
《ᠥᠪᠥᠷ ᠮᠣᠩᠭᠣᠯ᠎ᠤᠨ ᠡᠳᠦᠷ᠎ᠤᠨ ᠰᠣᠨᠢᠨ》 (2025 ᠣᠨ᠎ᠤ 1 ᠳ᠋ᠦ᠍ᠭᠡᠷ ᠰᠠᠷ᠎ᠠ ᠵᠢᠨ 3᠎ᠤ ᠡᠳᠦᠷ᠎ᠤᠨ ᠬᠡᠪᠯᠡᠯ᠎ᠤᠨ 1 ᠳ᠋ᠦ᠍ᠭᠡᠷ ᠨᠢᠭᠤᠷ)᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠠᠴᠠ ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠢ᠌ᠭᠤᠯᠤᠯᠲᠠ ᠵᠢ ᠳᠡᠰ ᠳᠡᠪᠰᠢᠭᠦᠯᠬᠦ ᠠᠵᠢᠯᠯᠠᠭ᠎ᠠ ᠳᠤ ᠲᠣᠳᠣᠷᠬᠠᠢ ᠪᠠᠢ᠌ᠷᠢᠯᠠᠭᠤᠯᠤᠯᠲᠠ ᠬᠢᠪᠡ᠃ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠡᠷᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠰᠤᠲᠤᠯᠤᠨ ᠲᠠᠢ᠌ᠯᠪᠤᠷᠢᠯᠠᠯᠲᠠ ᠵᠢ ᠰᠠᠢ᠌ᠲᠤᠷ ᠬᠢᠵᠦ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠴᠢᠨᠠᠷ ᠰᠠᠢ᠌ᠲᠠᠢ ᠬᠥᠭᠵᠢᠬᠦ ᠵᠢ ᠲᠦᠯᠬᠢᠨ ᠠᠬᠢᠭᠤᠯᠬᠤ ᠵᠢᠨ ᠲᠤᠬᠠᠢ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠵᠢ ᠰᠤᠷᠪᠤᠯᠵᠢᠯᠠᠪᠠ᠃ 《ᠰᠤᠳᠤᠯᠤᠨ ᠲᠠᠢ᠌ᠯᠪᠤᠷᠢᠯᠠᠬᠤ ᠪᠠ ᠤᠬᠠᠭᠤᠯᠤᠨ ᠳᠡᠯᠭᠡᠨ ᠦᠵᠡᠭᠦᠯᠬᠦ ᠵᠢ ᠴᠢᠩᠭ᠋ᠠᠳᠬᠠᠵᠤ᠂ ᠰᠣᠳᠣᠨ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠬᠦ ᠵᠢ ᠳᠡᠮᠵᠢᠵᠦ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠮᠠᠷᠠᠲᠤ ᠬᠢᠵᠠᠭ᠋ᠠᠷ᠎ᠤᠨ ᠰᠣᠶᠣᠯ᠎ᠢ ᠨᠡᠩ ᠨᠡᠷ᠎ᠡ ᠠᠯᠳᠠᠷᠰᠢᠯ ᠪᠠ ᠲᠠᠲᠠᠬᠤ ᠬᠦᠴᠦᠨ᠎ᠲᠠᠢ ᠪᠣᠯᠭ᠋ᠠᠨ᠎ᠠ》 ᠭᠡᠪᠡ᠃
《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠠᠴᠠ 〈ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠢ᠌ᠭᠤᠯᠤᠯᠲᠠ ᠵᠢ ᠳᠡᠰ ᠳᠡᠪᠰᠢᠭᠦᠯᠬᠦ ᠠᠵᠢᠯᠯᠠᠭ᠎ᠠ〉 ᠵᠢ 〈ᠵᠢᠷᠭᠤᠭ᠋ᠠᠨ ᠠᠵᠢᠯᠯᠠᠭ᠎ᠠ〉 ᠵᠢᠨ ᠨᠢᠭᠡ᠎ᠪᠠᠷ ᠵᠢᠭᠰᠠᠭ᠋ᠠᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠣᠶᠣᠯ ᠵᠢᠭᠤᠯᠴᠢᠯᠠᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠵᠢ ᠭᠦᠢ᠍ᠴᠡᠳ ᠬᠠᠷᠠᠭᠤᠯᠤᠭᠰᠠᠨ ᠮᠥᠷᠲᠡᠭᠡᠨ ᠪᠠᠰᠠ ᠪᠢᠳᠡᠨ᠎ᠤ ᠡᠨᠡ ᠵᠢᠯ᠎ᠤᠨ ᠠᠵᠢᠯ ᠵᠶ᠋ᠠᠨ ᠰᠠᠢ᠌ᠲᠤᠷ ᠬᠢᠬᠦ᠎ᠳᠤ ᠴᠢᠭᠯᠡᠯ᠎ᠢ ᠵᠢᠭ᠋ᠠᠨ ᠥᠭᠴᠦ᠂ ᠵᠢᠷᠤᠮᠯᠠᠯ ᠬᠠᠩᠭ᠋ᠠᠭᠰᠠᠨ ᠪᠠᠢ᠌ᠨ᠎ᠠ᠃ ᠪᠢᠳᠠ ᠥᠪᠡᠷᠲᠡᠭᠡᠨ ᠵᠠᠰᠠᠬᠤ ᠣᠷᠣᠨ᠎ᠤ 〈ᠨᠢᠭᠡ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ〉 ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠦᠬᠦᠳᠡ ᠬᠤᠷᠠᠯ᠎ᠤᠨ 〈ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠢ᠌ᠭᠤᠯᠤᠯᠲᠠ ᠵᠢ ᠳᠡᠰ ᠳᠡᠪᠰᠢᠭᠦᠯᠬᠦ ᠠᠵᠢᠯᠯᠠᠭ᠎ᠠ〉 ᠵᠢᠨ ᠲᠣᠭᠣᠷᠢᠨ᠎ᠳᠤ ᠬᠢᠭᠰᠡᠨ ᠲᠦᠷᠪᠡᠨ ᠲᠠᠯ᠎ᠠ ᠵᠢᠨ ᠪᠣᠳᠠᠲᠠᠢ ᠲᠣᠬᠢᠷᠠᠭᠤᠯᠤᠯᠲᠠ ᠵᠢ ᠨᠢᠭᠡᠳ ᠨᠢᠭᠡ᠎ᠪᠠᠷ ᠰᠤᠳᠤᠯᠤᠨ ᠡᠮᠬᠢᠯᠡᠵᠦ᠂ ᠨᠠᠷᠢᠯᠢᠭᠵᠢᠭᠤᠯᠤᠨ ᠵᠠᠳᠠᠯᠵᠤ᠂ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠴᠢᠨᠠᠷ ᠰᠠᠢ᠌ᠲᠠᠢ ᠠᠵᠢᠯᠯᠠᠭ᠎ᠠ ᠵᠢᠨ ᠦᠷ᠎ᠡ ᠪᠦᠲᠦᠭᠡᠯ ᠵᠶ᠋ᠡᠷ ᠪᠦᠬᠦ ᠣᠷᠣᠨ᠎ᠤ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠵᠦ ᠵᠠᠩ ᠷᠦᠢ ᠢᠯᠡᠳᠬᠡᠪᠡ᠃
