
ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯ ᠨᠢᠭᠡᠨ ᠤᠳᠠᠭ᠎ᠠ ᠵᠢᠨ ᠲᠤᠭ ᠲᠡᠮᠳᠡᠭ ᠵᠶ᠋ᠠᠨ ᠥᠨᠳᠥᠷ ᠮᠠᠨᠳᠤᠭᠤᠯᠵᠤ᠂ ᠬᠦᠴᠦᠨ ᠴᠢᠳᠠᠯ ᠵᠶ᠋ᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠬᠡ ᠬᠤᠷᠠᠯ ᠮᠥᠨ᠂ ᠲᠡᠷᠡ᠎ᠨᠢ ᠨᠠᠮ ᠪᠠ ᠤᠯᠤᠰ ᠣᠷᠣᠨ᠎ᠤ ᠬᠥᠭᠵᠢᠯᠲᠡ ᠵᠢᠨ ᠠᠬᠢᠴᠠ᠎ᠳᠤ ᠲᠤᠢ᠌ᠯ᠎ᠤᠨ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ᠎ᠲᠠᠢ ᠶᠤᠮ᠃ ᠶᠡᠷᠦᠩᠬᠡᠢ ᠱᠦᠵᠢ ᠰᠢ ᠵᠢᠨ ᠫᠢᠩ᠎ᠤᠨ ᠬᠢᠭᠰᠡᠨ ᠢᠯᠡᠳᠬᠡᠯ᠎ᠨᠢ ᠵᠣᠭᠰᠣᠴᠠ ᠥᠨᠳᠥᠷ᠂ ᠦᠵᠡᠯ ᠰᠠᠨᠠᠭ᠎ᠠ ᠭᠦᠨᠵᠡᠭᠡᠢ ᠳᠠᠯᠳᠠ᠂ ᠠᠭᠤᠯᠭ᠎ᠠ ᠭᠦᠨ ᠨᠠᠷᠢᠨ ᠪᠠᠢ᠌ᠵᠤ᠂ ᠤᠯᠤᠰ ᠲᠦᠷᠦ ᠵᠢᠨ ᠲᠠᠯ᠎ᠠ᠎ᠪᠠᠷ ᠥᠨᠳᠥᠷ᠎ᠲᠤ ᠵᠣᠭᠰᠣᠨ ᠠᠯᠤᠰ᠎ᠢ ᠪᠠᠷᠠᠯᠠᠵᠦ᠂ ᠤᠨᠤᠯ᠎ᠤᠨ ᠲᠠᠯ᠎ᠠ᠎ᠪᠠᠷ ᠭᠦᠨᠵᠡᠭᠡᠢ ᠪᠣᠳᠣᠯᠬᠢᠯᠠᠭᠰᠠᠨ ᠵᠶ᠋ᠠᠷ ᠪᠠᠷᠠᠬᠤ ᠦᠭᠡᠢ᠂ ᠬᠠᠷᠠᠯᠲᠠ ᠵᠢᠨ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨᠴᠢ ᠪᠠᠢ᠌ᠷᠢᠯᠠᠭᠤᠯᠤᠯᠲᠠ ᠪᠠ ᠠᠵᠢᠯ᠎ᠤᠨ ᠲᠠᠯ᠎ᠠ᠎ᠪᠠᠷ᠎ᠬᠢ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠶᠤᠮ᠃ ᠢᠯᠠᠩᠭᠤᠶ᠎ᠠ ᠨᠠᠢ᠍ᠮᠠᠳᠤᠭ᠋ᠠᠷ ᠪᠦᠯᠦᠭ᠎ᠲᠤ᠂ ᠲᠤᠰᠬᠠᠢ ᠰᠡᠳᠦᠪ ᠵᠶ᠋ᠡᠷ ᠰᠣᠶᠣᠯ᠎ᠤᠨ ᠪᠠᠢ᠌ᠭᠤᠯᠤᠯᠲᠠ᠎ᠳᠤ ᠰᠢᠨᠵᠢᠯᠡᠬᠦ ᠤᠬᠠᠭ᠋ᠠᠨᠴᠢ ᠪᠠᠢ᠌ᠷᠢᠯᠠᠭᠤᠯᠤᠯᠲᠠ ᠬᠢᠵᠦ᠂ ᠰᠣᠶᠣᠯ ᠪᠠ ᠰᠣᠶᠣᠯ᠎ᠤᠨ ᠪᠠᠢ᠌ᠭᠤᠯᠤᠯᠲᠠ ᠵᠢᠨ ᠪᠠᠢ᠌ᠷᠢ ᠰᠠᠭᠤᠷᠢ ᠪᠠ ᠦᠢ᠍ᠯᠡᠳᠦᠯ᠎ᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠮᠠᠨ᠎ᠤ ᠰᠣᠶᠣᠯ᠎ᠤᠨ ᠬᠡᠨ᠎ᠤ ᠲᠥᠯᠥᠭᠡ ᠬᠥᠭᠵᠢᠨ ᠮᠠᠨᠳᠤᠬᠤ᠂ ᠬᠡᠷᠬᠢᠨ ᠬᠥᠭᠵᠢᠨ ᠮᠠᠨᠳᠤᠬᠤ ᠡᠨᠡ ᠬᠦ᠌ ᠦᠨᠳᠦᠰᠦᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠰᠣᠶᠣᠯ᠎ᠳᠤ ᠬᠠᠨᠳᠤᠬᠤ ᠣᠪᠣᠷ ᠵᠣᠭᠰᠣᠯᠲᠠ᠂ ᠰᠣᠶᠣᠯ᠎ᠢ ᠬᠥᠭᠵᠢᠭᠦᠯᠬᠦ ᠰᠡᠳᠬᠢᠴᠡ ᠠᠷᠭ᠎ᠠ ᠬᠡᠮᠵᠢᠶ᠎ᠡ᠂ ᠰᠣᠶᠣᠯ᠎ᠤᠨ ᠪᠠᠢ᠌ᠭᠤᠯᠤᠯᠲᠠ ᠵᠢᠨ ᠴᠢᠭᠯᠡᠯ ᠬᠠᠷᠠᠯᠲᠠ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ 《ᠰᠣᠶᠣᠯ ᠵᠶ᠋ᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ ᠵᠶ᠋ᠠᠷ ᠰᠣᠶᠣᠯ᠎ᠢ ᠲᠤᠪᠤᠢ᠍ᠢ᠍ᠯᠭ᠋ᠠᠬᠤ ᠵᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠬᠤ》 ᠰᠢᠨ᠎ᠡ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠣᠯᠭᠣᠵᠤ᠂ ᠪᠢᠳᠡᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠢ ᠰᠠᠢ᠌ᠲᠤᠷ ᠬᠢᠬᠦ᠎ᠳᠤ ᠵᠢᠯᠤᠭᠣᠳᠬᠤ ᠴᠢᠭᠯᠡᠯᠲᠡ ᠵᠢ ᠲᠣᠳᠣᠷᠬᠠᠢ᠌ᠯᠠᠵᠤ᠂ ᠦᠨᠳᠦᠰᠦᠨ ᠵᠢᠷᠤᠮᠯᠠᠯ ᠬᠠᠩᠭ᠋ᠠᠵᠠᠢ᠃
ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠰᠢᠰᠲᠸᠮ᠎ᠤᠨ᠎ᠬᠢᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠣᠳᠣᠬᠠᠨ᠎ᠤ ᠪᠠ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ᠂ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠬᠦ ᠵᠡᠷᠭᠡ ᠠᠷᠭ᠎ᠠ ᠬᠡᠯᠪᠡᠷᠢ᠎ᠪᠠᠷ ᠲᠢᠩᠬᠢᠮ᠎ᠤᠨ ᠪᠠᠢ᠌ᠭᠤᠯᠭ᠎ᠠ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠺᠠᠳ᠋ᠷ᠎ᠢ ᠡᠭᠡᠯᠵᠢᠯᠡᠨ ᠪᠣᠯᠪᠠᠰᠤᠷᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠠᠷᠢᠬᠢᠨ᠎ᠳᠤ ᠬᠠᠳᠠᠩᠰᠢᠭᠤᠯᠵᠤ ᠰᠡᠳᠬᠢᠯ᠎ᠳᠤ ᠬᠠᠳᠠᠩᠰᠢᠭᠤᠯᠬᠤ ᠵᠢ ᠭᠦᠨᠵᠡᠭᠡᠢ ᠠᠬᠢᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠰᠣᠶᠣᠯ᠎ᠤᠨ ᠬᠥᠭᠵᠢᠯᠲᠡ ᠵᠢᠨ ᠵᠠᠮ ᠢ ᠢᠮᠠᠭᠲᠠ ᠪᠠᠷᠢᠮᠲᠠᠯᠠᠵᠤ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ᠎ᠪᠠᠷ ᠵᠢᠯᠣᠭᠣᠳᠤᠮᠵᠢ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠳᠤᠷᠠᠳᠤᠭᠰᠠᠨ ᠡᠭᠦᠷᠭᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠰᠢᠨ᠎ᠡ ᠰᠢᠪᠲᠤᠯᠤᠯᠲᠠ ᠵᠢ ᠪᠡᠶᠡᠯᠡᠭᠦᠯᠵᠦ᠂ ᠰᠢᠨ᠎ᠡ ᠪᠠᠢ᠌ᠳᠠᠯ ᠢ ᠪᠤᠶ ᠪᠣᠯᠭ᠋ᠠᠬᠤ ᠵᠢ ᠠᠬᠢᠭᠤᠯᠤᠨ᠎ᠠ᠃
ᠨᠢᠭᠡ᠎ᠳᠤ᠂ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ ᠴᠡᠴᠡᠭᠯᠡᠭᠦᠯᠦᠨ᠎ᠡ᠃
ᠬᠣᠶᠠᠷ᠎ᠲᠤ᠂ ᠤᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
ᠭᠤᠷᠪᠠ᠎ᠳᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠰᠢᠨ᠎ᠡ᠎ᠪᠠᠷ ᠡᠭᠦᠳᠦᠨ ᠬᠡᠷᠡᠭᠵᠢᠭᠦᠯᠦᠨ᠎ᠡ᠃
ᠳᠥᠷᠪᠡ᠎ᠳᠤ᠂ ᠰᠣᠶᠣᠯ᠎ᠤᠨ ᠥᠪ᠎ᠢ ᠬᠠᠮᠠᠭ᠋ᠠᠯᠠᠵᠤ ᠠᠰᠢᠭᠯᠠᠬᠤ ᠵᠢ ᠴᠢᠩᠭ᠋ᠠᠳᠬᠠᠨ᠎ᠠ᠃
ᠲᠠᠪᠤ᠎ᠳᠤ᠂ ᠴᠢᠬᠤᠯᠠ ᠶᠡᠬᠡ ᠠᠵᠤ ᠦᠢ᠍ᠯᠡᠰ᠎ᠤᠨ ᠵᠦᠢ᠍ᠯᠡᠰ᠎ᠢ ᠲᠥᠯᠥᠪᠵᠢᠭᠦᠯᠦᠨ ᠬᠡᠷᠡᠭᠵᠢᠭᠦᠯᠦᠨ᠎ᠡ᠃
ᠵᠢᠷᠭᠤᠭ᠎ᠠ᠎ᠳᠤ᠂ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠢᠳᠡᠪᠬᠢᠲᠡᠢ᠎ᠪᠠᠷ ᠪᠣᠶ ᠪᠣᠯᠭ᠋ᠠᠨ᠎ᠠ᠃
(ᠵᠣᠬᠢᠶᠠᠭᠴᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ)