ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2019 ︽  ᠤᠪᠤᠭᠠᠨ ᠳᠠᠬᠢ ᠠᠭᠤᠯᠵᠠᠯᠲᠠ︾ ᠭᠤᠤᠯ ᠰᠡᠳᠦᠪᠲᠦ ᠠᠵᠢᠯᠯᠠᠭ᠎ᠠ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2019/10/18
 
ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄      ︽〈 ᠨᠢᠭᠡ ᠪᠦᠰᠡ ᠨᠢᠭᠡ ᠵᠠᠮ · ᠤᠪᠤᠭᠠᠨ ᠳᠠᠬᠢ ᠠᠭᠤᠯᠵᠠᠯᠲᠠ 〉ᠭᠤᠤᠯ ᠰᠡᠳᠦᠪᠲᠦ ᠠᠵᠢᠯᠯᠠᠭ᠎ᠠ ᠡᠷᠬᠢᠯᠡᠬᠦ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ ᠠᠪᠬᠤ ᠮᠡᠳᠡᠭᠦᠯᠦᠯᠲᠡ︾ ︵ᠵᠠᠰᠠᠭ ᠲᠠᠷᠬᠠᠭᠠᠭᠰᠠᠨ ︹ 2019 ︺ 76 ᠳ᠋ᠤᠭᠠᠷ ᠲᠣᠭᠠᠲᠤ︶   ᠶᠢ ᠬᠦᠯᠢᠶᠡᠨ ᠭᠠᠷᠳᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠨᠠᠮ ᠠᠯᠪᠠᠨ ᠲᠠᠷᠬᠠᠭᠠᠭᠰᠠᠨ ︹ 2015 ︺ 45 ᠳ᠋ᠤᠭᠠᠷ ᠲᠣᠭᠠᠲᠤ︶ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠨ ᠬᠥᠬᠢᠭᠦᠯᠦᠨ ᠰᠠᠶᠢᠰᠢᠶᠠᠬᠤ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ  ᠤᠨ ᠦᠵᠡᠭᠦᠯᠦᠯᠭᠡ ᠶᠢᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠲᠠᠨ  ᠤ ᠬᠤᠲᠠ ᠶᠢᠨ 2019  ︽ᠤᠪᠤᠭᠠᠨ ᠳᠠᠬᠢ ᠠᠭᠤᠯᠵᠠᠯᠲᠠ︾ ᠭᠤᠤᠯ ᠰᠡᠳᠦᠪᠲᠦ ᠠᠵᠢᠯᠯᠠᠭ᠎ᠠ ᠡᠷᠬᠢᠯᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠡᠷᠬᠢᠯᠡᠬᠦ ᠭᠠᠵᠠᠷ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠵᠢᠭᠤᠯᠴᠢᠯᠠᠯ ᠤᠨ ᠵᠢᠵᠢᠭ ᠪᠠᠯᠭᠠᠰᠤ ᠪᠣᠯᠤᠨ᠎ᠠ᠃ ᠭᠡᠪᠡᠴᠦ ᠲᠣᠰ ᠭᠤᠤᠯ ᠰᠡᠳᠦᠪᠲᠦ ᠠᠵᠢᠯᠯᠠᠭ᠎ᠠ ᠶᠢ ︽ᠨᠢᠭᠡ ᠪᠦᠰᠡ ᠨᠢᠭᠡ ᠵᠠᠮ︾ ᠢᠶᠠᠷ ᠨᠡᠷᠡᠯᠡᠬᠦ ᠥᠬᠡᠶ ᠂ ᠬᠡᠷᠪᠡ ᠦᠨᠡᠨ ᠬᠦ ︽ᠨᠢᠭᠡ ᠪᠦᠰᠡ ᠨᠢᠭᠡ ᠵᠠᠮ︾ ᠢᠶᠠᠷ ᠨᠡᠷᠡᠯᠡᠬᠦ ᠴᠢᠬᠤᠯᠠᠲᠠᠶ ᠪᠣᠯ ᠶᠠᠷᠢᠶᠠᠨ ᠤ ᠲᠠᠪᠴᠠᠩ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠢᠨᠠᠨ  ᠵᠦᠪᠰᠢᠶᠡᠷᠡᠭᠦᠯᠬᠦ ᠭᠠᠷᠳᠠᠮ ᠢ ᠴᠢᠩᠭ᠎ᠠ ᠭᠦᠢᠴᠡᠳᠭᠡᠬᠦ ᠬᠡᠷᠡᠭᠲᠡᠶ᠃       ᠡᠭᠦᠨ ᠤ ᠳᠠᠭᠠᠤ ᠳᠣᠤᠷᠠᠬᠢ ᠮᠡᠲᠦ ᠬᠡᠳᠦᠨ ᠰᠠᠨᠠᠯ ᠢ ᠳᠤᠷᠠᠳᠬᠤ ᠨᠢ᠄ ᠨᠢᠭᠡ ᠳᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠢᠵᠢ  ᠪᠦᠷᠢᠨ ᠲᠣᠭᠲᠠᠭᠠᠯ  ᠢ ᠴᠢᠩᠭ᠎ᠠ ᠬᠡᠷᠡᠭᠵᠢᠭᠦᠯᠵᠦ ᠡᠯ᠎ᠡ ᠵᠦᠢᠯ ᠤᠨ ᠠᠵᠢᠯᠯᠠᠭ᠎ᠠ  ᠪᠠᠨ ᠥᠷᠨᠢᠭᠦᠯᠦᠨ᠎ᠡ ︔ ᠬᠤᠶᠠᠷ ᠲᠤ᠂ ᠲᠣᠭᠯᠠᠯᠲᠠ ᠭᠠᠷᠭᠠᠬᠤ᠂ ᠳᠡᠯᠭᠡᠨ ᠦᠵᠡᠭᠦᠯᠬᠦ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ︔ ᠭᠤᠷᠪᠠ ᠳᠤ᠂ ᠭᠠᠯ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ︔ ᠳᠥᠷᠪᠡ ᠳᠤ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ᠳᠤ ᠲᠣᠰ ᠤᠳᠠᠭᠠᠨ ᠤ ᠠᠵᠢᠯᠯᠠᠭ᠎ᠠ ᠶᠢᠨ ᠳᠠᠩᠰᠠᠯᠠᠭᠤᠯᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃     ᠡᠭᠦᠨ ᠤ ᠲᠤᠯᠠ ᠳᠤ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ                               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ                                ᠶᠣᠰᠣᠯᠠᠯ ᠢ ᠵᠢᠷᠤᠮᠵᠢᠭᠤᠯᠬᠤ ᠠᠵᠢᠯ  ᠤᠨ ᠲᠤᠰᠬᠠᠶ ᠳᠤᠭᠤᠶᠢᠯᠠᠩ                                                                                           2019 ᠤᠨ  ᠤ 7 ᠰᠠᠷ᠎ᠠ ᠶᠢᠨ 8 ᠤ ᠡᠳᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号