ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ 146 ᠳ᠋ᠤᠭᠠᠷ ᠲᠣᠭᠠᠲᠤ ᠰᠠᠨᠠᠭᠤᠯᠭ᠎ᠠ ᠶᠢᠨ ᠲᠤᠬᠠᠶ ᠬᠠᠷᠢᠭᠤᠯᠲᠠ
ᠨᠡᠶᠢᠲᠡᠯᠡᠭᠰᠡᠨ ᠴᠠᠭ᠄
2019/10/28
ᠤᠷᠠᠨᠲᠤᠭᠤᠰ ᠲᠦᠯᠦᠭᠡᠯᠡᠭᠴᠢ ᠲᠠᠨ᠎ᠠ᠄      ᠲᠠᠨ ᠤ ᠳᠤᠷᠠᠳᠤᠭᠰᠠᠨ ︽ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯᠲᠤ ᠠᠭᠤᠯᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠬᠠᠶ ᠰᠠᠨᠠᠭᠤᠯᠭ᠎ᠠ︾ ︵146 ᠳ᠋ᠤᠭᠠᠷ ᠲᠣᠭᠠᠲᠤ︶ ᠶᠢᠨ ᠰᠠᠨᠠᠭᠤᠯᠭ᠎ᠠ ᠪᠠᠷ ᠡᠳᠦᠭᠡ ᠳᠣᠤᠷᠠᠬᠢ ᠮᠡᠲᠦ ᠬᠠᠷᠢᠭᠤᠯᠲᠠ ᠥᠭᠬᠦᠶ᠎ᠡ᠄      ᠨᠢᠭᠡ᠂ ᠭᠠᠯᠲᠤ ᠠᠭᠤᠯᠠ ᠶᠢᠨ ᠨᠤᠲᠤᠭ ᠪᠡᠯᠴᠢᠭᠡᠷ ᠤᠨ ᠲᠥᠷᠥᠯ  ᠵᠦᠢᠯ ᠨᠢ 2014 ᠤᠨ ᠤ 5 ᠳ᠋ᠤᠭᠠᠷ ᠰᠠᠷ᠎ᠠ ᠠᠴᠠ ᠡᠬᠢᠯᠡᠨ᠂ ᠥᠪᠥᠷ ᠮᠣᠩᠭᠤᠯ ᠤᠨ  ᠵᠧᠩ ᠪᠸᠢ ᠹᠠᠩ ᠵᠢᠭᠤᠯᠴᠢᠯᠠᠯ ᠤᠨ ᠰᠣᠶᠣᠯ ᠤᠨ ᠬᠢᠵᠠᠭᠠᠷᠲᠤ ᠺᠣᠮᠫᠠᠨᠢ ᠠᠴᠠ ᠵᠠᠰᠠᠭ ᠤᠨ ᠣᠷᠳᠣᠨ ᠯᠤᠭ᠎ᠠ ᠪᠦᠬᠦᠯᠢ  ᠲᠠᠯ᠎ᠠ ᠪᠠᠷ ᠨᠡᠭᠡᠭᠡᠨ ᠬᠥᠭᠵᠢᠭᠦᠯᠬᠦ ᠭᠡᠷ᠎ᠡ ᠲᠣᠭᠲᠠᠨ᠎ᠠ᠃ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠪᠠᠷ ᠲᠥᠯᠥᠪᠯᠡᠵᠦ ᠪᠠᠶᠢᠭ᠎ᠠ ᠣᠷᠣᠨ ᠪᠦᠰᠡ ᠶᠢᠨ ᠲᠠᠯᠠᠪᠠᠢ ᠨᠢ 65.9 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠳᠣᠬᠠᠨ ᠳᠤ ᠨᠡᠶᠢᠲᠡ 3.8 ᠳ᠋ᠦᠩᠰᠢᠭᠤᠷ ᠭᠠᠷᠤᠶ ᠲᠥᠭᠦᠷᠢᠭ ᠤᠨ ᠪᠡᠯᠡ ᠮᠥᠩᠭᠦ ᠣᠷᠣᠭᠤᠯᠪᠠ᠃ ᠭᠠᠯᠲᠤ ᠠᠭᠤᠯᠠ ᠶᠢᠨ ᠮᠦᠽᠧᠶ᠂ ᠰᠢᠪᠠᠷ ᠤᠬᠢᠶᠠᠯᠭ᠎ᠠ ᠶᠢᠨ ᠣᠷᠳᠣᠨ᠂  ︽ᠭᠤᠷᠪᠠᠨ ᠲᠣᠮᠣ ᠡᠭᠦᠳᠡ ᠬᠤᠶᠠᠷ ᠵᠢᠭᠤᠯᠴᠢᠯᠠᠭᠴᠢᠳ︾ ᠤᠨ ᠦᠢᠯᠡᠴᠢᠯᠡᠬᠡᠨ ᠤ ᠲᠥᠪ᠂ ᠵᠣᠴᠢᠳ ᠤᠨ ᠪᠠᠭᠤᠳᠠᠯ᠂ ᠴᠠᠬᠠᠷ ᠤᠨ ᠵᠠᠩ ᠠᠭᠠᠯᠢ ᠶᠢᠨ ᠬᠦᠷᠢᠶᠡᠯᠡᠩ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠᠷ ᠵᠢᠱᠢᠵᠦ ᠪᠠᠶᠢᠨ᠎ᠠ᠃ ᠡᠭᠦᠨ ᠳᠤ 2014 ᠣᠨ ᠠᠴᠠ 2017 ᠤᠨ ᠤ 11 ᠰᠠᠷ᠎ᠠ ᠪᠣᠯᠲᠠᠯ᠎ᠠ ᠭᠤᠤᠯᠳᠠᠭᠤ  ᠲᠦᠷᠪᠡᠳᠦᠭᠡᠷ ᠨᠤᠸ᠋ᠮᠷᠲᠤ ᠠᠭᠤᠯᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠪᠡ᠃ ᠪᠠᠰᠠ 3 - 8 ᠳ᠋ᠤᠭᠠᠷ ᠠᠭᠤᠯᠠ ᠶᠢᠨ ᠬᠠᠮᠢᠶ᠎ᠠ ᠪᠦᠬᠦᠢ ᠵᠠᠮᠴᠢ ᠲᠡᠮᠳᠡᠭ ᠵᠢᠴᠢ ᠬᠠᠮᠢᠶ᠎ᠠ ᠪᠦᠬᠦᠢ ᠭᠠᠵᠠᠷ ᠰᠢᠷᠣᠶ ᠶᠢ ᠲᠡᠭᠰᠢᠯᠡᠬᠦ ᠠᠵᠢᠯ ᠪᠠᠶᠢᠨ᠎ᠠ᠃      ᠬᠤᠶᠠᠷ᠂ ᠵᠢᠭᠤᠯᠴᠢᠯᠠᠯ ᠤᠨ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠬᠥᠭᠵᠢᠭᠦᠯᠵᠦ᠂  ᠦᠢᠯᠡ ᠠᠵᠢᠯᠠᠭ᠎ᠠ ᠶᠢᠨ ᠶᠠᠪᠤᠴᠠ ᠳᠤ ᠶᠠᠮᠠᠷ ᠨᠢᠭᠡᠨ ᠪᠦᠲᠦᠭᠡᠨ ᠪᠠᠶᠢᠭᠤᠯᠤᠯᠲᠠ ᠪᠠ ᠪᠦᠲᠦᠭᠡᠯᠴᠢ ᠴᠢᠨᠠᠷᠲᠠᠶ ᠡᠪᠳᠡᠯᠡᠭᠡ  ᠭᠠᠷᠬᠤ ᠠᠴᠠ ᠵᠠᠶᠢᠯᠠᠰᠬᠢᠬᠦ ᠶᠢᠨ ᠲᠥᠯᠥᠭᠡ᠂ 2018 ᠣᠨ ᠳᠤ ᠪᠡᠭᠡᠵᠢᠩ ᠤᠨ ᠵᠤᠤ ᠲᠦᠩ ᠺᠣᠮᠫᠠᠨᠢ ᠶᠢᠨ ᠳᠠᠬᠢᠨ ᠪᠠᠶᠢᠭᠤᠯᠤᠭᠰᠠᠨ ᠵᠧᠩ  ᠪᠸᠢ ᠹᠠᠩ ᠺᠣᠮᠫᠠᠨᠢ ᠠᠴᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠳᠤ ᠪᠦᠲᠦᠭᠡᠨ ᠪᠠᠶᠢᠭᠤᠯᠤᠯᠲᠠ ᠬᠢᠬᠦ ᠠᠴᠠ ᠡᠮᠦᠨᠡᠬᠢ ᠰᠠᠭᠤᠷᠢ ᠴᠢᠨᠠᠷᠲᠠᠶ ᠠᠵᠢᠯ ᠢ ᠬᠢᠪᠡ᠄ 1. ᠦᠵᠡᠮᠵᠢ ᠶᠢᠨ ᠣᠷᠣᠨ ᠤ ᠳᠣᠲᠣᠷᠠᠬᠢ ᠵᠠᠰᠠᠮᠠᠯ ᠵᠠᠮ ᠤᠨ ᠵᠠᠮ ᠬᠠᠷᠢᠯᠴᠠᠭ᠎ᠠ ᠶᠢ 2018 ᠤᠨ ᠤ 10 ᠰᠠᠷ᠎ᠠ ᠳᠤ  ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠦᠨ᠎ᠡ᠃ 2. ᠦᠵᠡᠮᠵᠢ ᠶᠢᠨ ᠣᠷᠣᠨ ᠤ ᠲᠥᠷᠥᠯ  ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠮᠡᠳᠡᠭᠦᠯᠦᠯᠲᠡ ᠶᠢᠨ ᠬᠦᠰᠦᠨᠦᠭᠲᠦ ᠶᠢ ᠴᠣᠬᠤᠯᠠᠪᠤᠷᠢᠯᠠᠨ ᠪᠠᠲᠤᠯᠠᠯᠲᠠ ᠣᠯᠪᠠ᠃ 3. ᠶᠡᠭᠡ ᠬᠡᠮᠵᠢᠶᠡᠨ ᠤ ᠤᠬᠠᠭᠤᠯᠤᠨ ᠳᠡᠯᠭᠡᠷᠡᠭᠦᠯᠬᠦ ᠠᠵᠢᠯ ᠢ ᠬᠢᠪᠡ᠂ ᠡᠭᠦᠨ ᠳᠤ 2018 ᠤᠨ ᠤ 8 ᠰᠠᠷ᠎ᠠ ᠶᠢᠨ 6 ᠤ ᠡᠳᠦᠷ — 8 ᠰᠠᠷ᠎ᠠ ᠶᠢᠨ 11 ᠤ ᠡᠳᠦᠷ ᠤᠨ  ᠲᠤᠭ᠎ᠠ ᠪᠦᠷᠢᠳᠭᠡᠯ ᠢᠶᠠᠷ ᠡᠳᠦᠷ  ᠪᠦᠷᠢ ᠳᠤᠮᠳᠠᠴᠢ  ᠪᠠᠷ 5000 ᠭᠠᠷᠤᠶ ᠬᠥᠮᠦᠨ᠂ ᠣᠷᠭᠢᠯ ᠬᠡᠮᠵᠢᠭᠳᠡᠯ 8900 ᠭᠠᠷᠤᠶ ᠬᠥᠮᠦᠨ ᠪᠣᠶ᠃ 4. ᠦᠵᠡᠮᠵᠢ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠢ ᠬᠦᠨᠳᠦ ᠨᠣᠴᠢᠲᠠᠶ ᠡᠪᠳᠡᠭᠰᠡᠨ ᠠᠯᠲᠠᠨ ᠤ ᠠᠭᠤᠷᠬᠠᠶ ᠳᠤ ᠬᠠᠮᠠᠭᠠᠯᠠᠯᠲᠠ ᠶᠢᠨ ᠴᠢᠨᠠᠷᠲᠠᠶ ᠡᠭᠡᠭᠦᠯᠦᠨ ᠪᠥᠭᠯᠡᠯᠲᠡ ᠬᠢᠪᠡ᠃ 5. ᠥᠩᠭᠡᠷᠡᠭᠰᠡᠨ ᠤ ᠪᠣᠶ ᠪᠦᠬᠦᠢ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠪᠠ ᠰᠡᠯᠪᠢᠨ ᠵᠠᠰᠠᠵᠤ ᠠᠷᠠᠴᠢᠯᠠᠨ  ᠬᠠᠮᠠᠭᠠᠯᠠᠯᠲᠠ ᠬᠢᠭᠰᠡᠨ ᠪᠠᠶᠢᠨ᠎ᠠ᠃ 6. ᠵᠢᠭᠤᠯᠴᠢᠯᠠᠭᠴᠢᠳ ᠬᠡᠲᠦᠷᠬᠡᠢ ᠣᠯᠠᠨ᠂ ᠵᠣᠴᠢᠯᠠᠬᠤ ᠴᠢᠳᠠᠪᠤᠷᠢ ᠨᠢ ᠪᠠᠰᠠ ᠬᠢᠵᠠᠭᠠᠷ ᠲᠠᠢ  ᠂ ᠦᠵᠡᠮᠵᠢ ᠶᠢᠨ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠺᠣᠮᠫᠠᠨᠢ 2018  ᠤᠨ ᠤ 8 ᠰᠠᠷ᠎ᠠ ᠶᠢᠨ 21 ᠤ ᠡᠳᠦᠷ ᠭᠠᠯᠲᠤ ᠠᠭᠤᠯᠠᠨ ᠳᠤ  ᠪᠢᠲᠡᠭᠦᠮᠵᠢᠯᠡᠬᠦ ᠬᠠᠮᠢᠶᠠᠷᠤᠯᠲᠠ ᠶᠠᠪᠤᠭᠳᠠᠭᠤᠯᠵᠠᠢ᠃ 7. ᠶᠡᠭᠡ ᠬᠡᠮᠵᠢᠶᠡᠨ ᠤ ᠭᠦᠨ ᠭᠦᠨᠵᠡᠭᠡᠶ ᠨᠠᠷᠢᠨ ᠨᠢᠮᠪᠠᠶ ᠪᠠᠶᠢᠴᠠᠭᠠᠨ ᠰᠤᠳᠤᠯᠬᠤ ᠠᠵᠢᠯ ᠢ ᠬᠢᠵᠦ ᠦᠵᠡᠮᠵᠢ ᠶᠢᠨ ᠣᠷᠣᠨ ᠤ ᠳᠣᠲᠣᠷᠠᠬᠢ ᠵᠢᠴᠢ ᠡᠷᠭᠢᠨ ᠲᠣᠭᠤᠷᠢᠨ ᠤ ᠮᠠᠯᠵᠢᠬᠤ ᠣᠷᠣᠨ ᠤ ᠶᠠᠳᠠᠭᠤ ᠶᠢ ᠲᠡᠳᠬᠦᠬᠦ ᠠᠵᠢᠯ ᠳᠤ ᠢᠳᠡᠪᠬᠢᠲᠡᠢ ᠣᠷᠣᠯᠴᠠᠪᠠ᠃      ᠭᠤᠷᠪᠠ᠂ ᠵᠧᠩ ᠪᠸᠢ ᠹᠠᠩ ᠺᠣᠮᠫᠠᠨᠢ ᠪᠡᠭᠡᠵᠢᠩ ᠤᠨ ᠳ᠋ᠠ ᠶᠠᠨ ᡁᠢ ᠵᠢᠭᠤᠯᠴᠢᠯᠠᠯ ᠤᠨ ᠵᠢᠷᠤᠭ ᠲᠥᠯᠥᠪᠯᠡᠭᠡᠨ ᠤ ᠬᠦᠷᠢᠶᠡᠯᠡᠩ ᠢ ᠤᠷᠢᠵᠤ᠂ ᠳᠣᠤᠷ᠎ᠠ ᠬᠠᠭᠠᠰ ᠵᠢᠯ ᠳᠤ ︽ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ ᠤ ᠶᠡᠷᠦᠩᠬᠡᠶ  ᠲᠦᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠭᠰᠠᠨ ᠤ ᠳᠠᠷᠠᠭ᠎ᠠ᠂ ᠬᠤᠲᠠ ᠶᠢᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠲᠠᠢ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠬᠤᠲᠠ ᠠᠴᠠ ᠠᠩᠬᠠᠨ ᠤ ᠬᠢᠨᠠᠯᠲᠠ ᠪᠠᠨ ᠬᠢᠭᠰᠡᠨ ᠤ ᠳᠠᠷᠠᠭ᠎ᠠ᠂ ᠬᠤᠲᠠ ᠶᠢᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠰᠢᠯᠭᠠᠷᠠᠭᠤᠯᠵᠤ᠂ 2018 ᠤᠨ ᠤ 11 ᠰᠠᠷ᠎ᠠ ᠳᠤ  ᠬᠦᠬᠡᠬᠤᠲᠠ ᠶᠢᠨ ᠰᠢᠨ᠎ᠡ ᠬᠤᠲᠠ ᠵᠣᠴᠢᠳ ᠤᠨ ᠪᠠᠭᠤᠳᠠᠯ ᠳᠤ ᠬᠢᠨᠠᠨ ᠰᠢᠯᠭᠠᠷᠠᠭᠤᠯᠤᠨ ᠪᠠᠲᠤᠯᠠᠭᠤᠯᠵᠤ᠂ ᠬᠤᠲᠠ ᠶᠢᠨ ᠵᠢᠭᠤᠯᠴᠢᠯᠠᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠠᠴᠠ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠰᠠᠨ ᠰᠠᠨᠠᠯ ᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠭᠡᠳ ᠨᠢᠭᠡᠨᠲᠡ ᠵᠥᠪᠰᠢᠶᠡᠷᠡᠪᠡ︔ ᠣᠷᠴᠢᠨ ᠠᠬᠤᠢ ᠶᠢᠨ ᠨᠥᠯᠥᠭᠡ ᠶᠢᠨ ᠦᠨᠡᠯᠡᠯᠲᠡ ᠶᠢᠨ ᠬᠢᠨᠠᠨ ᠲᠣᠭᠲᠠᠭᠠᠯᠲᠠ ᠴᠤ ᠪᠠᠲᠤᠯᠠᠭᠳᠠᠭᠰᠠᠨ ᠪᠥᠭᠡᠳ ᠣᠷᠴᠢᠨ ᠠᠬᠤᠢ ᠶᠢᠨ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠵᠢᠩᠬᠢᠨᠢ ᠴᠣᠬᠤᠯᠠᠪᠤᠷᠢ ᠶᠢ ᠣᠯᠪᠠ᠃      ᠲᠦᠷᠪᠡ᠂ ᠬᠤᠲᠠ ᠶᠢᠨ ᠵᠠᠰᠠᠭ ᠤᠨ ᠣᠷᠳᠣᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠵᠢᠩᠬᠢᠨᠢ ᠴᠣᠬᠤᠯᠠᠪᠤᠷᠢ ᠶᠢ ᠣᠯᠤᠭᠰᠠᠨ ᠤ ᠳᠠᠷᠠᠭ᠎ᠠ᠂ 2019 ᠤᠨ ᠳᠤ ᠵᠧᠩ ᠪᠸᠢ ᠹᠠᠩ ᠺᠣᠮᠫᠠᠨᠢ ᠶᠢᠨ ᠭᠠᠯᠲᠤ ᠠᠭᠤᠯᠠ ᠶᠢᠨ ᠲᠥᠷᠥᠯ ᠵᠦᠢᠯ ᠤᠨ ᠲᠠᠯ᠎ᠠ ᠪᠠᠷ ᠬᠢ ᠬᠠᠷᠠᠯᠲᠠ ᠪᠠ ᠲᠥᠯᠥᠪᠯᠡᠭᠡ ᠪᠣᠯ᠄ 1. ᠵᠠᠰᠠᠭ ᠤᠨ ᠣᠷᠳᠣᠨ ᠲᠠᠢ ᠬᠠᠮᠵᠢᠯᠴᠠᠨ ᠦᠵᠡᠮᠵᠢ ᠶᠢᠨ ᠣᠷᠣᠨ ᠢ ᠬᠡᠷᠡᠭᠯᠡᠬᠦ ᠳᠤ ᠬᠡᠷᠡᠭᠰᠡᠬᠦ ᠢᠵᠢ ᠪᠦᠷᠢᠳᠦᠭᠦᠯᠬᠦ ᠭᠠᠵᠠᠷ ᠰᠢᠷᠣᠶ ᠶᠢ ᠪᠣᠳᠠᠲᠠᠶᠢᠵᠢᠭᠤᠯᠤᠨ᠎ᠠ᠃ 2. 2019  ᠤᠨ ᠤ 6 ᠰᠠᠷ᠎ᠠ ᠳᠤ ᠴᠡᠴᠡᠷᠯᠢᠭ ᠨᠡᠭᠡᠭᠡᠵᠦ ᠵᠣᠴᠢᠨ ᠤᠭᠲᠤᠬᠤ ᠶᠢ ᠦᠨᠡᠨ ᠬᠦ ᠪᠠᠲᠤᠯᠠᠨ᠎ᠠ᠃ 3. ᠴᠡᠴᠡᠷᠯᠢᠭ ᠨᠡᠭᠡᠭᠡᠬᠦ ᠠᠴᠠ ᠡᠮᠦᠨᠡᠬᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠢᠯᠭᠠᠬᠤ ᠲᠡᠮᠳᠡᠭ ᠤᠨ ᠰᠢᠰᠲ᠋ᠧᠮ᠂ ᠬᠥᠲᠥᠯᠥᠨ ᠦᠵᠡᠬᠦ ᠪᠠ ᠬᠥᠲᠥᠯᠥᠨ ᠦᠵᠡᠬᠦ ᠰᠢᠰᠲ᠋ᠧᠮ ᠢ ᠪᠦᠬᠦᠨ ᠢ ᠪᠡᠶᠡᠯᠡᠭᠦᠯᠦᠨ᠎ᠡ᠃ 4. ᠴᠡᠴᠡᠷᠯᠢᠭ ᠨᠡᠭᠡᠭᠡᠬᠦ ᠠᠴᠠ ᠡᠮᠦᠨᠡᠬᠢ ᠡᠵᠡᠩᠨᠡᠨ ᠪᠣᠷᠣᠯᠠᠭᠤᠯᠵᠤ ᠤᠬᠠᠭᠤᠯᠤᠨ ᠳᠡᠯᠭᠡᠷᠡᠭᠦᠯᠬᠦ ᠠᠵᠢᠯ᠃ 5. ᠴᠡᠴᠡᠷᠯᠢᠭ ᠨᠡᠭᠡᠭᠡᠬᠦ ᠠᠴᠠ ᠡᠮᠦᠨᠡᠬᠢ ᠠᠵᠢᠯᠲᠠᠨ ᠡᠯᠰᠡᠬᠦ ᠪᠣᠯᠪᠠᠰᠤᠷᠠᠭᠤᠯᠤᠯ ᠤᠨ ᠠᠵᠢᠯ᠃ 6. ᠦᠵᠡᠮᠵᠢ ᠶᠢᠨ ᠣᠷᠣᠨ ᠤ ᠳᠣᠲᠣᠷᠠᠬᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠮᠠᠯᠴᠢᠨ ᠲᠠᠷᠢᠶᠠᠴᠢᠳ ᠢ ᠬᠠᠪᠰᠤᠷᠤᠨ ᠲᠡᠳᠬᠦᠬᠦ ᠠᠵᠢᠯ᠃ 7. ᠦᠵᠡᠮᠵᠢ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠢ ᠠᠬᠤᠢ ᠶᠢᠨ ᠰᠢᠰᠲ᠋ᠧᠮ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯ᠃      ᠮᠠᠨ ᠤ ᠣᠷᠣᠨ ᠤ ᠵᠢᠭᠤᠯᠴᠢᠯᠠᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠴᠢᠨᠢ ᠲᠤᠩ ᠲᠠᠯᠠᠷᠬᠠᠵᠤ ᠪᠠᠶᠢᠨ᠎ᠠ︕                                                                                    ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ                              ᠰᠤᠶᠤᠯ ᠪᠠ ᠵᠢᠭᠤᠯᠴᠢᠯᠠᠯ ᠤᠨ ᠲᠢᠩᠬᠢᠮ                                               2019 ᠤᠨ ᠤ06 ᠰᠠᠷ᠎ᠠ ᠶᠢᠨ 20 ᠤ ᠡᠲᠦᠷ
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号