ᠦᠪᠦᠷ ᠮᠤᠩᠭᠤᠯ ᠤᠨ ᠮᠦᠽᠸᠢ
ᠨᠡᠶᠢᠲᠡᠯᠡᠭᠰᠡᠨ ᠴᠠᠭ᠄
2019/8/19
ᠪᠠᠶᠢᠭᠤᠯᠭ᠎ᠠ ᠶᠢᠨ ᠪᠠᠶᠢᠷᠢᠰᠢᠭᠤᠯᠤᠯᠲᠠ      ᠦᠪᠦᠷ ᠮᠤᠩᠭᠤᠯ ᠤᠨ ᠮᠦᠽᠸᠢ ᠪᠣᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠳᠡᠳ᠋ ᠲᠢᠩᠬᠢᠮ ᠤᠨ ᠳᠡᠰ ᠤᠨ ᠠᠵᠢᠯ ᠦᠢᠯᠡᠰ ᠤᠨ ᠨᠢᠭᠡᠴᠢ ᠪᠤᠯᠤᠨ᠎ᠠ᠃ ᠳᠤᠲᠤᠭᠠᠳᠤ ᠳᠤ ᠪᠠᠨ ᠶᠡᠷᠦᠩᠭᠡᠢ ᠠᠯᠪᠠᠨ ᠭᠡᠷ᠂ ᠲᠡᠦᠬᠡ ᠶᠢᠨ ᠳᠤᠷᠠᠰᠬᠠᠯᠲᠤ ᠵᠦᠢᠯ ᠢ ᠬᠠᠳᠠᠭᠠᠯᠠᠨ ᠰᠤᠳᠤᠯᠬᠤ ᠬᠡᠯᠲᠡᠰ᠂ ᠠᠮᠤᠷ ᠲᠦᠪᠰᠢᠨ ᠤ ᠬᠡᠯᠲᠡᠰ᠂ ᠳᠡᠯᠭᠡᠨ ᠦᠵᠡᠭᠦᠯᠬᠦ ᠬᠡᠯᠲᠠᠰ ᠵᠡᠷᠭᠡ 4 ᠠᠩᠬᠠᠨ ᠤ ᠳᠡᠰ ᠤᠨ ᠪᠠᠶᠢᠭᠤᠯᠤᠮᠵᠢ ᠲᠠᠢ᠃ᠪᠠᠶᠢᠭᠤᠯᠤᠮᠵᠢ   ᠶᠢᠨ ᠦᠢᠯᠡᠳᠦᠯ      ᠮᠦᠽᠸᠢ ᠳᠤ ᠬᠢ ᠳᠡᠯᠭᠡᠨ ᠲᠠᠯᠪᠢᠬᠤ᠂ ᠦᠵᠡᠭᠦᠯᠪᠦᠷᠢ ᠵᠢᠴᠢ ᠲᠡᠦᠬᠡᠨ ᠳᠤᠷᠠᠰᠬᠠᠯᠲᠤ ᠵᠦᠢᠯ ᠢ ᠬᠠᠮᠠᠭᠠᠯᠠᠨ ᠬᠠᠮᠢᠶᠠᠷᠬᠤ᠂ ᠴᠤᠭᠯᠠᠭᠤᠯᠤᠨ ᠠᠪᠴᠤ ᠬᠤᠷᠢᠶᠠᠨ ᠬᠠᠳᠠᠭᠠᠯᠠᠬᠤ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ  ᠢ ᠬᠠᠷᠢᠭᠤᠴᠠᠬᠤ︔ ᠲᠡᠦᠬᠡᠨ ᠳᠤᠷᠠᠰᠬᠠᠯᠲᠤ ᠵᠦᠢᠯ ᠢ ᠬᠠᠮᠠᠭᠠᠯᠠᠬᠤ ᠮᠡᠷᠭᠡᠵᠢᠯ᠂ ᠰᠤᠷᠠᠭ ᠵᠠᠩᠬᠢ ᠪᠠ ᠰᠤᠳᠤᠯᠭᠠᠨᠨ ᠤ ᠠᠵᠢᠯ ᠢ ᠦᠷᠨᠢᠭᠦᠯᠬᠦ︔ ᠲᠦᠯᠦᠪᠦᠷᠢ ᠦᠭᠡᠢ ᠨᠡᠭᠡᠭᠡᠯᠲᠡ ᠪᠠ ᠡᠯ᠎ᠡ ᠲᠠᠯ᠎ᠠ  ᠶᠢᠨ ᠲᠤᠭᠤᠷᠢᠨ ᠦᠵᠡᠭᠴᠢ ᠶᠢ ᠬᠦᠯᠢᠶᠡᠨ ᠠᠪᠬᠤ ᠠᠵᠢᠯ ᠢ ᠰᠠᠶᠢᠳᠦᠷ ᠬᠢᠬᠦ︔ ᠨᠡᠶᠢᠭᠡᠮ ᠤᠨ ᠤᠯᠠᠨ ᠨᠡᠶᠢᠲᠡ ᠳᠤ ᠤᠯᠤᠰ ᠢᠶᠠᠨ ᠬᠠᠶᠢᠷᠠᠯᠠᠬᠤ ᠦᠵᠡᠯ ᠪᠤᠯᠤᠨ ᠬᠤᠪᠢᠰᠬᠠᠯ ᠤᠨ ᠤᠯᠠᠮᠵᠢᠯᠠᠯᠲᠦ ᠬᠦᠮᠦᠵᠢᠯ ᠬᠢᠬᠦ︔ ᠦᠪᠦᠷ ᠮᠤᠩᠭᠤᠯ ᠤᠨ ᠲᠡᠦᠬᠡ᠂ ᠦᠨᠳᠦᠰᠦᠲᠡᠨ ᠤ ᠲᠡᠦᠬᠡᠨ ᠳᠤᠷᠠᠰᠬᠠᠯᠲᠤ ᠵᠦᠢᠯ ᠪᠤᠯᠤᠨ ᠲᠠᠯ᠎ᠠ ᠨᠤᠲᠤᠭ ᠤᠨ ᠰᠤᠶᠤᠯ  ᠢ ᠰᠤᠳᠤᠯᠬᠤ ᠠᠵᠢᠯ ᠦᠷᠨᠢᠬᠦᠯᠬᠦ᠃      ᠮᠦᠽᠸᠢ ᠶᠢᠨ ᠳᠠᠷᠤᠭ᠎ᠠ᠄ ᠴᠧᠨ ᠶᠥᠩ ᡁᠢ      ᠠᠯᠪᠠᠨ ᠬᠠᠶ᠋ᠢᠭ᠄ ᠬᠦᠬᠡᠬᠤᠲᠠ ᠶᠢᠨ ᠰᠢᠨ᠎ᠡ ᠬᠤᠲᠠ ᠲᠤᠭᠤᠷᠢᠭ ᠤᠨ ᠰᠢᠨᠬᠤᠸᠠ ᠵᠡᠬᠦᠨ ᠵᠡᠭᠡᠯᠢ 27 ᠨᠤᠮᠧᠷ      ᠬᠠᠷᠢᠯᠴᠠᠬᠤ ᠤᠲᠠᠰᠤ᠄ 0471- 4614000
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号