ᠨᠢᠭᠡ᠎ᠳᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠰᠤᠲᠤᠯᠤᠨ ᠲᠠᠢ᠌ᠯᠪᠤᠷᠢᠯᠠᠯᠲᠠ ᠵᠢ ᠬᠦᠴᠦᠯᠡᠨ ᠰᠠᠢ᠌ᠲᠤᠷ ᠬᠢᠨ᠎ᠡ᠃ ᠣᠷᠣᠨ᠎ᠤ ᠳᠣᠲᠣᠷᠠᠬᠢ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠰᠤᠳᠤᠯᠭ᠋ᠠᠨ᠎ᠤ ᠬᠦᠴᠦᠨ᠎ᠢ ᠨᠢᠭᠡᠳᠦᠯᠲᠡᠢ ᠲᠥᠯᠥᠪᠯᠡᠵᠦ᠂ ᠮᠠᠨ᠎ᠤ ᠣᠷᠣᠨ᠎ᠤ ᠬᠤᠪᠢᠰᠬᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠬᠠᠲᠤᠨ ᠭᠣᠣᠯ᠎ᠤᠨ ᠰᠣᠶᠣᠯ ᠵᠡᠷᠭᠡ ᠡᠬᠢ ᠪᠠᠶᠠᠯᠢᠭ᠎ᠢ ᠭᠦᠢ᠍ᠴᠡᠳ ᠠᠭᠤᠳᠠᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠂ ᠮᠣᠩᠭᠣᠯ ᠮᠣᠷᠢᠨ᠎ᠤ ᠵᠣᠷᠢᠭ ᠰᠠᠨᠠᠭ᠎ᠠ᠂ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠡᠷᠭᠡ ᠠᠮᠢᠳᠤᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ ᠪᠠ ᠰᠤᠳᠤᠯᠬᠤ ᠠᠵᠢᠯ᠎ᠢ ᠭᠦᠨᠵᠡᠭᠡᠢ ᠥᠷᠨᠢᠭᠦᠯᠵᠦ᠂ 《ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢᠨ ᠳᠤᠮᠳᠠᠳᠤ ᠤᠯᠤᠰ᠎ᠤᠨ ᠰᠢ ᠵᠦᠴᠦᠭᠡ ᠵᠢᠨ ᠲᠡᠦᠬᠡ (ᠥᠪᠥᠷ ᠮᠣᠩᠭᠣᠯ᠎ᠤᠨ ᠪᠣᠳᠢ)》 ᠵᠡᠷᠭᠡ ᠤᠯᠤᠰ᠎ᠤᠨ ᠲᠦᠷᠦᠯ ᠵᠦᠢ᠍ᠯ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠲᠦᠷᠭᠡᠨ ᠠᠬᠢᠭᠤᠯᠵᠤ᠂ ᠪᠣᠷᠣᠭᠵᠢᠭᠤᠨ ᠦᠭᠡ ᠶᠠᠷᠢᠶ᠎ᠠ᠎ᠪᠠᠷ ᠠᠭᠤᠯᠤᠭᠳᠠᠵᠤ ᠪᠠᠢ᠌ᠭ᠎ᠠ ᠴᠠᠭ ᠦᠶ᠎ᠡ ᠵᠢᠨ ᠵᠣᠷᠢᠭ ᠰᠠᠨᠠᠭ᠎ᠠ ᠵᠢ ᠲᠣᠳᠣᠷᠬᠠᠢ ᠶᠠᠷᠢᠨ᠎ᠠ᠃ ᠰᠣᠶᠣᠯ᠎ᠤᠨ ᠥᠪ᠎ᠢ ᠬᠠᠮᠠᠭ᠋ᠠᠯᠠᠨ ᠵᠠᠯᠭ᠋ᠠᠮᠵᠢᠯᠠᠵᠤ ᠠᠰᠢᠭᠯᠠᠬᠤ ᠵᠢ ᠰᠠᠢ᠌ᠲᠤᠷ ᠠᠳᠬᠤᠵᠤ᠂ ᠪᠠᠷᠠᠭᠤᠨ ᠯᠢᠶᠣᠤᠾᠧ ᠭᠣᠣᠯ᠎ᠤᠨ ᠪᠣᠯᠪᠠᠰᠤᠨ᠎ᠢ 《ᠳᠤᠮᠳᠠᠳᠤ ᠵᠢᠨ ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠬᠤ ᠢᠨᠵᠧᠨᠧᠷᠢᠩ》᠎ᠳᠤ ᠣᠷᠣᠭᠤᠯᠬᠤ ᠵᠢ ᠠᠬᠢᠭᠤᠯᠵᠤ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠴᠢᠨ ᠤᠯᠤᠰ᠎ᠠᠴᠠ ᠡᠮᠦᠨᠡᠬᠢ ᠦᠶ᠎ᠡ ᠵᠢᠨ ᠦᠯᠡᠳᠡᠭᠳᠡᠯ ᠬᠠᠭᠤᠴᠢ ᠰᠤᠳᠤᠯᠤᠯ᠎ᠤᠨ ᠲᠤᠰᠬᠠᠢ ᠪᠠᠢ᠌ᠴᠠᠭ᠋ᠠᠯᠲᠠ ᠪᠠ ᠠᠭᠤᠳᠠᠯᠤᠯᠲᠠ ᠵᠡᠷᠭᠡ ᠠᠵᠢᠯ᠎ᠢ ᠡᠬᠢᠯᠡᠭᠦᠯᠦᠨ᠎ᠡ; 2025 ᠣᠨ᠎ᠤ ᠬᠤᠩᠱ᠌ᠠᠨ ᠰᠣᠶᠣᠯ᠎ᠤᠨ ᠰᠢᠰᠲ᠋ᠧᠮᠲᠦ ᠴᠢᠨᠠᠷᠲᠠᠢ ᠬᠠᠮᠠᠭ᠋ᠠᠯᠠᠯᠲᠠ ᠵᠢᠨ ᠠᠵᠢᠯ᠎ᠤᠨ ᠲᠥᠰᠥᠯ᠎ᠢ ᠨᠠᠢ᠌ᠷᠠᠭᠤᠯᠤᠨ ᠬᠡᠷᠡᠭᠵᠢᠭᠦᠯᠵᠦ᠂ ᠬᠤᠩᠱ᠌ᠠᠨ ᠰᠣᠶᠣᠯ᠎ᠤᠨ ᠪᠠᠭᠤᠷᠢ ᠵᠢᠨ ᠨᠠᠷᠢᠯᠢᠭᠵᠢᠭᠤᠯᠤᠭᠰᠠᠨ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠵᠢ ᠥᠷᠨᠢᠭᠦᠯᠵᠦ᠂ ᠲᠦᠮᠡᠨ ᠭᠠᠵᠠᠷ᠎ᠤᠨ ᠴᠠᠢ ᠵᠢᠨ ᠵᠠᠮ᠂ ᠬᠤᠩᠱ᠌ᠠᠨ ᠰᠣᠶᠣᠯ᠎ᠤᠨ ᠪᠠᠭᠤᠷᠢ ᠵᠢ ᠪᠣᠳᠠᠰ᠎ᠤᠨ ᠪᠤᠰᠤ ᠰᠣᠶᠣᠯ᠎ᠤᠨ ᠥᠪ ᠵᠶ᠋ᠡᠷ ᠮᠡᠳᠡᠭᠦᠯᠬᠦ ᠪᠠ ᠳ᠋ᠠ ᠶᠣᠣ ᠵᠢᠨ ᠪᠠᠭᠤᠷᠢ ᠵᠡᠷᠭᠡ ᠲᠣᠮᠣ ᠪᠠᠭᠤᠷᠢ ᠵᠢ ᠬᠠᠮᠠᠭ᠋ᠠᠯᠠᠵᠤ ᠰᠡᠯᠪᠢᠨ ᠵᠠᠰᠠᠬᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠣᠶᠣᠯ᠎ᠤᠨ ᠥᠪ᠎ᠢ 《ᠠᠮᠢᠳᠤᠯᠢᠭ ᠪᠣᠯᠭ᠋ᠠᠵᠤ》 ᠬᠦᠭᠵᠢᠭᠦᠯᠦᠨ᠎ᠡ᠃
ᠤᠯᠠᠭ᠋ᠠᠨᠮᠥ᠋ᠴᠢᠷ᠎ᠤᠨ 《ᠲᠦᠮᠡᠨ ᠲᠣᠰᠬᠣᠨ᠎ᠤ ᠠᠶᠠᠯᠠᠯ》᠂ 《ᠵᠠᠭᠤᠨ ᠪᠦᠯᠬᠦᠮ ᠮᠢᠩᠭ᠋ᠠᠨ ᠲᠠᠯᠠᠪᠤᠷ ᠦᠨᠳᠦᠰᠦᠨ ᠱᠠᠲᠤᠨ᠎ᠳᠤ ᠬᠦᠷᠬᠦ》᠂ 《ᠬᠢᠯᠢ ᠬᠢᠵᠠᠭ᠋ᠠᠷ᠎ᠢ ᠰᠠᠬᠢᠵᠤ ᠰᠡᠷᠭᠡᠢ᠌ᠯᠡᠯᠲᠡ ᠵᠢ ᠪ᠊ ᠪᠡᠬᠢᠵᠢᠭᠦᠯᠦᠨ · ᠬᠣᠶᠠᠷ᠎ᠢ ᠬᠦᠷᠢᠶᠡᠯᠡᠨ ᠬᠠᠮᠲᠤ᠎ᠪᠠᠷ ᠪᠠᠶ᠋ᠢᠭᠤᠯᠬᠤ》 ᠵᠡᠷᠭᠡ ᠦᠨᠳᠦᠰᠦᠨ ᠱᠠᠲᠤᠨ᠎ᠤ ᠲᠣᠭᠣᠷᠢᠨ ᠲᠣᠭᠯᠠᠯᠲᠠ ᠵᠢᠨ ᠠᠵᠢᠯᠯᠠᠭ᠎ᠠ ᠥᠷᠨᠢᠭᠦᠯᠬᠦ ᠵᠢ ᠳᠡᠮᠵᠢᠵᠦ᠂ ᠤᠮᠠᠷᠠᠲᠤ ᠬᠢᠵᠠᠭ᠋ᠠᠷ ᠤᠨ ᠰᠣᠶᠣᠯ᠎ᠤᠨ ᠠᠷᠠᠳ ᠣᠯᠠᠨ᠎ᠤ ᠣᠶᠤᠨ᠎ᠤ ᠰᠣᠶᠣᠯ᠎ᠤᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ ᠵᠢᠨ ᠬᠠᠮᠲᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠠᠩ ᠰᠠᠢ᠌ᠨ ᠴᠢᠳᠠᠪᠤᠷᠢ ᠣᠯᠭᠣᠨ᠎ᠠ᠃
ᠬᠣᠶᠠᠷ᠎ᠲᠤ᠂ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠲᠦᠷᠭᠡᠪᠴᠢᠯᠡᠨ ᠠᠬᠢᠭᠤᠯᠤᠨ᠎ᠠ᠃ ᠤᠯᠤᠰ᠎ᠤᠨ ᠥᠮᠴᠢᠯᠡᠯ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠰᠣᠶᠣᠯ᠎ᠤᠨ ᠬᠠᠮᠢᠶᠠᠷᠤᠯᠲᠠ ᠵᠢᠨ ᠰᠢᠰᠲ᠋ᠧᠮ ᠪᠠ ᠦᠢ᠍ᠯᠡᠳᠪᠦᠷᠢᠯᠡᠯ ᠡᠵᠡᠩᠨᠡᠯᠲᠡ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠰᠣᠶᠣᠯ᠎ᠤᠨ ᠦᠢ᠍ᠯᠡᠰ + ᠺᠣᠮᠫᠠᠨᠢ》᠂ 《ᠬᠦᠷᠢᠶᠡᠯᠡᠩ ᠪᠦᠯᠬᠦᠮ + ᠺᠣᠮᠫᠠᠨᠢ》᠂ 《ᠨᠡᠶ᠋ᠢᠲᠡ ᠵᠢᠨ ᠠᠰᠠᠷᠠᠮᠵᠢ + ᠵᠠᠬ᠎ᠠ ᠳᠡᠯᠭᠡᠭᠦᠷ》 ᠵᠡᠷᠭᠡ ᠡᠵᠡᠩᠨᠡᠯᠲᠡ ᠵᠢᠨ ᠵᠠᠭᠪᠤᠷ ᠵᠶ᠋ᠠᠷ ᠤᠷᠠᠯᠢᠭ᠎ᠤᠨ ᠲᠢᠶᠠᠲᠷ᠂ ᠰᠣᠶᠣᠯ᠎ᠤᠨ ᠣᠷᠳᠣᠨ᠂ ᠦᠵᠡᠰᠬᠦᠯᠡᠩ᠎ᠤᠨ ᠣᠷᠳᠣᠨ᠎ᠤ ᠵᠠᠬ᠎ᠠ ᠳᠡᠯᠭᠡᠭᠦᠷᠴᠢᠯᠡᠬᠦ ᠴᠢᠳᠠᠮᠵᠢ ᠪᠠ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃ ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠲᠢᠶᠠᠲᠷ᠎ᠤᠨ ᠱᠤᠭᠤᠮ᠎ᠤᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ᠎ᠳᠤ ᠲᠦᠰᠢᠭᠯᠡᠨ᠂ ᠪᠦᠬᠦ ᠣᠷᠣᠨ᠎ᠤ ᠲᠢᠶᠠᠲᠷ᠎ᠤᠨ ᠡᠬᠢ ᠪᠠᠶᠠᠯᠢᠭ᠎ᠢ ᠪᠦᠬᠦ ᠲᠠᠯ᠎ᠠ᠎ᠪᠠᠷ ᠠᠮᠢᠯᠠᠭᠤᠯᠵᠤ᠂ ᠪᠦᠬᠦ ᠣᠷᠣᠨ᠎ᠤ ᠰᠢᠯᠢᠳᠡᠭ ᠲᠠᠢ᠌ᠰᠠᠨ᠎ᠤ ᠤᠷᠠᠯᠢᠭ᠎ᠤᠨ ᠵᠦᠴᠦᠭᠡ (ᠨᠠᠢ᠌ᠷ) ᠵᠢᠨ ᠦᠵᠡᠭᠦᠯᠭᠡ ᠵᠢᠨ ᠲᠣᠭᠯᠠᠯᠲᠠ᠂ 《ᠤᠯᠠᠨ ᠲᠦᠮᠡᠨ᠎ᠤ ᠤᠳᠤᠨ ᠱᠠᠩᠨᠠᠯ》 ᠤᠨ ᠰᠢᠯᠢᠳᠡᠭ ᠲᠣᠭᠯᠠᠯᠲᠠ ᠵᠢᠨ ᠵᠡᠭᠦᠨ ᠬᠡᠰᠡᠭ ᠣᠷᠣᠨ᠎ᠤ ᠲᠣᠭᠣᠷᠢᠨ ᠲᠣᠭᠯᠠᠯᠲᠠ᠂ 《ᠠᠷᠪᠠᠳᠤᠭ᠋ᠠᠷ ᠬᠤᠭᠤᠴᠠᠭ᠋ᠠᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ》 ᠵᠡᠷᠭᠡ ᠠᠵᠢᠯᠯᠠᠭ᠎ᠠ ᠵᠢ ᠡᠷᠬᠢᠯᠡᠨ ᠶᠠᠪᠤᠭᠳᠠᠭᠤᠯᠤᠨ᠎ᠠ᠃
ᠭᠤᠷᠪᠠ᠎ᠳᠤ ᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠵᠤᠬᠢᠶᠠᠨ ᠪᠦᠲᠦᠭᠡᠬᠦ ᠠᠵᠢᠯ᠎ᠢ ᠬᠦᠴᠦᠯᠡᠨ ᠰᠠᠢ᠌ᠲᠤᠷ ᠠᠳᠬᠤᠬᠤ ᠬᠡᠷᠡᠭᠲᠡᠢ᠃ 《ᠭᠤᠷᠪᠠᠨ ᠨᠢᠭᠡ ᠪᠦᠯᠦᠭ》᠎ᠤᠨ ᠵᠣᠬᠢᠶᠠᠨ ᠪᠦᠲᠦᠭᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠵᠦᠴᠦᠭᠡ ᠵᠢᠨ ᠪᠦᠲᠦᠭᠡᠯ᠎ᠤᠨ ᠵᠤᠬᠢᠶᠠᠨ ᠪᠦᠲᠦᠭᠡᠯᠲᠡ᠂ ᠵᠣᠬᠢᠶᠠᠨ ᠪᠠᠢ᠌ᠭᠤᠯᠤᠯᠲᠠ᠂ ᠬᠠᠮᠢᠶᠠᠷᠤᠯᠲᠠ ᠵᠢᠨ ᠳᠦᠷᠢᠮ᠎ᠤᠨ ᠲᠣᠭᠲᠠᠴᠠ ᠵᠢ ᠲᠦᠷᠭᠡᠨ ᠪᠠᠢ᠌ᠭᠤᠯᠤᠨ ᠲᠡᠭᠦᠯᠳᠡᠷᠵᠢᠭᠦᠯᠵᠦ᠂ ᠤᠳᠬ᠎ᠠ ᠤᠷᠠᠯᠢᠭ᠎ᠤᠨ ᠪᠦᠲᠦᠭᠡᠯ᠎ᠢ ᠦᠨᠡᠯᠡᠨ ᠵᠢᠱ᠌ᠢᠬᠦ᠂ ᠬᠢᠨᠠᠨ ᠰᠢᠯᠭ᠋ᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠤᠮᠠᠷᠠᠲᠤ ᠬᠢᠵᠠᠭ᠋ᠠᠷ᠎ᠤᠨ ᠰᠣᠶᠣᠯ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠪᠡᠯᠡ ᠮᠥᠩᠭᠥ ᠵᠢ ᠰᠠᠢ᠌ᠲᠤᠷ ᠬᠠᠮᠢᠶᠠᠷᠴᠤ ᠭᠦᠢ᠍ᠴᠡᠳ ᠬᠡᠷᠡᠭᠯᠡᠵᠦ᠂ ᠳᠠᠭᠤᠷᠢ 《ᠵᠠᠩᠭ᠋ᠠᠷ》᠂ ᠼᠢᠷᠺ ᠵᠦᠴᠦᠭᠡ 《ᠪᠢᠳᠡᠨ᠎ᠤ ᠰᠠᠢ᠌ᠨ ᠰᠠᠢ᠌ᠬᠠᠨ ᠠᠮᠢᠳᠤᠷᠠᠯ》᠂ ᠶᠠᠷᠢᠶᠠᠲᠤ ᠵᠦᠴᠦᠭᠡ 《ᠮᠣᠩᠭᠣᠯ ᠲᠥᠪᠡᠳ᠎ᠤᠨ ᠰᠤᠷᠭ᠋ᠠᠭᠤᠯᠢ》 ᠵᠡᠷᠭᠡ ᠵᠦᠴᠦᠭᠡ ᠵᠢᠨ ᠪᠦᠲᠦᠭᠡᠯ᠎ᠤᠨ ᠴᠢᠨᠠᠷ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠤᠷᠺᠸᠰᠲᠷᠠ ᠵᠢᠨ ᠬᠥᠭᠵᠢᠮ 《ᠪᠢ ᠪᠣᠯᠣᠨ ᠨᠦᠩ》᠂ ᠲᠠᠭᠤᠤ ᠬᠥᠭᠵᠢᠮᠲᠦ ᠵᠦᠴᠦᠭᠡ 《ᠷᠣᠺ ᠲᠠᠯ᠎ᠠ ᠨᠤᠲᠤᠭ》᠂ ᠵᠦᠴᠦᠭᠡ 《ᠴᠣᠭ ᠵᠢᠪᠬᠤᠭ᠎ᠠ》 ᠵᠡᠷᠭᠡ ᠪᠦᠲᠦᠭᠡᠯ᠎ᠢ ᠵᠣᠬᠢᠶᠠᠨ ᠪᠦᠲᠦᠭᠡᠬᠦ ᠠᠵᠢᠯ᠎ᠢ ᠡᠬᠢᠯᠡᠭᠦᠯᠵᠦ᠂ 《ᠯᠣᠣ ᠬᠠᠢ᠌ᠭᠰᠠᠨ ᠲᠡᠮᠳᠡᠭᠯᠡᠯ》᠂ 《ᠲᠠᠨ᠎ᠲᠠᠢ ᠶᠠᠭ ᠰᠠᠢ᠌ᠬᠠᠨ ᠲᠠᠭ᠋ᠠᠷᠠᠯᠲᠤᠯᠠ》 ᠵᠡᠷᠭᠡ ᠨᠢᠭᠡ ᠪᠦᠯᠦᠭ ᠠᠮᠢᠳᠤᠷᠠᠯ᠎ᠤᠨ ᠠᠭᠤᠷ ᠠᠮᠢᠰᠬᠤᠯ ᠵᠶ᠋ᠠᠷ ᠪᠠᠶᠠᠯᠢᠭ᠂ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠱᠣᠭ ᠵᠦᠴᠦᠭᠡ ᠵᠢ ᠦᠷᠭᠦᠯᠵᠢᠯᠡᠨ ᠠᠬᠢᠭᠤᠯᠤᠨ᠎ᠠ᠃ ᠡᠭᠦᠨ᠎ᠤ ᠵᠡᠷᠭᠡ᠎ᠳᠤ᠂ ᠳᠠᠭ᠋ᠠᠭᠤᠯᠤᠭᠴᠢ ᠴᠢᠳᠠᠪᠤᠷᠢᠲᠠᠨ᠂ ᠳᠡᠭᠡᠳᠦ ᠰᠤᠲᠤᠨ ᠰᠢᠯᠢᠳᠡᠭ ᠴᠢᠳᠠᠪᠤᠷᠢᠲᠠᠨ ᠵᠡᠷᠭᠡ ᠳᠥᠷᠪᠡᠨ ᠲᠥᠷᠥᠯ᠎ᠤᠨ ᠬᠠᠮᠲᠤ ᠨᠡᠢ᠌ᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠳᠠᠪᠤᠷᠢᠲᠠᠨ᠎ᠢ ᠬᠥᠮᠥᠵᠢᠭᠦᠯᠦᠨ ᠦᠯᠡᠳᠡᠭᠡᠨ ᠬᠡᠷᠡᠭᠯᠡᠬᠦ ᠪᠠᠢ᠌ᠭᠤᠯᠤᠯ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠷᠠᠯᠢᠭ᠎ᠤᠨ ᠴᠢᠳᠠᠪᠤᠷᠢᠲᠠᠨ᠎ᠤ ᠡᠩᠨᠡᠭᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠨ᠎ᠠ᠃
ᠳᠥᠷᠪᠡ᠎ᠳᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠦᠷ᠎ᠡ ᠪᠦᠲᠦᠭᠡᠯ᠎ᠤᠨ ᠦᠵᠡᠰᠭᠦᠯᠡᠩ ᠦᠵᠡᠭᠦᠯᠭᠡ ᠵᠢ ᠴᠢᠩᠭ᠋ᠠᠳᠬᠠᠬᠤ ᠬᠡᠷᠡᠭᠲᠡᠢ᠃ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠨᠠᠷᠠᠲᠤ ᠲᠥᠷᠥᠯ ᠲᠡᠮᠳᠡᠭᠲᠦ ᠵᠢ ᠪᠥᠬᠥ ᠬᠦᠴᠦᠨ ᠵᠶ᠋ᠡᠷ ᠵᠶ᠋ᠡᠨ ᠴᠤᠭᠴᠠᠯᠠᠬᠤ᠎ᠪᠠᠷ ᠭᠣᠣᠯᠳᠠᠯᠭ᠎ᠠ ᠪᠣᠯᠭ᠋ᠠᠵᠤ᠂ ᠳᠣᠲᠣᠭ᠋ᠠᠳᠤ᠎ᠳᠤ᠎ᠪᠠᠨ ᠳᠡᠯᠭᠡᠨ ᠦᠵᠡᠭᠦᠯᠬᠦ ᠪᠠ ᠭᠠᠳᠠᠭᠰᠢ᠎ᠪᠠᠨ ᠲᠡᠯᠭᠡᠷᠡᠭᠦᠯᠦᠨ ᠦᠵᠡᠭᠦᠯᠬᠦ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠠᠳᠬᠤᠨ᠎ᠠ᠃ ᠨᠢᠭᠡ ᠲᠠᠯ᠎ᠠ᠎ᠪᠠᠷ᠂ 《ᠵᠢᠷᠭᠤᠭ᠋ᠠᠨ ᠠᠭᠤᠯᠵᠠᠷ᠎ᠤᠨ ᠨᠢᠭᠡᠲᠦᠯ— ᠥᠪᠥᠷ ᠮᠣᠩᠭᠣᠯ᠎ᠤᠨ ᠡᠷᠲᠡᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠣᠳᠣᠨ ᠪᠦᠲᠦᠭᠡᠯ᠎ᠤᠨ ᠦᠵᠡᠭᠦᠯᠭᠡ》᠂ 《ᠤᠮᠠᠷᠠᠲᠤ ᠬᠢᠵᠠᠭ᠋ᠠᠷ᠎ᠤᠨ ᠤᠯᠠ ᠮᠥᠷ — ᠳᠤᠮᠳᠠᠳᠤ ᠵᠢᠨ ᠪᠣᠯᠪᠠᠰᠤᠨ᠎ᠤ ᠥᠪᠡᠷᠮᠢᠴᠡ ᠣᠨᠴᠠᠯᠢᠭ᠎ᠤᠨ ᠦᠵᠡᠭᠦᠯᠭᠡ》 ᠵᠡᠷᠭᠡ ᠰᠣᠳᠣᠨ ᠪᠦᠲᠦᠭᠡᠯ᠎ᠤᠨ ᠲᠣᠭᠣᠷᠢᠨ ᠦᠵᠡᠭᠦᠯᠬᠦ ᠦᠵᠡᠭᠦᠯᠭᠡ ᠵᠢ 150 ᠭᠠᠷᠤᠢ ᠲᠠᠯᠠᠪᠠᠢ ᠵᠢ ᠤᠬᠠᠭ᠋ᠠᠯᠠᠨ ᠡᠷᠬᠢᠯᠡᠵᠦ᠂ ᠳᠤᠮᠳᠠᠳᠤ ᠤᠯᠤᠰ᠎ᠤᠨ 《ᠤᠯᠤᠰ᠎ᠤᠨ ᠤᠮᠠᠷᠠᠲᠤ ᠬᠢᠯᠢ ·ᠪᠣᠯᠪᠠᠰᠤᠨ᠎ᠤ ᠡᠬᠢ ᠰᠤᠷᠪᠤᠯᠵᠢ ᠵᠢ ᠬᠠᠢ᠌ᠬᠤ》 ᠰᠢᠷᠢᠰ ᠤᠬᠠᠭᠤᠯᠭ᠎ᠠ ᠵᠢ ᠥᠷᠨᠢᠭᠦᠯᠵᠦ᠂ ᠠᠷᠠᠳ ᠤᠯᠠᠨ᠎ᠳᠤ ᠰᠣᠶᠣᠯ᠎ᠤᠨ ᠦᠪᠡᠳᠡᠭᠰᠢ ᠨᠠᠢ᠌ᠷ᠎ᠢ ᠡᠳ᠋ᠯᠡᠭᠦᠯᠦᠨ᠎ᠡ; ᠨᠥᠭᠥᠭᠡ ᠲᠠᠯ᠎ᠠ᠎ᠪᠠᠷ᠂ 《ᠭᠠᠳᠠᠭᠰᠢ ᠭᠠᠷᠬᠤ》 ᠵᠢᠨ ᠪᠠᠢ᠌ᠩᠭᠤ ᠵᠢᠨ ᠲᠣᠭᠯᠠᠯᠲᠠ ᠵᠢ ᠶᠡᠬᠡᠪᠡᠷ ᠬᠡᠷᠡᠭᠵᠢᠭᠦᠯᠵᠦ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠲᠤᠮᠲᠠᠲᠤ ᠵᠢᠨ ᠣᠷᠣᠨ᠎ᠤ ᠠᠶᠠᠯᠠᠯ᠎ᠤᠨ ᠠᠵᠢᠯᠯᠠᠭ᠎ᠠ ᠵᠢ ᠥᠷᠨᠢᠭᠦᠯᠵᠦ᠂ ᠼᠢᠷᠺ ᠵᠦᠴᠦᠭᠡ 《ᠮᠠᠨ᠎ᠤ ᠰᠠᠢ᠌ᠨ ᠰᠠᠢ᠌ᠬᠠᠨ ᠠᠮᠢᠳᠤᠷᠠᠯ》᠂ ᠲᠣᠮᠣ ᠬᠡᠯᠪᠡᠷᠢ ᠵᠢᠨ ᠦᠨᠳᠦᠰᠦᠲᠡᠨ᠎ᠤ ᠤᠷᠺᠸᠰᠲᠷᠠ ᠵᠢᠨ ᠬᠥᠭᠵᠢᠮ 《ᠮᠣᠩᠭᠣᠯ ᠮᠣᠷᠢ》 ᠪᠠ 《ᠲᠦᠮᠡᠨ ᠠᠭᠲᠠ ᠵᠢᠨ ᠲᠦᠪᠡᠷᠭᠡᠨ》 ᠵᠡᠷᠭᠡ ᠮᠣᠷᠢᠨ ᠬᠤᠭᠤᠷ᠎ᠤᠨ ᠲᠤᠰᠬᠠᠢ ᠲᠣᠭᠯᠠᠯᠲᠠ ᠵᠢᠨ ᠪᠥᠬᠥ ᠤᠯᠤᠰ᠎ᠲᠤ ᠬᠦᠷᠬᠦ ᠵᠢ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠥᠯᠢᠭᠡᠷ᠎ᠢ ᠤᠳᠬ᠎ᠠ ᠤᠷᠠᠯᠢᠭ᠎ᠤᠨ ᠬᠡᠯᠪᠡᠷᠢ᠎ᠪᠠᠷ ᠰᠠᠢ᠌ᠲᠤᠷ ᠶᠠᠷᠢᠵᠤ᠂ ᠪᠥᠬᠥ ᠤᠯᠤᠰ᠎ᠤᠨ ᠡᠯ᠎ᠡ ᠭᠠᠵᠠᠷ᠎ᠤᠨ ᠵᠢᠭᠤᠯᠴᠢᠯᠠᠭᠴᠢᠳ᠎ᠤᠨ ᠥᠪᠥᠷ ᠮᠣᠩᠭᠣᠯ᠎ᠳᠤ ᠢᠷᠡᠵᠦ ᠵᠢᠭᠤᠯᠴᠢᠯᠠᠬᠤ ᠪᠠ ᠬᠠᠮᠲᠤᠷᠠᠨ ᠠᠵᠢᠯᠯᠠᠬᠤ ᠵᠢ ᠲᠠᠲᠠᠬᠤ ᠬᠡᠷᠡᠭᠲᠡᠢ᠃ ᠢᠯᠠᠩᠭᠤᠶ᠎ᠠ 《ᠥᠪᠥᠷ ᠮᠣᠩᠭᠣᠯ ᠵᠶ᠋ᠠᠷ ᠵᠢᠭᠤᠯᠴᠢᠯᠠᠬᠤ》 ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭ᠎ᠢ ᠡᠭᠦᠳᠬᠦ ᠠᠵᠢᠯ᠎ᠢ ᠪᠦᠬᠦ ᠲᠠᠯ᠎ᠠ ᠪᠠᠷ ᠰᠠᠢ᠌ᠲᠤᠷ ᠠᠳᠬᠤᠵᠤ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠎ᠠ ᠵᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ᠎ᠢ ᠰᠦᠪᠡᠭᠴᠢᠯᠡᠨ ᠠᠬᠢᠭᠤᠯᠬᠤ ᠵᠢ ᠲᠦᠷᠭᠡᠳᠬᠡᠵᠦ᠂ 《ᠢᠳᠡᠵᠦ ᠤᠤᠭᠤᠬᠤ ᠬᠣᠨᠣᠵᠤ ᠬᠡᠪᠲᠡᠬᠦ ᠶᠠᠪᠤᠵᠤ ᠰᠠᠭᠤᠬᠤ ᠵᠢᠭᠤᠯᠴᠢᠯᠠᠨ ᠨᠠᠭ᠋ᠠᠳᠬᠤ ᠬᠤᠲᠠᠯᠲᠤᠭ᠎ᠠ ᠮᠠᠢ᠌ᠮᠠᠢ ᠵᠤᠭ᠎ᠠ ᠴᠡᠩᠭᠡᠯ》᠎ᠤᠨ ᠬᠡᠷᠡᠭᠯᠡᠭᠡᠨ᠎ᠤ ᠠᠵᠤ ᠦᠢ᠍ᠯᠡᠰ᠎ᠤᠨ ᠬᠡᠯᠬᠢᠶ᠎ᠡ ᠵᠢ ᠬᠦᠴᠦ᠎ᠪᠠᠨ ᠬᠠᠮᠲᠤᠳᠬᠠᠨ ᠴᠤᠭᠴᠠᠯᠠᠬᠤ᠂ 《ᠨᠢᠭᠡ ᠪᠦᠰᠡ ᠨᠢᠭᠡ ᠵᠠᠮ · ᠤᠮᠠᠷᠠᠲᠤ ᠬᠢᠵᠠᠭ᠋ᠠᠷ᠎ᠤᠨ ᠮᠠᠭᠲᠠᠭ᠋ᠠᠯ》 ᠪᠥᠬᠥ ᠤᠯᠤᠰ᠎ᠤᠨ ᠨᠠᠢ᠌ᠷᠠᠯ ᠲᠠᠭᠤᠤ ᠵᠢᠨ ᠦᠵᠡᠭᠦᠯᠭᠡ ᠵᠢᠨ ᠲᠣᠭᠯᠠᠯᠲᠠ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ · ᠲᠠᠭᠤᠤ ᠬᠦᠭᠵᠢᠮ ᠠᠶᠠᠯᠠᠯ᠎ᠤᠨ ᠬᠠᠨᠢ》 ᠵᠡᠷᠭᠡ ᠠᠵᠢᠯᠯᠠᠭ᠎ᠠ ᠵᠢ ᠰᠠᠢ᠌ᠲᠤᠷ ᠡᠷᠭᠢᠯᠡᠵᠦ᠂ ᠣᠯᠠᠨ ᠲᠦᠮᠡᠨ ᠪᠠ ᠭᠠᠳᠠᠭ᠋ᠠᠲᠤ ᠣᠷᠣᠨ᠎ᠤ ᠵᠢᠭᠤᠯᠴᠢᠯᠠᠭᠴᠢᠳ᠎ᠲᠤ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠤᠨ ᠥᠪᠡᠷᠮᠢᠴᠡ ᠷᠢᠳᠢ ᠰᠢᠳᠢ ᠵᠢ ᠡᠳ᠋ᠯᠡᠭᠦᠯᠦᠨ᠎ᠡ᠃
ᠱᠠᠨ ᠰᠢ ᠮᠤᠵᠢ ᠵᠢᠨ 420 ᠠᠶᠠᠨᠴᠢᠨ ᠵᠢᠨᠢᠩ— ᠳ᠋ᠠᠲ᠋ᠦ᠋ᠩ— ᠶᠤᠸᠠᠨᠫᠢᠩ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡᠨ᠎ᠳᠤ ᠰᠠᠭᠤᠨ ᠥᠪᠥᠷ ᠮᠣᠩᠭᠣᠯ᠎ᠳᠤ ᠢᠷᠡᠵᠦ ᠲᠣᠭᠣᠷᠢᠨ ᠦᠵᠡᠪᠡ
ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
(ᠵᠢᠷᠤᠭ)
1 ᠳ᠋ᠦ᠍ᠭᠡᠷ ᠰᠠᠷ᠎ᠠ ᠵᠢᠨ 5᠎ᠤ ᠡᠳᠦᠷ᠎ᠤᠨ 11 ᠴᠠᠭ 47 ᠮᠢᠨᠦ᠋ᠲ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠵᠣᠬᠢᠶᠠᠨ ᠪᠠᠢ᠌ᠭᠤᠯᠤᠭᠰᠠᠨ ᠵᠢᠨᠢᠩ— ᠳ᠋ᠠᠲ᠋ᠦ᠋ᠩ— ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ᠎ᠤᠨ ᠵᠢᠭᠤᠯᠴᠢᠯᠠᠯ᠎ᠤᠨ ᠠᠩᠬᠠᠳᠠᠭᠴᠢ ᠲᠤᠰᠬᠠᠢ ᠲᠡᠷᠭᠡ D4022 ᠳ᠋ᠤᠭ᠋ᠠᠷ ᠲᠦᠷᠭᠡᠨ᠎ᠤ ᠲᠡᠮᠦᠷ ᠵᠠᠮ ᠲᠠᠢ᠌ᠶᠤᠸᠠᠨ᠎ᠤ ᠡᠮᠦᠨ᠎ᠡ ᠥᠷᠲᠡᠭᠡ᠎ᠠᠴᠠ ᠭᠠᠷᠴᠤ᠂ ᠱᠠᠨ ᠰᠢ ᠵᠢᠨ 420 ᠵᠢᠭᠤᠯᠴᠢᠯᠠᠭᠴᠢᠳ᠎ᠢ ᠲᠡᠭᠡᠭᠡᠨ ᠥᠪᠥᠷ ᠮᠣᠩᠭᠣᠯ ᠵᠦᠭ ᠮᠣᠷᠳᠠᠪᠠ᠃
ᠥᠪᠥᠷ ᠮᠣᠩᠭᠣᠯ ᠪᠠ ᠱᠠᠨ ᠰᠢ ᠬᠣᠶᠠᠷ ᠮᠤᠵᠢ ᠣᠷᠣᠨ᠎ᠤ ᠭᠠᠵᠠᠷ ᠨᠤᠲᠤᠭ ᠣᠶ᠋ᠢᠷᠠᠯᠴᠠᠭ᠎ᠠ᠂ ᠬᠥᠮᠥᠨ᠎ᠤ ᠬᠠᠷᠢᠴᠠᠭ᠎ᠠ ᠳᠣᠲᠣᠨᠣ ᠪᠠᠢ᠌ᠳᠠᠭ᠃ ᠵᠢᠨᠢᠩ— ᠳ᠋ᠠᠲ᠋ᠦ᠋ᠩ— ᠶᠤᠸᠠᠨᠫᠢᠩ ᠲᠦᠷᠭᠡᠨ᠎ᠤ ᠲᠡᠮᠦᠷ ᠵᠠᠮ ᠵᠢᠩᠬᠢᠨᠢ᠎ᠪᠠᠷ ᠨᠡᠪᠲᠡᠷᠡᠬᠦ ᠵᠢ ᠳᠠᠭ᠋ᠠᠯᠳᠤᠨ᠂ ᠱᠠᠨ ᠰᠢ ᠪᠣᠯᠣᠨ ᠥᠪᠥᠷ ᠮᠣᠩᠭᠣᠯ᠎ᠤᠨ ᠬᠣᠭᠣᠷᠣᠨᠳᠣᠬᠢ ᠵᠠᠮ ᠬᠠᠷᠢᠯᠴᠠᠭ᠎ᠠ ᠨᠡᠩ ᠳᠥᠭᠥᠮ ᠳᠥᠲᠡ ᠪᠣᠯᠵᠤ᠂ ᠬᠣᠶᠠᠷ ᠭᠠᠵᠠᠷ᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃ ᠭᠠᠯᠲᠤ ᠲᠡᠷᠭᠡᠨ᠎ᠤ ᠴᠣᠩᠬᠣᠨ᠎ᠳᠤ ᠡᠯ᠎ᠡ ᠵᠦᠢ᠍ᠯ᠎ᠤᠨ ᠰᠢᠨ᠎ᠡ ᠰᠣᠷᠭᠣᠭ ᠴᠣᠩᠬᠣᠨ᠎ᠤ ᠬᠠᠢ᠌ᠴᠢᠯᠠᠮᠠᠯ ᠨᠠᠭ᠋ᠠᠵᠤ᠂ ᠲᠡᠷᠭᠡᠨ ᠲᠠᠰᠤᠯᠭ᠎ᠠ᠎ᠳᠤ 《ᠪᠤᠶᠠᠨ》 ᠦᠰᠦᠭ᠂ 《ᠬᠠᠪᠤᠷ》 ᠦᠰᠦᠭ᠎ᠢ ᠡᠯᠭᠦᠵᠦ᠂ ᠴᠠᠭ᠋ᠠᠨ ᠰᠠᠷ᠎ᠠ ᠵᠢᠨ ᠠᠭᠤᠷ ᠠᠮᠢᠰᠬᠤᠯ ᠪᠢᠯᠬᠠᠨ ᠠᠶᠠᠨᠴᠢᠳ᠎ᠤᠨ ᠰᠡᠳᠬᠢᠯ᠎ᠢ ᠲᠤᠯᠠᠭ᠋ᠠᠯᠠᠨᠠ ᠃ ᠱᠠᠨ ᠰᠢ ᠮᠤᠵᠢ ᠵᠢᠨ ᠵᠢᠭᠤᠯᠴᠢᠯᠠᠭᠴᠢᠳ᠎ᠲᠤ ᠥᠪᠥᠷ ᠮᠣᠩᠭᠣᠯ᠎ᠤᠨ ᠬᠠᠯᠠᠭᠤᠨ ᠰᠡᠳᠬᠢᠯᠭᠡ ᠵᠢ ᠭᠦᠢ᠍ᠴᠡᠳ ᠣᠢ᠌ᠯᠠᠭ᠋ᠠᠭᠤᠯᠬᠤ ᠵᠢᠨ ᠲᠥᠯᠥᠭᠡ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠤᠯᠠᠭ᠋ᠠᠨᠮᠥ᠋ᠴᠢᠷ᠎ᠤᠨ ᠭᠡᠰᠢᠭᠦᠳ ᠭᠠᠯᠲᠤ ᠲᠡᠷᠭᠡᠨ ᠳᠡᠭᠡᠷ᠎ᠡ ᠵᠢᠭᠤᠯᠴᠢᠯᠠᠭᠴᠢᠳ᠎ᠲᠤ ᠭᠣᠢ᠌ᠳᠠ ᠰᠠᠢ᠌ᠬᠠᠨ ᠲᠣᠭᠯᠠᠯᠲᠠ ᠭᠠᠷᠭ᠋ᠠᠵᠤ ᠥᠭᠴᠡᠢ᠃
ᠣᠢ᠌ᠯᠠᠭ᠋ᠠᠭᠰᠠᠨ ᠵᠶ᠋ᠠᠷ᠂ 1 ᠳ᠋ᠦ᠍ᠭᠡᠷ ᠰᠠᠷ᠎ᠠ ᠵᠢᠨ 5᠎ᠤ ᠡᠳᠦᠷ᠂ ᠪᠥᠬᠥ ᠤᠯᠤᠰ᠎ᠤᠨ ᠲᠡᠮᠦᠷ ᠵᠠᠮ᠎ᠤᠨ᠎ᠬᠢᠨ ᠭᠠᠯᠲᠤ ᠲᠡᠷᠭᠡᠨ᠎ᠤ ᠰᠢᠨ᠎ᠡ ᠠᠶᠠᠯᠠᠯ᠎ᠤᠨ ᠵᠢᠷᠤᠭ᠎ᠢ ᠵᠢᠩᠬᠢᠨᠢ᠎ᠪᠠᠷ ᠬᠡᠷᠡᠭᠵᠢᠭᠦᠯᠵᠦ᠂ ᠥᠪᠥᠷ ᠮᠣᠩᠭᠣᠯ᠎ᠤᠨ ᠳᠤᠮᠳᠠ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠳᠤᠮᠳᠠᠳᠤ ᠣᠷᠣᠨ᠂ ᠪᠠᠷᠠᠭᠤᠨ ᠬᠣᠢ᠌ᠲᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ ᠣᠷᠣᠨ᠎ᠳᠤ ᠬᠦᠷᠬᠦ ᠲᠡᠮᠦᠷ ᠵᠠᠮ᠎ᠤᠨ ᠠᠶᠠᠯᠠᠯ᠎ᠤᠨ ᠴᠠᠭ᠎ᠢ ᠥᠩᠭᠡᠷᠡᠭᠰᠡᠨ᠎ᠤ᠎ᠬᠢ᠎ᠠᠴᠠ ᠬᠠᠭ᠋ᠠᠰ ᠣᠷᠴᠢᠮ ᠵᠶ᠋ᠠᠷ ᠪᠣᠭᠣᠨᠢᠰᠬᠠᠪᠠ᠃ ᠲᠦᠷᠪᠡᠨ ᠵᠦᠭ ᠨᠠᠢ᠍ᠮᠠᠨ ᠵᠤᠪᠬᠢᠰ᠎ᠤᠨ ᠵᠢᠭᠤᠯᠴᠢᠯᠠᠭᠴᠢᠳ ᠲ᠋ᠦᠷᠭᠡᠨᠤ ᠭᠠᠯᠲᠤ ᠲᠡᠷᠭᠡᠨ᠎ᠳᠤ ᠰᠠᠭᠤᠵᠤ ᠡᠬᠡ ᠤᠯᠤᠰ᠎ᠤᠨ ᠤᠮᠠᠷᠠᠲᠤ ᠬᠢᠯᠢ᠎ᠳᠤ ᠰᠢᠭᠤᠳ ᠬᠦᠷᠴᠦ᠂ ᠰᠦᠷᠯᠢᠭ ᠰᠠᠢ᠌ᠬᠠᠨ ᠥᠷᠭᠡᠨ ᠠᠭᠤᠳᠠᠮ ᠲᠠᠯ᠎ᠠ ᠨᠤᠲᠤᠭ᠎ᠢ ᠠᠭᠤᠵᠢᠷᠠᠲᠠᠯ᠎ᠠ ᠣᠢ᠌ᠯᠠᠭ᠋ᠠᠵᠤ᠂ ᠡᠨᠳᠡᠬᠢ ᠬᠢᠵᠠᠭ᠋ᠠᠯᠠᠰᠢ ᠦᠭᠡᠢ ᠷᠢᠳᠢ ᠰᠢᠳᠢ ᠵᠢ ᠰᠤᠨᠢᠷᠬᠠᠬᠤ ᠪᠤᠯᠤᠨ᠎ᠠ ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠪᠥᠬᠥ ᠣᠷᠣᠨ᠎ᠤ ᠰᠣᠶᠣᠯ᠎ᠤᠨ ᠠᠵᠤ ᠦᠢ᠍ᠯᠡᠰ ᠪᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠢ ᠶᠠᠷᠢᠯᠴᠠᠪᠠ
ᠢᠷᠡᠯᠲᠡ᠄ ᠥᠪᠥᠷ ᠮᠣᠩᠭᠣᠯ᠎ᠤᠨ ᠲᠣᠭ᠎ᠠ ᠪᠦᠷᠢᠳᠬᠡᠯ᠎ᠤᠨ ᠣᠬᠣᠷ ᠮᠡᠳᠡᠭᠡᠯᠡᠯ
ᠣᠳᠣᠬᠠᠨ᠎ᠤ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ᠎ᠢ ᠭᠦᠨᠵᠡᠭᠡᠢ ᠰᠤᠳᠤᠯᠤᠨ ᠮᠠᠭ᠋ᠠᠳᠯᠠᠵᠤ᠂ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠪᠦᠷᠢᠳᠬᠡᠯ᠎ᠤᠨ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ 1 ᠳ᠋ᠦ᠍ᠭᠡᠷ ᠰᠠᠷ᠎ᠠ ᠵᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠨᠠᠷ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠬᠦᠷᠴᠦ ᠶᠠᠷᠢᠯᠴᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ ᠶᠠᠷᠢᠯᠴᠠᠬᠤ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
