ᠠᠵᠢᠯ᠎ᠤᠨ ᠬᠤᠪᠢᠶᠠᠷᠢᠯᠠᠯ᠄ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠢ ᠬᠠᠮᠵᠢᠨ ᠰᠠᠯᠠᠭ᠎ᠠ ᠮᠥᠴᠢᠷ᠎ᠤᠨ ᠲᠥᠰᠥᠪ ᠪᠠ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠠᠮᠢᠶᠠᠷᠤᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ᠂ ᠰᠣᠶᠣᠯ ᠪᠠ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ᠂ ᠴᠢᠬᠤᠯᠠ ᠶᠡᠬᠡ ᠰᠣᠶᠣᠯ ᠪᠠ ᠵᠢᠭᠤᠯᠴᠢᠯᠠᠯ᠎ᠤᠨ ᠠᠵᠢᠯᠯᠠᠭ᠎ᠠ᠂ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ᠂ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠥᠰ᠎ᠤᠨ ᠬᠠᠮᠢᠶᠠᠷᠤᠯᠲᠠ᠂ ᠪᠠᠢ᠌ᠭᠤᠯᠭ᠎ᠠ ᠵᠢᠨ ᠬᠡᠷᠡᠭ ᠶᠠᠪᠤᠳᠠᠯ ᠵᠡᠷᠭᠡ ᠠᠵᠢᠯ᠎ᠢ ᠬᠠᠷᠢᠭᠤᠴᠠᠨ᠎ᠠ᠃ ᠡᠳ᠋᠎ᠤᠨ ᠶᠠᠪᠤᠳᠠᠯ᠎ᠤᠨ ᠭᠠᠵᠠᠷ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠵᠠᠷ᠂ ᠡᠬᠢ ᠪᠠᠶᠠᠯᠢᠭ᠎ᠤᠨ ᠨᠡᠭᠡᠭᠡᠯᠲᠡ ᠵᠢᠨ ᠭᠠᠵᠠᠷ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠠᠵᠠᠷ (ᠲᠣᠪᠴᠢᠶ᠎ᠠ)᠂ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠎ᠢ ᠬᠤᠪᠢᠳᠠᠨ ᠬᠠᠮᠢᠶᠠᠷᠴᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ᠎ᠢ ᠬᠤᠪᠢᠳᠠᠨ ᠬᠠᠮᠢᠶᠠᠷᠤᠨ᠎ᠠ᠃ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠢᠨ ᠲᠤᠰᠢᠶᠠᠭᠰᠠᠨ ᠪᠤᠰᠤᠳ ᠤᠴᠢᠷ ᠶᠠᠪᠤᠳᠠᠯ᠎ᠢ ᠪᠡᠶᠡᠯᠡᠭᠦᠯᠦᠨ᠎ᠡ᠃