ᠬᠣᠶᠠᠷ᠎ᠲᠤ᠂ ᠰᠣᠶᠣᠯ ᠵᠶ᠋ᠠᠷ ᠲᠤᠯᠬᠤ ᠴᠡᠭ ᠪᠣᠯᠭ᠋ᠠᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃ ᠰᠣᠶᠣᠯ᠎ᠤᠨ ᠪᠠᠢ᠌ᠭᠤᠯᠤᠯᠲᠠ ᠵᠢ ᠤᠬᠠᠮᠰᠠᠷ᠎ᠠᠴᠠ᠎ᠪᠠᠨ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠦᠯᠬᠢᠨ ᠠᠬᠢᠭᠤᠯᠬᠤ ᠶᠡᠬᠡ ᠲᠠᠯ᠎ᠠ ᠶᠡᠬᠡ ᠬᠠᠨᠳᠤᠰᠢ ᠵᠢᠨ ᠳᠤᠮᠳᠠ ᠪᠤᠳᠤᠯᠬᠢᠯᠠᠨ ᠲᠦᠯᠬᠢᠨ ᠠᠬᠢᠭᠤᠯᠵᠤ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠬᠠᠷᠢᠯᠴᠠᠨ ᠵᠣᠬᠢᠴᠠᠯᠳᠤᠬᠤ ᠵᠢ ᠪᠠᠷᠢᠮᠲᠠᠯᠠᠵᠤ᠂ ᠨᠡᠢ᠌ᠭᠡᠮ᠎ᠳᠤ ᠦᠢ᠍ᠯᠡᠴᠢᠯᠡᠬᠦ᠂ ᠬᠥᠭᠵᠢᠯᠲᠡ ᠵᠢ ᠲᠦᠯᠬᠢᠨ ᠠᠬᠢᠭᠤᠯᠬᠤ ᠰᠣᠶᠣᠯ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠣᠳᠣ ᠦᠶ᠎ᠡ ᠵᠢᠨ ᠰᠣᠶᠣᠯ᠎ᠤᠨ ᠠᠵᠤ ᠦᠢ᠍ᠯᠡᠰ᠎ᠤᠨ ᠰᠢᠰᠲ᠋ᠧᠮ᠎ᠢ ᠲᠡᠭᠦᠯᠳᠡᠷᠵᠢᠬᠦᠯᠬᠦ ᠵᠢᠨ ᠲᠤᠭᠤᠷᠢᠨ ᠳᠤ᠂ ᠨᠡᠢ᠌ᠭᠡᠮ᠎ᠤᠨ ᠦᠷ᠎ᠡ ᠠᠰᠢᠭ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠰᠣᠶᠣᠯ᠎ᠤᠨ ᠬᠦᠷᠢᠶᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠠᠵᠤ ᠦᠢ᠍ᠯᠡᠰ᠎ᠤᠨ ᠲᠥᠯᠦᠪᠵᠢᠭᠦᠯᠭᠡ ᠪᠠ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ ᠠᠬᠢᠭᠤᠯᠤᠨ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ᠂ ᠤᠯᠠᠭ᠋ᠠᠨ ᠲᠢᠶᠠᠲᠷ ᠤᠷᠠᠨ ᠰᠠᠢ᠌ᠬᠠᠨ᠎ᠤ ᠲᠤᠭᠯᠠᠯᠲᠠ ᠵᠢᠨ ᠺᠣᠮᠫᠠᠨᠢ᠎ᠪᠠᠷ ᠵᠢᠯᠣᠭᠣᠳᠤᠯᠭ᠎ᠠ ᠪᠣᠯᠭ᠋ᠠᠵᠤ᠂ ᠥᠷᠢᠰᠦᠯᠳᠦᠬᠦ ᠬᠦᠴᠦᠨ ᠵᠶ᠋ᠡᠷ ᠴᠢᠩᠭ᠎ᠠ ᠨᠢᠭᠡ ᠪᠦᠯᠦᠭ ᠰᠣᠶᠣᠯ᠎ᠤᠨ ᠬᠥᠲᠥᠴᠢ ᠠᠵᠤ ᠠᠬᠤᠢ᠌ᠯᠠᠯ᠎ᠢ ᠪᠣᠢ᠌ᠵᠢᠭᠤᠯᠤᠨ᠂ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠪᠣᠶ ᠪᠣᠯᠭ᠋ᠠᠬᠤ ᠵᠢ ᠠᠬᠢᠭᠤᠯᠤᠨ᠎ᠠ᠃ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠰᠣᠶᠣᠯ᠎ᠤᠨ ᠠᠵᠤ ᠦᠢ᠍ᠯᠡᠰ ᠬᠢᠭᠡᠳ ᠪᠤᠰᠤᠳ ᠠᠵᠤ ᠦᠢ᠍ᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠵᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠬᠤᠳᠠ ᠵᠢᠨ ᠪᠦᠲᠦᠭᠡᠨ ᠪᠠᠢ᠌ᠭᠤᠯᠤᠯᠲᠠ ᠵᠡᠷᠭᠡ ᠠᠵᠢᠯ ᠲᠥᠷᠥᠯ᠎ᠤᠨ ᠰᠣᠶᠣᠯ ᠤᠨ ᠠᠵᠤ ᠦᠢ᠍ᠯᠡᠰ᠎ᠤᠨ ᠴᠢᠳᠠᠪᠬᠢ ᠵᠢ ᠳᠠᠬᠦᠯᠳᠡᠷᠵᠢᠬᠦᠯᠬᠦ ᠵᠢ ᠲᠦᠯᠬᠢᠨ ᠠᠬᠢᠭᠤᠯᠵᠤ᠂ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠬᠡᠨ᠎ᠤ ᠲᠥᠪᠯᠡᠷᠡᠭᠰᠡᠨ ᠣᠷᠣᠨ᠂ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ᠂ ᠬᠤᠪᠢ᠎ᠪᠠᠷ ᠵᠶ᠋ᠠᠨ ᠲᠡᠷᠭᠡ ᠵᠢᠯᠤᠭᠣᠳᠬᠤ ᠪᠠᠭᠤᠴᠠ᠂ ᠴᠠᠨᠠᠯᠠᠬᠤ ᠵᠢᠭᠤᠯᠴᠢᠯᠠᠯ ᠠᠮᠠᠷᠠᠯᠲᠠ ᠵᠢᠨ ᠭᠠᠵᠠᠷ᠎ᠢ ᠪᠤᠢ ᠪᠣᠯᠭ᠋ᠠᠵᠤ᠂ ᠰᠣᠶᠣᠯ ᠵᠶ᠋ᠠᠷ ᠵᠢᠭᠤᠯᠴᠢᠯᠠᠯ ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠵᠢᠭᠤᠯᠴᠢᠯᠠᠯ ᠵᠶ᠋ᠠᠷ ᠰᠣᠶᠣᠯ᠎ᠢ ᠤᠯᠠᠮᠵᠢᠯᠠᠨ ᠳᠡᠯᠭᠡᠷᠡᠭᠦᠯᠬᠦ ᠵᠢ ᠠᠬᠢᠭᠤᠯᠤᠨ᠎ᠠ᠃ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠬᠠᠲᠤᠨ ᠭᠣᠣᠯ ᠳᠠᠭ᠋ᠠᠤ ᠵᠢᠨ ᠰᠣᠶᠣᠯ᠎ᠤᠨ ᠠᠵᠤ ᠦᠢ᠍ᠯᠡᠰ᠎ᠤᠨ ᠪᠦᠰᠡ ᠵᠢ ᠪᠦᠲᠦᠭᠡᠨ ᠪᠠᠢ᠌ᠭᠤᠯᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠲᠣᠭᠣᠷᠢᠨ᠎ᠳᠤ᠂ ᠣᠷᠳᠣ ᠴᠠᠭ᠋ᠠᠨ ᠬᠡᠷᠡᠮ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠤᠷᠰᠢᠯᠲᠠ ᠵᠢᠨ ᠲᠣᠭᠣᠷᠢᠭ᠂ ᠤᠯᠤᠰ᠎ᠤᠨ ᠲᠠᠰ᠎ᠤᠨ ᠰᠣᠶᠣᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠪᠠᠶ᠋ᠢᠭᠤᠯᠬᠤ ᠵᠢ ᠳᠡᠮᠵᠢᠵᠦ᠂ ᠣᠷᠣᠨ ᠪᠦᠰᠡ ᠵᠢᠨ ᠰᠤᠶᠤᠯ ᠤᠨ ᠠᠵᠤ ᠦᠢ᠍ᠯᠡᠰ ᠤᠨ ᠬᠥᠭᠵᠢᠯᠲᠡ ᠵᠢ ᠬᠠᠮᠤᠷᠤᠨ᠎ᠠ᠃ ᠡᠯ᠎ᠡ ᠭᠠᠵᠠᠷ ᠤᠷᠤᠨ᠎ᠤ ᠥᠪᠡᠷᠮᠢᠴᠡ ᠣᠨᠴᠠᠯᠢᠭ᠎ᠲᠠᠢ ᠰᠣᠶᠣᠯ᠎ᠤᠨ ᠭᠧᠨ᠎ᠢ ᠠᠭᠤᠳᠠᠯᠵᠤ᠂ ᠥᠪᠥᠷ ᠮᠣᠩᠭᠣᠯ᠎ᠤᠨ ᠦᠨᠦᠷ ᠠᠮᠲᠠ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ ᠂ ᠥᠪᠥᠷ ᠮᠣᠩᠭᠣᠯ᠎ᠤᠨ ᠬᠤᠪᠴᠠᠰᠤ ᠵᠠᠰᠠᠯ᠂ ᠥᠪᠥᠷ ᠮᠣᠩᠭᠣᠯ᠎ᠤᠨ ᠰᠣᠶᠣᠯ᠎ᠤᠨ ᠪᠥᠲᠦᠭᠡᠭᠳᠡᠬᠦᠨ ᠵᠡᠷᠭᠡ ᠰᠣᠶᠣᠯ ᠵᠢᠭᠤᠯᠴᠢᠯᠠᠯ᠎ᠤᠨ ᠰᠢᠷᠢᠰ ᠲᠠᠸᠠᠷ᠎ᠢ ᠭᠠᠷᠭ᠋ᠠᠵᠤ᠂ 《ᠪᠢ ᠲᠠᠯ᠎ᠠ ᠨᠤᠲᠤᠭ᠎ᠲᠠᠢ ᠪᠣᠯᠵᠣᠭ᠎ᠠ᠎ᠲᠠᠢ》 《ᠪᠢ ᠲᠠᠯ᠎ᠠ ᠨᠤᠲᠤᠭ᠎ᠠᠴᠠ ᠢᠷᠡᠭᠰᠡᠨ》 ᠵᠡᠷᠭᠡ ᠰᠣᠶᠣᠯ᠎ᠤᠨ ᠨᠠᠷᠠᠲᠤ ᠲᠡᠮᠳᠡᠭᠲᠦ ᠵᠢ ᠡᠭᠦᠳᠬᠦ ᠵᠢ ᠰᠠᠢ᠌ᠲᠤᠷ ᠬᠢᠵᠦ᠂ ᠤᠮᠠᠷᠠᠲᠤ ᠬᠢᠯᠢ ᠵᠢᠨ ᠰᠣᠶᠣᠯ᠎ᠢ ᠬᠥᠭᠵᠢᠭᠦᠯᠦᠨ ᠮᠠᠨᠳᠤᠭᠤᠯᠵᠤ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ》᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠨ᠎ᠠ᠃
ᠭᠤᠷᠪᠠ᠎ᠳᠤ᠂ ᠰᠣᠶᠣᠯ ᠵᠶ᠋ᠠᠷ ᠪᠠᠲᠤᠯᠠᠭ᠎ᠠ ᠪᠣᠯᠭ᠋ᠠᠵᠤ᠂ ᠠᠷᠠᠳ ᠲᠦᠮᠡᠨ᠎ᠤ ᠵᠤᠯ ᠵᠢᠷᠭ᠋ᠠᠯ᠎ᠢ ᠨᠡᠮᠡᠭᠳᠡᠭᠦᠯᠦᠨ᠎ᠡ᠃ 《ᠠᠷᠠᠳ ᠲᠦᠮᠡᠨ ᠵᠶ᠋ᠡᠷ ᠭᠣᠣᠯ ᠪᠣᠯᠭ᠋ᠠᠬᠤ》 ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠵᠤ᠂ ᠠᠷᠠᠳ ᠲᠦᠮᠡᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠪᠠ ᠠᠷᠠᠳ ᠲᠦᠮᠡᠨ᠎ᠤ ᠤᠶᠤᠨ ᠰᠠᠨᠠᠭ᠋ᠠᠨ᠎ᠤ ᠬᠦᠴᠦᠨ᠎ᠢ ᠴᠢᠩᠭ᠋ᠠᠳᠬᠠᠬᠤ ᠵᠢ ᠬᠠᠷᠢᠯᠴᠠᠨ ᠨᠢᠭᠡᠳᠦᠭᠦᠯᠬᠦ ᠵᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠠᠷᠠᠳ ᠤᠯᠠᠨ᠎ᠤ ᠤᠶᠤᠨ ᠰᠠᠨᠠᠭ᠎ᠠ ᠪᠠ ᠰᠣᠶᠣᠯ᠎ᠤᠨ ᠬᠡᠷᠡᠭᠴᠡᠭᠡ ᠵᠢᠨ ᠰᠢᠨ᠎ᠡ ᠣᠨᠴᠠᠯᠢᠭ᠂ ᠰᠢᠨ᠎ᠡ ᠬᠠᠨᠳᠤᠰᠢ ᠵᠢ ᠣᠨᠣᠪᠴᠢᠲᠠᠢ ᠡᠵᠡᠮᠳᠡᠵᠦ᠂ ᠨᠡᠩ ᠤᠯᠠᠨ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠂ ᠰᠣᠶᠣᠯ᠎ᠤᠨ ᠪᠦᠲᠦᠭᠡᠭᠳᠡᠬᠦᠨ᠎ᠢ ᠡᠭᠦᠳᠦᠨ ᠪᠦᠲᠦᠭᠡᠨ᠎ᠡ᠃ ᠠᠷᠠᠳ᠎ᠲᠤ ᠠᠰᠢᠭ ᠬᠦᠷᠲᠡᠭᠡᠬᠦ ᠲᠣᠭᠯᠠᠯᠲᠠ ᠵᠢ ᠠᠬᠢᠭᠤᠯᠵᠤ᠂ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂ 《ᠤᠮᠠᠷᠠᠲᠤ ᠵᠢᠨ ᠰᠣᠶᠣᠯ》᠎ᠢ ᠡᠯ᠎ᠡ ᠱᠠᠲᠤᠨ᠎ᠤ ᠬᠦᠷᠢᠶᠡᠯᠡᠩ ᠪᠦᠯᠬᠦᠮ᠂ ᠤᠯᠠᠭ᠋ᠠᠨᠮᠥ᠋ᠴᠢᠷ᠎ᠤᠨ ᠭᠣᠣᠯ ᠰᠡᠳᠦᠪᠲᠦ ᠵᠣᠬᠢᠶᠠᠨ ᠪᠦᠲᠦᠭᠡᠯᠭᠡ᠂ ᠤᠷᠠᠯᠢᠭ᠎ᠤᠨ ᠬᠠᠪᠰᠤᠷᠤᠨ ᠵᠢᠯᠣᠭᠣᠳᠤᠯᠭ᠎ᠠ᠂ ᠰᠣᠯᠢᠯᠴᠠᠭ᠎ᠠ ᠰᠤᠷᠤᠯᠴᠠᠯᠭ᠎ᠠ᠎ᠳᠤ ᠠᠭᠤᠰᠤᠯᠴᠠᠭᠤᠯᠤᠨ᠂ ᠥᠪᠥᠷ ᠮᠣᠩᠭᠣᠯ᠎ᠤᠨ ᠬᠥᠳᠡᠭᠡ ᠲᠣᠰᠬᠣᠨ᠎ᠤ 《 ᠬᠦᠳᠡᠭᠡ ᠲᠣᠰᠬᠣᠨ᠎ᠤ ᠦᠳᠡᠰᠢᠯᠡᠭᠡ》᠂ ᠠᠭᠤᠳᠠᠮ ᠲᠠᠯᠠᠪᠠᠶ ᠵᠢᠨ ᠪᠥᠵᠢᠭ᠎ᠤᠨ ᠤᠷᠤᠯᠳᠤᠭ᠋ᠠᠨ ᠵᠡᠷᠭᠡ ᠣᠯᠠᠨ ᠲᠦᠮᠡᠨ᠎ᠤ ᠰᠣᠶᠣᠯ᠎ᠤᠨ ᠨᠠᠷᠠᠲᠤ ᠲᠡᠮᠳᠡᠭᠲᠦ ᠵᠢᠨ ᠠᠵᠢᠯᠯᠠᠭ᠎ᠠ ᠵᠢ ᠰᠠᠢ᠌ᠲᠤᠷ ᠡᠷᠭᠢᠯᠡᠵᠦ᠂ ᠣᠯᠠᠨ ᠲᠦᠮᠡᠨ᠎ᠤ ᠣᠶᠤᠨ᠎ᠤ ᠪᠠ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠦᠴᠦᠯᠡᠨ ᠬᠠᠩᠭ᠋ᠠᠨ᠎ᠠ᠃ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠰᠣᠳᠣᠨ ᠲᠣᠭᠯᠠᠯᠲᠠ᠂ ᠰᠣᠶᠣᠯ᠎ᠤᠨ ᠪᠥᠲᠦᠭᠡᠭᠳᠡᠬᠦᠨ ᠪᠠ ᠪᠤᠳᠠᠰ᠎ᠤᠨ ᠪᠤᠰᠤ ᠰᠣᠶᠣᠯ᠎ᠤᠨ ᠥᠪ᠎ᠤᠨ ᠡᠭᠦᠳᠦᠯᠲᠡ ᠵᠢ ᠦᠵᠡᠮᠵᠢ ᠵᠢᠨ ᠣᠷᠣᠨ᠎ᠳᠤ ᠣᠷᠣᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 《ᠠᠷᠠᠳ᠎ᠤᠨ ᠵᠦᠴᠦᠭᠡ ᠵᠢᠨ ᠲᠠᠯᠠᠪᠠᠢ》 ᠵᠢ ᠢᠳᠡᠪᠬᠢᠲᠡᠢ᠎ᠪᠠᠷ ᠪᠤᠢ ᠪᠣᠯᠭ᠋ᠠᠵᠤ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠬᠤᠳᠠᠯᠳᠤᠬᠤ᠂ ᠠᠷᠤ ᠲᠠᠪᠰᠠᠭ ᠤᠨ ᠠᠵᠤ ᠠᠬᠤᠢ᠂ ᠵᠠᠬ᠎ᠠ ᠳᠡᠯᠭᠡᠭᠦᠷ᠎ᠤᠨ ᠴᠤᠭᠯᠠᠭ᠋ᠠᠨ᠎ᠤ ᠠᠵᠤ ᠠᠬᠤᠢ ᠵᠡᠷᠭᠡ᠎ᠪᠠᠷ 《ᠰᠦᠯᠵᠢᠶᠡᠨ᠎ᠤ ᠬᠠᠯᠠᠮᠰᠢᠮᠠᠯ》 ᠰᠤᠳᠤᠨ ᠪᠣᠳᠠᠰ ᠪᠠ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠵᠢ ᠪᠤᠢ ᠪᠣᠯᠭ᠋ᠠᠵᠤ᠂ ᠤᠯᠠᠨ ᠲᠦᠮᠡᠨ᠎ᠳᠤ ᠨᠡᠩ ᠲᠡᠭᠦᠯᠳᠡᠷ᠂ ᠨᠡᠩ ᠪᠠᠶᠠᠯᠢᠭ᠂ ᠨᠡᠩ ᠴᠢᠨᠠᠷ ᠰᠠᠢ᠌ᠲᠠᠢ ᠤᠶᠤᠨ᠎ᠤ ᠪᠠ ᠰᠣᠶᠣᠯ᠎ᠤᠨ ᠠᠮᠢᠳᠤᠷᠠᠯ᠎ᠢ ᠡᠳ᠋ᠯᠡᠭᠦᠯᠬᠦ᠎ᠪᠠᠷ ᠴᠢᠷᠮᠠᠢ᠌ᠨ᠎ᠠ᠃ ᠦᠢ᠍ᠯᠡᠴᠢᠯᠡᠭᠡᠨ᠎ᠤ ᠰᠠᠭᠤᠷᠢ ᠵᠢ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠠᠨ ᠨᠡᠢ᠍ᠢ᠍ᠳᠡ ᠵᠢᠨ ᠨᠣᠮ ᠤᠨ ᠰᠠᠩ᠂ ᠰᠣᠶᠣᠯ ᠤᠨ ᠣᠷᠳᠣᠨ᠎ᠤ ᠶᠡᠷᠦᠩᠬᠡᠢ ᠬᠤᠪᠢᠶᠠᠷᠢ ᠣᠷᠳᠣᠨ᠎ᠤ ᠳᠦᠷᠢᠮ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠬᠣᠰᠢᠭᠤ ᠰᠢᠶᠠᠨ ᠤ ᠤᠯᠠᠨ ᠨᠡᠢ᠍ᠢ᠍ᠳᠡ ᠵᠢᠨ ᠨᠣᠮ᠎ᠤᠨ ᠰᠠᠩ᠂ ᠰᠣᠶᠣᠯ᠎ᠤᠨ ᠣᠷᠳᠣᠨ ᠢ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠦᠵᠡᠰᠬᠦᠯᠡᠩ᠎ᠤᠨ ᠣᠷᠳᠣᠨ᠂ ᠮᠦᠽᠧᠢ᠂ ᠬᠤᠪᠢᠰᠬᠠᠯᠲᠤ ᠵᠢᠭᠤᠯᠴᠢᠯᠠᠯ᠎ᠤᠨ ᠦᠵᠡᠮᠵᠢ ᠵᠢᠨ ᠣᠷᠣᠨ ᠵᠡᠷᠭᠡ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠭᠦᠢ᠍ᠴᠡᠳ ᠠᠰᠢᠭᠯᠠᠵᠤ᠂ ᠲᠠᠷᠢᠶᠠᠯᠠᠬᠤ ᠮᠠᠯᠵᠢᠬᠤ ᠣᠷᠣᠨ᠎ᠤ ᠤᠯᠠᠨ ᠨᠡᠢ᠍ᠢ᠍ᠳᠡ ᠵᠢᠨ ᠰᠣᠶᠣᠯ ᠤᠨ ᠦᠢ᠍ᠯᠡᠴᠢᠯᠡᠭᠡᠨ᠎ᠤ ᠶᠡᠷᠦᠩᠬᠡᠢ ᠬᠡᠮᠵᠢᠶᠡᠨ ᠤ ᠬᠠᠩᠭ᠋ᠠᠯᠭ᠎ᠠ ᠵᠢ ᠬᠦᠴᠦᠯᠡᠨ ᠨᠡᠮᠡᠭᠳᠡᠭᠦᠯᠵᠦ᠂ ᠬᠤᠳᠠ ᠬᠥᠳᠡᠭᠡ ᠵᠢᠨ ᠤᠯᠠᠨ ᠨᠡᠢ᠍ᠢ᠍ᠳᠡ ᠵᠢᠨ ᠰᠣᠶᠣᠯ᠎ᠤᠨ ᠦᠢ᠍ᠯᠡᠴᠢᠯᠡᠭᠡᠨ᠎ᠢ ᠲᠡᠩᠴᠡᠭᠦᠷᠢᠰᠢᠭᠦᠯᠬᠦ ᠪᠠ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃ ᠦᠢ᠍ᠯᠡᠴᠢᠯᠡᠭᠡᠨ᠎ᠤ ᠵᠠᠭᠪᠤᠷ ᠢ ᠰᠢᠨᠡᠴᠢᠯᠡᠵᠦ᠂ ᠰᠢᠨ᠎ᠡ ᠵᠢ ᠡᠭᠦᠳᠬᠦ ᠣᠢ᠌ᠯᠠᠭ᠋ᠠᠭᠳᠠᠬᠤᠨ᠂ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠎ᠪᠠᠷ ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠤᠨ ᠪᠦᠲᠦᠮᠵᠢᠲᠡᠶ ᠬᠡᠷᠡᠭᠵᠢᠭᠦᠯᠦᠭᠳᠡᠬᠦ ᠵᠢ ᠠᠬᠢᠭᠤᠯᠵᠤ᠂ 《ᠳᠣᠣᠷ᠎ᠠ᠎ᠠᠴᠠ ᠳᠡᠭᠡᠭᠰᠢ᠂ ᠬᠡᠷᠡᠭᠴᠡᠭᠡ᠎ᠪᠠᠷ ᠬᠠᠩᠭ᠋ᠠᠯᠭ᠎ᠠ ᠵᠢ ᠲᠣᠭᠲᠠᠭ᠋ᠠᠬᠤ》 ᠲᠣᠪᠶᠣᠭ᠎ᠤᠨ ᠬᠡᠯᠪᠡᠷᠢ ᠵᠢᠨ ᠦᠢ᠍ᠯᠡᠴᠢᠯᠡᠭᠡ ᠵᠢ ᠢᠳᠡᠪᠬᠢᠲᠡᠢ ᠥᠷᠨᠢᠭᠦᠯᠵᠦ᠂ ᠲᠤᠭ᠋ᠠᠵᠢᠭᠤᠯᠤᠭᠰᠠᠨ ᠦᠢ᠍ᠯᠡᠴᠢᠯᠡᠭᠡ᠂ ᠨᠡᠭᠦᠳᠡᠯ ᠦᠢ᠍ᠯᠡᠴᠢᠯᠡᠭᠡ᠂ ᠣᠨᠴᠠᠯᠢᠭᠲᠤ ᠦᠢ᠍ᠯᠡᠴᠢᠯᠡᠭᠡ ᠵᠡᠷᠭᠡ ᠰᠢᠨ᠎ᠡ ᠠᠷᠭ᠎ᠠ ᠬᠡᠯᠪᠡᠷᠢ ᠵᠢ ᠢᠳᠡᠪᠬᠢᠲᠡᠢ ᠰᠦᠪᠡᠭᠴᠢᠯᠡᠵᠦ᠂ ᠰᠣᠶᠣᠯ᠎ᠤᠨ ᠬᠠᠩᠭ᠋ᠠᠯᠭ᠎ᠠ ᠵᠢᠨ 《ᠪᠠᠢ᠌ᠬᠤ ᠡᠰᠡᠬᠦ᠂ ᠬᠦᠷᠦᠯᠴᠡᠬᠦ ᠡᠰᠡᠬᠦ》 ᠠᠰᠠᠭᠤᠳᠠᠯ᠎ᠢ ᠰᠢᠢ᠍ᠳᠪᠦᠷᠢᠯᠡᠭᠰᠡᠨ ᠰᠠᠭᠤᠷᠢᠨ ᠳᠡᠭᠡᠷ᠎ᠡ 《ᠰᠠᠢ᠌ᠨ ᠡᠰᠡᠬᠦ᠂ ᠨᠠᠷᠢᠯᠢᠭ ᠡᠰᠡᠬᠦ》 ᠠᠰᠠᠭᠤᠳᠠᠯ᠎ᠢ ᠰᠢᠢ᠍ᠳᠪᠦᠷᠢᠯᠡᠬᠦ ᠲᠡᠢ᠌ᠰᠢ ᠳᠡᠭᠡᠭᠰᠢᠯᠡᠭᠦᠯᠬᠦ ᠵᠢ ᠬᠦᠴᠦᠯᠡᠨ ᠠᠬᠢᠭᠤᠯᠵᠤ᠂ ᠠᠷᠠᠳ ᠤᠯᠠᠨ᠎ᠤ ᠰᠣᠶᠣᠯ᠎ᠤᠨ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠨ᠎ᠡ᠃