ᠳᠤᠮᠳᠠᠳᠤ ᠶᠠᠫᠣᠨ ᠤ ᠵᠢᠭᠤᠯᠴᠢᠯᠠᠯ ᠤᠨ ᠶᠠᠷᠢᠯᠴᠠᠭᠠᠨ ᠤ ᠲᠠᠪᠴᠠᠩ ᠶᠠᠫᠣᠨ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2019/12/26
     12 ᠳ᠋ᠤᠭᠠᠷ ᠰᠠᠷ᠎ᠠ ᠶᠢᠨ 5 ᠤ ᠡᠳᠦᠷ᠂ ᠳᠤᠮᠳᠠᠳᠤ ᠶᠠᠫᠣᠨ ᠤ ᠵᠢᠭᠤᠯᠴᠢᠯᠠᠯ ᠤᠨ ᠶᠠᠷᠢᠯᠴᠠᠭᠠᠨ ᠤ ᠲᠠᠪᠴᠠᠩ ᠶᠠᠫᠣᠨ ᠳᠤ ᠶᠠᠪᠤᠭᠳᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠯᠢ ᠶᠢᠨ ᠽᠣᠤ᠂ ᠶᠠᠫᠣᠨ ᠤ ᠴᠢᠯᠥᠭᠡᠲᠦ ᠠᠷᠠᠳ ᠤᠨ ᠨᠠᠮ ᠤᠨ ᠨᠠᠷᠢᠨ ᠪᠢᠴᠢᠭ ᠤᠨ ᠳᠠᠷᠤᠭ᠎ᠠ ᠨᠢᠺᠠᠶ᠋ᠢ · ᠲᠣᠰᠢᠾᠢᠷᠤ᠋᠂ ᠶᠠᠮᠠᠨᠠᠰᠢ ᠰᠢᠶᠠᠨ ᠤ ᠲᠠᠷᠤᠭ᠎ᠠ ᠨᠠᠭᠠᠰᠠᠺᠢ · ᠺᠥᠦᠲ᠋ᠠᠷᠥᠦ᠋᠂ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠲᠠᠪᠠᠲ᠋ᠠ · ᠾᠢᠷᠤᠰᠢ ᠵᠢᠴᠢ ᠳᠤᠮᠳᠠᠳᠤ ᠶᠠᠫᠣᠨ ᠤ ᠵᠢᠭᠤᠯᠴᠢᠯᠠᠯ ᠤᠨ ᠦᠢᠯᠡᠰ ᠤᠨ ᠨᠡᠶᠢᠭᠡᠮᠯᠢᠭ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠬᠤᠳᠠᠯᠳᠤᠭᠠᠴᠢᠨ᠂ ᠰᠤᠷᠭᠠᠨ ᠬᠥᠮᠦᠵᠢᠯ ᠤᠨ ᠵᠢᠭᠤᠯᠴᠢᠯᠠᠯ ᠤᠨ ᠨᠡᠶᠢᠭᠡᠮᠯᠢᠭ᠂ ᠵᠢᠭᠤᠯᠴᠢᠯᠠᠯ ᠤᠨ ᠶᠡᠭᠡ ᠲᠡᠭᠡᠳᠦ ᠰᠤᠷᠭᠠᠭᠤᠯᠢ ᠶᠢᠨ ᠲᠥᠯᠥᠭᠡᠯᠡᠭᠴᠢ ᠪᠠ ᠰᠣᠶᠣᠯ ᠵᠢᠭᠤᠯᠴᠢᠯᠠᠯ ᠤᠨ ᠠᠵᠤ  ᠠᠬᠤᠶᠢᠯᠠᠯ ᠤᠨ ᠲᠥᠯᠥᠭᠡᠯᠡᠭᠴᠢ ᠵᠡᠷᠭᠡ 300 ᠭᠠᠷᠤᠶ ᠬᠥᠮᠦᠨ ᠬᠦᠳᠡᠯᠭᠡᠭᠡᠨ ᠳᠤ ᠣᠷᠣᠯᠴᠠᠪᠠ᠃      ᠯᠢ ᠶᠢᠨ ᠽᠣᠤ ᠪᠠᠶᠠᠷ ᠤᠨ ᠦᠭᠡ ᠳᠤ ᠪᠠᠨ᠂ ᠳᠤᠮᠳᠠᠳᠤ ᠶᠠᠫᠣᠨ ᠤ ᠦᠨᠳᠦᠷ ᠵᠡᠷᠭᠡ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠵᠥᠪᠳᠡᠯᠴᠡᠭᠡᠨ ᠤ ᠲᠣᠭᠲᠠᠯᠴᠠᠭ᠎ᠠ ᠶᠢᠨ ᠠᠩᠬᠠᠳᠤᠭᠠᠷ ᠤᠳᠠᠭ᠎ᠠ ᠶᠢᠨ ᠬᠤᠷᠠᠯ ᠲᠦᠷᠦᠭᠦᠬᠡᠨ ᠠᠮᠵᠢᠯᠲᠠ ᠲᠠᠢ ᠶᠠᠪᠤᠭᠳᠠᠭᠰᠠᠨ ᠶᠤᠮ᠂ ᠬᠤᠷᠠᠯ ᠠᠴᠠ ᠳᠤᠮᠳᠠᠳᠤ ᠶᠠᠫᠣᠨ ᠤ ᠰᠣᠶᠣᠯ ᠢᠷᠭᠡᠨᠰᠢᠯ ᠤᠨ ᠴᠠᠷᠠᠭᠠᠨ ᠳᠤ ᠨᠠᠢᠮᠠᠨ ᠲᠠᠯ᠎ᠠ ᠶᠢᠨ ᠨᠢᠭᠡᠳᠦᠭᠰᠡᠨ ᠰᠠᠨᠠᠯ ᠢ ᠳᠤᠷᠠᠳᠴᠠᠶ᠃ ᠡᠨᠡ ᠬᠦ ᠠᠬᠤᠶ ᠪᠠᠶᠢᠳᠠᠯ ᠳᠣᠤᠷ᠎ᠠ ᠳᠤᠮᠳᠠᠳᠤ ᠶᠠᠫᠣᠨ ᠤ ᠵᠢᠭᠤᠯᠴᠢᠯᠠᠯ ᠤᠨ ᠶᠠᠷᠢᠯᠴᠠᠭᠠᠨ ᠤ ᠲᠠᠪᠴᠠᠩ ᠢ ᠬᠤᠷᠠᠯᠳᠤᠭᠤᠯᠵᠤ᠂ ᠳᠤᠮᠳᠠᠳᠤ ᠶᠠᠫᠣᠨ ᠤ ᠵᠢᠭᠤᠯᠴᠢᠯᠠᠯ ᠤᠨ ᠬᠠᠮᠲᠤᠷᠠᠯᠴᠠᠭᠠᠨ ᠤ ᠵᠥᠪᠯᠡᠬᠦ ᠵᠦᠢᠯ ᠢ ᠰᠤᠳᠤᠯᠤᠨ ᠶᠠᠷᠢᠯᠴᠠᠬᠤ ᠨᠢ ᠴᠢᠬᠤᠯᠠ ᠶᠡᠭᠡ ᠠᠴᠢ ᠬᠤᠯᠪᠣᠭᠳᠠᠯ ᠪᠠᠶᠢᠨ᠎ᠠ ᠭᠡᠪᠡ᠃ ᠲᠡᠷᠡ ᠳᠤᠮᠳᠠᠳᠤ ᠶᠠᠫᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠦᠭᠰᠡᠨ ᠪᠥᠭᠡᠳ ᠳᠤᠮᠳᠠᠳᠤ ᠶᠠᠫᠣᠨ ᠤ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠲᠠᠯ᠎ᠠ ᠶᠢᠨ ᠳᠤᠮᠳᠠᠳᠤ ᠶᠠᠫᠣᠨ ᠤ ᠬᠠᠷᠢᠴᠠᠭᠠᠨ ᠤ ᠬᠥᠭᠵᠢᠯᠲᠡ ᠳᠤ ᠦᠵᠡᠭᠦᠯᠦᠭᠰᠡᠨ ᠯᠤᠲᠤ ᠶᠡᠭᠡ ᠦᠢᠯᠡᠳᠦᠯ ᠢ ᠲᠡᠭᠡᠳᠦ ᠬᠡᠮᠵᠢᠶ᠎ᠡ ᠪᠠᠷ ᠦᠨᠡᠯᠡᠪᠡ᠃ ᠲᠡᠷᠡ ᠣᠷᠣᠨ ᠨᠤᠲᠤᠭ ᠤᠨ ᠰᠣᠯᠢᠯᠴᠠᠭ᠎ᠠ᠂ ᠵᠠᠯᠠᠭᠤᠴᠤᠳ ᠪᠠᠭᠠᠴᠤᠳ ᠤᠨ ᠰᠣᠯᠢᠯᠴᠠᠭ᠎ᠠ᠂ ᠰᠣᠶᠣᠯ ᠪᠡᠶ᠎ᠡ ᠶᠢᠨ ᠲᠠᠮᠢᠷ ᠤᠨ ᠰᠣᠯᠢᠯᠴᠠᠭ᠎ᠠ ᠪᠣᠯ ᠳᠤᠮᠳᠠᠳᠤ ᠶᠠᠫᠣᠨ ᠬᠤᠶᠠᠷ ᠤᠯᠤᠰ ᠤᠨ ᠬᠤᠭᠤᠷᠣᠨᠳᠣᠬᠢ ᠬᠤᠶᠠᠷ ᠴᠢᠭᠯᠡᠯ ᠤᠨ ᠵᠢᠭᠤᠯᠴᠢᠯᠠᠯ ᠰᠣᠯᠢᠯᠴᠠᠭᠠᠨ ᠤ ︽ᠭᠤᠷᠪᠠᠨ ᠬᠥᠭᠦᠷᠭᠡ︾ ᠮᠥᠨ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠠᠮᠲᠤ ᠪᠠᠷ ᠴᠢᠷᠮᠠᠶᠢᠵᠤ᠂ ᠳᠤᠮᠳᠠᠳᠤ ᠶᠠᠫᠣᠨ ᠤ ᠦᠨᠳᠦᠷ ᠵᠡᠷᠭᠡ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠵᠥᠪᠳᠡᠯᠴᠡᠭᠡ ᠬᠢᠬᠦ ᠲᠣᠭᠲᠠᠯᠴᠠᠭ᠎ᠠ ᠶᠢᠨ ᠠᠩᠬᠠᠳᠤᠭᠠᠷ ᠤᠳᠠᠭ᠎ᠠ ᠶᠢᠨ ᠬᠤᠷᠠᠯ ᠤᠨ ᠨᠢᠭᠡᠳᠦᠭᠰᠡᠨ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠩ ᠳᠥᠭᠦᠮ ᠳᠥᠲᠡ ᠵᠢᠭᠤᠯᠴᠢᠯᠠᠯ ᠤᠨ ᠲᠥᠷᠦ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠠᠮᠵᠢᠵᠤ᠂ ᠠᠽᠢᠶ᠎ᠠ ᠲᠢᠪ ᠤᠨ ᠵᠢᠭᠤᠯᠴᠢᠯᠠᠯ ᠢ ᠠᠬᠢᠭᠤᠯᠬᠤ ᠲᠥᠯᠥᠪᠯᠡᠭᠡ ᠶᠢ ᠪᠣᠳᠠᠲᠠᠶ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠬᠢᠭᠡᠳ ᠬᠠᠮᠵᠢᠯᠴᠠᠨ ᠰᠢᠨ᠎ᠡ ᠶᠢ ᠡᠭᠦᠳᠬᠦ ᠶᠢ ᠬᠠᠮᠲᠤᠪᠠᠷ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠰᠣᠶᠣᠯ ᠪᠠ ᠵᠢᠭᠤᠯᠴᠢᠯᠠᠯ ᠤᠨ ᠶᠠᠪᠤᠯᠴᠠᠭᠠᠨ ᠤ ᠲᠤᠮᠳᠠ ᠣᠯᠤᠯᠲᠠ ᠲᠠᠢ ᠮᠦᠷᠲᠡᠭᠡᠨ ᠵᠢᠷᠭᠠᠯᠲᠠᠢ ᠰᠠᠨᠠᠭᠳᠠᠬᠤ ᠬᠦᠷᠲᠡᠭᠡᠯ ᠢ ᠲᠠᠰᠤᠷᠠᠯᠲᠠ ᠦᠭᠡᠢ ᠲᠡᠭᠡᠭᠰᠢᠯᠡᠭᠦᠯᠦᠶ᠎ᠡ  ᠭᠡᠰᠡᠨ ᠰᠠᠨᠠᠭ᠎ᠠ ᠪᠠᠨ  ᠢᠯᠡᠷᠬᠡᠶᠢᠯᠡᠪᠡ᠃      ᠨᠢᠺᠠᠶ᠋ᠢ · ᠲᠣᠰᠢᠾᠢᠷᠤ᠋ ᠶᠠᠫᠤᠨ ᠤ ᠲᠠᠯ᠎ᠠ ᠠᠴᠠ ᠶᠠᠫᠣᠨ ᠳᠤᠮᠳᠠᠳᠤ ᠶᠢᠨ ᠵᠢᠭᠤᠯᠴᠢᠯᠠᠯ ᠤᠨ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠤᠢ᠂ ᠰᠠᠶᠢᠨ ᠲᠤᠷ᠎ᠠ ᠠᠴᠠ ᠪᠠᠨ ᠰᠠᠶ᠋ᠢᠬᠠᠨ ᠡᠬᠢᠯᠡᠭᠦᠯᠦᠭᠰᠡᠨ ᠶᠠᠫᠣᠨ ᠳᠤᠮᠳᠠᠳᠤ ᠶᠢᠨ ᠦᠨᠳᠦᠷ ᠵᠡᠷᠭᠡ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠵᠥᠪᠳᠡᠯᠴᠡᠭᠡᠨ ᠤ ᠲᠣᠭᠲᠠᠯᠴᠠᠭ᠎ᠠ ᠪᠠᠷ ᠳᠠᠮᠵᠢᠭᠤᠯᠵᠤ᠂ ᠬᠥᠮᠦᠰ ᠤᠨ ᠬᠤᠭᠤᠷᠤᠨᠳᠤᠬᠢ ᠶᠠᠪᠤᠯᠴᠠᠭᠠᠨ ᠤ ᠬᠡᠪᠴᠢᠶ᠎ᠡ ᠪᠠᠨ ᠥᠷᠭᠡᠳᠬᠡᠵᠦ᠂ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠯᠠᠨ᠂ ᠬᠤᠶᠠᠷ ᠤᠯᠤᠰ ᠤᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ  ᠤᠨ ᠠᠷᠠᠳ ᠲᠦᠮᠡᠨ ᠤ ᠬᠤᠭᠤᠷᠣᠨᠳᠣᠬᠢ ᠣᠶᠢᠯᠠᠭᠠᠯᠴᠠᠭ᠎ᠠ ᠶᠢ ᠭᠦᠨᠵᠡᠭᠡᠶᠢᠷᠡᠭᠦᠯᠦᠨ᠂ ᠶᠠᠫᠣᠨ ᠤ ᠠᠷᠠᠳ ᠣᠯᠠᠨ ᠲᠤᠮᠲᠠᠳᠤ ᠶᠢᠨ  ᠬᠢᠨ ᠲᠠᠢ ᠨᠦᠬᠦᠷᠰᠡᠭ ᠪᠣᠯᠬᠤ ᠶᠢ ᠪᠦᠬᠦ ᠲᠠᠯ᠎ᠠ ᠪᠠᠷ ᠪᠠᠬᠢᠵᠢᠭᠦᠯᠵᠦ᠂ ᠶᠠᠫᠣᠨ ᠳᠤᠮᠳᠠᠳᠤ ᠶᠢᠨ ᠨᠥᠬᠦᠷᠯᠡᠯ ᠢ ᠰᠢᠨ᠎ᠡ  ᠣᠷᠭᠢᠯ ᠳᠤ ᠬᠦᠷᠭᠡᠨ᠎ᠡ ᠭᠡᠵᠦ ᠢᠯᠡᠳᠬᠡᠪᠡ᠃      ᠳᠤᠮᠳᠠᠳᠤ ᠶᠠᠫᠣᠨ ᠤ ᠵᠢᠭᠤᠯᠴᠢᠯᠠᠯ ᠤᠨ ᠶᠠᠷᠢᠯᠴᠠᠭᠠᠨ ᠤ ᠲᠠᠪᠴᠠᠩ ᠪᠣᠯ ᠳᠤᠮᠳᠠᠳᠤ ᠶᠠᠫᠣᠨ ᠬᠤᠶᠠᠷ ᠤᠯᠤᠰ ᠤᠨ ᠤᠳᠤᠷᠢᠳᠬᠤ ᠬᠥᠮᠦᠰ ᠤᠨ ᠳᠤᠷᠠᠳᠤᠭᠰᠠᠨ ᠳᠤᠮᠳᠠᠳᠤ ᠶᠠᠫᠣᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤᠶᠢᠴᠠ ᠨᠢᠭᠡᠳᠦᠭᠰᠡᠨ ᠰᠠᠨᠠᠯ ᠢ ᠨᠠᠶᠢᠳᠠᠪᠤᠷᠢᠵᠢᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠪᠠᠰᠠ ᠴᠤ ᠳᠤᠮᠳᠠᠳᠤ ᠶᠠᠫᠣᠨ ᠤ ᠦᠨᠳᠦᠷ ᠵᠡᠷᠭᠡ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠵᠥᠪᠳᠡᠯᠴᠡᠭᠡᠨ ᠤ ᠲᠣᠭᠲᠠᠯᠴᠠᠭ᠎ᠠ ᠶᠢᠨ ᠠᠩᠬᠠᠳᠤᠭᠠᠷ ᠤᠳᠠᠭ᠎ᠠ ᠶᠢᠨ ᠬᠤᠷᠠᠯ ᠲᠡᠭᠡᠷ᠎ᠡ ᠲᠣᠬᠢᠷᠠᠭᠰᠠᠨ ᠨᠠᠢᠮᠠᠨ ᠵᠦᠢᠯ ᠤᠨ ᠦᠷ᠎ᠡ ᠪᠦᠲᠦᠭᠡᠯ ᠤᠨ ᠳᠣᠲᠣᠷᠠᠬᠢ ︽ᠬᠤᠶᠠᠷ ᠤᠯᠤᠰ ᠤᠨ ᠠᠷᠠᠳ ᠲᠦᠮᠡᠨ ᠤ ᠬᠤᠭᠤᠷᠤᠨᠳᠤᠬᠢ ᠶᠠᠪᠤᠯᠴᠠᠭ᠎ᠠ ᠶᠢ ᠲᠡᠩᠴᠡᠭᠦᠷᠢᠲᠡᠶ ᠪᠠᠷ ᠥᠷᠭᠡᠳᠬᠡᠵᠦ᠂ 1500 ᠲᠦᠮᠡᠨ ᠬᠥᠮᠦᠨ ᠤᠳᠠᠭ᠎ᠠ ᠠᠴᠠ ᠳᠠᠪᠠᠭᠤᠯᠬᠤ ᠶᠢ ᠠᠯᠢ ᠬᠤᠷᠳᠤ ᠪᠠᠷ ᠲᠦᠷᠭᠡᠳᠭᠡᠬᠦ ᠶᠢᠨ ᠬᠠᠮᠲᠤ ᠳᠤᠮᠳᠠᠳᠤ ᠶᠠᠫᠣᠨ ᠤ ᠵᠢᠭᠤᠯᠴᠢᠯᠠᠯ ᠤᠨ ᠶᠠᠷᠢᠯᠴᠠᠭᠠᠨ ᠤ ᠲᠠᠪᠴᠠᠩ ᠢ ᠰᠠᠶᠢᠲᠤᠷ ᠡᠷᠬᠢᠯᠡᠬᠦ︾ ᠶᠢᠨ ᠪᠣᠳᠠᠲᠠᠶ ᠠᠵᠢᠯ ᠪᠣᠯᠤᠨ᠎ᠠ᠃ ᠶᠠᠷᠢᠯᠴᠠᠭᠠᠨ ᠤ ᠲᠠᠪᠴᠠᠩ ᠤᠨ ᠬᠤᠭᠤᠴᠠᠭᠠᠨ ᠳᠤ ᠪᠠᠰᠠ ᠳᠤᠮᠳᠠᠳᠤ ᠶᠠᠫᠣᠨ ᠤ ᠵᠢᠭᠤᠯᠴᠢᠯᠠᠯ ᠤᠨ ᠦᠢᠯᠡᠰ ᠤᠨ ᠬᠢᠨ ᠣᠷᠣᠨ ᠨᠤᠲᠤᠭ ᠤᠨ ᠬᠢ ᠲᠠᠢ ᠰᠣᠯᠢᠯᠴᠠᠨ  ᠶᠠᠷᠢᠯᠴᠠᠵᠤ ᠰᠤᠳᠤᠯᠬᠤ ᠠᠵᠢᠯᠯᠠᠭ᠎ᠠ ᠥᠷᠨᠢᠭᠦᠯᠵᠡᠶ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号