ᠠᠯᠪᠠᠨ ᠵᠠᠷᠯᠠᠯ
ᠨᠡᠶᠢᠲᠡᠯᠡᠭᠰᠡᠨ ᠴᠠᠭ᠄
2019/11/26
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠷᠢᠮᠵᠢᠶ᠎ᠠ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠨ ᠲᠣᠭᠲᠠᠭᠠᠬᠤ︾ ︽ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠲᠡᠰ ᠤᠨ ᠬᠠᠮᠢᠶᠠᠷᠤᠯᠲᠠ ᠶᠢᠨ ᠠᠷᠭ᠎ᠠ︾ ᠶᠢ ᠪᠠᠷᠢᠮᠵᠢᠶᠠᠯᠠᠵᠤ᠂ 2019 ᠣᠨ ᠤ ᠪᠥᠬᠦ ᠣᠷᠣᠨ ᠤ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠠᠬᠢᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠭᠠᠳ ᠨᠠᠢᠮᠠᠨ 4A᠂ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠬᠦᠴᠦᠨ ᠥᠬᠡᠶ ᠪᠣᠯᠭᠠᠵᠤ᠂ ᠭᠤᠷᠪᠠᠨ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ 2A ᠳᠡᠰ ᠪᠣᠯᠭᠠᠨ ᠪᠠᠭᠤᠷᠠᠭᠤᠯᠬᠤ ᠪᠠᠷ ᠲᠤᠭᠲᠠᠭᠠᠭᠰᠠᠨ ᠢ ᠵᠠᠷᠯᠠᠨ ᠨᠡᠶᠢᠲᠡᠯᠡᠵᠦ ᠪᠠᠶᠢᠨ᠎ᠠ᠃ ᠪᠣᠳᠠᠲᠠᠶ ᠨᠡᠷᠡᠰ ᠨᠢ ᠳᠣᠤᠷᠠᠬᠢ ᠮᠡᠲᠦ᠄      ᠨᠢᠭᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ ᠬᠦᠴᠦᠨ ᠥᠬᠡᠶ ᠪᠣᠯᠭᠠᠭᠰᠠᠨ ᠨᠢ᠄      1. ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠬᠥᠬᠡ ᠰᠢᠪᠠᠭᠤ ᠲᠡᠵᠢᠭᠡᠬᠦ ᠡᠳ᠋ᠯᠡᠩ ︵4A︶      2. ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠣᠢ ᠶᠢᠨ ᠳᠣᠤᠷᠠᠬᠢ ᠠᠵᠤ ᠠᠬᠤᠢ ᠶᠢᠨ ᠭᠤᠤᠯ ᠰᠡᠳᠦᠪᠲᠦ ᠴᠡᠴᠡᠷᠯᠢᠭ ︵3A︶      3. ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠰᠢᠭᠤᠨ ᠤ ᠬᠠᠰᠠᠷ ᠤᠨ ᠲᠠᠬᠢᠯᠭ᠎ᠠ ᠶᠢᠨ ᠲᠠᠩᠬᠢᠮ ᠤᠨ ᠦᠵᠡᠮᠵᠢ ᠶᠢᠨ ᠣᠷᠣᠨ ︵3A︶      4. ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠥᠯᠵᠡᠶ ᠪᠡᠯᠭᠡ ᠲᠠᠢ ᠨᠢᠭᠤᠴᠠ ᠬᠥᠯᠭᠡᠨ ᠶᠡᠭᠡ ᠵᠢᠷᠭᠠᠯᠠᠩᠲᠤ ᠰᠦᠮ᠎ᠡ ︵3A︶      5. ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠽᠠᠩ ᠯᠦᠩ ᠬᠥ᠋ ᠪᠠᠶᠢᠭᠠᠯᠢ ᠶᠢᠨ ᠦᠵᠡᠮᠵᠢᠲᠦ ᠣᠷᠣᠨ ︵3A︶      6. ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠮᠢ ᠠᠬᠤᠢ ᠶᠢᠨ ᠰᠣᠶᠣᠯ ᠤᠨ ᠦᠵᠡᠰᠬᠦᠯᠡᠩ ᠤᠨ ᠣᠷᠳᠣᠨ ︵3A︶      7. ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠭᠤᠸᠠᠩ ᠵᠢᠶ ᠲᠠᠷᠢᠶᠠᠯᠠᠩ ᠤᠨ ᠮᠦᠽᠧᠶ ︵3A︶      8. ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠭᠠᠨᠳᠠᠷᠢ ᠶᠢᠨ ᠰᠦᠮ᠎ᠡ ︵3A︶      ᠬᠤᠶᠠᠷ᠂ 3A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠤᠨ ᠵᠡᠷᠭᠡ ᠳᠡᠰ ᠢ 2A ᠳᠡᠰ ᠪᠣᠯᠭᠠᠨ ᠪᠠᠭᠤᠷᠠᠭᠤᠯᠤᠭᠰᠠᠨ ᠨᠢ᠄      1. ᠬᠥᠯᠥᠨ ᠪᠤᠶᠢᠷ ᠬᠤᠲᠠ ᠶᠢᠨ ᠭᠡᠭᠡᠨ ᠭᠤᠤᠯ ᠬᠤᠲᠠ ᠶᠢᠨ ᠶᠡᠭᠡ ᠰᠠᠮ᠎ᠠ ᠤᠯᠤᠰ ᠤᠨ ᠣᠢ ᠰᠢᠭᠤᠶ ᠶᠢᠨ ᠴᠡᠴᠡᠷᠯᠢᠭ      2. ᠣᠷᠳᠣᠰ ᠬᠤᠲᠠ ᠶᠢᠨ ᠦᠤᠰᠢᠨ ᠬᠤᠰᠢᠭᠤᠨ ᠤ ᠲᠣᠭᠤᠷᠢᠮ ᠰᠦᠮ᠎ᠡ      3. ᠪᠠᠶᠠᠨᠨᠠᠭᠤᠷ ᠬᠤᠲᠠ ᠶᠢᠨ ᠳ᠋ᠧᠩ ᠺᠸᠦ ᠰᠢᠶᠠᠨ ᠤ ᠸᠠᠨ ᠴᠢᠤᠸᠠᠨ ᠬᠤ᠋ ᠨᠠᠭᠤᠷ ᠤᠨ ᠠᠮᠢ ᠠᠬᠤᠢ ᠶᠢᠨ ᠵᠢᠭᠤᠯᠴᠢᠯᠠᠯ ᠠᠮᠠᠷᠠᠯᠲᠠ ᠶᠢᠨ ᠣᠷᠣᠨ                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                              ᠰᠣᠶᠣᠯ ᠪᠠ ᠵᠢᠭᠤᠯᠴᠢᠯᠠᠯ ᠤᠨ ᠲᠢᠩᠬᠢᠮ                                                                                                                                                       2019 ᠣᠨ ᠤ 11 ᠳ᠋ᠣᠭᠡᠷ ᠰᠠᠷ᠎ᠠ ᠶᠢᠨ 4 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号