ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2019/12/5
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 9 ᠳ᠋ᠤᠭᠡᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠵᠢᠶᠠᠩ ᠪᠥᠸᠧ ᠶᠠᠨ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠲᠠᠨ ᠵᠢᠩ ᠹᠧᠩ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠯᠢ ᠰᠢᠶᠣᠤ ᠴᠢᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠴᠦᠨ ᠵᠢᠶᠧ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠤ ᠴᠦᠨ ᠵᠢᠶᠧ        ᠬᠤᠷᠠᠯ ᠡᠷᠬᠢᠯᠡᠭᠴᠢ ᠵᠧᠤ ᠴᠦᠨ ᠵᠢᠶᠧ᠄ ᠰᠤᠷᠪᠤᠯᠵᠢᠯᠠᠭᠴᠢ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠲᠠ ᠨᠠᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠰᠣᠨᠢᠨ ᠮᠡᠳᠡᠭᠡ ᠨᠡᠶᠢᠲᠡᠯᠡᠬᠦ ᠰᠢᠷᠢᠰ ᠬᠤᠷᠠᠯ ᠤᠨ 8 ᠳ᠋ᠤᠭᠠᠷ ᠲᠠᠯᠠᠪᠠᠢ — ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠲᠤᠰᠬᠠᠶ ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠵᠢᠶᠠᠩ ᠪᠥᠸᠧ ᠶᠠᠨ᠂ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠲᠠᠨ ᠵᠢᠩ ᠹᠧᠩ᠂ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠯᠢ ᠰᠢᠶᠣᠤ ᠴᠢᠦ ᠨᠠᠷ ᠢ ᠤᠷᠢᠵᠤ᠂ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢ ᠲᠠᠨᠢᠯᠴᠠᠭᠤᠯᠬᠤ ᠶᠢᠨ ᠬᠠᠮᠲᠤ ᠣᠯᠠᠨ ᠤ ᠠᠰᠠᠭᠤᠯᠲᠠ ᠶᠢ ᠬᠠᠷᠢᠭᠤᠯᠤᠨ᠎ᠠ᠃        ᠥᠨᠥᠳᠥᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ᠂ ᠲᠥᠪ ᠤᠨ ᠦᠪᠡᠷᠲᠡᠭᠡᠨ ᠵᠠᠰᠠᠬᠤ ᠤᠷᠤᠨ ᠳᠤ ᠰᠠᠭᠤᠭ᠎ᠠ ᠪᠠ ᠣᠷᠣᠨ ᠤ ᠳᠣᠲᠣᠷᠠᠬᠢ ᠭᠤᠤᠯ ᠰᠣᠨᠢᠨ ᠮᠡᠳᠡᠭᠡᠨ ᠤ ᠵᠠᠭᠤᠴᠢᠯᠠᠭᠤᠷ ᠤᠨ ᠰᠤᠷᠪᠤᠯᠵᠢᠯᠠᠭᠴᠢ ᠨᠠᠶᠢᠵᠠ ᠨᠠᠷ ᠢ ᠤᠷᠢᠭᠰᠠᠨ ᠪᠠᠶᠢᠨ᠎ᠠ᠂ ᠲᠠ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ᠂ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠡᠩ ᠲᠡᠷᠢᠭᠦᠨ ᠳᠤ᠂ ᠳᠡᠳ᠋ ᠲᠡᠷᠢᠭᠦᠯᠡᠭᠴᠢ ᠵᠧᠩ ᠬᠤᠩ ᠹᠠᠨ ᠲᠠᠨᠢᠯᠴᠠᠭᠤᠯᠭ᠎ᠠ ᠬᠢᠨ᠎ᠡ᠃  
         ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠦᠭᠡ      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ      ︵2019 ᠣᠨ ᠤ 9 ᠳ᠋ᠤᠭᠡᠷ ᠰᠠᠷ᠎ᠠ ᠶᠢᠨ 11 ᠤ ᠡᠳᠦᠷ︶   ᠰᠣᠨᠢᠨ ᠮᠡᠳᠡᠭᠡᠯᠡᠯ ᠤᠨ ᠬᠢᠨ ᠤ ᠨᠠᠶᠢᠵᠠ ᠨᠠᠷ ᠡ᠄      ᠰᠠᠶᠢᠨ ᠪᠠᠶᠢᠵᠠᠭᠠᠨ᠎ᠠ ᠤᠤ︖      ᠲᠠᠨ ᠨᠠᠷ ᠤᠨ ᠲᠣᠰ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠭᠰᠠᠨ ᠢ ᠪᠠᠶᠠᠷᠯᠠᠨ ᠤᠭᠲᠤᠵᠤ ᠪᠠᠶᠢᠨ᠎ᠠ᠃ ᠲᠠ ᠪᠦᠬᠦᠨ ᠤ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢᠨ ᠲᠤᠶᠠᠭᠠᠯᠠᠯ ᠳᠣᠤᠷ᠎ᠠ᠂ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠪᠠ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠪᠦᠷᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠰᠣᠶᠣᠯ ᠤᠨ ᠴᠢᠭᠯᠡᠯᠲᠡ ᠲᠥᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ  ᠨᠠᠶᠢᠳᠠᠪᠦᠷᠢᠵᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠶᠡᠬᠡᠪᠡᠷ ᠠᠬᠢᠭᠤᠯᠵᠤ᠂ ᠪᠦᠬᠦ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠰ ᠲᠡᠭ ᠭᠠᠷᠤᠭ᠎ᠠ ᠠᠴᠠ ᠡᠬᠢᠯᠡᠵᠦ᠂ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠬᠤᠲᠠ ᠬᠥᠳᠡᠭᠡ ᠶᠢ ᠪᠦᠷᠬᠦᠭᠰᠡᠨ᠂ ᠣᠯᠠᠨ ᠡᠰᠢᠵᠢᠨ ᠬᠦᠭᠵᠢᠭᠰᠡᠨ᠂ ᠲᠡᠩᠴᠡᠭᠦᠷᠢᠲᠡᠶ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠣᠨᠴᠠᠯᠢᠭ ᠲᠠᠢ ᠬᠥᠭᠵᠢᠯᠲᠡ ᠶᠢᠨ ᠵᠠᠮ ᠢᠶᠠᠷ ᠵᠠᠮᠨᠠᠪᠠ᠃        ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠨᠡᠶᠢᠭᠡᠮ ᠵᠢᠷᠤᠮ ᠤᠨ ᠰᠢᠨ᠎ᠡ ᠰᠣᠶᠣᠯ ᠢ ᠪᠦᠲᠦᠭᠡᠨ ᠪᠠᠶᠢᠭᠤᠯᠬᠤ ᠶᠢ ᠪᠣᠳᠣᠯᠬᠢᠯᠠᠵᠤ᠂ ︽ᠬᠤᠶᠠᠷ ᠲᠤ ᠦᠢᠯᠡᠴᠢᠯᠡᠬᠦ︾ ᠴᠢᠭᠯᠡᠯ ᠪᠠ ︽ᠬᠤᠤᠰ ᠪᠦᠬᠦᠨ︾ ᠤ ᠴᠢᠭᠯᠡᠯᠲᠡ ᠶᠢ ᠪᠠᠷᠢᠮᠲᠠᠯᠠᠵᠤ᠂ ᠮᠠᠤ ᠽᠧ ᠳ᠋ᠦᠩ ᠤᠨ ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠰᠢᠨ᠎ᠡ ᠰᠣᠶᠣᠯ ᠤᠨ ᠪᠠᠶᠢᠭᠤᠯᠤᠯᠲᠠ ᠳᠤ ᠵᠣᠷᠢᠭ ᠪᠠᠳᠠᠷᠠᠩᠭᠤᠶ ᠪᠠᠷ ᠣᠷᠣᠯᠴᠠᠵᠤ᠂ ᠨᠢᠭᠡ ᠪᠦᠯᠦᠭ ᠰᠣᠶᠣᠯ ᠤᠨ ᠲᠥᠬᠦᠭᠡᠷᠦᠮᠵᠢ ᠶᠢ ᠪᠠᠶᠢᠭᠤᠯᠵᠤ᠂ ᠨᠢᠭᠡ ᠪᠦᠯᠦᠭ ᠰᠣᠶᠣᠯ ᠤᠨ ᠪᠦᠯᠬᠦᠮ ᠪᠠ ᠦᠨᠳᠦᠰᠦᠨ ᠱᠠᠲᠤᠨ ᠤ ᠰᠣᠶᠣᠯ ᠤᠨ ᠭᠤᠤᠯᠯᠠᠭᠴᠢ ᠬᠦᠴᠦᠨ ᠢ ᠬᠥᠮᠦᠵᠢᠭᠦᠯᠦᠨ ᠭᠠᠷᠭᠠᠵᠤ᠂ ᠡᠯᠪᠡᠭ ᠪᠠᠶᠠᠯᠢᠭ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠥᠷᠦ ᠶᠢᠨ ᠪᠣᠳᠣᠯᠭ᠎ᠠ ᠶᠢ ᠤᠬᠠᠭᠤᠯᠬᠤ᠂ ᠠᠷᠠᠳ ᠲᠦᠮᠡᠨ ᠢ ᠰᠤᠷᠭᠠᠨ ᠬᠥᠮᠦᠵᠢᠭᠦᠯᠵᠦ ᠦᠢᠯᠡᠴᠢᠯᠡᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠳᠠᠯ ᠦᠢᠯᠡᠰ ᠴᠣᠭᠴᠠᠯᠠᠬᠤ ᠡᠷᠴᠢ ᠵᠣᠷᠢᠭ ᠢ ᠬᠥᠭᠵᠢᠭᠡᠬᠦ ᠳᠤ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠲᠠᠯ᠎ᠠ ᠨᠤᠲᠤᠭ ᠲᠤ ᠮᠡᠨᠳᠦᠯᠡᠭᠰᠡᠨ ᠤᠯᠠᠭᠠᠨᠮᠥ᠋ᠴᠢᠷ ᠪᠣᠯ ᠳᠠᠷᠤᠶ ᠡᠨᠡ ᠬᠦ ᠬᠤᠭᠤᠴᠠᠭᠠᠨ ᠤ ᠪᠦᠬᠦ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢᠨ ᠰᠢᠯᠢᠳᠡᠭ ᠲᠥᠯᠥᠭᠡᠯᠡᠭᠴᠢ ᠪᠣᠯᠤᠨ᠎ᠠ᠃      ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠦᠵᠡᠯ ᠰᠠᠨᠠᠭ᠎ᠠ ᠪᠠᠨ ᠴᠢᠯᠥᠭᠡᠯᠡᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠨᠢ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠵᠦ᠂ ᠪᠦᠬᠦ ᠣᠷᠣᠨ ᠳᠡᠭᠡᠳᠦ ᠳᠣᠣᠷᠠᠳᠤ ᠱᠠᠲᠤ ᠪᠠᠷ ᠢᠶᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠶᠢ ᠪᠣᠳᠣᠯᠬᠢᠯᠠᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢ ᠶᠡᠬᠡᠪᠡᠷ ᠰᠡᠷᠭᠦᠭᠡᠨ ᠬᠥᠭᠵᠢᠭᠦᠯᠵᠦ᠂ ᠬᠢᠯᠢ ᠬᠢᠵᠠᠭᠠᠷ ᠤᠨ ᠰᠣᠶᠣᠯ ᠤᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠪᠠ ᠠᠷᠠᠳ ᠤᠨ ᠰᠣᠶᠣᠯ ᠤᠨ ᠬᠠᠮᠠᠭᠠᠯᠠᠯᠲᠠ᠂ ᠺᠢᠨᠣ᠋ ︽2131︾᠂ ᠨᠣᠮ ᠪᠢᠴᠢᠭ ᠬᠦᠷᠭᠡᠵᠦ ᠬᠥᠳᠡᠭᠡ ᠪᠠᠭᠤᠯᠭᠠᠬᠤ ᠵᠡᠷᠭᠡ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠨᠡᠶᠢᠲᠡ 23 ᠬᠤᠰᠢᠭᠤ ᠰᠢᠶᠠᠨ ᠪᠦᠬᠦ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠲᠡᠷᠢᠭᠦᠨ ᠤ ᠬᠤᠰᠢᠭᠤ ᠰᠢᠶᠠᠨ ᠢᠶᠠᠷ ᠰᠢᠯᠭᠠᠷᠠᠭᠤᠯᠤᠭᠳᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠲᠦᠷᠭᠡᠨ ᠬᠥᠭᠵᠢᠬᠦ᠂ ᠰᠢᠨ᠎ᠡ ᠶᠢ ᠡᠭᠦᠳᠦᠨ ᠬᠥᠭᠵᠢᠬᠦ᠂ ᠪᠦᠬᠦ ᠲᠠᠯ᠎ᠠ ᠪᠠᠷ ᠬᠥᠭᠵᠢᠬᠦ ᠱᠠᠲᠤᠨ ᠳᠤ ᠣᠷᠣᠬᠤ ᠶᠢ ᠲᠦᠯᠬᠢᠨ ᠠᠬᠢᠭᠤᠯᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠪᠣᠳᠣᠯᠬᠢᠯᠠᠵᠤ᠂ ᠰᠣᠶᠣᠯ ᠢᠶᠠᠷ ᠣᠷᠣᠨ ᠢᠶᠠᠨ ᠬᠦᠴᠦᠷᠬᠡᠭᠵᠢᠭᠦᠯᠬᠦ᠂ ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠪᠠᠲᠤᠯᠠᠬᠤ ᠬᠠᠤᠯᠢ︾ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠪᠠᠷ ᠭᠤᠤᠯ ᠰᠢᠵᠢᠮ ᠪᠣᠯᠭᠠᠵᠤ᠂ ᠰᠢᠰᠲ᠋ᠧᠮ ᠢ ᠲᠡᠭᠦᠯᠳᠡᠷᠵᠢᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠷᠬᠡ ᠲᠡᠭᠰᠢ ᠪᠣᠯᠭᠠᠬᠤ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠤ᠂ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠪᠣᠯᠤᠨ ᠭᠠᠴᠠᠭ᠎ᠠ ᠲᠣᠰᠬᠤᠨ ᠤ ᠶᠡᠷᠦᠩᠬᠡᠶᠢᠯᠡᠭᠰᠡᠨ ᠰᠣᠶᠣᠯ ᠤᠨ ᠳᠠᠰᠤᠭ ᠢᠶᠠᠷ ᠭᠤᠤᠯᠳᠠᠯᠭ᠎ᠠ ᠪᠣᠯᠭᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠣᠶᠣᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠷᠠᠳᠢᠣ᠋ ᠲᠧᠯᠸᠢᠰ ᠰᠠᠴᠤᠷᠠᠭᠤᠯᠬᠤ ᠥᠷᠲᠡᠭᠡ ᠶᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠢᠳᠡᠪᠬᠢᠲᠡᠢ ᠳᠡᠯᠭᠡᠷᠡᠭᠦᠯᠵᠦ᠂ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠠᠮᠵᠢᠯᠲᠠ ᠲᠠᠢ ᠴᠤᠭᠴᠠᠯᠠᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠰ ᠢ ᠪᠦᠬᠦᠯᠢ ᠴᠣᠭᠴᠠ ᠪᠠᠷ ᠨᠢ ᠠᠬᠢᠭᠤᠯᠤᠭᠰᠠᠨ᠂ ᠪᠦᠬᠦ ᠲᠠᠯ᠎ᠠ ᠪᠠᠷ ᠴᠡᠴᠡᠭᠯᠡᠨ ᠬᠥᠭᠵᠢᠭᠰᠡᠨ᠂ ᠴᠢᠨᠠᠷ ᠰᠠᠶᠢᠲᠠᠶ ᠬᠥᠭᠵᠢᠭᠰᠡᠨ ᠰᠢᠨ᠎ᠡ ᠴᠠᠭ ᠦᠶ᠎ᠡ ᠶᠢ ᠤᠭᠲᠤᠨ ᠠᠪᠴᠢᠷᠠᠪᠠ᠃      70 ᠵᠢᠯ ᠤᠨ ᠲᠤᠷᠰᠢ᠂ ᠪᠢᠳᠡ ᠴᠥᠬᠦᠷᠡᠰᠢ ᠦᠭᠡᠢ ᠪᠠᠷ ᠦᠨᠳᠦᠰᠦᠨ ᠱᠠᠲᠤ ᠶᠢ ᠠᠳᠬᠤᠵᠤ᠂ ᠰᠠᠭᠤᠷᠢ ᠶᠢ ᠴᠢᠩᠭᠠᠳᠬᠠᠵᠤ᠂ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠪᠢᠳᠡ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠪᠡᠯᠡ ᠮᠥᠩᠭᠦ ᠡᠬᠢ ᠪᠠᠶᠠᠯᠢᠭ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠰᠣᠶᠣᠯ ᠤᠨ ᠦᠢᠯᠡᠰ ᠲᠡᠶᠢᠰᠢ ᠬᠡᠯᠪᠠᠶᠢᠯᠭᠡᠵᠦ ᠂ ᠬᠤᠲᠠ ᠬᠥᠳᠡᠭᠡ ᠳᠤ ᠨᠡᠶᠢᠳᠡᠮ ᠲᠦᠭᠡᠭᠰᠡᠨ ᠦᠯᠡᠮᠵᠢ ᠣᠯᠠᠨ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢ ᠪᠠᠶᠢᠭᠤᠯᠪᠠ᠃ ᠡᠭᠦᠨ ᠤ ᠬᠠᠮᠲᠤ᠂ ᠠᠭᠤᠰᠤᠯᠴᠠᠭᠤᠯᠤᠨ ᠬᠥᠭᠵᠢᠭᠦᠯᠬᠦ᠂ ᠬᠦᠴᠦ ᠵᠢᠭᠡᠯᠡᠨ ᠬᠥᠭᠵᠢᠭᠦᠯᠬᠦ ᠶᠢ ᠪᠠᠷᠢᠮᠲᠠᠯᠠᠵᠤ᠂ ᠰᠤᠷᠭᠠᠭᠤᠯᠢ᠂ ᠪᠠᠶᠢᠭᠤᠯᠭ᠎ᠠ᠂ ᠠᠵᠤ ᠠᠬᠤᠢᠯᠠᠯ ᠠᠵᠢᠯ ᠦᠢᠯᠡᠰ ᠤᠨ ᠨᠢᠭᠡᠴᠢ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠣᠶᠣᠯ ᠤᠨ ᠦᠢᠯᠡᠴᠢᠯᠡᠭᠡ ᠥᠷᠨᠢᠭᠦᠯᠬᠦ ᠶᠢ ᠬᠥᠲᠥᠯᠥᠨ ᠵᠢᠯᠣᠭᠤᠳᠴᠤ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠪᠣᠯᠤᠨ ᠣᠯᠠᠨ ᠲᠦᠮᠡᠨ ᠤ ᠬᠤᠭᠤᠷᠣᠨᠳᠣᠬᠢ ︽ᠲᠡᠭ ᠵᠥᠷᠢᠶ᠎ᠡ︾ ᠶᠢ ᠦᠨᠳᠦᠰᠦᠨ ᠳᠤ ᠪᠠᠨ ᠪᠡᠶᠡᠯᠡᠭᠦᠯᠪᠡ᠃      ᠳᠡᠭᠡᠷ᠎ᠡ ᠵᠠᠭᠤᠨ ᠤ ᠲᠠᠪᠢᠭᠠᠳ ᠣᠨ ᠤ ᠡᠬᠢ ᠪᠠᠷ᠂ ᠪᠥᠬᠦ ᠣᠷᠣᠨ ᠳᠤ ᠣᠯᠠᠨ ᠨᠡᠶᠢᠲᠡ ᠶᠢᠨ ᠨᠣᠮ ᠤᠨ ᠰᠠᠩ 1᠂ ᠰᠣᠶᠣᠯ ᠤᠨ ᠣᠷᠳᠣᠨ 74᠂ ᠰᠣᠶᠣᠯ ᠤᠨ ᠥᠷᠲᠡᠭᠡ 30 ᠯᠡ ᠪᠠᠶᠢᠭᠰᠠᠨ ᠠᠴᠠ ᠪᠠᠨ ᠬᠥᠭᠵᠢᠭᠡᠳ ᠣᠳᠣ ᠪᠣᠯᠬᠤ ᠳᠤ᠂ ᠣᠯᠠᠨ ᠨᠡᠶᠢᠲᠡ ᠶᠢᠨ ᠨᠣᠮ ᠤᠨ ᠰᠠᠩ 117᠂ ᠰᠣᠶᠣᠯ ᠤᠨ ᠣᠷᠳᠣᠨ 120᠂ ᠮᠦᠽᠧᠶ 185᠂ ᠤᠷᠠᠨ ᠵᠢᠷᠤᠭ ᠤᠨ ᠣᠷᠳᠣᠨ 24᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ 1093᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠠᠵᠢᠯᠯᠠᠭᠠᠨ ᠤ ᠲᠥᠪ 12522 ᠪᠣᠯᠵᠤ᠂ ᠲᠠᠪᠤᠨ ᠲᠡᠰ ᠤᠨ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠲᠣᠤᠷ ᠰᠦᠯᠵᠢᠶ᠎ᠡ ᠦᠨᠳᠦᠰᠦᠨ ᠳᠤ ᠪᠠᠨ ᠪᠦᠷᠢᠯᠳᠦᠵᠦ᠂ ᠲᠦᠮᠡᠨ ᠬᠥᠮᠦᠨ ᠪᠦᠷᠢ ᠳᠤ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠲᠠᠢ᠂ ᠬᠥᠮᠦᠨ ᠪᠦᠷᠢ ᠳᠤ ᠨᠣᠭᠳᠠᠬᠤ ᠨᠣᠮ ᠪᠢᠴᠢᠭ ᠨᠢ ᠴᠥᠮ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠵᠠᠶ᠃ ᠥᠪᠥᠷ ᠮᠣᠩᠭᠤᠯ ᠤᠨ ᠮᠦᠽᠧᠶ᠂ ᠰᠢᠨ᠎ᠡ ᠤᠷᠠᠨ ᠵᠢᠷᠤᠭ ᠤᠨ ᠣᠷᠳᠣᠨ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠲᠠᠮᠢᠷ ᠤᠨ ᠬᠥᠳᠡᠯᠭᠡᠭᠡᠨ ᠤ ᠲᠥᠪ ᠵᠡᠷᠭᠡ ᠨᠢᠭᠡ ᠪᠦᠯᠦᠭ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠵᠠᠯᠭᠠᠭ᠎ᠠ ᠪᠠᠷ ᠪᠠᠶᠢᠭᠤᠯᠪᠠ᠃      ᠷᠠᠳᠢᠣ᠋ ᠲᠧᠯᠸᠢᠰ ᠤᠨ ᠦᠢᠯᠡᠰ ᠨᠢ ᠨᠢᠭᠡ 20KW ᠶᠢᠨ ᠳᠤᠮᠳᠠ ᠳᠣᠯᠭᠢᠶᠠᠨ ᠤ ᠷᠠᠳᠢᠣ᠋ ᠨᠡᠪᠲᠡᠷᠡᠭᠦᠯᠭᠡ ᠶᠢᠨ ᠰᠠᠴᠤᠷᠠᠭᠤᠯᠬᠤ ᠮᠠᠰᠢᠨ ᠪᠠ ᠨᠢᠭᠡ ᠢᠵᠢ ᠮᠣᠩᠭᠤᠯ ᠬᠢᠲᠠᠳ ᠬᠡᠯᠡᠨ ᠤ ᠬᠤᠯᠢᠯᠳᠤᠭᠤᠯᠤᠨ ᠨᠡᠪᠲᠡᠷᠡᠭᠦᠯᠬᠦ ᠫᠷᠤᠭ᠍ᠷᠠᠮ ᠠᠴᠠ ᠡᠬᠢᠯᠡᠭᠡᠳ ᠬᠦᠭᠵᠢᠭᠡᠳ ᠥᠨᠥᠳᠥᠷ ᠪᠣᠯᠲᠠᠯ᠎ᠠ᠂ ᠪᠥᠬᠦ ᠣᠷᠣᠨ ᠤ ᠷᠠᠳᠢᠣ᠋ ᠲᠧᠯᠸᠢᠰ ᠬᠤᠷᠢᠶ᠎ᠠ 89᠂ ᠷᠠᠳᠢᠣ᠋ ᠲᠧᠯᠸᠢᠰ ᠤᠨ ᠳᠠᠮᠵᠢᠭᠤᠯᠤᠨ ᠨᠡᠪᠲᠡᠷᠡᠭᠦᠯᠬᠦ ᠥᠷᠲᠡᠭᠡ 726 ᠪᠠᠶᠢᠵᠤ᠂ 126 ᠢᠵᠢ ᠷᠠᠳᠢᠤ᠋ ᠨᠡᠪᠲᠡᠷᠡᠭᠦᠯᠭᠡ  ᠶᠢᠨ ᠫᠷᠦᠭᠷᠠᠮ᠂ 120 ᠢᠵᠢ ᠲᠧᠯᠸᠢᠰ ᠨᠡᠪᠲᠡᠷᠡᠭᠦᠯᠭᠡ ᠡᠷᠬᠢᠯᠡᠵᠦ᠂ ᠪᠥᠬᠦ ᠵᠢᠯ ᠳᠤ 38.8 ᠲᠦᠮᠡᠨ ᠴᠠᠭ ᠷᠠᠳᠢᠣ᠋ ᠨᠡᠪᠲᠡᠷᠡᠭᠦᠯᠭᠡ ᠦᠢᠯᠡᠳᠳᠡᠭ᠃ ᠪᠢᠴᠢᠯ ᠲᠤᠯᠬᠢᠶᠠᠨ ᠤ ᠳᠠᠮᠵᠢᠭᠤᠯᠭ᠎ᠠ ᠶᠢᠨ ᠦᠷᠲᠡᠭᠡ 201 ᠪᠠᠶᠢᠭᠤᠯᠵᠤ᠂ ᠪᠢᠴᠢᠯ ᠲᠤᠯᠬᠢᠶᠠᠨ ᠤ ᠳᠠᠮᠵᠢᠭᠤᠯᠬᠤ ᠱᠤᠭᠤᠮ ᠤᠨ ᠪᠦᠬᠦ ᠤᠷᠳᠤ ᠨᠢ ᠪᠦᠬᠦ ᠤᠯᠤᠰ ᠲᠤ ᠲᠡᠷᠢᠭᠦᠯᠡᠪᠡ᠃ ᠤᠲᠠᠰᠤᠲᠤ ᠲᠧᠯᠸᠢᠰ ᠤᠨ ᠳᠠᠮᠵᠢᠭᠤᠯᠬᠤ ᠲᠣᠤᠷ ᠤᠨ ᠶᠡᠷᠦᠩᠬᠡᠶ ᠤᠷᠳᠤ ᠨᠢ 2.72 ᠲᠦᠮᠡᠨ ᠺᠢᠯᠣᠮᠧᠲᠷ ᠲᠤ ᠬᠦᠷᠴᠦ᠂ ᠤᠲᠠᠰᠤᠲᠤ ᠲᠧᠯᠸᠢᠰ ᠤᠨ ᠬᠡᠷᠡᠭᠯᠡᠭᠴᠢ 228 ᠲᠦᠮᠡᠨ ᠡᠷᠦᠬᠡ ᠳᠤ ᠬᠦᠷᠴᠦ᠂ ᠡᠭᠦᠨ ᠳᠤ ᠲᠣᠭᠠᠴᠢᠯᠠᠭᠰᠠᠨ ᠬᠡᠷᠡᠭᠯᠡᠭᠴᠢ 216 ᠲᠦᠮᠡᠨ ᠡᠷᠦᠬᠡ ᠳᠤ ᠬᠦᠷᠴᠡᠶ᠃ ᠷᠠᠳᠢᠣ᠋ ᠨᠡᠪᠲᠡᠷᠡᠭᠦᠯᠭᠡ᠂ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ ᠶᠢᠨ ᠨᠣᠷᠮ᠎ᠠ 99.2 % ᠠᠴᠠ ᠳᠡᠭᠡᠭᠰᠢ ᠳᠤ ᠬᠦᠷᠴᠡᠢ᠃      ᠳᠡᠭᠡᠷ᠎ᠡ ᠵᠠᠭᠤᠨ ᠤ ᠶᠡᠷᠡᠭᠡᠳ ᠣᠨ ᠪᠣᠯᠲᠠᠯ᠎ᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠨᠢ ᠬᠦᠮᠦᠰ ᠲᠤ ᠠᠪᠴᠤ ᠬᠡᠯᠡᠪᠡᠯ ᠪᠠᠰᠠ ᠴᠤ ᠨᠢᠭᠡᠨ ᠰᠢᠨ᠎ᠡ ᠨᠡᠷ᠎ᠡ ᠦᠭᠡ ᠪᠠᠶᠢᠵᠠᠢ᠃ 1998 ᠣᠨ ᠠᠴᠠ ᠰᠡᠭᠦᠯᠡᠷ᠂ ᠥᠪᠡᠷᠲᠡᠭᠡᠨ ᠵᠠᠰᠠᠬᠤ ᠣᠷᠣᠨ ᠵᠠᠯᠭᠠᠭ᠎ᠠ ᠪᠠᠷ ︽ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠬᠠᠮᠢᠶᠠᠷᠤᠯᠲᠠ ᠶᠢᠨ ᠳᠦᠷᠢᠮ︾ ᠪᠠ ︽ᠥᠪᠥᠷ ᠮᠣᠩᠭᠤᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ ︾ ᠢ ᠨᠡᠶᠢᠲᠡᠯᠡᠵᠦ᠂ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠪᠠ᠃ ᠡᠳᠦᠭᠡ᠂ ᠪᠦᠬᠦ ᠣᠷᠣᠨ ᠤ ᠪᠣᠶ ᠪᠦᠬᠦᠢ ᠬᠤᠰᠢᠭᠤ ᠰᠢᠶᠠᠨ ᠲᠣᠭᠤᠷᠢᠭ ᠨᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ 92 % ᠰᠤᠮᠤ ᠰᠢᠶᠠᠩ ᠪᠠᠯᠭᠠᠰᠤᠨ ᠳᠤ ᠪᠠᠭ᠎ᠠ ᠬᠡᠪᠴᠢᠶᠡᠨ   ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠲᠥᠪ ᠢ ᠪᠠᠶᠢᠭᠤᠯᠵᠤ᠂ 95% ᠭᠠᠴᠠᠭ᠎ᠠ ᠲᠣᠰᠬᠤᠨ ᠪᠣᠯᠤᠨ 85% ᠨᠡᠶᠢᠭᠡᠮ ᠲᠣᠭᠤᠷᠢᠭ ᠲᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠴᠡᠭ ᠪᠠᠶᠢᠭᠤᠯᠵᠤ᠂ ᠪᠡᠶ᠎ᠡ ᠴᠢᠭᠢᠷᠠᠭᠵᠢᠭᠤᠯᠬᠤ ᠲᠠᠯᠠᠪᠠᠢ᠂ ᠪᠡᠶ᠎ᠡ ᠶᠢᠨ ᠲᠠᠮᠢᠷ ᠤᠨ ᠴᠡᠴᠡᠷᠯᠢᠭ᠂ ᠬᠡᠭᠡᠷ᠎ᠡ ᠭᠠᠳᠠᠨᠠᠬᠢ ᠬᠤᠸᠠᠷᠠᠨ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠢ ᠵᠡᠷᠭᠡ ᠬᠤᠲᠠ ᠬᠥᠳᠡᠭᠡ ᠶᠢ ᠪᠦᠷᠬᠦᠵᠦ᠂ ᠪᠡᠶ᠎ᠡ ᠶᠢᠨ ᠲᠠᠮᠢᠷ ᠤᠨ ᠲᠠᠯᠠᠪᠠᠢ ᠶᠢᠨ ᠶᠡᠷᠦᠩᠬᠡᠶ ᠲᠤᠭ᠎ᠠ 5.56 ᠲᠦᠮᠡ ᠳᠤ ᠬᠦᠷᠴᠦ᠂ ᠦᠷᠭᠦᠯᠵᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠳᠠᠭ ᠬᠥᠮᠦᠨ 41 % ᠳᠤ ᠬᠦᠷᠴᠡᠶ᠃      70 ᠵᠢᠯ ᠤᠨ ᠲᠤᠷᠰᠢ᠂ ᠪᠢᠳᠠ ᠠᠰᠢᠭ ᠬᠦᠷᠲᠡᠭᠡᠬᠦ ᠶᠢ ᠲᠦᠭᠡᠮᠡᠯᠵᠢᠭᠦᠯᠵᠦ᠂ ᠥᠭᠡᠷᠡᠴᠢᠯᠡᠯᠲᠡ ᠶᠢ ᠠᠬᠢᠭᠤᠯᠬᠤ ᠶᠢ ᠴᠥᠬᠦᠷᠡᠰᠢ ᠦᠭᠡᠢ ᠠᠳᠬᠤᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠮᠵᠢ ᠡᠳᠦᠷ ᠢᠷᠡᠬᠦᠶ᠎ᠡ ᠳᠡᠭᠡᠭᠰᠢᠯᠡᠪᠡ᠃ ᠨᠢᠭᠡ ᠳᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠶᠡᠬᠡᠪᠡᠷ ᠦᠷᠨᠢᠭᠦᠯᠪᠡ᠃ 1946 ᠣᠨ ᠳᠤ ᠥᠪᠥᠷ ᠮᠣᠩᠭᠤᠯ ᠤᠨ ᠤᠷᠠᠨ ᠰᠠᠶᠢᠬᠠᠨ ᠤ ᠪᠦᠯᠬᠦᠮ ᠪᠠᠶᠢᠭᠤᠯᠤᠭᠳᠠᠭᠰᠠᠨ ᠠᠴᠠ ᠨᠠᠭᠠᠰᠢ᠂ ᠠᠷᠠᠳ ᠲᠦᠮᠡᠨ ᠳᠤ ᠦᠢᠯᠡᠴᠢᠯᠡᠬᠦ ᠨᠢ ᠥᠪᠥᠷ ᠮᠣᠩᠭᠤᠯ ᠤᠨ ᠰᠣᠶᠣᠯ ᠤᠨ ᠦᠢᠯᠡᠰ ᠤᠨ ᠴᠥᠬᠦᠷᠡᠰᠢ ᠦᠭᠡᠢ ᠬᠥᠭᠡᠭᠡᠴᠡᠯᠳᠦᠯ ᠪᠣᠯᠵᠠᠶ᠃ ᠣᠳᠣᠬᠠᠨ ᠪᠣᠯᠲᠠᠯ᠎ᠠ ᠬᠥᠭᠵᠢᠭᠡᠳ ᠪᠥᠬᠦ ᠣᠷᠣᠨ ᠤ ᠤᠯᠤᠰ ᠤᠨ ᠦᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ 95᠂ 5643 ᠬᠥᠮᠦᠨ ᠪᠣᠯᠵᠤ᠂ ᠵᠢᠯ ᠪᠦᠷᠢ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 1500 ᠭᠠᠷᠤᠶ ᠲᠠᠯᠠᠪᠤᠷ ᠦᠷᠨᠢᠭᠦᠯᠵᠦ ᠪᠠᠶᠢᠨ᠎ᠠ᠃ ᠨᠡᠭᠦᠳᠡᠯ ᠰᠣᠶᠣᠯ ᠤᠨ ᠦᠢᠯᠡᠴᠢᠯᠡᠭᠡ ᠶᠢ ᠴᠢᠩᠭᠠᠳᠬᠠᠵᠤ᠂ ᠪᠦᠬᠦ ᠣᠷᠣᠨ ᠤ 31 ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠨᠡᠭᠦᠳᠡᠯ ᠨᠣᠮ ᠪᠢᠴᠢᠭ ᠤᠨ ᠲᠡᠷᠭᠡ ᠪᠠ ᠨᠡᠭᠦᠳᠡᠯ ᠰᠣᠶᠣᠯ ᠤᠨ ᠲᠡᠷᠭᠡ ᠲᠣᠬᠢᠷᠠᠭᠤᠯᠵᠤ᠂ 2018 ᠣᠨ ᠳᠤ 5400 ᠭᠠᠷᠤᠶ ᠲᠠᠯᠠᠪᠠᠢ ᠤᠳᠠᠭ᠎ᠠ ᠨᠡᠭᠦᠳᠡᠯ ᠲᠣᠭᠯᠠᠯᠲᠠ ᠭᠠᠷᠭᠠᠵᠤ᠂ ᠦᠵᠡᠭᠴᠢᠳ 277 ᠲᠦᠮᠡᠨ ᠬᠥᠮᠦᠨ ᠤᠳᠠᠭ᠎ᠠ ᠳᠤ ᠣᠶᠢᠷᠠᠳᠴᠤ᠂ ᠨᠡᠭᠦᠳᠡᠯ ᠨᠤᠮ ᠰᠡᠳᠬᠦᠯ ᠢ 37 ᠲᠦᠮᠡᠨ ᠬᠥᠮᠦᠨ ᠤᠳᠠᠭ᠎ᠠ᠂ 70 ᠲᠦᠮᠡᠨ ᠳᠡᠪᠲᠡᠷ ᠤᠳᠠᠭ᠎ᠠ ᠵᠢᠭᠡᠯᠡᠨ ᠤᠩᠰᠢᠪᠠ᠃ ᠡᠯ᠎ᠡ ᠲᠥᠷᠥᠯ ᠤᠨ ᠦᠵᠡᠰᠬᠦᠯᠡᠩ