ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ  ᠢ ᠡᠷᠬᠢᠯᠡᠬᠦ ᠶᠢ ᠵᠥᠪᠰᠢᠶᠡᠷᠡᠬᠦ ᠲᠤᠬᠠᠶ ᠴᠣᠬᠤᠯᠠᠪᠤᠷᠢ
ᠨᠡᠶᠢᠲᠡᠯᠡᠭᠰᠡᠨ ᠴᠠᠭ᠄
2019/10/18
   ᠰᠢᠯᠢ ᠶᠢᠨ ᠭᠤᠤᠯ ᠠᠶᠢᠮᠠᠭ ᠤᠨ ᠵᠠᠬᠢᠷᠭ᠎ᠠ᠄      ︽ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ  ᠢ ᠡᠷᠬᠢᠯᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠰᠢᠯᠢ ᠵᠠᠬᠢᠷᠭ᠎ᠠ ᠲᠠᠷᠬᠠᠭᠠᠭᠰᠠᠨ ︹ 2019 ︺ 81 ᠳ᠋ᠤᠭᠡᠷ ᠲᠣᠭᠠᠲᠤ︶ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠬᠦᠯᠢᠶᠡᠨ ᠭᠠᠷᠳᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠨᠠᠮ ᠠᠯᠪᠠᠨ ᠲᠠᠷᠬᠠᠭᠠᠭᠰᠠᠨ ︹ 2015 ︺ 45 ᠳ᠋ᠤᠭᠠᠷ ᠲᠣᠭᠠᠲᠤ︶ ᠶᠢᠨ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠵᠦ ᠰᠠᠶᠢᠰᠢᠶᠠᠨ ᠬᠥᠬᠢᠭᠦᠯᠬᠦ ᠵᠢᠴᠢ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠦᠵᠡᠭᠦᠯᠦᠯᠭᠡ ᠶᠢᠨ ᠬᠤᠷᠠᠯ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠲᠠᠨ  ᠤ ᠠᠶᠢᠮᠠᠭ ᠤᠨ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠶᠢᠷ  ᠢ ᠡᠷᠬᠢᠯᠡᠬᠦ ᠶᠢ ᠵᠦᠪᠰᠢᠶᠡᠷᠡᠪᠡ᠃      ᠡᠭᠦᠨ ᠤ ᠳᠠᠭᠠᠤ ᠳᠣᠤᠷᠠᠬᠢ ᠮᠡᠲᠦ ᠬᠡᠳᠦᠨ ᠰᠠᠨᠠᠯ ᠢ ᠳᠤᠷᠠᠳᠬᠤ ᠨᠢ᠄ ᠨᠢᠭᠡ ᠳᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠦᠷᠢᠨ ᠲᠥᠬᠦᠷ ᠲᠣᠭᠲᠠᠭᠠᠯ  ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠵᠢᠯᠯᠠᠭ᠎ᠠ ᠶᠢ ᠦᠷᠨᠢᠭᠦᠯᠬᠦ  ᠳᠤ ᠠᠷᠪᠢᠯᠠᠨ ᠭᠠᠮᠨᠠᠬᠤ  ᠶᠢ ᠪᠠᠷᠢᠮᠲᠠᠯᠠᠬᠤ ᠬᠡᠷᠡᠭᠲᠡᠶ᠃ ᠬᠤᠶᠠᠷ ᠲᠤ ᠤᠷᠠᠨ ᠰᠠᠶᠢᠬᠠᠨ ᠤ ᠲᠣᠭᠯᠠᠯᠲᠠ᠂ ᠦᠵᠡᠰᠬᠦᠯᠡᠩ ᠦᠵᠡᠭᠦᠯᠦᠯᠭᠡ ᠵᠡᠷᠭᠡ ᠠᠵᠢᠯᠯᠠᠭ᠎ᠠ ᠶᠢᠨ ᠠᠭᠤᠯᠭ᠎ᠠ ᠶᠢ ᠴᠢᠩᠭ᠎ᠠ ᠬᠢᠨᠠᠨ ᠬᠠᠮᠢᠶᠠᠷᠴᠤ᠂ ᠦᠵᠡᠯ ᠤᠬᠠᠮᠰᠠᠷ ᠤᠨ ᠬᠡᠯᠪᠡᠷᠢ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠭᠤᠷᠪᠠ ᠳᠤ᠂ ᠭᠠᠯ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠳᠥᠷᠪᠡ ᠳᠤ᠂ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠤᠰᠤᠯᠠᠯ ᠢ ᠵᠢᠷᠤᠮᠵᠢᠭᠤᠯᠬᠤ ᠠᠵᠢᠯ ᠤᠨ ᠲᠤᠰᠬᠠᠶ ᠳᠤᠭᠤᠶᠢᠯᠠᠩ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠣᠬᠢᠷᠠᠭᠤᠯᠪᠠ︶ ᠲᠤ ᠲᠣᠰ ᠤᠳᠠᠭᠠᠨ ᠤ ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠠᠪᠤ ᠳᠤ᠂ ᠬᠤᠯᠪᠣᠭᠳᠠᠯ ᠪᠦᠬᠦᠢ ᠪᠠᠶᠠᠷ ᠳᠤᠷᠠᠰᠬᠠᠯ ᠤᠨ ᠠᠵᠢᠯᠯᠠᠭ᠎ᠠ ᠶᠢ ᠳᠠᠬᠢᠨᠲᠠ ᠡᠷᠬᠢᠯᠡᠬᠦ ᠳᠤ ᠬᠦᠷᠪᠡᠯ᠂ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ  ᠢ ᠴᠢᠩᠭ᠎ᠠ ᠪᠠᠷᠢᠮᠲᠠᠯᠠᠵᠤ᠂ ᠴᠠᠭ ᠬᠤᠭᠤᠴᠠᠭ᠎ᠠ ᠶᠢᠨ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠬᠤᠯᠪᠣᠭᠳᠠᠯ ᠪᠦᠬᠦᠢ ᠮᠠᠲ᠋ᠧᠷᠢᠶᠠᠯ ᠢ ᠳᠡᠭᠡᠭᠰᠢ ᠮᠡᠳᠡᠭᠦᠯᠬᠦ ᠬᠡᠷᠡᠭᠲᠡᠶ᠃     ᠡᠭᠦᠨ ᠤ ᠳᠤ ᠲᠤᠯᠠ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ᠃                           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ                               ᠶᠣᠰᠣᠯᠠᠯ ᠢ ᠵᠢᠷᠤᠮᠵᠢᠭᠤᠯᠬᠤ ᠠᠵᠢᠯ  ᠤᠨ ᠲᠤᠰᠬᠠᠶ ᠳᠤᠭᠤᠶᠢᠯᠠᠩ                                             2019 ᠤᠨ  ᠤ 8 ᠰᠠᠷ᠎ᠠ ᠶᠢᠨ 12 ᠤᠨ ᠡᠳᠦᠷ    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号