(ᠵᠢᠷᠤᠭ)
ᠬᠤᠷᠠᠯ᠎ᠠᠴᠠ ᠪᠦᠬᠦ ᠣᠷᠣᠨ᠎ᠤ ᠰᠣᠶᠣᠯ᠎ᠤᠨ ᠠᠵᠤ ᠦᠢ᠍ᠯᠡᠰ ᠪᠣᠯᠣᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠠᠵᠤ ᠠᠬᠤᠢ᠌ᠯᠠᠯ᠎ᠤᠨ ᠳᠦᠷᠢᠮ ᠲᠣᠭᠲᠠᠭ᠋ᠠᠯ᠎ᠢ ᠳᠡᠭᠡᠭᠰᠢᠯᠡᠭᠦᠯᠦᠨ ᠨᠢᠭᠡᠳᠦᠯᠲᠡᠢ ᠪᠣᠯᠭ᠋ᠠᠬᠤ ᠵᠢ ᠳᠡᠮᠵᠢᠬᠦ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠲᠣᠭ᠎ᠠ ᠪᠦᠷᠢᠳᠬᠡᠯ᠎ᠤᠨ ᠬᠢᠨᠠᠨ ᠬᠡᠮᠵᠢᠬᠦ ᠰᠢᠰᠲᠸᠮ ᠪᠣᠯᠣᠨ ᠠᠷᠭ᠎ᠠ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠳᠦᠷᠢᠮ᠎ᠢ ᠬᠢᠨᠠᠨ ᠵᠥᠪᠰᠢᠶᠡᠷᠡᠬᠦ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢᠴᠢ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠬᠤ ᠵᠢ ᠬᠠᠮᠲᠤᠷᠠᠨ ᠥᠷᠨᠢᠭᠦᠯᠬᠦ ᠵᠡᠷᠭᠡ ᠲᠠᠯ᠎ᠠ᠎ᠪᠠᠷ ᠭᠦᠨᠵᠡᠭᠡᠢ ᠰᠣᠯᠢᠯᠴᠠᠨ ᠶᠠᠷᠢᠯᠴᠠᠪᠠ᠃
(ᠵᠢᠷᠤᠭ)
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠬᠠᠮᠢᠶ᠎ᠠ ᠪᠦᠬᠦᠢ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃
ᠥᠪᠥᠷ ᠮᠣᠩᠭᠣᠯ᠎ᠤᠨ ᠮᠦᠽᠧᠢ ᠪᠥᠬᠥ ᠤᠯᠤᠰ᠎ᠤᠨ ᠰᠣᠶᠣᠯ᠎ᠤᠨ ᠡᠭᠦᠳᠦᠯᠲᠡ ᠵᠢᠨ ᠨᠡᠭᠡᠭᠡᠨ ᠬᠥᠭᠵᠢᠭᠦᠯᠦᠯᠲᠡ ᠵᠢᠨ ᠲᠤᠷᠰᠢᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠎ᠳᠤ ᠨᠢᠭᠡᠳᠦᠭᠡᠷ ᠳᠡᠰ ᠵᠶ᠋ᠠᠷ ᠦᠨᠡᠯᠡᠭᠳᠡᠪᠡ
ᠢᠷᠡᠯᠲᠡ᠄ ᠥᠪᠥᠷ ᠮᠣᠩᠭᠣᠯ᠎ᠤᠨ ᠮᠦᠽᠧᠢ
(ᠵᠢᠷᠤᠭ)
ᠣᠢ᠌ᠷ᠎ᠠ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠠᠯᠪᠠᠨ ᠭᠡᠷ᠎ᠠᠴᠠ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠢᠭᠡᠴᠢ ᠵᠢᠨ ᠰᠣᠶᠣᠯ᠎ᠤᠨ ᠪᠦᠲᠦᠭᠡᠯᠴᠢ ᠦᠢ᠍ᠯᠡᠳᠬᠦᠨ᠎ᠢ ᠨᠡᠭᠡᠭᠡᠨ ᠬᠥᠭᠵᠢᠭᠦᠯᠬᠦ ᠲᠤᠷᠰᠢᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠡᠢ᠌ᠲᠡᠯᠡᠵᠦ᠂ ᠥᠪᠥᠷ ᠮᠣᠩᠭᠣᠯ᠎ᠤᠨ ᠮᠦᠽᠧᠢ ᠨᠢᠭᠡᠳᠦᠭᠡᠷ ᠳᠡᠰ ᠵᠶ᠋ᠠᠷ ᠦᠨᠡᠯᠡᠭᠳᠡᠪᠡ᠃
ᠠᠩᠬᠠᠳᠠᠭᠴᠢ ᠪᠦᠯᠦᠭ ᠪᠦᠬᠦ ᠤᠯᠤᠰ᠎ᠤᠨ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠢᠭᠡᠴᠢ ᠵᠢᠨ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠲᠤᠷᠰᠢᠯᠲᠠ ᠵᠢᠨ ᠴᠡᠭ᠎ᠤᠨ ᠨᠢᠭᠡᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠮᠦᠽᠧᠢ ᠵᠢᠨ᠎ᠬᠢᠨ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠲᠤ ᠲᠦᠰᠢᠭᠯᠡᠨ᠂ ᠤᠯᠠᠨ ᠶᠠᠩᠵᠤ ᠬᠡᠯᠪᠡᠷᠢ᠎ᠲᠠᠢ᠂ ᠪᠠᠶᠠᠯᠢᠭ ᠰᠡᠳᠦᠪ᠎ᠲᠠᠢ ᠤᠮᠠᠷᠠᠲᠤ ᠬᠢᠵᠠᠭ᠋ᠠᠷ ᠤᠷᠤᠨ᠎ᠤ ᠣᠨᠴᠠᠯᠢᠭ᠎ᠲᠠᠢ ᠰᠣᠶᠣᠯ᠎ᠤᠨ ᠡᠭᠦᠳᠦᠯᠲᠡ ᠵᠢ ᠲᠥᠯᠥᠪᠯᠡᠨ ᠰᠤᠳᠤᠯᠤᠨ ᠨᠡᠭᠡᠭᠡᠵᠦ᠂ ᠣᠳᠣᠬᠠᠨ᠎ᠳᠤ ᠪᠦᠲᠦᠭᠡᠭᠳᠡᠬᠦᠨ᠎ᠤ ᠲᠦᠷᠦᠯ ᠵᠦᠢ᠍ᠯ 3268 ᠲᠦᠷᠦᠯ᠎ᠳᠤ ᠬᠦᠷᠴᠡᠢ᠃
