ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠦᠪᠦᠷ ᠮᠤᠩᠭᠤᠯ᠎ᠤᠨ ᠤᠯᠠᠭ᠋ᠠᠨ ᠬᠠᠳᠠ ᠵᠢᠨ ᠰᠤᠶᠤᠯ᠎ᠤᠨ ᠰᠤᠳᠤᠯᠭ᠋ᠠᠨ᠎ᠤ ᠬᠤᠯᠪᠤᠭ᠎ᠠ ᠪᠠᠶ᠋ᠢᠭᠤᠯᠤᠭᠳᠠᠪᠠ
ᠨᠡᠶᠢᠲᠡᠯᠡᠭᠰᠡᠨ ᠴᠠᠭ᠄ 2025-11-12

11 ᠰᠠᠷ᠎ᠠ ᠵᠢᠨ 10᠎ᠤ ᠡᠳᠦᠷ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠡᠤᠬᠡ ᠵᠢᠨ ᠲᠤᠷᠠᠰᠬᠠᠯᠳᠤ ᠵᠦᠢ᠍ᠯ᠎ᠤᠨ ᠲᠤᠪᠴᠢᠶ᠎ᠠ ᠭᠤᠤᠯᠯᠠᠨ ᠡᠷᠬᠢᠯᠡᠵᠦ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠡᠤᠬᠡ ᠵᠢᠨ ᠲᠤᠷᠠᠰᠬᠠᠯᠳᠤ ᠵᠦᠢ᠍ᠯ᠎ᠤᠨ ᠬᠠᠭᠤᠴᠢ ᠰᠤᠳᠤᠯᠤᠯ᠎ᠤᠨ ᠬᠦᠷᠢᠶᠡᠯᠡᠩ᠂ ᠤᠯᠠᠭ᠋ᠠᠨᠬᠠᠳᠠ ᠬᠤᠳᠠ ᠵᠢᠨ ᠰᠤᠶᠤᠯ ᠪᠠ ᠵᠢᠭᠤᠯᠴᠢᠯᠠᠯ᠎ᠤᠨ ᠲᠤᠪᠴᠢᠶ᠎ᠠ᠂ ᠤᠯᠠᠭ᠋ᠠᠨᠬᠠᠳᠠ ᠵᠢᠨ ᠮᠦᠽᠸᠢ ᠂ ᠤᠯᠠᠭ᠋ᠠᠨᠬᠠᠳᠠ ᠬᠤᠳᠠ ᠵᠢᠨ ᠤᠯᠠᠭ᠋ᠠᠨ ᠬᠠᠲᠠ ᠰᠤᠶᠤᠯ᠎ᠤᠨ ᠰᠤᠳᠤᠯᠭ᠋ᠠᠨ᠎ᠤ ᠲᠦᠪ ᠎ᠤᠨ ᠬᠠᠮᠳᠤᠷᠠᠨ ᠡᠷᠬᠢᠯᠡᠭᠰᠡᠨ ᠦᠪᠦᠷ ᠮᠤᠩᠭᠤᠯ᠎ᠤᠨ ᠤᠯᠠᠭ᠋ᠠᠨ ᠬᠠᠲᠠ ᠰᠤᠶᠤᠯ᠎ᠤᠨ ᠰᠤᠳᠤᠯᠭ᠋ᠠᠨ᠎ᠤ ᠬᠤᠯᠪᠤᠭ᠎ᠠ ᠪᠠᠶ᠋ᠢᠭᠤᠯᠤᠭᠳᠠᠬᠤ ᠶᠡᠭᠡ ᠬᠤᠷᠠᠯ ᠤᠯᠠᠭ᠋ᠠᠨᠬᠠᠳᠠ ᠬᠤᠳᠠ᠎ᠳᠤ ᠬᠤᠷᠠᠯᠳᠤᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠲᠤᠪᠴᠢᠶᠠᠨ ᠎ᠤ ᠳᠠᠷᠤᠭ᠎ᠠ ᠼᠤᠤ ᠵᠢᠶᠠᠨ ᠧᠨ ᠨᠥᠬᠦᠷ᠂ ᠳᠡᠳ᠋ ᠲᠣᠪᠴᠢᠶᠠᠨ ᠳᠠᠷᠤᠭ᠎ᠠ ᡁᠢ ᠰᠢᠶᠤᠤ ᠶᠦᠩ ᠨᠥᠬᠦᠷ᠂ ᠤᠯᠠᠭ᠋ᠠᠨᠬᠠᠳᠠ ᠬᠤᠲᠠ ᠵᠢᠨ ᠰᠣᠶᠣᠯ ᠪᠠ ᠵᠢᠭᠤᠯᠴᠢᠯᠠᠯ᠎ᠤᠨ ᠲᠤᠪᠴᠢᠶᠠᠨ ᠎ᠤ ᠳᠠᠷᠤᠭ᠎ᠠ ᠬᠤᠸᠠᠩ ᠡᠾᠸ ᠨᠥᠬᠦᠷ ᠬᠤᠷᠠᠯ᠎ᠳᠤ ᠣᠷᠣᠯᠴᠠᠵᠤ᠂ ᠬᠤᠷᠠᠯ᠎ᠢ ᡁᠢ ᠰᠢᠶᠤᠤ ᠶᠦᠩ ᠨᠥᠬᠦᠷ ᠡᠷᠭᠢᠯᠡᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠭᠤᠴᠢ ᠰᠤᠳᠤᠯᠤᠯ᠎ᠤᠨ ᠬᠦᠷᠢᠶᠡᠯᠡᠩ᠎ᠤᠨ ᠳᠠᠷᠤᠭ᠎ᠠ ᠰᠦᠨ ᠵᠢᠨ ᠰᠥᠩ ᠨᠥᠬᠦᠷ᠂ ᠤᠯᠠᠭ᠋ᠠᠨᠬᠠᠳᠠ ᠵᠢᠨ ᠮᠦᠽᠧᠶ ᠵᠢᠨ ᠳᠠᠷᠤᠭ᠎ᠠ ᠲᠤᠤ ᠵᠢᠶᠠᠨ ᠶᠢᠩ ᠨᠥᠬᠦᠷ ᠵᠢᠴᠢ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠂ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ᠂ ᠤᠯᠠᠭ᠋ᠠᠨᠬᠠᠳᠠ ᠵᠢᠨ ᠳᠡᠭᠡᠳᠦ ᠰᠤᠷᠭ᠋ᠠᠭᠤᠯᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠭᠤᠴᠢ ᠰᠤᠳᠤᠯᠤᠯ᠎ᠤᠨ ᠬᠦᠷᠢᠶᠡᠯᠡᠩ᠂ ᠤᠯᠠᠭ᠋ᠠᠨᠬᠠᠳᠠ ᠵᠢᠨ ᠮᠦᠽᠧᠶ᠂ ᠤᠯᠠᠭ᠋ᠠᠨᠬᠠᠳᠠ ᠬᠤᠲᠠ ᠵᠢᠨ ᠤᠯᠠᠭ᠋ᠠᠨ ᠬᠠᠳᠠ ᠰᠣᠶᠣᠯ᠎ᠤᠨ ᠰᠤᠳᠤᠯᠭ᠋ᠠᠨ᠎ᠤ ᠲᠥᠪ᠂ ᠲᠦᠩᠯᠢᠶᠣᠤ ᠬᠤᠲᠠ ᠵᠢᠨ ᠰᠣᠶᠣᠯ ᠦᠵᠡᠰᠬᠦᠯᠡᠩ᠎ᠤᠨ ᠬᠦᠷᠢᠶᠡᠯᠡᠩ᠂ ᠤᠯᠠᠭ᠋ᠠᠨᠬᠠᠳᠠ᠂ ᠲᠦᠩᠯᠢᠶᠣᠤ ᠵᠢᠨ ᠡᠯ᠎ᠡ ᠬᠤᠰᠢᠭᠤ ᠰᠢᠶᠠᠨ ᠲᠣᠭᠤᠷᠢᠭ᠎ᠤᠨ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠲᠥᠪ ᠪᠠ ᠮᠦᠽᠧᠶ ᠵᠡᠷᠭᠡ 29 ᠨᠢᠭᠡᠴᠢ ᠵᠢᠨ 50 ᠭᠠᠷᠤᠶ ᠲᠤᠰᠬᠠᠶ ᠮᠡᠷᠭᠡᠵᠢᠯᠲᠡᠨ ᠡᠷᠳᠡᠮᠲᠡᠳ ᠲᠣᠰ ᠤᠳᠠᠭ᠋ᠠᠨ᠎ᠤ ᠬᠤᠷᠠᠯ᠎ᠳᠤ ᠣᠷᠣᠯᠴᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            