ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠭᠠᠵᠠᠷ
ᠨᠡᠶᠢᠲᠡᠯᠡᠭᠰᠡᠨ ᠴᠠᠭ᠄
2019/8/19
ᠪᠠᠶᠢᠭᠤᠯᠭ᠎ᠠ ᠶᠢᠨ ᠪᠠᠶᠢᠷᠢᠰᠢᠭᠤᠯᠤᠯᠲᠠ      ᠤᠤᠯ ᠤᠨ ᠦᠪᠦᠷ ᠮᠤᠩᠭᠤᠯ  ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ  ᠤᠨ ᠴᠢᠨᠠᠷ ᠴᠢᠨᠰᠠᠭ᠎ᠠ  ᠳᠤ ᠬᠢᠨᠠᠯᠲᠠ ᠲᠠᠯᠪᠢᠬᠤ ᠦᠢᠯᠡᠴᠢᠯᠡᠭᠡᠨ ᠤ ᠲᠦᠪ 2000 ᠤᠨ ᠳᠤ ᠪᠠᠶᠢᠭᠤᠯᠤᠭᠳᠠᠵᠤ᠂ 2007 ᠤᠨ  ᠤ 6 ᠰᠠᠷ᠎ᠠ ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠠᠬᠤ ᠭᠠᠵᠠᠷ ᠭᠡᠵᠦ ᠨᠡᠷ᠎ᠡ ᠪᠠᠨ ᠬᠠᠯᠠᠪᠠ᠃ 6 ᠨᠡᠷᠡᠰ ᠬᠢᠨᠠᠨ ᠲᠤᠭᠲᠠᠭᠠᠭᠰᠠᠨ ᠠᠵᠢᠯ ᠦᠢᠯᠡᠰ ᠤᠨ ᠤᠷᠤᠨ ᠲᠤᠭ᠎ᠠ ᠪᠦᠬᠦᠢ ᠵᠢᠩᠬᠢᠨᠢ ᠭᠠᠵᠠᠷ ᠤᠨ ᠳᠡᠰ ᠤᠨ ᠪᠦᠬᠦᠶᠢᠯᠡ ᠤᠷᠤᠨ ᠲᠤᠭ᠎ᠠ ᠪᠠᠷ ᠤᠯᠤᠰ ᠠᠴᠠ ᠮᠦᠩᠭᠦ ᠬᠠᠩᠭᠠᠬᠤ ᠠᠵᠢᠯ ᠦᠢᠯᠡᠰ ᠤᠨ ᠨᠢᠭᠡᠴᠢ ᠶᠤᠮ᠃ᠪᠠᠶᠢᠭᠤᠯᠤᠮᠵᠢ ᠶᠢᠨ ᠦᠢᠯᠡᠳᠦᠯ      ᠵᠢᠭᠤᠯᠴᠢᠯᠠᠯ ᠤᠨ ᠵᠠᠬ᠎ᠠ ᠳᠡᠯᠭᠡᠭᠦᠷ  ᠤᠨ ᠡᠮᠬᠢ ᠲᠢᠭᠯᠢᠮ ᠤᠨ ᠬᠢᠨᠠᠨ ᠪᠠᠶᠢᠴᠠᠭᠠᠯᠲᠠ ᠶᠢ ᠪᠦᠬᠦ ᠲᠠᠯ᠎ᠠ   ᠪᠠᠷ ᠦᠷᠨᠢᠭᠦᠯᠬᠦ ᠶᠢ ᠬᠠᠷᠢᠭᠤᠴᠠᠵᠤ᠂ ᠡᠯ᠎ᠡ ᠵᠦᠢᠯ  ᠤᠨ ᠵᠢᠭᠤᠯᠴᠢᠯᠠᠯ  ᠤᠨ ᠵᠠᠭᠠᠯᠳᠤᠯᠭ᠎ᠠ ᠶᠢ ᠨᠠᠷᠢᠨ ᠬᠢᠨᠠᠮᠠᠭᠠᠢ ᠪᠠᠷ ᠬᠦᠯᠢᠶᠡᠨ ᠠᠪᠴᠤ ᠰᠢᠢᠳᠪᠦᠷᠢᠯᠡᠬᠦ︔ ᠪᠦᠬᠦ ᠤᠷᠤᠨ ᠤ ᠡᠯ᠎ᠡ ᠱᠠᠲᠤᠨ ᠤ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠬᠢᠨᠠᠨ ᠬᠠᠮᠢᠶᠠᠷᠬᠤ ᠭᠠᠵᠠᠷ ᠤᠨ ᠠᠵᠢᠯ ᠢ ᠵᠢᠭᠠᠨ ᠵᠢᠯᠤᠭᠤᠳᠬᠤ︔ ᠲᠤᠰ ᠭᠠᠵᠠᠷ  ᠤᠨ ᠢᠶᠠᠨ ᠬᠦᠨᠳᠦ ᠶᠡᠭᠡ ᠵᠠᠭᠠᠯᠳᠤᠯᠭ᠎ᠠ ᠶᠢᠨ ᠬᠡᠷᠡᠭ ᠪᠠ ᠭᠠᠵᠠᠷ ᠠᠯᠤᠰᠯᠠᠭᠰᠠᠨ ᠵᠠᠭᠠᠯᠳᠤᠯᠭ᠎ᠠ ᠶᠢᠨ ᠬᠡᠷᠡᠭ ᠵᠢᠴᠢ ᠦᠪᠡᠷᠲᠡᠭᠡᠨ ᠵᠠᠰᠠᠬᠤ ᠤᠷᠤᠨ ᠤ ᠳᠡᠰ ᠤᠨ ᠡᠯ᠎ᠡ ᠰᠠᠯᠠᠭ᠎ᠠ ᠮᠦᠴᠢᠷ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠵᠠᠭᠠᠯᠳᠤᠯᠭ᠎ᠠ ᠶᠢᠨ ᠬᠡᠷᠡᠭ ᠢ ᠰᠢᠭᠤᠳ ᠰᠢᠢᠳᠪᠦᠷᠢᠯᠡᠬᠦ︔ ᠪᠦᠬᠦ ᠤᠷᠤᠨ ᠤ ᠡᠯ᠎ᠡ ᠵᠢᠭᠤᠯᠴᠢᠯᠠᠯ ᠤᠨ ᠬᠤᠷᠢᠶ᠎ᠠ ᠶᠢᠨ ᠴᠢᠨᠠᠷ ᠴᠢᠨᠰᠠᠭ᠎ᠠ  ᠶᠢᠨ ᠪᠠᠲᠤᠯᠠᠭᠠᠨ ᠤ ᠮᠦᠩᠭᠦ ᠶᠢᠨ ᠲᠦᠯᠦᠪᠦᠷᠢ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ︔ ᠤᠯᠤᠰ ᠤᠨ ᠬᠤᠯᠪᠤᠭᠳᠠᠯ ᠪᠦᠬᠦᠢ ᠬᠠᠤᠯᠢ ᠲᠤᠭᠲᠠᠭᠠᠯ ᠢ ᠦᠨᠳᠦᠰᠦᠯᠡᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠢᠨᠠᠨ ᠪᠠᠶᠢᠴᠠᠭᠠᠵᠤ ᠬᠠᠮᠢᠶᠠᠷᠬᠤ ᠠᠵᠢᠯ ᠢ ᠦᠷᠨᠢᠭᠦᠯᠵᠦ᠂ ᠵᠢᠭᠤᠯᠴᠢᠯᠠᠭᠴᠢ ᠬᠢᠭᠡᠳ ᠵᠢᠭᠤᠯᠴᠢᠯᠠᠯ ᠤᠨ ᠠᠵᠢᠯ ᠡᠷᠬᠢᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤ ᠪᠠᠷ ᠬᠠᠮᠠᠭᠠᠯᠠᠬᠤ︔ ᠲᠤᠭᠲᠠᠭᠰᠠᠨ ᠬᠤᠭᠤᠴᠠᠭᠠᠨ ᠳᠤ ᠳᠡᠭᠡᠳᠦ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠠᠵᠢᠯ ᠤᠨ ᠢᠯᠡᠳᠭᠡᠯ᠂ ᠰᠠᠨᠠᠯ ᠪᠠ ᠰᠠᠨᠠᠭᠤᠯᠭ᠎ᠠ ᠪᠠᠨ ᠲᠤᠰᠢᠶᠠᠨ᠂ ᠬᠦᠨᠳᠦ ᠶᠡᠭᠡ ᠬᠡᠷᠡᠭ ᠢ ᠳᠡᠭᠡᠳᠦ ᠱᠠᠲᠤᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ ᠰᠠᠯᠠᠭ᠎ᠠ ᠮᠦᠴᠢᠷ ᠲᠤ ᠮᠡᠳᠡᠭᠦᠯᠦᠨ᠎ᠡ᠃      ᠠᠯᠪᠠᠨ ᠤ ᠬᠠᠶ᠋ᠢᠭ᠄ ᠦᠪᠦᠷ ᠮᠤᠩᠭᠤᠯ ᠤᠨ ᠬᠦᠬᠡᠬᠤᠲᠠ ᠶᠢᠨ ᠤᠯᠠᠭᠠᠨᠴᠠᠪ ᠪᠠᠷᠠᠭᠤᠨ ᠵᠡᠭᠡᠯᠢ ᠶᠢᠨ 32 ᠨᠤᠮᠧᠷ      ᠬᠠᠷᠢᠯᠴᠠᠬᠤ ᠤᠲᠠᠰᠤ᠄ 0471— 6944969      ᠹᠠᠺᠰ᠄ 0471— 6944969
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号