ᠠᠷᠪᠠᠨ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠷᠠᠯᠢᠭ᠎ᠤᠨ ᠪᠠᠶᠠᠷ᠎ᠤᠨ ᠠᠬᠤᠢ ᠲᠠᠯᠠᠪᠠᠢ ᠵᠢᠨ ᠳ᠋ᠸᠩ ᠣᠷᠳᠣᠰ ᠬᠣᠲᠠ ᠵᠢᠨ ᠡᠵᠡᠨ ᠬᠣᠷᠣᠭ᠎ᠠ ᠬᠣᠰᠢᠭᠤᠨ᠎ᠤ ᠤᠯᠠᠭ᠋ᠠᠨᠮᠥ᠋ᠴᠢᠷ᠎ᠤᠨ 《ᠭᠡᠷᠡᠯᠳᠤ ᠠᠯᠬᠤᠨ ᠣᠷᠣᠶ᠎ᠠ》 ᠪᠥᠵᠢᠭ᠎ᠢ ᠭᠡᠷᠡᠯᠲᠦᠭᠦᠯᠪᠡ᠃ ᠲᠠᠯ᠎ᠠ ᠨᠤᠲᠤᠭ᠎ᠤᠨ ᠭᠦᠨ᠎ᠠᠴᠠ ᠢᠷᠡᠭᠰᠡᠨ ᠡᠨᠡ ᠪᠦᠲᠦᠭᠡᠯ ᠥᠪᠡᠷᠮᠢᠴᠡ ᠤᠷᠠᠯᠢᠭ᠎ᠤᠨ ᠷᠢᠳᠢ ᠰᠢᠳᠢ᠎ᠪᠠᠷ ᠵᠶ᠋ᠡᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠤᠷᠠᠨ ᠰᠠᠢ᠌ᠬᠠᠨ᠎ᠤ ᠲᠣᠭᠯᠠᠯᠲᠠ ᠵᠢᠨ ᠱᠠᠩᠨᠠᠯ᠎ᠢ ᠬᠦᠷᠲᠡᠵᠦ ᠪᠠᠢ᠌ᠭ᠎ᠠ ᠶᠤᠮ᠃ ᠡᠨᠡ ᠠᠮᠵᠢᠯᠲᠠ᠎ᠨᠢ ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠪᠦᠲᠦᠭᠡᠯ ᠤᠯᠤᠰ᠎ᠤᠨ ᠲᠠᠢ᠌ᠰᠠᠨ᠎ᠤ ᠤᠷᠠᠯᠢᠭ᠎ᠤᠨ ᠬᠠᠮᠤᠭ᠎ᠤᠨ ᠥᠨᠳᠥᠷ ᠣᠷᠭᠢᠯ᠎ᠳᠤ ᠭᠠᠷᠤᠭᠰᠠᠨ ᠰᠢᠪᠲᠤᠯᠤᠯᠲᠠ ᠵᠢ ᠪᠡᠶᠡᠯᠡᠭᠦᠯᠦᠭᠰᠡᠨ᠎ᠢ ᠢᠯᠡᠳᠭᠡᠭᠰᠡᠨ ᠵᠶ᠋ᠡᠷ ᠪᠠᠷᠠᠬᠤ ᠦᠭᠡᠢ᠂ ᠨᠠᠩ ᠴᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠣᠢ᠌ᠷ᠎ᠠ ᠵᠢᠨ ᠵᠢᠯ᠎ᠤᠳ᠎ᠲᠤ ᠤᠯᠠᠭ᠋ᠠᠨᠮᠥ᠋ᠴᠢᠷ᠎ᠤᠨ ᠤᠷᠠᠯᠢᠭ᠎ᠤᠨ ᠵᠢᠯᠣᠭᠣᠳᠤᠯᠭ᠎ᠠ ᠵᠢ ᠭᠦᠨᠵᠡᠭᠡᠢ ᠶᠠᠪᠤᠭᠳᠠᠭᠤᠯᠵᠤ᠂ ᠰᠢᠯᠢᠳᠡᠭ ᠰᠣᠶᠣᠯ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠠᠵᠢᠯ᠎ᠢ ᠠᠬᠢᠭᠤᠯᠤᠭᠰᠠᠨ ᠯᠠᠪᠳᠠᠭᠤᠨ ᠪᠠᠲᠤᠲᠠᠢ ᠦᠷ᠎ᠡ ᠪᠦᠲᠦᠮᠵᠢ ᠵᠢ ᠭᠡᠷᠡᠴᠢᠯᠡᠨ᠎ᠡ᠃ 2022 ᠣᠨ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠣᠶᠣᠯ᠎ᠤᠨ ᠡᠬᠢ ᠪᠠᠶᠠᠯᠢᠭ᠎ᠢ ᠳᠣᠷᠣᠭᠰᠢ ᠪᠠᠭᠤᠯᠭ᠋ᠠᠬᠤ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠣᠨᠤᠴᠠᠲᠠᠢ ᠳᠤᠰᠤᠭ᠋ᠠᠨ ᠤᠰᠤᠯᠠᠬᠤ》 ᠦᠢ᠍ᠯᠡᠴᠢᠯᠡᠭᠡᠨ᠎ᠤ ᠵᠠᠭᠪᠤᠷ ᠪᠣᠯᠣᠨ 《ᠦᠨᠳᠦᠰᠦᠯᠡᠭᠦᠯᠵᠦ ᠪᠣᠢ᠌ᠵᠢᠭᠤᠯᠬᠤ》 ᠦᠢ᠍ᠯᠡᠳᠦᠯᠭᠡ ᠵᠢᠨ ᠠᠷᠭ᠎ᠠ ᠵᠠᠮ᠎ᠢ ᠰᠢᠨ᠎ᠡ᠎ᠪᠠᠷ ᠡᠭᠦᠳᠦᠨ᠂ ᠰᠢᠯᠢᠳᠡᠭ ᠰᠣᠶᠣᠯ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠰᠢᠨ᠎ᠡ ᠪᠠᠢ᠌ᠷᠢᠰᠢᠯ᠎ᠢ ᠪᠣᠢ ᠪᠣᠯᠭ᠋ᠠᠵᠣ᠂ ᠤᠯᠠᠭ᠋ᠠᠨᠮᠥ᠋ᠴᠢᠷ ᠭᠡᠬᠦ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠢ ᠰᠢᠨ᠎ᠡ ᠴᠠᠭ ᠦᠶ᠎ᠡ᠎ᠳᠤ ᠨᠡᠩ ᠭᠡᠷᠡᠯ ᠭᠢᠯᠪᠠᠭ᠎ᠠ ᠰᠠᠴᠤᠷᠠᠭᠤᠯᠪᠠ᠃

ᠳᠦᠷᠢᠮ᠎ᠤᠨ ᠪᠠᠲᠤᠯᠠᠭ᠎ᠠ᠎ᠪᠠᠷ ᠦᠨᠳᠦᠰᠦ ᠰᠠᠭᠤᠷᠢ ᠵᠢ ᠪᠡᠬᠢᠵᠢᠭᠦᠯᠵᠦ᠂ ᠲᠦᠷᠦ ᠵᠢᠨ ᠪᠣᠳᠣᠯᠭ᠎ᠠ ᠵᠢᠨ ᠬᠦᠲᠦᠯᠦᠨ ᠵᠢᠯᠤᠭᠤᠳᠤᠯᠭ᠎ᠠ᠎ᠪᠠᠷ ᠰᠣᠶᠣᠯ᠎ᠤᠨ ᠬᠠᠩᠭ᠋ᠠᠯᠭ᠎ᠠ ᠵᠢ ᠨᠡᠪᠲᠡᠷᠡᠭᠦᠯᠦᠨ᠎ᠡ᠃

ᠰᠢᠯᠢᠳᠡᠭ ᠡᠩᠨᠡᠭᠡ ᠦᠨᠳᠦᠰᠦᠨ ᠱᠠᠲᠤᠨ᠎ᠤ ᠲᠤᠰᠬᠠᠢ ᠮᠡᠷᠭᠡᠵᠢᠯ᠎ᠤᠨ ᠬᠦᠴᠦᠨ᠎ᠳᠤ ᠦᠨᠳᠦᠰᠦᠯᠡᠵᠦ᠂ ᠵᠣᠬᠢᠶᠠᠨ ᠪᠦᠲᠦᠭᠡᠯᠭᠡ ᠵᠢᠨ ᠬᠥᠳᠡᠯᠭᠡᠬᠦ ᠴᠢᠳᠠᠪᠤᠷᠢ ᠵᠢ ᠬᠥᠭᠵᠢᠭᠡᠪᠡ᠃
ᠬᠣᠣᠰ ᠴᠢᠭᠯᠡᠯ ᠵᠶ᠋ᠡᠷ ᠡᠨᠧᠷᠭᠢ ᠣᠯᠭᠣᠬᠤ᠎ᠪᠠᠷ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠴᠢᠳᠠᠪᠤᠷᠢᠲᠠᠨ᠎ᠢ ᠬᠥᠮᠥᠵᠢᠭᠦᠯᠬᠦ᠎ᠪᠠᠷ ᠬᠥᠭᠵᠢᠯᠲᠡ ᠵᠢᠨ ᠰᠠᠭᠤᠷᠢ ᠵᠢ ᠵᠤᠵᠠᠭ᠋ᠠᠳᠬᠠᠨ᠎ᠠ᠃
ᠰᠣᠳᠣᠨ ᠪᠦᠲᠦᠭᠡᠯ᠎ᠢ ᠪᠣᠯᠪᠠᠰᠤᠷᠠᠭᠤᠯᠤᠨ᠂ ᠨᠣᠶᠠᠨ ᠤᠷᠬᠢᠯ᠎ᠳᠤ ᠵᠣᠷᠢᠭᠲᠠᠢ ᠠᠪᠠᠷᠢᠵᠤ᠂ ᠤᠷᠠᠯᠢᠭ᠎ᠤᠨ ᠦᠷ᠎ᠡ ᠪᠦᠲᠦᠭᠡᠯ ᠵᠶ᠋ᠡᠷ ᠰᠣᠶᠣᠯ᠎ᠤᠨ ᠢᠲᠡᠭᠡᠯ ᠵᠶ᠋ᠡᠨ ᠦᠵᠡᠭᠦᠯᠦᠨ᠎ᠡ᠃

ᠰᠣᠶᠣᠯ ᠵᠶ᠋ᠠᠷ ᠠᠷᠠᠳ᠎ᠲᠤ ᠠᠰᠢᠭ ᠬᠦᠷᠲᠡᠭᠡᠬᠦ ᠡᠭᠦᠷᠭᠡ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠵᠦ᠂ ᠰᠢᠯᠢᠳᠡᠭ ᠦᠢ᠍ᠯᠡᠴᠢᠯᠡᠭᠡ᠎ᠪᠠᠷ ᠤᠯᠠᠨ ᠲᠦᠮᠡᠨ᠎ᠤ ᠰᠡᠳᠬᠢᠯ᠎ᠢ ᠳᠤᠯᠠᠭ᠋ᠠᠴᠠᠭᠤᠯᠤᠨ᠎ᠠ᠃
1957 ᠣᠨ᠎ᠳᠤ ᠠᠩᠬᠠᠨ᠎ᠤ ᠤᠯᠠᠭ᠋ᠠᠨᠮᠥ᠋ᠴᠢᠷ ᠮᠡᠨᠳᠦᠯᠡᠭᠰᠡᠨ᠎ᠠᠴᠠ ᠨᠠᠭ᠋ᠠᠰᠢ᠂ 68 ᠬᠠᠪᠤᠷ ᠨᠠᠮᠤᠷ᠎ᠢ ᠦᠩᠭᠡᠷᠡᠭᠡᠯ᠎ᠡ᠃ ᠤᠯᠠᠭ᠋ᠠᠨᠮᠥ᠋ᠴᠢᠷ᠂ ᠡᠨᠡ ᠬᠦ᠌ ᠤᠯᠠᠭ᠋ᠠᠨ ᠲᠤᠭ ᠥᠪᠥᠷ ᠮᠣᠩᠭᠣᠯ᠎ᠤᠨ ᠥᠷᠭᠡᠨ ᠠᠭᠤᠳᠠᠮ ᠡᠬᠡ ᠭᠠᠵᠠᠷ᠎ᠲᠤ ᠢᠮᠠᠭᠲᠠ ᠨᠠᠮᠢᠷᠠᠭᠰᠠᠭ᠋ᠠᠷ ᠢᠷᠡᠪᠡ᠃ ᠲᠣᠮᠣ ᠠᠮᠵᠢᠯᠲᠠ ᠣᠯᠤᠭᠰᠠᠨ 《ᠭᠡᠷᠡᠯᠳᠤ ᠠᠯᠬᠤᠨ ᠣᠷᠤᠶ᠎ᠠ》᠎ᠠᠴᠠ ᠠᠯᠢ ᠤᠯᠠᠨ ᠰᠣᠳᠣᠨ ᠪᠦᠲᠦᠭᠡᠯ᠎ᠤᠳ ᠴᠡᠴᠡᠭ ᠵᠶ᠋ᠠᠨ ᠳᠡᠯᠭᠡᠬᠦ ᠬᠦᠷᠲᠡᠯ᠎ᠡ᠂ ᠥᠪᠥᠷ ᠮᠣᠩᠭᠣᠯ ᠯᠠᠪᠳᠠᠭᠤᠨ ᠪᠠᠲᠤᠲᠠᠢ ᠪᠥᠭᠡᠳ ᠡᠯᠪᠡᠭ ᠪᠠᠶᠠᠯᠢᠭ ᠰᠢᠨ᠎ᠡ ᠵᠢ ᠡᠭᠦᠳᠦᠭᠰᠡᠨ ᠦᠢ᠍ᠯᠡᠳᠦᠯᠭᠡ᠎ᠪᠠᠷ 《ᠰᠣᠶᠣᠯ᠎ᠨᠢ ᠠᠷᠠᠳ᠎ᠤᠨ ᠲᠥᠯᠥᠭᠡ》 ᠴᠠᠭ ᠦᠶ᠎ᠡ ᠵᠢᠨ ᠠᠭᠤᠯᠤᠭᠳᠠᠬᠤᠨ᠎ᠢ ᠭᠦᠨᠵᠡᠭᠡᠢ ᠲᠠᠢ᠌ᠯᠪᠤᠷᠢᠯᠠᠪᠠ᠃ ᠢᠷᠡᠭᠡᠳᠦᠢ ᠵᠢ ᠪᠠᠷᠠᠯᠠᠬᠤᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂ ᠤᠷᠠᠯᠢᠭ᠎ᠤᠨ ᠵᠢᠯᠣᠭᠣᠳᠤᠯᠭ᠎ᠠ ᠵᠢᠨ ᠠᠵᠢᠯ᠎ᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠂ ᠦᠢ᠍ᠯᠡᠴᠢᠯᠡᠭᠡᠨ᠎ᠤ ᠪᠦᠷᠬᠦᠴᠡ ᠵᠢ ᠥᠷᠭᠡᠳᠬᠡᠵᠦ᠂ ᠰᠢᠯᠢᠳᠡᠭ ᠰᠣᠶᠣᠯ᠎ᠢ ᠨᠡᠩ ᠤᠯᠠᠨ ᠪᠤᠢ᠍ᠢ᠍ᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ᠎ᠳᠤ ᠬᠦᠷᠭᠡᠨ᠎ᠡ; ᠤᠷᠠᠯᠢᠭ᠎ᠤᠨ ᠵᠢᠭ᠋ᠠᠨ ᠵᠢᠯᠣᠭᠣᠳᠤᠭᠴᠢ ᠵᠢᠨ ᠡᠩᠨᠡᠭᠡ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠵᠠᠯᠠᠭᠤ ᠭᠣᠣᠯᠯᠠᠭᠴᠢ ᠬᠦᠴᠦᠨ᠎ᠢ ᠶᠡᠬᠡ᠎ᠪᠠᠷ ᠴᠤᠭᠯᠠᠭᠤᠯᠤᠨ᠎ᠠ; ᠵᠣᠬᠢᠶᠠᠨ ᠪᠦᠲᠦᠭᠡᠯᠭᠡ ᠵᠢᠨ ᠳᠡᠮᠵᠢᠯᠭᠡ ᠵᠢ ᠴᠢᠩᠭ᠋ᠠᠳᠬᠠᠵᠤ᠂ ᠴᠠᠭ ᠦᠶ᠎ᠡ ᠵᠢᠨ ᠰᠡᠳᠦᠪ᠎ᠲᠤ ᠠᠩᠬᠠᠷᠤᠯ ᠵᠶ᠋ᠠᠨ ᠲᠦᠪᠯᠡᠷᠡᠭᠦᠯᠦᠨ᠂ ᠲᠠᠯ᠎ᠠ ᠨᠤᠲᠤᠭ᠎ᠤᠨ ᠣᠨᠴᠠᠯᠢᠭ᠎ᠢ ᠢᠯᠡᠷᠡᠭᠦᠯᠦᠭᠰᠡᠨ᠂ ᠴᠠᠭ ᠦᠶ᠎ᠡ ᠵᠢᠨ ᠰᠤᠳᠠᠰᠤ ᠵᠢ ᠴᠢᠩᠭ᠎ᠠ ᠠᠳᠬᠤᠭᠰᠠᠨ ᠨᠡᠩ ᠤᠯᠠᠨ ᠰᠣᠳᠣᠨ ᠪᠦᠲᠦᠭᠡᠯ᠎ᠢ ᠪᠦᠲᠦᠭᠡᠨ᠎ᠡ; 《ᠤᠯᠠᠮᠵᠢᠯᠠᠨ ᠵᠠᠯᠭ᠋ᠠᠮᠵᠢᠯᠠᠬᠤ + ᠰᠢᠨ᠎ᠡ ᠵᠢ ᠡᠭᠦᠳᠬᠦ》 ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢ᠌ᠷᠡᠭᠦᠯᠦᠨ᠂ ᠰᠢᠯᠢᠳᠡᠭ ᠰᠣᠶᠣᠯ᠎ᠤᠨ ᠪᠦᠲᠦᠭᠡᠭᠳᠡᠬᠦᠨ᠎ᠢ ᠥᠪᠥᠷ ᠮᠣᠩᠭᠣᠯ᠎ᠤᠨ ᠵᠢᠭᠤᠯᠴᠢᠯᠠᠯ᠎ᠤᠨ ᠦᠵᠡᠰᠬᠦᠯᠡᠩᠲᠦ ᠰᠠᠢ᠌ᠬᠠᠨ 《ᠰᠢᠨ᠎ᠡ ᠨᠡᠷ᠎ᠡ ᠵᠢᠨ ᠬᠠᠭᠤᠳᠠᠰᠤ》 ᠪᠣᠯᠭ᠋ᠠᠵᠤ᠂ ᠦᠵᠡᠰᠬᠦᠯᠡᠩᠲᠦ ᠰᠠᠢ᠌ᠬᠠᠨ ᠦᠨᠳᠦᠰᠦᠲᠡᠨ᠎ᠤ ᠰᠣᠶᠣᠯ᠎ᠢ ᠰᠢᠨ᠎ᠡ ᠴᠠᠭ ᠦᠶ᠎ᠡ ᠵᠢᠨ ᠰᠢᠨ᠎ᠡ ᠵᠢ ᠡᠭᠦᠳᠬᠦ ᠦᠢ᠍ᠯᠡᠳᠦᠯᠭᠡ ᠳᠤᠮᠳᠠ ᠨᠠᠩ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠴᠣᠭ ᠵᠢᠪᠬᠤᠭ᠎ᠠ᠎ᠲᠠᠢ ᠪᠣᠯᠭ᠋ᠠᠵᠤ᠂ ᠪᠥᠬᠥ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠬᠦᠴᠦᠷᠬᠡᠭ ᠶᠡᠬᠡ ᠣᠶᠤᠨ᠎ᠤ ᠰᠣᠶᠣᠯ᠎ᠤᠨ ᠲᠤᠯᠭ᠋ᠠᠭᠤᠷᠢᠯᠠᠯ ᠬᠠᠩᠭ᠋ᠠᠨ᠎ᠠ᠃