ᠥᠪᠥᠷ ᠮᠣᠩᠭᠣᠯ᠎ᠤᠨ ᠮᠦᠽᠧᠢ ᠵᠢᠨ ᠰᠣᠶᠣᠯ᠎ᠤᠨ ᠡᠭᠦᠳᠦᠯᠲᠡ ᠵᠢᠨ ᠪᠦᠯᠬᠦᠮ᠎ᠤᠨ᠎ᠬᠢᠨ ᠮᠦᠽᠧᠢ᠎ᠳᠤ ᠬᠠᠳᠠᠭ᠋ᠠᠯᠠᠵᠤ ᠪᠠᠢ᠌ᠭ᠎ᠠ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠵᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠠᠭᠤᠯᠤᠭᠳᠠᠬᠤᠨ᠎ᠢ ᠭᠦᠨᠵᠡᠭᠡᠢ ᠠᠭᠤᠳᠠᠯᠵᠤ᠂ ᠤᠳᠤ ᠦᠶ᠎ᠡ ᠵᠢᠨ ᠵᠢᠷᠤᠭ ᠲᠥᠯᠥᠪᠯᠡᠭᠡ ᠵᠢᠨ ᠣᠢ᠌ᠯᠠᠭ᠋ᠠᠭᠳᠠᠬᠤᠨ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠤᠨ ᠲᠡᠦᠬᠡ ᠵᠢ ᠲᠤᠰᠬᠠᠭᠰᠠᠨ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠣᠨᠴᠠᠯᠢᠭ ᠪᠠ ᠴᠠᠭ ᠦᠶ᠎ᠡ ᠵᠢᠨ ᠵᠣᠷᠢᠭ ᠰᠠᠨᠠᠭ᠎ᠠ᠎ᠲᠠᠢ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠢ ᠨᠡᠩ ᠤᠯᠠᠨ ᠪᠦᠲᠦᠭᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠤᠯᠠᠮ ᠴᠢᠨᠠᠭᠰᠢᠳᠠ ᠪᠠᠲᠤᠳᠬᠠᠵᠤ᠂ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠪᠠ ᠰᠣᠶᠣᠯ᠎ᠤᠨ ᠥᠪ᠎ᠤᠨ ᠬᠠᠮᠠᠭ᠋ᠠᠯᠠᠯᠲᠠ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃
ᠯᠣᠣ ᠨᠢᠦ ᠸᠠᠨ᠎ᠤ ᠬᠠᠲᠤᠨ ᠭᠣᠣᠯ᠎ᠤᠨ ᠶᠡᠬᠡ ᠬᠠᠪᠴᠢᠯ ᠠᠮᠵᠢᠯᠲᠠ᠎ᠲᠠᠢ᠎ᠪᠠᠷ ᠤᠯᠤᠰ᠎ᠤᠨ 5A ᠳᠡᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠢ᠌ᠭᠤᠯᠵᠤ᠂ ᠣᠷᠣᠨ᠎ᠤ ᠲᠥᠪ᠎ᠤᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠨᠡᠭᠡᠭᠡᠪᠡ
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
2024 ᠣᠨ᠎ᠤ 12 ᠳ᠋ᠤᠭ᠋ᠠᠷ ᠰᠠᠷ᠎ᠠ ᠵᠢᠨ 27 ᠤ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠯᠣᠣ ᠨᠢᠦ ᠸᠠᠨ᠎ᠤ ᠬᠠᠳᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ᠎ᠢ ᠠᠮᠵᠢᠯᠲᠠ᠎ᠲᠠᠢ ᠪᠡᠷ᠎ᠡ ᠬᠥᠬᠡᠬᠣᠲᠠ ᠵᠢᠨ ᠠᠩᠬᠠᠳᠠᠭᠴᠢ ᠤᠯᠤᠰ᠎ᠤᠨ 5A ᠳᠡᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ ᠵᠶ᠋ᠠᠷ ᠪᠠᠢ᠌ᠭᠤᠯᠤᠭᠰᠠᠨ᠎ᠢ ᠨᠡᠢ᠌ᠲᠡᠯᠡᠪᠡ᠃ ᠣᠲᠣ ᠪᠣᠯᠲᠠᠯ᠎ᠠ᠂ ᠥᠪᠥᠷ ᠮᠣᠩᠭᠣᠯ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ 8 ᠪᠣᠯᠵᠤ ᠨᠡᠮᠡᠭᠳᠡᠪᠡ᠃ ᠯᠣᠣ ᠨᠢᠦ ᠸᠠᠨ᠎ᠤ ᠬᠠᠲᠤᠨ ᠭᠣᠣᠯ᠎ᠤᠨ ᠶᠡᠬᠡ ᠬᠠᠪᠴᠢᠯ᠎ᠤᠨ ᠵᠢᠭᠤᠯᠴᠢᠯᠠᠯ᠎ᠤᠨ ᠣᠷᠣᠨ 2016 ᠣᠨ᠎ᠤ 11 ᠳ᠋ᠦ᠍ᠭᠡᠷ ᠰᠠᠷ᠎ᠠ᠎ᠳᠤ 4A ᠳᠡᠰ᠎ᠤᠨ ᠦᠵᠡᠮᠵᠢ ᠵᠢᠨ ᠣᠷᠣᠨ ᠵᠶ᠋ᠡᠷ ᠡᠭᠦᠳᠦᠨ ᠪᠠᠢ᠌ᠭᠤᠯᠵᠤ᠂ 2023 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠦᠵᠡᠮᠵᠢ ᠵᠢᠨ ᠤᠷᠤᠨ᠎ᠤ ᠦᠨᠡᠯᠡᠯᠲᠡ᠎ᠪᠠᠷ ᠳᠡᠮᠵᠢᠨ᠂ ᠤᠯᠤᠰ᠎ᠤᠨ 5A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠶ᠋ᠢᠭᠤᠯᠬᠤ᠎ᠪᠠᠷ ᠵᠢᠱ᠌ᠢᠭᠳᠡᠭᠰᠡᠳ᠎ᠤᠨ ᠨᠡᠷᠡᠰ᠎ᠲᠤ ᠣᠷᠣᠭᠰᠠᠨ ᠪᠥᠭᠡᠳ 2024 ᠣᠨ᠎ᠤ 12 ᠳ᠋ᠤᠭ᠋ᠠᠷ ᠰᠠᠷ᠎ᠠ ᠵᠢᠨ 13᠎ᠤ ᠡᠳᠦᠷ ᠠᠯᠪᠠᠨ ᠶᠤᠰᠤ᠎ᠪᠠᠷ ᠨᠡᠢ᠌ᠲᠡᠯᠡᠵᠦ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠦᠵᠡᠮᠵᠢ ᠵᠢᠨ ᠦᠨᠡᠯᠡᠯᠲᠡ᠎ᠪᠠᠷ ᠳᠡᠮᠵᠢᠨ ᠡᠭᠦᠳᠦᠨ ᠪᠦᠲᠦᠭᠡᠬᠦ ᠠᠯᠪᠠᠨ ᠵᠠᠷ᠎ᠤᠨ ᠱᠠᠲᠤᠨ᠎ᠳᠤ ᠣᠷᠣᠭᠰᠠᠨ ᠪᠠᠢ᠌ᠨ᠎ᠠ᠂ ᠤᠷᠢᠳ ᠬᠣᠵᠢᠳ ᠵᠥᠪᠬᠡᠨ 1 ᠵᠢᠯ 5 ᠰᠠᠷ᠎ᠠ ᠵᠢᠨ ᠴᠠᠭ ᠬᠡᠷᠡᠭᠯᠡᠵᠦ᠂ ᠤᠯᠤᠰ᠎ᠤᠨ 5A ᠲᠠᠰ᠎ᠤᠨ ᠦᠵᠡᠮᠵᠢ ᠵᠢᠨ ᠣᠷᠣᠨ᠎ᠢ ᠡᠭᠦᠳᠦᠨ ᠪᠠᠢ᠌ᠭᠤᠯᠤᠭᠰᠠᠨ 《ᠴᠢᠩ ᠱᠦᠢ ᠾᠧ ᠵᠢᠨ ᠬᠤᠷᠳᠤᠴᠠ》 ᠵᠢ ᠡᠭᠦᠳᠦᠭᠰᠡᠨ ᠪᠠᠢ᠌ᠨ᠎ᠠ᠃
(ᠵᠢᠷᠤᠭ)