢ ᠤᠷᠢᠵᠤ᠂ ᠪᠡᠭᠡᠵᠢᠩ ᠵᠦᠴᠦᠭᠡ᠂ ᠺᠦᠨᠱ᠌ᠠᠨ ᠵᠦᠴᠦᠭᠡ᠂ ᠬᠤᠸᠠᠩᠮᠸᠢ ᠰᠢ᠂ ᠱᠠᠨ ᠰᠢ ᠵᠦᠴᠦᠭᠡ ᠵᠡᠷᠭᠡ 10 ᠭᠠᠷᠤᠢ ᠵᠦᠴᠦᠭᠡ ᠵᠢᠨ ᠲᠦᠷᠦᠯ᠎ᠢ ᠴᠤᠭᠯᠠᠭᠤᠯᠵᠤ᠂ ᠠᠯᠳᠠᠷᠲᠤ ᠬᠥᠮᠥᠰ᠎ᠤᠨ ᠴᠤᠭᠯᠠᠷᠠᠭᠰᠠᠨ ᠰᠢ ᠵᠦᠴᠦᠭᠡ ᠵᠢᠨ ᠰᠣᠶᠣᠯ᠎ᠤᠨ ᠦᠪᠡᠳᠡᠭᠰᠢ ᠳᠠᠶ᠋ᠢᠯᠠᠯᠭ᠎ᠠ ᠵᠢ ᠲᠡᠪᠰᠢᠭᠦᠯᠦᠨ᠎ᠡ᠃ ᠡᠭᠦᠨ ᠵᠶ᠋ᠠᠷ ᠪᠠᠷᠠᠬᠤ ᠦᠭᠡᠢ᠂   ᠪᠢᠲᠡ ᠪᠠᠰᠠ   ᠳᠤᠮᠳᠠᠳᠤ ᠤᠯᠤᠰ᠎ᠤᠨ ᠵᠢᠶᠠᠩᠨᠠᠨ᠎ᠤ ᠤᠰᠤᠨ ᠨᠤᠲᠤᠭ᠎ᠤᠨ ᠰᠣᠶᠣᠯ᠎ᠤᠨ ᠮᠦᠽᠧᠢ᠂ ᠯᠢᠶᠣᠤᠨᠢᠩ ᠮᠤᠵᠢ ᠵᠢᠨ ᠮᠦᠽᠧᠢ ᠵᠢ ᠤᠷᠢᠵᠤ᠂ ᠥᠪᠥᠷ ᠮᠣᠩᠭᠣᠯ᠎ᠤᠨ ᠮᠦᠽᠧᠢ ᠵᠢᠨ ᠬᠦᠷᠢᠶᠡᠯᠡᠩ᠎ᠲᠠᠢ ᠬᠠᠮᠲᠤ᠎ᠪᠠᠷ ᠬᠤᠩᠱ᠌ᠠᠨ᠂ ᠯᠢᠶᠠᠩᠵᠦ ᠵᠢᠨ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠰᠬᠦᠯᠡᠩ᠎ᠢ ᠡᠷᠬᠢᠯᠡᠵᠦ᠂ ᠰᠢᠨ᠎ᠡ ᠬᠡᠯᠪᠡᠷᠢ ᠵᠢᠨ ᠰᠣᠶᠣᠯ ᠤᠷᠠᠯᠢᠭ᠎ᠤᠨ ᠦᠵᠡᠰᠬᠦᠯᠡᠩ ᠵᠶ᠋ᠡᠷ ᠳᠠᠮᠵᠢᠭᠤᠯᠵᠤ᠂ ᠭᠦᠨ ᠵᠤᠵᠠᠭ᠋ᠠᠨ ᠰᠣᠶᠣᠯ ᠤᠷᠠᠯᠢᠭ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠦᠵᠡᠭᠴᠢᠳ᠎ᠤᠨ ᠰᠡᠳᠬᠢᠯ᠎ᠳᠤ ᠰᠣᠭᠲᠣᠭᠤᠷᠠᠬᠤ ᠮᠠᠶᠢᠭ᠎ᠤᠨ ᠣᠢ᠌ᠯᠠᠭ᠋ᠠᠯᠲᠠ ᠵᠢ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠳ᠋ᠯᠡᠭᠦᠯᠦᠨ᠎ᠡ᠂ ᠡᠳᠡᠬᠡᠷ ᠨᠠᠷᠢᠨ ᠨᠢᠮᠪᠠᠢ ᠪᠡᠯᠡᠳᠬᠡᠭᠰᠡᠨ ᠲᠣᠭᠯᠠᠯᠲᠠ᠂ ᠠᠵᠢᠯᠯᠠᠭ᠎ᠠ᠎ᠨᠢ ᠤᠯᠠᠨ᠎ᠤ ᠤᠷᠠᠯᠢᠭ᠎ᠤᠨ ᠬᠦᠷᠲᠡᠭᠡᠯ᠎ᠤᠨ ᠳᠤᠮᠳᠠ ᠰᠡᠳᠬᠢᠯ ᠬᠤᠷᠭᠤᠳᠠᠭᠤᠯᠤᠨ᠂ ᠦᠯᠡᠮᠵᠢ ᠤᠯᠠᠨ ᠦᠷ᠎ᠡ ᠪᠦᠲᠦᠭᠡᠯ ᠣᠯᠬᠤ ᠵᠢ ᠢᠲᠡᠭᠡᠵᠦ ᠪᠠᠢ᠌ᠨ᠎ᠠ  ᠂ ᠪᠠᠶᠠᠷᠯᠠᠯ᠎ᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ
          
ᠬᠠᠮᠢᠶ᠎ᠡ ᠪᠦᠬᠦᠢ ᠰᠣᠨᠢᠨ
 
            