ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2019/7/23
               
                                         ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠠᠯᠠᠪᠠᠢ          7 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ‍ᠤ‌ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠸᠧᠶ ᡁᠢ ᠭᠦᠸᠧ ᠲᠣᠰ ᠤᠳᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ ᠪᠠ ᠲᠣᠨᠣᠭᠯᠠᠯ ᠤᠨ ᠬᠤᠪᠢᠶᠠᠷᠢ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠴᠧᠨ ᠪᠢᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠢᠯᠡᠰ ᠤᠨ ᠭᠠᠵᠠᠷ ᠤᠨ ᠳᠠᠷᠤᠭ᠎ᠠ ᠡᠤ ᠱᠤᠤ ᠵᠢᠶᠦ᠋ᠨ ᠨᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ ᠨᠡᠶᠢᠲᠡᠯᠡᠭᠰᠡᠨ ᠦᠬᠡ              ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ                    ᠲᠢᠩᠬᠢᠮ ᠤᠨ ᠳᠡᠳ᠋ ᠳᠠᠷᠤᠭ᠎ᠠ ᠸᠧᠶ ᡁᠢ ᠭᠦᠸᠧ                                                                              ︵2019 ᠤᠨ 7 ᠰᠠᠷ᠎ᠠ ᠶᠢᠨ 23 ᠤ ᠡᠳᠦᠷ︶   ᠰᠤᠷᠪᠤᠯᠵᠢᠯᠠᠭᠴᠢ ᠨᠠᠶᠢᠵᠠ ᠨᠠᠷ ᠡ᠄       ᠲᠠ ᠪᠦᠬᠦᠨ ᠰᠠᠶᠢᠨ ᠪᠠᠶᠢᠵᠠᠭᠠᠨ᠎ᠠ ᠤᠤ︖      ︽ᠵᠢᠭᠤᠯᠴᠢᠯᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠠᠴᠠ ᠲᠠᠷᠬᠠᠭᠠᠭᠰᠠᠨ ︹ 2014 ︺ 31 ᠳ᠋ᠣᠭᠡᠷ ᠲᠣᠭᠠᠲᠤ︶ ᠤᠨ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢ ᠥᠷᠭᠡᠳᠬᠡᠬᠦ ᠲᠤᠬᠠᠶ ᠰᠠᠨᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡ᠂ ᠦᠢᠯᠡᠳᠪᠦᠷᠢᠯᠡᠯ ᠢ ᠠᠬᠢᠭᠤᠯᠵᠤ᠂ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠪᠤᠶᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ 2019 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠢ ᠡᠷᠬᠢᠯᠡᠬᠦ ᠪᠠᠷ ᠲᠣᠭᠲᠠᠪᠠ᠃ ᠲᠣᠰ ᠬᠤᠭᠤᠴᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ ᠪᠠ ᠲᠣᠨᠣᠭᠯᠠᠯ ᠤᠨ ᠬᠤᠪᠢᠶᠠᠷᠢ ᠬᠤᠷᠠᠯ᠂ ᠡᠯ᠎ᠡ ᠠᠶᠢᠮᠠᠭ ᠬᠤᠲᠠ ᠶᠢᠨ ᠰᠣᠶᠣᠯ ᠪᠠ  ᠵᠢᠭᠤᠯᠴᠢᠯᠠᠯ ᠤᠨ ᠰᠠᠯᠠᠭ᠎ᠠ ᠮᠥᠴᠢᠷ ᠬᠠᠮᠲᠤᠪᠠᠷ ᠳᠠᠭᠠᠭᠠᠴᠢᠯᠠᠨ ᠡᠷᠬᠢᠯᠡᠪᠡ᠃      ᠣᠶᠢᠷ᠎ᠠ ᠶᠢᠨ ᠵᠢᠯ ᠳᠤ᠂ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ 6 ᠶᠡᠭᠡ ᠡᠯᠧᠮᠧᠨ᠋ᠲ ᠤᠨ ᠬᠡᠷᠡᠭᠯᠡᠭᠡ ᠶᠢᠨ ︽ᠬᠤᠳᠠᠯᠳᠤᠨ ᠠᠪᠬᠤ︾ ᠶᠢᠨ ᠬᠡᠷᠡᠭᠯᠡᠭᠡ ᠶᠢᠨ ᠨᠡᠮᠡᠭᠳᠡᠯ ᠤᠨ ᠬᠤᠷᠳᠤᠴᠠ ᠨᠢ ᠬᠠᠮᠤᠭ ᠤᠨ ᠲᠦᠷᠭᠡᠨ ᠪᠥᠭᠡᠳ ︽ᠬᠤᠳᠠᠯᠳᠤᠨ ᠠᠪᠬᠤ︾ ᠪᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶᠡᠵᠢᠯ ᠤᠨ ᠬᠠᠮᠤᠭ ᠤᠨ ᠤᠷᠲᠤ ᠡᠯᠧᠮᠧᠨ᠋ᠲ ᠪᠠᠶᠢᠵᠤ᠂ ᠭᠠᠵᠠᠷ ᠣᠷᠣᠨ ᠤ ᠠᠵᠤ ᠠᠬᠤᠢ ᠶᠢᠨ ᠨᠡᠮᠡᠭᠳᠡᠯ ᠢ ᠬᠠᠮᠤᠭ ᠠᠴᠠ ᠢᠯᠡᠭᠦᠤ ᠳᠠᠶᠢᠴᠢᠯᠠᠵᠤ ᠴᠢᠳᠠᠳᠠᠭ᠃ ᠣᠳᠣᠬᠠᠨ ᠳᠤ᠂ ᠮᠠᠨ ᠤ ᠣᠷᠣᠨ ᠤ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠣᠨᠴᠠᠯᠢᠭ ᠠᠴᠠ ᠦᠵᠡᠪᠡᠯ᠂ ᠣᠷᠣᠨ ᠤ ᠳᠣᠲᠣᠷᠠᠬᠢ ᠵᠢᠭᠤᠯᠴᠢᠯᠠᠭᠴᠢ ᠶᠢᠨ ᠣᠷᠣᠨ ᠤ ᠳᠣᠲᠣᠷᠠᠬᠢ ᠬᠡᠷᠡᠭᠯᠡᠭᠡ ᠨᠢ ᠣᠷᠣᠨ ᠤ ᠭᠠᠳᠠᠨᠠᠬᠢ ᠬᠡᠷᠡᠭᠯᠡᠭᠡ ᠳᠤ ᠬᠦᠷᠬᠦ ᠦᠭᠡᠢ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡ ᠨᠢ ᠬᠢᠯᠢ ᠶᠢᠨ ᠭᠠᠳᠠᠨᠠᠬᠢ ᠵᠢᠭᠤᠯᠴᠢᠯᠠᠯ ᠤᠨ ᠬᠡᠷᠡᠭᠯᠡᠭᠡ ᠶᠢᠨ ᠬᠢᠷᠢ ᠶᠡᠭᠡ ᠪᠢᠰᠢ᠂ ᠳᠤᠮᠳᠠᠳᠤ ᠤᠯᠤᠰ  ᠤᠨ ᠵᠢᠭᠤᠯᠴᠢᠯᠠᠭᠴᠢ ᠶᠢᠨ ᠬᠢᠯᠢ ᠶᠢᠨ ᠭᠠᠳᠠᠨᠠᠬᠢ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠨᠢ ᠦᠨᠳᠦᠰᠦᠨ ᠳᠤ ᠪᠠᠨ ᠶᠡᠷᠦᠩᠬᠡᠶ ᠬᠡᠷᠡᠭᠯᠡᠭᠡ ᠶᠢᠨ 50 % ᠠᠴᠠ ᠳᠡᠭᠡᠭᠰᠢᠬᠢ ᠬᠠᠷᠢᠴᠠᠯ ᠢ ᠡᠵᠡᠯᠡᠵᠦ᠂ ᠶᠠᠫᠣᠨ᠂ ᠺᠣᠷᠢᠶᠠ ᠪᠣᠯᠤᠨ ᠧᠦ᠋ᠷᠣᠫᠠ ᠲᠢᠪ ᠤᠨ ᠭᠤᠤᠯ ᠪᠣᠯᠬᠤ ᠤᠯᠤᠰ ᠲᠤ ᠬᠢ ᠬᠡᠷᠡᠭᠯᠡᠭᠡ ᠶᠢᠨ ᠬᠠᠷᠢᠴᠠᠯ ᠨᠢ 70 % ᠠᠴᠠ ᠳᠡᠭᠡᠭᠰᠢ ᠬᠠᠷᠢᠴᠠᠯ ᠳᠤ ᠬᠦᠷᠦᠭᠰᠡᠨ ᠪᠠᠶᠢᠨ᠎ᠠ᠃ ᠮᠠᠨ ᠤ ᠣᠷᠣᠨ ᠳᠤ ᠢᠷᠡᠭᠰᠡᠨ ᠵᠢᠭᠤᠯᠴᠢᠯᠠᠭᠰᠠᠳ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠵᠢᠭᠤᠯᠴᠢᠯᠠᠯ ᠤᠨ ᠶᠡᠷᠦᠩᠬᠡᠶ ᠬᠡᠷᠡᠭᠯᠡᠭᠡ ᠳᠤ ᠬᠢ ᠡᠵᠡᠯᠡᠬᠦ ᠬᠠᠷᠢᠴᠠᠯ ᠢ ᠦᠨᠳᠦᠰᠦᠨ ᠳᠤ ᠪᠠᠨ 1᠂ 2 ᠳ᠋ᠤᠭᠠᠷ ᠪᠠᠶᠢᠷᠢ ᠶᠢᠨ ᠬᠤᠭᠤᠷᠣᠨᠳᠣ ᠪᠠᠶᠢᠨ᠎ᠠ ᠃ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ ᠤ ᠶᠡᠷᠦᠩᠬᠡᠶ ᠬᠡᠮᠵᠢᠶ᠎ᠡ ᠠᠴᠠ ᠠᠪᠴᠤ ᠦᠵᠡᠪᠡᠯ᠂ ᠪᠦᠬᠦ ᠤᠯᠤᠰ ᠤᠨ ᠡᠯ᠎ᠡ ᠮᠣᠵᠢ ᠣᠷᠣᠨ ᠲᠠᠢ ᠠᠳᠠᠯᠢᠳᠬᠠᠪᠠᠯ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠡᠯ᠎ᠡ ᠭᠤᠭᠴᠤᠭ᠎ᠠ ᠨᠢ ᠴᠥᠮ ᠮᠠᠰᠢ ᠪᠠᠭᠤᠷᠠᠶ ᠪᠠᠶᠢᠨ᠎ᠠ᠂ ᠰᠣᠶᠣᠯ ᠪᠠ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠷᠭ᠎ᠠ ᠮᠠᠶ᠋ᠢᠭ ᠢ ᠠᠰᠢᠭᠯᠠᠨ ᠰᠣᠶᠣᠯ ᠪᠠ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠲᠠᠸᠠᠷ ᠤᠨ ᠬᠡᠷᠡᠭᠯᠡᠭᠡᠨ ᠤ ᠨᠡᠮᠡᠭᠳᠡᠯ ᠢ ᠳᠡᠭᠡᠭᠰᠢᠯᠡᠭᠦᠯᠬᠦ ᠪᠣᠯ ᠲᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯ ᠵᠢᠭᠤᠯᠴᠢᠯᠠᠯ ᠤᠨ ᠲᠠᠸᠠᠷ ᠢ ᠣᠨᠴᠠᠯᠢᠬᠵᠢᠭᠤᠯᠬᠤ᠂ ᠴᠢᠨᠠᠷᠵᠢᠭᠤᠯᠬᠤ᠂ ᠬᠡᠯᠬᠢᠶᠡᠵᠢᠭᠦᠯᠬᠦ ᠴᠢᠭᠯᠡᠯ ᠲᠡᠶᠢᠰᠢ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠦᠨᠡᠨ ᠬᠦ ︽ᠬᠤᠳᠠᠯᠳᠤᠨ ᠠᠪᠬᠤ︾ ᠪᠠᠷ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠬᠤ ᠵᠠᠩᠭᠢᠯᠠᠭ᠎ᠠ ᠶᠢᠨ ᠬᠦᠴᠦᠨ ᠵᠦᠢᠯ ᠪᠣᠯᠭᠠᠨ᠎ᠠ᠃      ᠲᠣᠰ ᠤᠳᠠᠭᠠᠨ ᠤ ᠤᠷᠤᠯᠳᠤᠭᠠᠨ ᠤ ᠭᠤᠤᠯ ᠰᠡᠳᠦᠪ ᠪᠣᠯ ︽ᠤᠯᠠᠮᠵᠢᠯᠠᠨ ᠵᠠᠯᠭᠠᠮᠵᠢᠯᠠᠬᠤ᠂ ᠰᠢᠨ᠎ᠡ ᠶᠢ ᠡᠭᠦᠳᠬᠦ᠂ ᠪᠣᠬᠢᠷᠲᠤᠯ ᠥᠬᠡᠶ᠂ ᠬᠠᠮᠲᠤ ᠪᠠᠷ ᠡᠳ᠋ᠯᠡᠬᠦ︾ ᠪᠣᠯᠤᠨ᠎ᠠ᠃ ᠤᠯᠠᠮᠵᠢᠯᠠᠨ ᠵᠠᠯᠭᠠᠮᠵᠢᠯᠠᠬᠤ ᠪᠣᠯ ᠳᠠᠷᠤᠶ ᠮᠠᠨ ᠤ ᠣᠷᠣᠨ ᠤ ᠵᠢᠭᠤᠯᠴᠢᠯᠠᠯ ᠤᠨ ᠵᠤᠷᠢᠯᠲᠠ ᠶᠢᠨ ᠴᠡᠭ ᠤᠨ ᠰᠣᠶᠣᠯ ᠤᠨ ᠣᠨᠴᠠᠯᠢᠭ᠂ ᠡᠬᠢ ᠪᠠᠶᠠᠯᠢᠭ ᠤᠨ ᠣᠨᠴᠠᠯᠢᠭ ᠪᠣᠯᠤᠨ ᠣᠨᠴᠠᠯᠢᠭ ᠰᠢᠨᠵᠢ ᠶᠢ ᠭᠦᠢᠴᠡᠳ ᠬᠠᠷᠠᠭᠤᠯᠬᠤ ᠶᠠᠪᠤᠳᠠᠯ ᠪᠣᠯᠤᠨ᠎ᠠ᠃ ᠰᠢᠨ᠎ᠡ ᠶᠢ ᠡᠭᠦᠳᠬᠦ᠂ ᠪᠦᠲᠦᠭᠡᠯᠴᠢ ᠰᠡᠳᠬᠢᠮᠵᠢ ᠰᠢᠨ᠎ᠡ ᠰᠡᠪᠡᠭᠦᠨ ᠭᠡᠳᠡᠭ ᠨᠢ ᠵᠢᠷᠤᠭ ᠲᠥᠯᠥᠪᠯᠡᠭᠡ᠂ ᠪᠦᠲᠦᠭᠡᠯ ᠨᠢ ᠥᠪᠡᠷᠮᠢᠴᠡ᠂ ᠭᠠᠷ ᠤᠷᠠᠯᠠᠯ ᠨᠢ ᠰᠢᠨ᠎ᠡ ᠶᠢ ᠡᠭᠦᠳᠬᠦ ᠶᠢ ᠬᠡᠯᠡᠨ᠎ᠡ᠃ ᠪᠣᠬᠢᠷᠲᠤᠯ ᠥᠬᠡᠶ ᠭᠡᠳᠡᠭ ᠨᠢ ᠮᠠᠨ ᠤ ᠣᠷᠣᠨ ᠤ ᠭᠠᠵᠠᠷ ᠣᠷᠤᠨ ᠤ ᠴᠢᠨᠠᠷᠲᠠᠶ ᠪᠣᠬᠢᠷᠲᠤᠯ ᠥᠬᠡᠶ ᠡᠬᠢ ᠪᠠᠶᠠᠯᠢᠭ ᠢ ᠳᠣᠪᠤᠶᠢᠯᠭᠠᠨ᠎ᠠ᠃ ᠬᠠᠮᠲᠤᠪᠠᠷ ᠡᠳ᠋ᠯᠡᠬᠦ ᠭᠡᠳᠡᠭ ᠨᠢ ︽ᠬᠥᠮᠦᠨ ᠢᠶᠠᠷ ᠦᠨᠳᠦᠰᠦ ᠪᠣᠯᠭᠠᠬᠤ᠂ ᠵᠢᠭᠤᠯᠴᠢᠯᠠᠭᠰᠠᠳ ᠢᠶᠠᠷ ᠭᠤᠤᠯ ᠪᠣᠯᠭᠠᠬᠤ︾ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠨᠠᠷ ᠰᠠᠶᠢᠲᠠᠶ ᠵᠢᠭᠤᠯᠴᠢᠯᠠᠯ‌‍ᠯ ᠤᠨ ᠲᠠᠸᠠᠷ ᠤᠨ ᠨᠡᠭᠡᠭᠡᠯᠲᠡ ᠶᠢ ᠳᠣᠪᠤᠶᠢᠯᠭᠠᠨ᠎ᠠ᠃      ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠡᠯᠰᠡᠬᠦ ᠪᠠᠷ ᠲᠦᠯᠦᠪᠯᠡᠵᠦ ᠪᠠᠶᠢᠭ᠎ᠠ ᠪᠦᠲᠦᠭᠡᠯ ᠳᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠪᠣᠳᠠᠲᠤ ᠶᠠᠭᠤᠮ᠎ᠠ ᠶᠢᠨ ᠪᠦᠲᠦᠭᠡᠯ ᠪᠠ ᠵᠢᠷᠤᠭ ᠲᠥᠯᠥᠪᠯᠡᠭᠡ ᠶᠢᠨ ᠪᠦᠲᠦᠭᠡᠯ ᠪᠠᠭᠲᠠᠨ᠎ᠠ᠃ ᠪᠣᠳᠠᠲᠤ ᠶᠠᠭᠤᠮ᠎ᠠ ᠶᠢᠨ ᠪᠦᠲᠦᠭᠡᠯ ᠢ ᠪᠥᠬᠦ ᠣᠷᠣᠨ ᠤ ᠬᠡᠪᠴᠢᠶᠡᠨ ᠠᠴᠠ ᠡᠯᠰᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠢ ᠪᠥᠬᠦ ᠤᠯᠤᠰ ᠤᠨ ᠬᠡᠪᠴᠢᠶᠡᠨ ᠳᠤ ᠡᠯᠰᠡᠨ᠎ᠡ᠃ ᠡᠭᠦᠨ ᠳᠤ᠂ ᠪᠣᠳᠠᠲᠤ ᠶᠠᠭᠤᠮ᠎ᠠ ᠶᠢᠨ ᠲᠥᠷᠥᠯ ᠵᠦᠢᠯ ᠢ ᠮᠡᠳᠡᠭᠦᠯᠦᠨ ᠬᠦᠷᠭᠡᠬᠦ ᠬᠡᠪᠴᠢᠶ᠎ᠡ ᠨᠢ 15 ᠪᠠᠶᠢᠵᠤ᠂ ᠲᠣᠰ ᠲᠣᠰ ᠵᠢᠭᠤᠯᠴᠢᠯᠠᠯ ᠤᠨ ᠣᠨᠴᠠᠯᠢᠭᠲᠤ ᠢᠳᠡᠭᠡᠨ ᠤ ᠲᠥᠷᠥᠯ᠂ ᠵᠢᠭᠤᠯᠴᠢᠯᠠᠯ ᠤᠨ ᠣᠨᠴᠠᠯᠢᠭᠲᠤ ᠴᠠᠢ ᠶᠢᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠤᠮᠳᠠᠭᠠᠨ ᠤ ᠲᠥᠷᠥᠯ᠂ ᠵᠢᠭᠤᠯᠴᠢᠯᠠᠯ ᠤᠨ ᠣᠨᠴᠠᠯᠢᠭᠲᠤ ᠠᠷᠢᠬᠢᠨ ᠤ ᠲᠥᠷᠥᠯ᠂ ᠵᠢᠭᠤᠯᠴᠢᠯᠠᠯ ᠤᠨ ᠣᠨᠴᠠᠯᠢᠭᠲᠤ ᠵᠠᠰᠠᠯ ᠴᠢᠮᠡᠭ ᠤᠨ ᠲᠥᠷᠥᠯ ᠂ ᠵᠢᠭᠤᠯᠴᠢᠯᠠᠯ ᠤᠨ ᠣᠨᠴᠠᠯᠢᠭᠲᠤ ᠨᠡᠬᠡᠮᠡᠯ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠲᠤᠮ ᠤᠨ ᠬᠡᠷᠡᠭᠯᠡᠭᠡᠨ ᠤ ᠱᠠᠭᠠᠵᠠᠩ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ ᠮᠣᠳᠤᠨ ᠬᠡᠷᠡᠭᠰᠡᠯ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ ᠲᠡᠮᠦᠷᠯᠢᠭ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ ᠴᠢᠯᠠᠭᠤᠯᠢᠭ ᠲᠥᠷᠥᠯ᠂ ᠵᠢᠭᠤᠯᠴᠢᠯᠠᠯ ᠤᠨ ᠣᠨᠴᠠᠯᠢᠭᠲᠤ ᠡᠳᠦᠷ ᠲᠤᠳᠤᠮ ᠤᠨ ᠬᠡᠷᠡᠭᠯᠡᠭᠡᠨ ᠤ ᠡᠯᠧᠺᠲᠷᠣᠨ ᠴᠠᠬᠢᠯᠭᠠᠨ ᠬᠡᠷᠡᠭᠰᠡᠯ ᠤᠨ ᠲᠥᠷᠥᠯ᠂ ᠵᠢᠭᠤᠯᠴᠢᠯᠠᠯ ᠤᠨ ᠣᠨᠴᠠᠯᠢᠭᠲᠤ ᠬᠤᠪᠢ ᠬᠥᠮᠦᠨ ᠤ ᠲᠣᠨᠤᠭ ᠲᠥᠬᠦᠭᠡᠷᠦᠮᠵᠢ ᠶᠢᠨ ᠲᠥᠷᠥᠯ ᠂ ᠵᠢᠭᠤᠯᠴᠢᠯᠠᠯ ᠤᠨ ᠣᠨᠴᠠᠯᠢᠭᠲᠤ ᠠᠷᠠᠰᠤᠨ ᠡᠳ᠋ᠯᠡᠯ ᠤᠨ ᠲᠥᠷᠥᠯ᠂ ᠦᠨᠳᠦᠰᠦᠲᠡᠨ ᠤ ᠣᠨᠴᠠᠯᠢᠭᠲᠤ  ᠭᠠᠷ ᠤᠷᠠᠯᠠᠯ ᠤᠨ ᠲᠥᠷᠥᠯ ᠪᠠ ᠵᠢᠭᠤᠯᠴᠢᠯᠠᠯ ᠤᠨ ᠳᠤᠷᠠᠰᠬᠠᠯ ᠤᠨ ᠪᠤᠳᠠᠰ ᠤᠨ ᠲᠥᠷᠥᠯ ᠪᠣᠯᠤᠨ᠎ᠠ᠃ ᠵᠢᠷᠤᠭ ᠲᠥᠯᠥᠪᠯᠡᠭᠡ  ᠶᠢᠨ ᠤᠷᠤᠯᠳᠤᠭᠠᠨ  ᠳᠤ ᠣᠷᠤᠯᠴᠠᠬᠤ ᠪᠦᠲᠦᠭᠡᠯ ᠨᠢ 3 ᠰᠡᠳᠦᠪ ᠲᠠᠢ᠂ ᠨᠢᠭᠡ ᠳᠤ ᠦᠬᠡᠷ᠂ ᠬᠤᠨᠢ ᠢᠮᠠᠭᠠᠨ ᠤ ᠤ ᠴᠠᠭᠠᠨ ᠢᠳᠡᠭᠡᠨ ᠢᠶᠠᠷ ᠣᠨᠴᠠᠯᠢᠭ ᠪᠣᠯᠭᠠᠭᠰᠠᠨ ᠵᠢᠭᠤᠯᠴᠢᠯᠠᠯ ᠤᠨ ᠢᠳᠡᠭᠡᠨ ᠤ ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ︔ ᠬᠤᠶᠠᠷ ᠲᠤ᠂ ᠠᠷᠠᠰᠤ᠂ ᠨᠣᠤᠰᠣᠨ ᠪᠦᠲᠦᠭᠡᠭᠳᠡᠬᠦᠨ ᠤ ᠪᠦᠲᠦᠭᠡᠯᠴᠢ ᠵᠢᠷᠤᠭ ᠲᠥᠯᠥᠪᠯᠡᠭᠡᠨ ᠤ ᠪᠦᠲᠦᠭᠡᠯ︔ ᠭᠤᠷᠪᠠ ᠳᠤ᠂ ᠠᠳᠤᠭᠤᠨ ᠰᠣᠶᠣᠯ ᠤᠨ ᠪᠦᠲᠦᠭᠡᠯᠴᠢ ᠵᠢᠷᠤᠭ ᠲᠥᠯᠥᠪᠯᠡᠭᠡᠨ ᠤ ᠪᠦᠲᠦᠭᠡᠯ᠃      ᠲᠣᠰ ᠤᠳᠠᠭᠠᠨ ᠤ ᠤᠷᠤᠯᠳᠤᠭᠠᠨ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠬᠢᠷᠠᠭᠤᠯᠤᠯᠲᠠ ᠪᠠ ᠭᠤᠤᠯ ᠠᠵᠢᠯᠯᠠᠭ᠎ᠠ᠃ 7 ᠰᠠᠷ᠎ᠠ ᠶᠢᠨ 25 ᠤ ᠡᠳᠦᠷ ᠠᠴᠠ 9 ᠰᠠᠷ᠎ᠠ ᠶᠢᠨ 25 ᠤ ᠡᠳᠦᠷ ᠤᠨ ᠬᠤᠭᠤᠷᠤᠨᠳᠤ ᠪᠤᠯ ᠤᠷᠤᠯᠳᠤᠭᠠᠨ ᠤ ᠪᠣᠳᠠᠲᠤ ᠲᠠᠸᠠᠷ ᠪᠠ ᠵᠢᠷᠤᠭ ᠲᠥᠯᠥᠪᠯᠡᠭᠡ ᠶᠢᠨ ᠪᠦᠲᠦᠭᠡᠯ ᠢ ᠡᠯᠰᠡᠬᠦ ᠴᠠᠭ ᠬᠤᠭᠤᠴᠠᠭ᠎ᠠ ᠪᠣᠯᠤᠨ᠎ᠠ᠂ ᠡᠨᠡ ᠬᠤᠭᠤᠴᠠᠭᠠᠨ ᠳᠤ᠂ ᠰᠣᠶᠣᠯ ᠪᠠ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠪᠠ ᠬᠤᠯᠪᠣᠭᠳᠠᠯ ᠪᠦᠬᠦᠢ ᠪᠠᠶᠢᠭᠤᠯᠤᠮᠵᠢ᠂ ᠬᠤᠪᠢ ᠬᠥᠮᠥᠨ ᠪᠦᠲᠦᠭᠡᠯᠴᠢ ᠵᠢᠷᠤᠭ ᠲᠥᠯᠥᠪᠯᠡᠭᠡ ᠲᠦᠰᠦᠪᠯᠡᠵᠦ᠂ ᠰᠤᠳᠤᠯᠤᠨ ᠬᠢᠵᠦ ᠪᠣᠯᠤᠨ᠎ᠠ︔ 9 ᠰᠠᠷ᠎ᠠ ᠶᠢᠨ 25 ᠤ ᠡᠳᠦᠷ ᠠᠴᠠ 10 ᠰᠠᠷ᠎ᠠ ᠶᠢᠨ 25 ᠤ ᠡᠳᠦᠷ ᠤᠨ ᠬᠤᠭᠤᠷᠤᠨᠳᠤ  ᠤᠷᠤᠯᠳᠤᠭᠠᠨ ᠳᠤ ᠣᠷᠤᠯᠴᠠᠭᠰᠠᠨ ᠲᠠᠸᠠᠷ ᠪᠠ ᠵᠢᠷᠤᠭ ᠲᠥᠯᠥᠪᠯᠡᠭᠡᠨ ᠤ ᠪᠦᠲᠦᠭᠡᠯ ᠢ ᠮᠡᠳᠡᠭᠦᠯᠦᠨ ᠬᠦᠷᠭᠡᠬᠦ ᠴᠠᠭ ᠬᠤᠭᠤᠴᠠᠭ᠎ᠠ ᠪᠣᠯᠤᠨ᠎ᠠ︔ 11 ᠰᠠᠷ᠎ᠠ ᠶᠢᠨ 4 ᠤ ᠡᠳᠦᠷ ᠠᠴᠠ 7 ᠤ ᠡᠳᠦᠷ ᠤᠨ ᠬᠤᠭᠤᠷᠤᠨᠳᠤ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ᠎ᠠ︔ 11 ᠳ᠋ᠤᠭᠡᠷ ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠲᠠᠸᠠᠷ ᠪᠠ ᠵᠢᠷᠤᠭ ᠲᠥᠯᠥᠪᠯᠡᠭᠡ ᠶᠢᠨ ᠪᠦᠲᠦᠭᠡᠯ ᠤᠨ ᠦᠵᠡᠭᠦᠯᠦᠯᠭᠡ ᠬᠢᠵᠦ᠂ ᠱᠠᠩᠨᠠᠯ ᠣᠯᠭᠤᠬᠤ ᠪᠠ ᠲᠤᠰᠬᠠᠶ ᠮᠡᠷᠭᠡᠵᠢᠯᠲᠡᠨ ᠢᠶᠠᠷ ᠬᠢᠴᠢᠶᠡᠯᠯᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃      ᠲᠣᠰ ᠤᠳᠠᠭᠠᠨ ᠤ ᠤᠷᠤᠯᠳᠤᠭᠠᠨ ᠳᠤ ᠭᠤᠤᠯᠳᠠᠭᠤ ᠭᠤᠷᠪᠠᠨ ᠶᠡᠭᠡ ᠳᠤᠪᠤᠶᠢᠮ᠎ᠠ ᠣᠨᠴᠠᠯᠢᠭ ᠲᠠᠢ᠂ ᠨᠢᠭᠡ ᠳᠤ ᠂ ᠪᠣᠳᠠᠲᠤ ᠶᠠᠭᠤᠮ᠎ᠠ ᠶᠢᠨ ᠪᠦᠲᠦᠭᠡᠯ ᠪᠠ ᠵᠢᠷᠤᠭ ᠲᠥᠯᠥᠪᠯᠡᠭᠡᠨ ᠤ ᠪᠦᠲᠦᠭᠡᠯ ᠤᠨ ᠤᠷᠤᠯᠳᠤᠭᠠᠨ ᠢ ᠬᠠᠮᠲᠤ ᠳᠤ ᠨᠢ ᠵᠣᠬᠢᠶᠠᠨ ᠪᠠᠶᠢᠭᠤᠯᠤᠨ᠎ᠠ᠃ ᠪᠣᠳᠠᠲᠤ ᠶᠠᠭᠤᠮ᠎ᠠ ᠶᠢᠨ ᠪᠦᠲᠦᠭᠡᠯ ᠨᠢ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ ᠬᠠᠮᠤᠭ ᠤᠨ ᠰᠢᠨ᠎ᠡ ᠵᠢᠷᠤᠭ ᠲᠥᠯᠥᠪᠯᠡᠭᠡ ᠶᠢᠨ ᠨᠡᠭᠡᠭᠡᠯᠲᠡ ᠪᠠ  ᠦᠢᠯᠡᠳᠪᠦᠷᠢᠯᠡᠯ ᠤᠨ ᠬᠢᠷᠢ ᠲᠦᠪᠰᠢᠨ ᠢ ᠲᠥᠯᠥᠭᠡᠯᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠨᠢ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠤᠨ ᠬᠥᠭᠵᠢᠯᠲᠡ ᠶᠢᠨ ᠴᠢᠭᠯᠡᠯ ᠢ ᠬᠥᠲᠥᠯᠥᠨ ᠳᠠᠭᠠᠭᠤᠯᠵᠤ᠂ ᠵᠢᠭᠤᠯᠴᠢᠯᠠᠯ ᠤᠨ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠪᠦᠲᠦᠭᠡᠯᠴᠢ ᠵᠢᠷᠤᠭ ᠲᠥᠯᠥᠪᠯᠡᠭᠡ ᠪᠠ ᠭᠠᠷ ᠤᠷᠠᠯᠠᠯ ᠤᠨ ᠰᠢᠨ᠎ᠡ ᠶᠢ ᠡᠭᠦᠳᠬᠦ ᠶᠢ ᠰᠡᠩᠬᠡᠷᠡᠭᠦᠯᠵᠦ᠂ ᠨᠢᠭᠡᠨ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠰᠤᠳᠤᠯᠭᠠᠨ᠂ ᠶᠡᠭᠡ ᠳᠡᠭᠡᠳᠦ ᠰᠤᠷᠭᠠᠭᠤᠯᠢ ᠶᠢᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠲᠠᠪᠴᠠᠩ ᠢ ᠪᠠᠶᠢᠭᠤᠯᠬᠤ ᠪᠣᠯᠤᠨ᠎ᠠ᠃ ᠬᠤᠶᠠᠷ ᠲᠤ᠂ ᠪᠣᠳᠠᠲᠤ ᠶᠠᠭᠤᠮ᠎ᠠ ᠶᠢᠨ ᠤᠷᠠᠨ ᠪᠦᠲᠦᠭᠡᠯ ᠤᠨ ᠲᠥᠷᠥᠯ ᠵᠦᠢᠯ ᠨᠢ ᠡᠯᠪᠡᠭ ᠪᠠᠶᠠᠯᠢᠭ᠂ ᠡᠯᠰᠡᠬᠦ ᠲᠤᠭ᠎ᠠ ᠬᠡᠮᠵᠢᠶ᠎ᠡ ᠨᠢ ᠶᠡᠭᠡ᠃ ᠪᠣᠳᠠᠲᠤ ᠶᠠᠭᠤᠮᠠᠨ ᠤ ᠪᠦᠲᠦᠭᠡᠯ ᠢ ᠮᠡᠳᠡᠭᠦᠯᠦᠨ ᠬᠦᠷᠭᠡᠬᠦ ᠬᠡᠪᠴᠢᠶ᠎ᠡ ᠨᠢ 15 ᠶᠡᠭᠡ ᠲᠦᠷᠦᠯ ᠪᠠᠶᠢᠵᠤ᠂ ᠣᠶᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠮᠡᠳᠡᠭᠦᠯᠦᠨ ᠬᠦᠷᠭᠡᠬᠦ ᠲᠥᠷᠥᠯ  ᠵᠦᠢᠯ ᠢᠶᠠᠷ ᠬᠠᠮᠤᠭ ᠤᠨ ᠪᠦᠷᠢᠨ ᠨᠢᠭᠡ ᠤᠳᠠᠭ᠎ᠠ ᠪᠣᠯᠤᠨ᠎ᠠ᠂ ᠠᠶᠢᠮᠠᠭ ᠬᠤᠲᠠ ᠨᠢᠭᠡᠪᠦᠷᠢ ᠶᠢᠨ ᠮᠡᠳᠡᠭᠦᠯᠦᠨ ᠬᠦᠷᠭᠡᠬᠦ ᠲᠤᠭ᠎ᠠ ᠬᠡᠮᠵᠢᠶ᠎ᠡ ᠶᠢ 50 ᠢᠵᠢ ᠪᠠᠷ ᠱᠠᠭᠠᠷᠳᠠᠭᠰᠠᠨ ᠪᠥᠭᠡᠳ ᠪᠠᠰᠠ ᠴᠤ ᠪᠦᠲᠦᠭᠡᠯ ᠡᠯᠰᠡᠬᠦ ᠲᠤᠭ᠎ᠠ ᠬᠠᠮᠤᠭ ᠤᠨ ᠣᠯᠠᠨ ᠨᠢᠭᠡ ᠤᠳᠠᠭ᠎ᠠ ᠪᠣᠯᠤᠨ᠎ᠠ᠃ ᠭᠤᠷᠪᠠ ᠳᠤ᠂ ᠵᠢᠷᠤᠭ ᠲᠥᠯᠥᠪᠯᠡᠭᠡ ᠶᠢᠨ ᠪᠦᠲᠦᠭᠡᠯ ᠤᠨ ᠭᠤᠤᠯ ᠰᠡᠳᠦᠪ ᠨᠢ ᠳᠤᠪᠤᠶᠢᠮ᠎ᠠ ᠲᠤᠳᠤ ᠪᠠᠶᠢᠨ᠎ᠠ᠃ ᠤᠷᠤᠯᠳᠤᠭᠠᠨ ᠳᠤ ᠵᠢᠷᠤᠭ ᠲᠦᠯᠦᠪᠯᠡᠭᠡ ᠶᠢᠨ ᠪᠦᠲᠦᠭᠡᠯ ᠢ 3 ᠭᠤᠤᠯ ᠰᠡᠳᠦᠪ ᠲᠣᠭᠲᠠᠭᠠᠵᠤ᠂ ᠥᠪᠥᠷ ᠮᠣᠩᠭᠤᠯ ᠤᠨ ᠡᠬᠢ ᠪᠠᠶᠠᠯᠢᠭ ᠤᠨ ᠣᠨᠴᠠᠯᠢᠭ᠂ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠰᠢᠨ᠎ᠡ ᠶᠢ ᠡᠭᠦᠳᠬᠦ ᠬᠡᠷᠡᠭᠴᠡᠭᠡ ᠶᠢ ᠳᠣᠪᠤᠶᠢᠯᠭᠠᠪᠠ᠃      ᠲᠣᠰ ᠤᠳᠠᠭᠠᠨ ᠤ ᠤᠷᠤᠯᠳᠤᠭᠠᠨ ᠳᠤ ᠬᠢ ᠪᠦᠲᠦᠭᠡᠯ ᠡᠯᠰᠡᠬᠦ ᠶᠡᠷᠦᠩᠬᠡᠶ ᠱᠠᠭᠠᠷᠳᠠᠯᠭ᠎ᠠ ᠪᠣᠯ᠂ ᠨᠢᠭᠡ ᠳᠤ᠂ ᠮᠠᠨ ᠤ ᠣᠷᠣᠨ ᠤ ᠰᠣᠶᠣᠯ ᠤᠨ ᠣᠨᠴᠠᠯᠢᠭ᠂ ᠡᠬᠢ ᠪᠠᠶᠠᠯᠢᠭ ᠤᠨ ᠣᠨᠴᠠᠯᠢᠭ ᠪᠠ ᠣᠨᠴᠠᠯᠢᠭ ᠰᠢᠨᠵᠢ ᠶᠢ ᠢᠯᠡᠷᠡᠭᠦᠯᠵᠦ ᠂ ᠰᠣᠶᠣᠯ ᠤᠨ ᠠᠭᠤᠯᠤᠭᠳᠠᠬᠤᠨ ᠡᠯᠪᠡᠭ ᠪᠠᠶᠠᠯᠢᠭ᠂ ᠡᠬᠢ ᠪᠠᠶᠠᠯᠢᠭ ᠤᠨ ᠠᠰᠢᠭᠯᠠᠯᠲᠠ ᠵᠦᠶ ᠵᠣᠬᠢᠰᠲᠠᠶ ᠪᠠᠶᠢᠵᠤ᠂ ᠵᠣᠬᠢᠬᠤ ᠬᠡᠮᠵᠢᠶᠡᠨ ᠤ ᠳᠤᠷᠠᠰᠬᠠᠯ ᠤᠨ ᠴᠢᠨᠠᠷᠲᠠᠶ ᠪᠤᠶᠤ ᠳᠤᠷᠠᠳᠬᠠᠯ ᠤᠨ ᠴᠢᠨᠠᠷᠲᠠᠶ ᠶᠤᠮ᠃ ᠬᠤᠶᠠᠷ ᠲᠤ᠂ ᠪᠦᠲᠦᠭᠡᠯᠴᠢ ᠰᠠᠨᠠᠭ᠎ᠠ ᠪᠦᠬᠦᠢ ᠵᠢᠷᠤᠭ ᠲᠥᠯᠥᠪᠯᠡᠭᠡ ᠨᠢ ᠥᠪᠡᠷᠮᠢᠴᠡ ᠰᠢᠨ᠎ᠡ ᠰᠡᠪᠡᠭᠦᠨ᠂ ᠰᠢᠨ᠎ᠡ ᠶᠢ ᠡᠭᠦᠳᠬᠦ ᠴᠡᠭ ᠨᠢ ᠲᠤᠪᠤᠶᠢᠮ᠎ᠠ᠂ ᠴᠠᠭ ᠦᠶ᠎ᠡ ᠶᠢᠨ ᠴᠢᠨᠠᠷ ᠢᠶᠠᠷ ᠴᠢᠩᠭ᠎ᠠ᠂ ᠤᠯᠠᠮᠵᠢᠯᠠᠯᠲᠤ ᠭᠠᠷ ᠤᠷᠠᠯᠠᠯ ᠨᠢ ᠬᠠᠭᠤᠴᠢᠨ ᠢ ᠥᠭᠡᠷᠡᠴᠢᠯᠡᠵᠦ᠂ ᠳᠡᠭᠡᠳᠦ ᠰᠢᠨ᠎ᠡ ᠮᠡᠷᠭᠡᠵᠢᠯ ᠢ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠪᠠ ᠤᠷᠠᠯᠢᠭ ᠢ ᠤᠶᠠᠯᠳᠤᠭᠤᠯᠤᠨ᠎ᠠ᠃ ᠭᠤᠷᠪᠠ ᠳᠤ᠂ ᠤᠷᠠᠯᠢᠭ ᠤᠨ ᠦᠨ᠎ᠡ ᠥᠷᠲᠡᠭ ᠬᠢᠭᠡᠳ ᠬᠡᠷᠡᠭᠯᠡᠭᠡᠨ ᠤ ᠦᠨ᠎ᠡ ᠥᠷᠲᠡᠭ ᠤᠨ ᠨᠢᠭᠡᠳᠦᠯᠲᠡᠶ ᠪᠠᠶᠢᠬᠤ᠂ ᠵᠢᠷᠤᠭ ᠲᠥᠯᠥᠪᠯᠡᠭᠡ ᠨᠢ ᠵᠦᠶ ᠵᠣᠬᠢᠰᠲᠠᠶ᠂ ᠭᠤᠶᠤ ᠰᠠᠶᠢᠬᠠᠨ᠂ ᠠᠮᠤᠷ ᠲᠦᠪᠰᠢᠨ᠂ ᠣᠷᠴᠢᠨ ᠲᠣᠭᠤᠷᠢᠨ ᠢ ᠬᠠᠮᠠᠭᠠᠯᠠᠭᠰᠠᠨ ᠪᠣᠬᠢᠷᠲᠤᠯ ᠦᠭᠡᠢ᠂ ᠮᠠᠰᠢ ᠰᠠᠶᠢᠨ ᠬᠡᠷᠡᠭᠯᠡᠭᠡᠨ ᠤ ᠦᠨ᠎ᠡ ᠥᠷᠲᠡᠭ ᠲᠠᠢ ᠪᠠᠶᠢᠵᠤ᠂ ᠤᠯᠠᠮᠵᠢᠯᠠᠯ ᠬᠢᠭᠡᠳ ᠣᠳᠣ ᠦᠶ᠎ᠡ᠂ ᠰᠣᠶᠣᠯ ᠬᠢᠭᠡᠳ ᠰᠢᠨᠵᠢᠯᠡᠬᠦ ᠤᠬᠠᠭᠠᠨ ᠮᠡᠷᠭᠡᠵᠢᠯ᠂ ᠭᠠᠵᠠᠷ ᠣᠷᠣᠨ ᠤ ᠴᠢᠨᠠᠷ ᠬᠢᠭᠡᠳ ᠬᠡᠷᠡᠭᠯᠡᠭᠡᠨ ᠤ ᠴᠢᠨᠠᠷ ᠢ ᠤᠶᠠᠯᠳᠤᠭᠤᠯᠬᠤ ᠶᠢ ᠴᠢᠬᠤᠯᠠᠴᠢᠯᠠᠵᠤ᠂ ᠵᠢᠭᠤᠯᠴᠢᠯᠠᠯ ᠤᠨ ᠲᠠᠸᠠᠷ ᠤᠨ ᠬᠡᠷᠡᠭᠯᠡᠭᠡ ᠪᠠ ᠳᠡᠯᠭᠡᠷᠡᠬᠦ ᠬᠠᠨᠳᠤᠰᠢ ᠶᠢ ᠬᠥᠲᠥᠯᠥᠨ ᠵᠢᠯᠣᠭᠤᠳᠬᠤ ᠶᠢ ᠪᠦᠷᠢᠯᠳᠦᠭᠦᠯᠦᠨ᠎ᠡ᠃      ᠵᠢᠭᠤᠯᠴᠢᠯᠠᠯ ᠤᠨ ᠲᠠᠸᠠᠷ ᠢ ᠶᠡᠬᠡᠪᠡᠷ ᠬᠥᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠳᠡᠰ ᠳᠡᠪᠰᠢᠬᠦ ᠶᠢ ᠳᠠᠶᠢᠴᠢᠯᠠᠬᠤ᠂ ᠰᠣᠶᠣᠯ ᠪᠠ ᠵᠢᠭᠤᠯᠴᠢᠯᠠᠯ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠪᠣᠯᠤᠨ᠎ᠠ᠂ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠣᠯ ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡ᠂ ᠦᠢᠯᠡᠳᠪᠦᠷᠢᠯᠡᠯ ᠪᠠ ᠪᠣᠷᠣᠯᠠᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ︾ ᠢ ᠪᠥᠬᠦ ᠤᠯᠤᠰ ᠲᠤ ᠵᠣᠬᠢᠬᠤ ᠨᠥᠯᠥᠭᠡᠯᠡᠬᠦ ᠬᠦᠴᠦᠨ ᠲᠠᠢ᠂ ᠪᠥᠬᠦ ᠣᠷᠣᠨ ᠳᠤ ᠬᠠᠮᠤᠭ ᠤᠨ ᠡᠷᠬᠡ ᠬᠦᠨᠳᠦᠳᠦ ᠴᠢᠨᠠᠷ ᠲᠠᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠠᠵᠢᠯᠯᠠᠭ᠎ᠠ ᠪᠣᠯᠭᠠᠨ ᠴᠤᠭᠴᠠᠯᠠᠬᠤ ᠪᠠᠷ ᠬᠦᠴᠦᠯᠡᠨ ᠴᠢᠷᠮᠠᠶᠢᠨ᠎ᠠ᠃ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠲᠣᠰ ᠤᠳᠠᠭᠠᠨ ᠤ ᠤᠷᠤᠯᠳᠤᠭᠠᠨ ᠢ ᠨᠢᠭᠡᠨᠲᠡ ︽2019 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠦᠪᠯᠡᠯ ᠤᠨ ᠤᠷᠤᠯᠳᠤᠭᠠᠨ ᠤ ᠥᠪᠥᠷ ᠮᠣᠩᠭᠤᠯ ᠤᠨ ᠭᠤᠤᠯ ᠰᠡᠳᠦᠪᠲᠦ ᠤᠷᠤᠯᠳᠤᠭᠠᠨ︾ ᠳᠤ ᠣᠷᠣᠭᠤᠯᠵᠤ᠂ ᠪᠠᠰᠠ ᠪᠥᠬᠦ ᠤᠯᠤᠰ ᠤᠨ ᠲᠡᠷᠢᠭᠦᠨ ᠵᠡᠷᠭᠡ ᠶᠢᠨ ᠲᠤᠰᠬᠠᠶ ᠮᠡᠷᠭᠡᠵᠢᠯᠲᠡᠨ ᠢ ᠤᠷᠢᠵᠤ ᠬᠢᠨᠠᠨ ᠰᠢᠯᠭᠠᠷᠠᠭᠤᠯᠬᠤ ᠪᠠᠷ ᠪᠣᠶ ᠂ ᠡᠨᠡ ᠨᠢ ᠤᠷᠤᠯᠳᠤᠭᠠᠨ ᠤ ᠱᠠᠩᠨᠠᠯ ᠬᠦᠷᠲᠡᠭᠰᠡᠨ ᠪᠦᠲᠦᠭᠡᠯ ᠤᠨ ᠨᠡᠷᠡᠲᠦ ᠲᠡᠮᠳᠡᠭ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠲᠦᠢᠯ ᠤᠨ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ         ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠶᠡᠭᠡ ᠤᠷᠤᠯᠳᠤᠭᠠᠨ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠡᠨᠡ ᠤᠳᠠᠭᠠᠨ ᠤ ᠶᠡᠭᠡ ᠤᠷᠤᠯᠳᠤᠭᠠᠨ ᠤ ᠦᠷ᠎ᠡ ᠪᠦᠲᠦᠮᠵᠢ ᠳᠤ ᠶᠠᠮᠠᠷ ᠬᠦᠰᠡᠯ ᠡᠷᠡᠮᠡᠯᠵᠡᠯ ᠲᠠᠢ ᠪᠣᠶ     ᠡᠤ ᠱᠤᠤ ᠵᠢᠶᠦ᠋ᠨ᠄ ᠮᠠᠨ ᠤ ᠣᠷᠣᠨ ᠤ ᠵᠢᠭᠤᠯᠴᠢᠯᠠᠯ ᠤᠨ ᠲᠠᠸᠠᠷ ᠢ ᠣᠨᠴᠠᠯᠢᠬᠵᠢᠭᠤᠯᠬᠤ᠂ ᠰᠣᠳᠣᠨ ᠪᠣᠯᠭᠠᠬᠤ᠂ ᠬᠡᠯᠬᠢᠶᠡᠵᠢᠭᠦᠯᠬᠦ ᠴᠢᠭᠯᠡᠯ  ᠲᠡᠶᠢᠰᠢ ᠬᠥᠭᠵᠢᠭᠦᠯᠬᠦ ᠶᠢ ᠠᠬᠢᠭᠤᠯᠬᠤ ᠪᠣᠯ ᠮᠠᠨ ᠤ ᠦᠷᠬᠦᠯᠵᠢᠲᠡ ᠶᠢᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠪᠣᠯᠤᠨ᠎ᠠ᠃ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠮᠠᠨ ᠤ ᠬᠠᠮᠤᠭ ᠠᠴᠠ ᠢᠯᠡᠭᠦᠤ ᠬᠦᠰᠡᠨ ᠬᠦᠯᠢᠶᠡᠵᠦ  ᠪᠠᠶᠢᠭ᠎ᠠ ᠦᠷ᠎ᠡ ᠪᠦᠲᠦᠮᠵᠢ ᠪᠤᠯ᠄ ᠨᠢᠭᠡ ᠳᠤ ᠤᠮᠠᠷᠠᠲᠤ ᠶᠢᠨ ᠲᠠᠯ᠎ᠠ ᠨᠤᠲᠤᠭ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠢᠯᠠᠩᠭᠤᠶ᠎ᠠ ᠮᠣᠩᠭᠤᠯ ᠦᠨᠳᠦᠰᠦᠲᠡᠨ ᠤ ᠰᠣᠶᠣᠯ ᠤᠨ ᠣᠨᠴᠠᠯᠢᠭ ᠢ ᠬᠠᠷᠠᠭᠤᠯᠤᠭᠰᠠᠨ ᠬᠡᠷᠡᠭᠯᠡᠭᠡᠨ ᠤ ᠴᠢᠨᠠᠷᠲᠠᠶ ᠵᠢᠭᠤᠯᠴᠢᠯᠠᠯ ᠤᠨ ᠲᠠᠸᠠᠷ ᠢ ᠨᠠᠩ ᠣᠯᠠᠨ  ᠴᠤᠭᠯᠠᠭᠤᠯᠬᠤ︔ ᠬᠤᠶᠠᠷ ᠲᠤ᠂ ᠭᠠᠳᠠᠷ ᠣᠷᠣᠨ ᠤ ᠵᠢᠭᠤᠯᠴᠢᠯᠠᠭᠰᠠᠳ ᠤᠨ ᠪᠠᠭ᠋ᠠᠷᠬᠠᠯ ᠢ ᠲᠠᠲᠠᠭᠰᠠᠨ᠂ ᠮᠠᠨ ᠤ ᠣᠷᠣᠨ ᠤ ᠣᠨᠴᠠᠯᠢᠭ ᠲᠠᠢ᠂ ᠦᠨ᠎ᠡ ᠬᠠᠩᠰᠢ ᠨᠢ ᠵᠦᠶ ᠵᠣᠬᠢᠰᠲᠠᠶ᠂ ᠶᠠᠰᠤ ᠴᠢᠨᠠᠷ ᠨᠢ ᠨᠠᠶᠢᠳᠠᠪᠤᠷᠢᠲᠠᠶ᠂ ᠪᠤᠭᠤᠳᠠᠯᠲᠠᠢ ᠢᠳᠡᠭᠡᠨ᠂ ᠤᠮᠳᠠᠭᠠᠨ ᠵᠡᠷᠭᠡ ᠶᠢ ᠨᠠᠩ ᠣᠯᠠᠨ  ᠴᠤᠭᠯᠠᠭᠤᠯᠬᠤ︔ ᠭᠤᠷᠪᠠ ᠳᠤ᠂ ᠪᠦᠲᠦᠭᠡᠯᠴᠢ ᠰᠡᠳᠬᠢᠮᠵᠢ ᠨᠢ ᠥᠪᠡᠷᠮᠢᠴᠡ ᠣᠨᠴᠠᠯᠢᠭ ᠲᠠᠢ᠂ ᠵᠢᠷᠤᠭ ᠲᠥᠯᠥᠪᠯᠡᠭᠡ ᠨᠢ ᠰᠢᠨ᠎ᠡ ᠰᠣᠷᠭᠤᠭ᠂ ᠰᠣᠶᠣᠯ ᠤᠨ ᠲᠥᠷᠥᠭᠳᠡᠯ ᠨᠢ ᠲᠤᠪᠤᠶᠢᠮ᠎ᠠ᠂ ᠬᠤᠪᠢᠷᠠᠭᠤᠯᠵᠤ ᠪᠣᠯᠬᠤ ᠨᠠᠩ ᠣᠯᠠᠨ ᠵᠢᠷᠤᠭ ᠲᠥᠯᠥᠪᠯᠡᠭᠡᠨ ᠤ ᠪᠦᠲᠦᠭᠡᠯ ᠢ ᠴᠤᠭᠯᠠᠭᠤᠯᠬᠤ ᠵᠡᠷᠭᠡ ᠪᠤᠯᠤᠨ᠎ᠠ᠃ ᠤᠷᠤᠯᠳᠤᠭᠠᠨ ᠨᠢ ᠮᠠᠨ ᠤ ᠣᠷᠣᠨ ᠤ ᠵᠤᠭᠠᠴᠠᠯ ᠤᠨ ᠲᠠᠸᠠᠷ ᠤᠨ ᠨᠡᠭᠡᠭᠡᠯᠲᠡ ᠶᠢᠨ ᠵᠦᠭᠯᠡᠭᠦᠷ᠂ ᠨᠠᠷᠠᠲᠤ ᠲᠥᠷᠥᠯ ᠲᠡᠮᠳᠡᠭ ᠢ ᠪᠤᠶᠢᠵᠢᠭᠤᠯᠬᠤ ᠰᠢᠨ᠎ᠡ ᠠᠷᠭ᠎ᠠ ᠵᠠᠮ᠂ ᠵᠢᠭᠤᠯᠴᠢᠯᠠᠯ ᠤᠨ ᠠᠵᠤ ᠠᠬᠤᠶᠢᠯᠠᠯ ᠤᠨ ᠰᠣᠯᠢᠯᠴᠠᠭ᠎ᠠ ᠰᠤᠷᠤᠯᠴᠠᠯᠭ᠎ᠠ ᠶᠢᠨ ᠰᠢᠨ᠎ᠡ ᠲᠠᠪᠴᠠᠩ ᠪᠣᠯᠬᠤ ᠶᠢᠨ ᠬᠠᠮᠲᠤ᠂ ᠤᠷᠤᠯᠳᠤᠭᠠᠨ ᠢ ᠣᠨᠴᠠᠯᠢᠭ ᠢᠶᠠᠷ ᠲᠤᠪᠤᠶᠢᠮ᠎ᠠ᠂ ᠳᠠᠶᠢᠴᠢᠯᠠᠨ ᠳᠠᠭᠠᠭᠤᠯᠬᠤ ᠴᠢᠨᠠᠷ ᠢᠶᠠᠷ ᠴᠢᠩᠭ᠎ᠠ ᠨᠠᠷᠠᠲᠤ ᠲᠠᠪᠴᠠᠩ ᠪᠣᠯᠭᠠᠨ ᠡᠷᠬᠢᠯᠡᠬᠦ ᠶᠢ ᠬᠦᠰᠡᠵᠦ ᠪᠠᠶᠢᠨ᠎ᠠ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠬᠢᠲᠠᠳ ᠬᠡᠯᠡᠨ ᠤ ᠷᠠᠳᠢᠣ᠋ ᠶᠢᠨ ᠰᠤᠷᠪᠤᠯᠵᠢᠯᠠᠭᠴᠢ᠄ ᠤᠷᠤᠯᠳᠤᠭᠠᠨ ᠤ ᠪᠦᠲᠦᠭᠡᠯ ᠡᠯᠰᠡᠬᠦ᠂ ᠬᠢᠨᠠᠨ ᠲᠣᠭᠲᠠᠭᠠᠬᠤ ᠵᠣᠬᠢᠶᠠᠨ ᠪᠠᠶᠢᠭᠤᠯᠤᠯᠲᠠ ᠶᠢ ᠬᠡᠷᠬᠢᠨ ᠲᠤᠬᠢᠷᠠᠭᠤᠯᠤᠭᠰᠠᠨ ᠪᠣᠶ︖      ᠴᠧᠨ ᠪᠢᠨ᠄ ᠠᠩᠬᠠᠳᠤᠭᠠᠷ ᠬᠤᠭᠤᠴᠠᠭᠠᠨ ᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠤᠷᠤᠯᠳᠤᠭᠠᠨ ᠳᠤ ᠡᠯᠰᠡᠬᠦ ᠪᠠᠷ ᠲᠦᠯᠦᠪᠯᠡᠵᠦ ᠪᠠᠶᠢᠭ᠎ᠠ ᠪᠦᠲᠦᠭᠡᠯ ᠳᠤ ᠰᠣᠶᠣᠯ ᠤᠨ ᠪᠦᠲᠦᠭᠡᠯᠴᠢ ᠵᠢᠭᠤᠯᠴᠢᠯᠠᠯ ᠤᠨ ᠲᠠᠸᠠᠷ ᠤᠨ ᠪᠣᠳᠠᠲᠤ ᠶᠠᠭᠤᠮ᠎ᠠ ᠶᠢᠨ ᠪᠦᠲᠦᠭᠡᠯ ᠪᠠ ᠵᠢᠷᠤᠭ ᠲᠥᠯᠥᠪᠯᠡᠭᠡ ᠶᠢᠨ ᠪᠦᠲᠦᠭᠡᠯ ᠪᠠᠭᠲᠠᠨ᠎ᠠ᠃ ᠪᠣᠳᠠᠲᠤ ᠶᠠᠭᠤᠮ᠎ᠠ ᠶᠢᠨ ᠪᠦᠲᠦᠭᠡᠯ ᠢ ᠪᠥᠬᠦ ᠣᠷᠣᠨ ᠤ ᠬᠡᠪᠴᠢᠶᠡᠨ ᠠᠴᠠ ᠡᠯᠰᠡᠵᠦ᠂ ᠵᠢᠷᠤᠭ ᠲᠥᠯᠥᠪᠯᠡᠭᠡ ᠶᠢᠨ ᠪᠦᠲᠦᠭᠡᠯ ᠢ ᠪᠥᠬᠦ ᠤᠯᠤᠰ ᠤᠨ ᠬᠡᠪᠴᠢᠶᠡᠨ ᠳᠤ ᠡᠯᠰᠡᠨ᠎ᠡ᠃ ᠠᠯᠲᠠᠨ ᠱᠠᠩᠨᠠᠯ 20 ᠶᠢ ᠲᠣᠬᠢᠷᠠᠭᠤᠯᠵᠤ᠂ ᠡᠭᠦᠨ ᠳᠤ ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ 10᠂ ᠪᠣᠳᠠᠲᠤ ᠶᠠᠭᠤᠮ᠎ᠠ ᠶᠢᠨ ᠪᠦᠲᠦᠭᠡᠯ 10 ᠲᠤᠬᠢᠷᠠᠭᠤᠯᠵᠤ᠂ ᠱᠠᠩᠨᠠᠯ ᠪᠦᠷᠢ ᠳᠤ 1 ᠲᠦᠮᠡᠨ ᠲᠥᠭᠦᠷᠢᠭ ᠢᠶᠠᠷ ᠱᠠᠩᠨᠠᠨ ᠬᠦᠬᠢᠭᠦᠯᠦᠨ᠎ᠡ᠃ ᠮᠥᠩᠭᠦᠨ ᠱᠠᠩᠨᠠᠯ 52 ᠪᠠᠶᠢᠵᠤ᠂ ᠡᠭᠦᠨ ᠳᠤ ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ 20᠂ ᠪᠣᠳᠠᠲᠤ ᠶᠠᠭᠤᠮ᠎ᠠ ᠶᠢᠨ ᠪᠦᠲᠦᠭᠡᠯ 32 ᠪᠠᠶᠢᠵᠤ᠂ ᠱᠠᠩᠨᠠᠯ ᠪᠦᠷᠢ 5000 ᠲᠥᠭᠦᠷᠢᠭ ᠢᠶᠠᠷ ᠱᠠᠩᠨᠠᠨ ᠬᠦᠬᠢᠭᠦᠯᠦᠨ᠎ᠡ᠃ ᠬᠦᠷᠡᠯ ᠱᠠᠩᠨᠠᠯ 20 ᠪᠠᠶᠢᠵᠤ᠂ ᠡᠭᠦᠨ ᠳᠤ ᠪᠦᠲᠦᠭᠡᠯᠴᠢ ᠵᠢᠷᠤᠭ ᠲᠥᠯᠥᠪᠯᠡᠭᠡ ᠶᠢᠨ ᠪᠦᠲᠦᠭᠡᠯ 20 ᠪᠠᠶᠢᠵᠤ᠂ ᠲᠤᠰ ᠪᠦᠷᠢ 3000 ᠲᠥᠭᠦᠷᠢᠭ ᠢᠶᠠᠷ ᠱᠠᠩᠨᠠᠨ ᠬᠦᠬᠢᠭᠦᠯᠦᠨ᠎ᠡ᠃ ᠵᠣᠬᠢᠶᠠᠯ ᠪᠦᠲᠦᠭᠡᠯ ᠡᠯᠰᠡᠬᠦ ᠠᠵᠢᠯ ᠳᠤ᠂ ᠪᠣᠳᠠᠲᠤ ᠶᠠᠭᠤᠮ᠎ᠠ ᠶᠢᠨ ᠪᠦᠲᠦᠭᠡᠯ ᠢ ᠲᠦᠷᠦᠭᠦᠦ ᠠᠯᠬᠤᠮ ᠰᠣᠩᠭᠤᠵᠤ ᠡᠯᠰᠡᠬᠦ ᠪᠠ ᠮᠡᠳᠡᠭᠦᠯᠦᠨ ᠬᠦᠷᠭᠡᠬᠦ ᠶᠢ ᠡᠯ᠎ᠡ ᠠᠶᠢᠮᠠᠭ ᠬᠤᠲᠠ ᠠᠴᠠ ᠬᠠᠷᠢᠭᠤᠴᠠᠵᠤ᠂ ᠵᠢᠷᠤᠭ ᠲᠥᠯᠥᠪᠯᠡᠭᠡ ᠶᠢᠨ ᠪᠦᠲᠦᠭᠡᠯ ᠡᠯᠰᠡᠬᠦ ᠶᠢ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠤᠨ ᠵᠢᠭᠤᠯᠴᠢᠯᠠᠯ ᠤᠨ ᠲᠠᠸᠠᠷ ᠪᠠ ᠲᠤᠨᠤᠭᠯᠠᠯ ᠤᠨ ᠬᠤᠪᠢᠶᠠᠷᠢ ᠬᠤᠷᠠᠯ ᠳᠤ ᠨᠠᠶᠢᠳᠠᠵᠤ ᠲᠦᠷᠦᠭᠦᠦ ᠠᠯᠬᠤᠮ ᠰᠣᠩᠭᠤᠵᠤ ᠡᠯᠰᠡᠬᠦ ᠪᠠ ᠮᠡᠳᠡᠭᠦᠯᠦᠨ ᠬᠦᠷᠭᠡᠨ᠎ᠡ᠃     ᠤᠷᠤᠯᠳᠤᠭᠠᠨ ᠤ ᠬᠢᠨᠠᠨ ᠲᠣᠭᠲᠠᠭᠠᠬᠤ ᠶᠢᠨ ᠭᠤᠣᠯᠴᠢ ᠴᠢᠨᠠᠷ ᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠲᠤᠰᠬᠠᠢ ᠮᠡᠷᠭᠡᠵᠢᠯᠲᠡᠨ ᠤᠷᠢᠬᠤ ᠪᠠ ᠬᠢᠨᠠᠨ ᠲᠣᠭᠲᠠᠭᠠᠬᠤ ᠳᠤ ᠣᠷᠣᠯᠴᠠᠬᠤ ᠦᠭᠡᠢ᠃ ᠰᠢᠯᠭᠠᠷᠠᠭᠤᠯᠤᠨ ᠲᠣᠭᠲᠠᠭᠠᠬᠤ ᠵᠣᠬᠢᠶᠠᠨ ᠪᠠᠶᠢᠭᠤᠯᠤᠯᠲᠠ ᠨᠢ ᠭᠤᠷᠪᠠᠳᠠᠬᠢ ᠡᠲᠡᠭᠡᠳ ᠢ ᠤᠷᠢᠵᠤ᠂ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ ᠠᠴᠠ ᠬᠠᠷᠢᠭᠤᠴᠠᠨ ᠪᠥᠬᠦ ᠤᠯᠤᠰ ᠠᠴᠠ ᠨᠡᠷᠡᠲᠦ ᠲᠤᠰᠬᠠᠶ ᠮᠡᠷᠭᠡᠵᠢᠯᠲᠡᠨ 10 ᠬᠥᠮᠦᠨ᠂ ᠣᠷᠣᠨ ᠤ ᠳᠣᠲᠣᠷᠠᠬᠢ ᠲᠤᠰᠬᠠᠶ ᠮᠡᠷᠭᠡᠵᠢᠯᠲᠡᠨ 3 ᠬᠥᠮᠦᠨ ᠢ ᠤᠷᠢᠨ ᠰᠢᠯᠭᠠᠷᠠᠭᠤᠯᠤᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠦᠷᠢᠯᠳᠦᠭᠦᠯᠵᠦ᠂ ᠠᠩᠬᠠᠨ ᠤ ᠰᠢᠯᠭᠠᠷᠠᠭᠤᠯᠤᠯᠲᠠ᠂ ᠳᠠᠬᠢᠨ  ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ ᠵᠡᠷᠭᠡ 3 ᠱᠠᠲᠤ ᠪᠠᠷ ᠳᠠᠮᠵᠢᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠤᠷᠤᠯᠳᠤᠭᠠᠨ ᠤ ᠱᠠᠩᠨᠠᠯ ᠣᠯᠤᠭᠰᠠᠨ ᠪᠦᠲᠦᠭᠡᠯ ᠤᠨ ᠨᠢᠭᠡᠴᠢ ᠪᠠ ᠬᠤᠪᠢ ᠬᠥᠮᠥᠨ ᠳᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠳᠠᠷᠠᠭ᠎ᠠ ᠪᠠᠷ ᠶᠠᠮᠠᠷ ᠳᠡᠮᠵᠢᠯᠭᠡ ᠦᠵᠡᠭᠦᠯᠬᠦ ᠪᠣᠶ︖     ᠦ᠋ ᠱᠤᠤ ᠵᠢᠶᠦ᠋ᠨ᠄ ᠱᠠᠩᠨᠠᠯ ᠣᠯᠤᠭᠰᠠᠨ ᠪᠦᠲᠦᠭᠡᠯ ᠳᠤ ᠰᠢᠭᠤᠳ ᠪᠠᠯᠠ ᠮᠥᠩᠭᠦ ᠶᠢᠨ ᠱᠠᠩᠨᠠᠯ ᠣᠯᠭᠤᠬᠤ ᠠᠴᠠ ᠭᠠᠳᠠᠨ᠎ᠠ᠂ ᠪᠢᠳᠡ ᠵᠠᠯᠭᠠᠭᠠᠳ ᠭᠤᠤᠯᠳᠠᠭᠤ ᠳᠣᠤᠷᠠᠬᠢ ᠮᠡᠲᠦ ᠳᠡᠮᠵᠢᠯᠭᠡ ᠦᠵᠡᠭᠦᠯᠦᠨ᠎ᠡ᠄ ᠨᠢᠭᠡ ᠳᠤ᠂ ᠲᠡᠷᠡ ᠳᠠᠷᠤᠶ ᠳᠤ ᠨᠢ ᠤᠬᠠᠭᠤᠯᠤᠨ ᠮᠡᠳᠡᠭᠦᠯᠦᠨ᠎ᠡ᠃ ᠱᠠᠩᠨᠠᠯ ᠣᠯᠭᠤᠬᠤ ᠶᠣᠰᠣᠯᠠᠯ ᠢ ᠵᠣᠬᠢᠶᠠᠨ ᠪᠠᠶᠢᠭᠤᠯᠵᠤ᠂ ᠱᠠᠩᠨᠠᠯ ᠬᠦᠷᠲᠡᠭᠰᠡᠨ ᠪᠦᠲᠦᠭᠡᠯ ᠢ ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ ᠤ ᠲᠤᠰᠬᠠᠶ ᠨᠢᠭᠤᠷ ᠲᠤ ᠨᠡᠶᠢᠲᠡᠯᠡᠨ᠎ᠡ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠰᠦᠯᠵᠢᠶ᠎ᠡ᠂ ᠤᠯᠤᠰ ᠤᠨ ᠳᠣᠲᠣᠭᠠᠳᠤ ᠶᠢᠨ ᠨᠡᠷᠡᠲᠦ ᠰᠦᠯᠵᠢᠶ᠎ᠡ ᠳᠤ ᠤᠬᠠᠭᠤᠯᠭ᠎ᠠ ᠬᠢᠨ᠎ᠡ᠃ ᠬᠤᠶᠠᠷ ᠲᠤ᠂ ᠵᠢᠭᠤᠯᠴᠢᠯᠠᠯ ᠤᠨ ᠲᠠᠸᠠᠷ ᠤᠨ ᠨᠡᠷᠡᠲᠦ  ᠲᠡᠮᠳᠡᠭ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠮᠥᠷᠳᠡᠯᠲᠡ ᠶᠢ ᠦᠷᠭᠦᠯᠵᠢᠯᠡᠨ ᠬᠢᠵᠦ᠂ ᠵᠠᠬ᠎ᠠ ᠳᠡᠯᠭᠡᠭᠦᠷ ᠲᠤ ᠮᠡᠳᠡᠷᠡᠭᠳᠡᠭᠰᠡᠨ ᠥᠨᠳᠥᠷ ᠱᠠᠩᠨᠠᠯ ᠬᠦᠷᠲᠡᠭᠰᠡᠨ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠠᠸᠠᠷ ᠤᠨ ᠨᠡᠷᠡᠲᠦ  ᠲᠡᠮᠳᠡᠭ ᠢ ᠴᠣᠭᠴᠠᠯᠠᠬᠤ ᠲᠥᠯᠥᠪᠯᠡᠭᠡ ᠳᠤ ᠣᠷᠣᠭᠤᠯᠤᠨ᠎ᠠ᠃ ᠭᠤᠷᠪᠠ ᠳᠤ᠂ ᠱᠠᠩᠨᠠᠯ ᠤᠯᠤᠭᠰᠠᠨ ᠠᠵᠤ ᠠᠬᠤᠶᠢᠯᠠᠯ  ᠢ ᠪᠦᠬᠦ ᠤᠯᠤᠰ ᠤᠨ ᠴᠢᠨᠠᠷᠲᠠᠶ ᠵᠢᠭᠤᠯᠴᠢᠯᠠᠯ ᠤᠨ ᠲᠠᠸᠠᠷ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠳᠤ ᠳᠡᠮᠵᠢᠯᠭᠡ ᠬᠠᠩᠭᠠᠨ᠎ᠠ᠃ ᠵᠢᠱᠢᠶᠡᠯᠡᠪᠡᠯ ᠦᠨ᠎ᠡ ᠲᠥᠯᠥᠪᠦᠷᠢ ᠦᠭᠡᠢ ᠪᠠᠷ ᠳᠡᠯᠭᠡᠨ ᠦᠵᠡᠭᠦᠯᠬᠦ ᠪᠠᠶᠢᠷᠢ ᠬᠠᠩᠭᠠᠬᠤ ᠵᠡᠷᠭᠡ᠃ ᠳᠥᠷᠪᠡ ᠳᠤ᠂ ᠪᠠᠶᠢᠳᠠᠯ ᠢ ᠨᠢ ᠦᠵᠡᠵᠦ ᠪᠠᠶᠢᠭᠠᠳ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号